9 ᠳ᠋ᠦ᠋ᠭᠡᠷ ᠰᠠᠷ᠎ᠠ ᠶᠢᠨ 14 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ | ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ | ᠦᠭᠡᠢ᠃ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 7 ᠨᠡᠮᠡᠭᠳᠡᠪᠡ᠂ ᠡᠭᠦᠨ ᠳᠤ ᠬᠥᠯᠥᠨ ᠪᠤᠶᠢᠷ ᠬᠤᠲᠠ ᠳᠤ 1 ︵ᠮᠠᠨᠵᠤᠤᠷ ᠬᠤᠲᠠ ᠳᠤ᠂ | ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠪᠠᠷ ᠢᠯᠡᠷᠡᠭᠦᠯᠵᠡᠢ︶᠂ ᠤᠯᠠᠭᠠᠨᠬᠠᠳᠠ ᠬᠤᠲᠠ ᠳᠤ 2 ︵ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ 1 ᠡᠪᠡᠳᠴᠢᠨ ᠤ ᠵᠢᠱᠢᠶ᠎ᠡ ᠶᠢ ᠪᠠᠭᠲᠠᠭᠠᠨ᠎ᠠ᠂ ᠡᠭᠦᠨ ᠳᠤ ᠬᠤᠩᠱᠠᠨ ᠲᠣᠭᠤᠷᠢᠭ ᠲᠤ 1᠂ ᠪᠢᠲᠡᠭᠦᠮᠵᠢᠯᠡᠯ ᠤᠨ ᠪᠤᠰᠤ | ᠬᠠᠮᠢᠶᠠᠷᠤᠯᠲᠠ ᠶᠠᠪᠤᠭᠤᠯᠵᠤ ᠪᠠᠶᠢᠭ᠎ᠠ ᠬᠥᠮᠥᠰ ᠤᠨ ᠰᠢᠭᠰᠢᠨ ᠪᠠᠶᠢᠴᠠᠭᠠᠯᠲᠠ ᠳᠤᠮᠳᠠ ᠢᠯᠡᠷᠡᠭᠦᠯᠵᠡᠢ︔ ᠣᠩᠨᠢᠭᠤᠳ ᠬᠤᠰᠢᠭᠤᠨ ᠳᠤ 1᠂ ᠲᠤᠰᠠᠭᠠᠷᠯᠠᠬᠤ ᠴᠡᠭ ᠠᠴᠠ | ᠪᠠᠶᠢᠴᠠᠭᠠᠨ ᠢᠯᠡᠷᠡᠭᠦᠯᠪᠡ︶᠂ ᠠᠯᠠᠱᠠ ᠠᠶᠢᠮᠠᠭ ᠲᠤ 4 ︵ᠴᠥᠮ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ | ᠪᠣᠯᠵᠤ᠂ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠵᠡᠢ︶︔ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 10 ᠨᠡᠮᠡᠭᠳᠡᠵᠦ᠂ ᠡᠭᠦᠨ ᠳᠤ | ᠤᠯᠠᠭᠠᠨᠬᠠᠳᠠ ᠬᠤᠲᠠ ᠳᠤ 1 ︵ᠰᠦᠩᠱᠠᠨ ᠲᠣᠭᠤᠷᠢᠭ ᠲᠤ᠂ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠪᠡ︶᠂ ᠠᠯᠠᠱᠠ ᠠᠶᠢᠮᠠᠭ ᠲᠤ 9 ︵1 ᠵᠢᠱᠢᠶ᠎ᠡ ᠨᠢ | ᠡᠵᠡᠨ᠎ᠡ ᠬᠤᠰᠢᠭᠤᠨ ᠳᠤ ᠪᠠᠶᠢᠵᠤ᠂ ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠪᠠᠷ ᠢᠯᠡᠷᠡᠭᠦᠯᠪᠡ︔ 8 ᠵᠢᠱᠢᠶ᠎ᠡ ᠨᠢ ᠴᠡᠭᠡ ᠪᠣᠭᠤᠮᠲᠠ ᠳᠤ ᠪᠠᠶᠢᠵᠤ᠂ | ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠵᠡᠢ︶ ᠪᠣᠢ᠃ ᠲᠤᠬᠠᠢ ᠶᠢᠨ ᠭᠠᠵᠠᠷ ᠤᠨ ᠲᠣᠳᠣᠯᠠᠭᠰᠠᠨ 10 ᠡᠪᠡᠳᠴᠢᠨ ᠤ ᠵᠢᠱᠢᠶ᠎ᠡ ᠡᠳᠡᠭᠡᠷᠡᠨ ᠡᠮᠨᠡᠯᠭᠡ ᠠᠴᠠ | ᠭᠠᠷᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 2 ︵ᠴᠥᠮ ᠰᠢᠯᠢᠩᠬᠤᠲᠠ ᠳᠤ︶᠂ ᠤᠯᠠᠭᠠᠨᠬᠠᠳᠠ ᠬᠤᠲᠠ ᠳᠤ 8 ︵ᠴᠥᠮ ᠣᠩᠨᠢᠭᠤᠳ ᠬᠤᠰᠢᠭᠤᠨ ᠳᠤ︶ ᠪᠣᠢ᠃ | ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 8 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ | ᠰᠢᠯᠢ ᠶᠢᠨ ᠭᠤᠣᠯ ᠠᠶᠢᠮᠠᠭ ᠲᠤ 4 ︵ᠰᠢᠯᠢᠩᠬᠤᠲᠠ ᠳᠤ 3᠂ ᠡᠷᠢᠶᠡᠨ ᠬᠤᠲᠠ ᠳᠤ 1︶᠂ ᠤᠯᠠᠭᠠᠨᠬᠠᠳᠠ ᠬᠤᠲᠠ ᠳᠤ 3 ︵ᠴᠥᠮ ᠣᠩᠨᠢᠭᠤᠳ ᠬᠤᠰᠢᠭᠤᠨ ᠳᠤ︶᠂ | ᠠᠯᠠᠱᠠ ᠠᠶᠢᠮᠠᠭ ᠲᠤ 1 ︵ᠴᠡᠭᠡ ᠪᠣᠭᠤᠮᠲᠠ ᠳᠤ︶ ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ 1 ᠡᠪᠡᠳᠴᠢᠨ ᠤ ᠵᠢᠱᠢᠶ᠎ᠡ ᠨᠢ ᠡᠳᠡᠭᠡᠷᠡᠵᠦ | ᠡᠮᠨᠡᠯᠭᠡ ᠠᠴᠠ ᠭᠠᠷᠪᠠ᠂ ᠲᠡᠷᠡ ᠨᠢ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠠᠴᠠ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ | ᠨᠢᠰᠬᠡᠯ ᠤᠨ ᠪᠠᠭᠤᠳᠠᠯ ᠳᠤ ᠪᠠᠭᠤᠭᠴᠢ ᠪᠣᠯᠣᠨ᠎ᠠ᠃ | 9 ᠳ᠋ᠦ᠋ᠭᠡᠷ ᠰᠠᠷ᠎ᠠ ᠶᠢᠨ 14 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠲᠤᠬᠠᠢ ᠶᠢᠨ | ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 309 ᠪᠠᠶᠢᠵᠤ᠂ ᠡᠭᠦᠨ ᠳᠤ ᠬᠥᠬᠡᠬᠤᠲᠠ ᠳᠤ 3 ︵ᠴᠥᠮ ᠬᠦᠷᠦᠭᠰᠡᠨ ᠭᠠᠵᠠᠷ ᠲᠤ ᠪᠠᠨ ᠬᠢᠭᠰᠡᠨ | ᠪᠠᠶᠢᠴᠠᠭᠠᠯᠲᠠ ᠪᠠᠷ ᠢᠯᠡᠷᠡᠭᠦᠯᠦᠭᠰᠡᠨ ᠬᠥᠮᠥᠰ ᠵᠢᠴᠢ ᠲᠡᠳᠡᠭᠡᠷ ᠤᠨ ᠨᠢᠭᠲᠠ ᠣᠶᠢᠷᠠᠲᠤᠭᠴᠢ︶᠂ ᠬᠥᠯᠥᠨ ᠪᠤᠶᠢᠷ ᠬᠤᠲᠠ ᠳᠤ 3 ︵ᠴᠥᠮ ᠮᠠᠨᠵᠤᠤᠷ ᠬᠤᠲᠠ ᠳᠤ︶᠂ | ᠤᠯᠠᠭᠠᠨᠬᠠᠳᠠ ᠬᠤᠲᠠ ᠳᠤ 269 ︵ᠬᠤᠩᠱᠠᠨ ᠲᠣᠭᠤᠷᠢᠭ ᠲᠤ 7᠂ ᠰᠦᠩᠱᠠᠨ ᠲᠣᠭᠤᠷᠢᠭ ᠲᠤ 110᠂ ᠣᠩᠨᠢᠭᠤᠳ ᠬᠤᠰᠢᠭᠤᠨ ᠳᠤ 151᠂ ᠠᠷᠤ ᠬᠤᠷᠴᠢᠨ | ᠬᠤᠰᠢᠭᠤᠨ ᠳᠤ 1︶᠂ ᠰᠢᠯᠢ ᠶᠢᠨ ᠭᠤᠣᠯ ᠠᠶᠢᠮᠠᠭ ᠲᠤ 30 ︵ᠰᠢᠯᠢᠩᠬᠤᠲᠠ ᠳᠤ 23᠂ ᠡᠷᠢᠶᠡᠨ ᠬᠤᠲᠠ ᠳᠤ 7︶᠂ ᠠᠯᠠᠱᠠ ᠠᠶᠢᠮᠠᠭ ᠲᠤ 4 ︵ᠴᠥᠮ ᠴᠡᠭᠡ | ᠪᠣᠭᠤᠮᠲᠠ ᠳᠤ︶ ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 386 ᠪᠠᠶᠢᠵᠤ᠂ ᠡᠭᠦᠨ ᠳᠤ ᠬᠥᠬᠡᠬᠤᠲᠠ ᠳᠤ 1 | ︵ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠪᠠᠷ ᠢᠯᠡᠷᠡᠭᠦᠯᠦᠭᠰᠡᠨ ᠬᠥᠮᠥᠰ ᠲᠠᠢ ᠨᠢᠭᠲᠠ ᠣᠶᠢᠷᠠᠲᠤᠭᠴᠢ︶᠂ ᠤᠯᠠᠭᠠᠨᠬᠠᠳᠠ ᠬᠤᠲᠠ ᠳᠤ 305 | ︵ᠬᠤᠩᠱᠠᠨ ᠲᠣᠭᠤᠷᠢᠭ ᠲᠤ 9᠂ ᠰᠦᠩᠱᠠᠨ ᠲᠣᠭᠤᠷᠢᠭ ᠲᠤ 97᠂ ᠣᠩᠨᠢᠭᠤᠳ ᠬᠤᠰᠢᠭᠤᠨ ᠳᠤ 199︶᠂ ᠰᠢᠯᠢ ᠶᠢᠨ ᠭᠤᠣᠯ ᠠᠶᠢᠮᠠᠭ ᠲᠤ 43 | ︵ᠰᠢᠯᠢᠩᠬᠤᠲᠠ ᠳᠤ 30᠂ ᠡᠷᠢᠶᠡᠨ ᠬᠤᠲᠠ ᠳᠤ 13︶᠂ ᠪᠠᠶᠠᠨᠨᠠᠭᠤᠷ ᠬᠤᠲᠠ ᠳᠤ 5 ︵ᠴᠥᠮ ᠯᠢᠨ ᠾᠧ ᠲᠣᠭᠤᠷᠢᠭ ᠲᠤ︶᠂ ᠠᠯᠠᠱᠠ ᠠᠶᠢᠮᠠᠭ ᠲᠤ 32 ︵ᠡᠵᠡᠨ᠎ᠡ | ᠬᠤᠰᠢᠭᠤᠨ ᠳᠤ 1᠂ ᠴᠡᠭᠡ ᠪᠣᠭᠤᠮᠲᠠ ᠳᠤ 31︶ ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 3᠂ ᠡᠪᠡᠳᠴᠢᠨ ᠤ | ᠢᠯᠡᠷᠡᠯ ᠦᠭᠡᠢ ᠬᠠᠯᠳᠠᠪᠤᠷᠢᠯᠠᠭᠳᠠᠭᠴᠢ 4᠂ ᠴᠥᠮ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ | ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ | ᠠᠵᠢᠭᠯᠠᠯᠲᠠ ᠬᠢᠵᠦ᠂ ᠬᠢᠵᠢᠭ ᠲᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ | |