︽ᠦᠶᠤᠸᠠᠨ ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠲᠥᠰᠥᠯ︾ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2023/10/11

︽ᠦᠶᠤᠸᠠᠨ ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠲᠥᠰᠥᠯ︾ ᠤᠨ ᠲᠤᠬᠠᠢ ᠲᠠᠶᠢᠯᠤᠮᠵᠢ

       ᠨᠢᠭᠡ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠠᠬᠤᠢ ᠪᠠᠶᠢᠳᠠᠯ

       ︵ᠨᠢᠭᠡ︶ ᠨᠡᠶᠢᠲᠡᠯᠡᠭᠰᠡᠨ ᠪᠢᠴᠢᠭ ᠮᠠᠲ᠋ᠧᠷᠢᠶᠠᠯ  ᠤᠨ ᠰᠢᠯᠲᠠᠭᠠᠨ

       ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ

ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ ᠪᠠᠳᠠᠷᠠᠭᠤᠯᠵᠤ ᠂ ᠠᠮᠢ ᠨᠠᠰᠤᠨ ᠤ ᠠᠮᠤᠷ ᠲᠦᠪᠰᠢᠨ ᠂ ᠦᠢᠯᠡᠳᠪᠦᠷᠢᠯᠡᠯ ᠬᠥᠭᠵᠢᠯᠲᠡ ᠂

ᠠᠮᠢᠳᠤᠷᠠᠯ ᠴᠢᠨᠡᠭᠡᠯᠢᠭᠵᠢᠯ ᠂ ᠠᠮᠢ ᠠᠬᠤᠢ ᠰᠠᠶᠢᠨ ᠰᠠᠶᠢᠬᠠᠨ ᠪᠠᠶᠢᠬᠤ ᠶᠢ ᠪᠦᠬᠦ ᠲᠠᠯ᠎ᠠ ᠪᠠᠷ ᠪᠠᠲᠤᠯᠠᠵᠤ ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ

ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ ᠃

       ︵ᠬᠤᠶᠠᠷ︶ ᠨᠡᠶᠢᠲᠡᠯᠡᠭᠰᠡᠨ ᠪᠢᠴᠢᠭ ᠮᠠᠲᠸᠷᠢᠶᠠᠯ ᠤᠨ ᠦᠨᠳᠦᠰᠦᠯᠡᠯ

       ︽ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠲᠣᠪᠴᠢ ︵2022 ︱ 2035 ᠣᠨ︶︾ ︵ᠲᠥᠷᠥ ᠠᠯᠪᠠᠨ ﹇2022﹈ 11 

ᠳ᠋ᠦ᠋ᠭᠡᠷ ᠲᠣᠭᠠᠲᠤ︶᠂ ︽ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2021﹈ 16 ᠳ᠋ᠤᠭᠠᠷ

ᠲᠣᠭᠠᠲᠤ︶᠂ ︽ᠪᠠᠶᠠᠨᠨᠠᠭᠤᠷ ᠬᠤᠲᠠ ᠶᠢᠨ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠲᠥᠰᠥᠯ ᠢ

ᠳᠠᠷᠤᠮᠠᠯᠯᠠᠨ ᠶᠠᠪᠤᠭᠤᠯᠬᠤ ᠲᠤᠬᠠᠢ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠪᠠᠶᠠᠨᠨᠠᠭᠤᠷ ᠠᠯᠪᠠᠨ ᠲᠠᠷᠬᠠᠭᠠᠭᠰᠠᠨ ﹇2022﹈

23 ᠳ᠋ᠤᠭᠠᠷ ᠲᠣᠭᠠᠲᠤ︶

       ᠬᠤᠶᠠᠷ᠂ ᠠᠵᠢᠯ ᠤᠨ ᠵᠣᠷᠢᠯᠭ᠎ᠠ ᠪᠠ ᠠᠴᠢ ᠬᠤᠯᠪᠣᠭᠳᠠᠯ

       ︵ ᠨᠢᠭᠡ ︶ ᠵᠣᠷᠢᠯᠭ᠎ᠠ

       2025 ᠣᠨ ᠪᠣᠯᠬᠤ ᠳᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ᠂ ᠪᠦᠲᠦᠴᠡ ᠨᠢ ᠪᠦᠷᠢᠨ ᠲᠡᠭᠦᠯᠳᠡᠷ᠂ ᠴᠢᠳᠠᠮᠵᠢ ᠨᠢ ᠲᠡᠷᠢᠭᠦᠨ ᠤ᠂ ᠪᠠᠲᠤᠯᠠᠭ᠎ᠠ

 ᠨᠢ ᠬᠦᠴᠦᠲᠡᠢ ᠣᠳᠣᠬᠢᠴᠢᠯᠠᠭᠰᠠᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠴᠢᠯᠡᠭᠡ᠂ ᠲᠤᠬᠠᠶᠢᠯᠠᠭᠰᠠᠨ ᠠᠵᠢᠯ ᠪᠠ

ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂

ᠠᠮᠢ ᠠᠬᠤᠢ ᠬᠢᠭᠡᠳ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ᠂ ᠳᠠᠭᠠᠭᠤᠯᠢ ᠣᠳᠣᠨ ᠤ ᠠᠯᠤᠰ ᠰᠡᠷᠡᠯ᠂ ᠬᠥᠮᠥᠨ ᠤ ᠬᠦᠴᠦ ᠪᠠᠷ ᠴᠠᠭ ᠠᠭᠤᠷ ᠢ

ᠨᠥᠯᠥᠭᠡᠯᠡᠬᠦ᠂ ᠰᠢᠨ᠎ᠡ ᠨᠢᠭᠡ ᠦᠶ᠎ᠡ ᠶᠢᠨ ᠴᠠᠭ ᠠᠭᠤᠷ ᠤᠨ ᠷᠠᠳᠠᠷ ᠵᠡᠷᠭᠡ ᠬᠦᠷᠢᠶ᠎ᠡ ᠴᠠᠷᠠᠭ᠎ᠠ ᠶᠢ ᠪᠥᠬᠦ ᠬᠤᠲᠠ ᠶᠢᠨ ᠲᠡᠷᠢᠭᠦᠨ ᠤ ᠬᠢᠷᠢ ᠲᠦᠪᠰᠢᠨ ᠳᠤ

ᠬᠦᠷᠦᠭᠦᠯᠦᠨ᠎ᠡ᠃

       2035 ᠣᠨ ᠪᠣᠯᠬᠤ ᠳᠤ ᠬᠡᠷᠡᠭᠴᠡᠭᠡ ᠶᠢ ᠬᠠᠩᠭᠠᠭᠰᠠᠨ ᠂ ᠣᠨᠴᠠᠯᠢᠭ ᠢᠶᠠᠷ ᠢᠯᠡ ᠲᠣᠳᠣ᠂ ᠮᠡᠷᠭᠡᠵᠢᠯ ᠢᠶᠠᠷ ᠳᠠᠪᠰᠢᠩᠭᠤᠢ᠂ ᠠᠮᠢᠵᠢᠷᠠᠯ ᠤᠨ ᠬᠦᠴᠦᠨ ᠢᠶᠠᠷ

ᠪᠢᠯᠬᠠᠮ᠎ᠠ ᠴᠠᠭ ᠠᠭᠤᠷ ᠤᠨ ᠣᠳᠣᠬᠢᠴᠢᠯᠠᠭᠰᠠᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠵᠤ ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ

ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠨᠡᠩ ᠭᠦᠢᠴᠡᠳ ᠪᠠᠳᠠᠷᠠᠭᠤᠯᠵᠤ ᠂ ᠴᠠᠭ ᠠᠭᠤᠷ ᠤᠨ ᠡᠨᠧᠷᠭᠢ ᠣᠯᠭᠤᠬᠤ ᠠᠵᠤ ᠠᠬᠤᠢ ᠨᠡᠶᠢᠭᠡᠮ ᠤᠨ

ᠬᠥᠭᠵᠢᠯᠲᠡ ᠶᠢᠨ ᠦᠷ᠎ᠡ ᠪᠦᠲᠦᠮᠵᠢ ᠶᠢ ᠨᠡᠩ ᠢᠯᠡᠷᠬᠡᠢ ᠪᠣᠯᠭᠠᠵᠤ ᠂ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠂ ᠦᠢᠯᠡᠳᠪᠦᠷᠢᠯᠡᠯ ᠢ ᠬᠥᠭᠵᠢᠭᠦᠯᠬᠦ᠂

ᠠᠮᠢᠳᠤᠷᠠᠯ ᠢ ᠴᠢᠨᠡᠭᠡᠯᠢᠭᠵᠢᠭᠦᠯᠬᠦ ᠂ ᠠᠮᠢ ᠠᠬᠤᠢ ᠶᠢ ᠰᠠᠶᠢᠨ ᠰᠠᠶᠢᠬᠠᠨ ᠪᠣᠯᠭᠠᠬᠤ ᠳᠤ ᠦᠢᠯᠡᠴᠢᠯᠡᠬᠦ ᠴᠢᠳᠠᠪᠤᠷᠢ ᠪᠠ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ ᠃

       ( ᠬᠤᠶᠠᠷ ) ᠠᠴᠢ ᠬᠤᠯᠪᠣᠭᠳᠠᠯ

       ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ

ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ᠂ ᠬᠤᠶᠠᠳᠤᠭᠠᠷ ᠪᠥᠬᠦᠳᠡ ᠬᠤᠷᠠᠯ ᠤᠨ

ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ᠂ ᠪᠠᠶᠠᠨᠨᠠᠭᠤᠷ ᠲᠤ ᠰᠢᠨᠵᠢᠯᠡᠨ

ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠵᠤ᠂ ᠠᠮᠢ ᠠᠬᠤᠢ ᠶᠢ ᠲᠡᠷᠢᠭᠦᠨ ᠳᠤ

ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂

︽ᠨᠠᠷᠢᠨ ᠨᠢᠮᠪᠠᠢ ᠬᠢᠨᠠᠨ ᠬᠡᠮᠵᠢᠬᠦ᠂ ᠨᠠᠷᠢᠯᠢᠭ ᠣᠨᠣᠪᠴᠢᠲᠠᠶ ᠤᠷᠢᠳᠴᠢᠯᠠᠨ ᠮᠡᠳᠡᠭᠡᠯᠡᠬᠦ᠂ ᠨᠠᠷᠢᠯᠢᠭ ᠨᠠᠷᠢᠯᠢᠭ ᠦᠢᠯᠡᠴᠢᠯᠡᠬᠦ︾ ᠪᠠᠷ ᠭᠤᠣᠯᠳᠠᠭᠤᠯᠤᠨ᠂ ᠴᠠᠭ

ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠲᠣ ᠦᠶ᠎ᠡ ᠶᠢᠨ ᠲᠠᠷᠢᠶᠠᠯᠠᠩ᠂ ᠲᠠᠷᠢᠶᠠᠯᠠᠩ ᠤᠨ ᠲᠣᠮᠣ ᠰᠢᠶᠠᠨ︾ ᠪᠣᠯᠬᠤ ᠭᠤᠷᠪᠠᠨ ᠳᠠᠭᠠᠭᠤᠯᠤᠭᠴᠢ ᠪᠣᠯᠬᠤ ᠪᠠᠷ

ᠴᠢᠷᠮᠠᠶᠢᠬᠤ ᠳᠤ ᠪᠠᠲᠤ ᠴᠢᠩᠭ᠎ᠠ ᠴᠠᠭ ᠠᠭᠤᠷ ᠤᠨ ᠪᠠᠲᠤᠯᠠᠭ᠎ᠠ ᠬᠠᠩᠭᠠᠬᠤ ᠬᠡᠷᠡᠭᠲᠡᠢ᠃

       ᠭᠤᠷᠪᠠ᠂ ᠠᠵᠢᠯ ᠥᠷᠨᠢᠭᠦᠯᠬᠦ ᠠᠷᠭ᠎ᠠ ᠬᠡᠮᠵᠢᠶ᠎ᠡ᠄

       ︵ ᠨᠢᠭᠡ ︶ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ

ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ

       ︵ᠬᠤᠶᠠᠷ︶ ᠠᠮᠢ ᠠᠬᠤᠢ ᠶᠢᠨ ᠪᠣᠯᠪᠠᠰᠤᠨ ᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂

ᠴᠠᠭ ᠠᠭᠤᠷ ᠤᠨ ᠪᠣᠬᠢᠷᠲᠤᠯ ᠦᠭᠡᠢ ᠬᠥᠭᠵᠢᠯᠲᠡ ᠳᠤ ᠦᠢᠯᠡᠴᠢᠯᠡᠬᠦ ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠤᠨ᠎ᠠ

       ︵ᠭᠤᠷᠪᠠ︶ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ

ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠠ ᠲᠠᠷᠢᠶᠠᠯᠠᠩ ᠮᠠᠯ ᠤᠨ ᠠᠰᠢᠭ

ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠲᠦᠯᠬᠢᠨ ᠠᠬᠢᠭᠤᠯᠤᠨ᠎ᠠ᠃

       ︵ᠳᠥᠷᠪᠡ︶ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠰᠢᠭ ᠬᠠᠷᠠᠨ

ᠬᠤᠣᠷ  ᠠᠴᠠ ᠵᠠᠶᠢᠯᠠᠬᠤ ᠦᠢᠯᠡᠴᠢᠯᠡᠭᠡᠨ ᠤ ᠪᠠᠲᠤᠯᠠᠭ᠎ᠠ ᠶᠢᠨ ᠦᠷ᠎ᠡ ᠠᠰᠢᠭ ᠢ ᠪᠠᠳᠠᠷᠠᠭᠤᠯᠤᠨ᠎ᠠ

       ︵ ᠲᠠᠪᠤ ︶ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠢ ᠨᠡᠶᠢᠭᠡᠮ ᠤᠨ

ᠬᠥᠭᠵᠢᠯᠲᠡ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ

       ︵ ᠵᠢᠷᠭᠤᠭ᠎ᠠ ︶ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠂ ᠴᠠᠭ

ᠠᠭᠤᠷ ᠤᠨ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ

       ︵ᠳᠣᠯᠤᠭ᠎ᠠ︶ ᠣᠲᠣ ᠦᠶ᠎ᠡ ᠶᠢᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂

ᠴᠠᠭ ᠠᠭᠤᠷ ᠤᠨ ᠬᠢᠨᠠᠨ ᠬᠡᠮᠵᠢᠯᠲᠡ ᠶᠢᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ ᠬᠢᠷᠢ 

ᠬᠡᠮᠵᠢᠶ᠎ᠡ ᠶᠢ ᠳᠡᠭᠡᠭᠰᠢᠯᠡᠭᠦᠯᠦᠨ᠎ᠡ᠃

 

ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ