︽ᠦᠶᠤᠸᠠᠨ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠷᠭ᠎ᠠ︾ ᠶᠢᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2023/10/11

︽ᠦᠶᠤᠸᠠᠨ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠢᠨᠵᠧᠨᠧᠷᠢᠩ ᠤᠨ ᠬᠠᠮᠢᠶᠠᠷᠤᠯᠲᠠ

ᠬᠠᠮᠠᠭᠠᠯᠠᠯᠲᠠ ᠶᠢᠨ ᠠᠷᠭ᠎ᠠ︾ ᠶᠢᠨ ᠲᠤᠬᠠᠢ ᠲᠠᠶᠢᠯᠤᠮᠵᠢ

       ᠨᠢᠭᠡ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠠᠬᠤᠢ ᠪᠠᠶᠢᠳᠠᠯ

       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ︽ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠡᠯᠡᠳᠬᠡᠮᠵᠢ ᠶᠢ ᠬᠠᠮᠢᠶᠠᠷᠴᠤ ᠬᠠᠮᠠᠭᠠᠯᠠᠬᠤ ᠠᠵᠢᠯ ᠢ ᠴᠢᠩᠭᠠᠳᠬᠠᠬᠤ

ᠲᠤᠬᠠᠢ ᠮᠡᠳᠡᠭᠳᠡᠯ︾ ᠢ ᠨᠡᠶᠢᠲᠡᠯᠡᠵᠦ᠂ ᠲᠣᠰ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠲᠣᠰ ᠠᠷᠭ᠎ᠠ ᠶᠢ ᠲᠣᠭᠲᠠᠭᠠᠪᠠ᠃

       ᠮᠠᠨ ᠤ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠢᠨᠵᠧᠨᠧᠷᠢᠩ ᠤᠨ ᠬᠠᠮᠢᠶᠠᠷᠤᠯᠲᠠ

ᠬᠠᠮᠠᠭᠠᠯᠠᠯᠲᠠ ᠶᠢᠨ ᠠᠵᠢᠯ ᠢ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠵᠠᠰᠠᠭ ᠤᠨ ᠪᠡᠯᠡ

ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠮᠠᠨ ᠤ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ

ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠤᠷᠢᠭ ᠤᠨ ᠨᠢᠭᠡᠨᠲᠡ ᠪᠠᠶᠢᠭᠤᠯᠤᠭᠰᠠᠨ ᠢᠨᠵᠧᠨᠧᠷᠢᠩ ᠤᠨ ᠬᠡᠪ ᠤᠨ ᠶᠣᠰᠣᠭᠠᠷ ᠠᠵᠢᠯᠯᠠᠬᠤ ᠶᠢᠨ ᠬᠠᠮᠲᠤ

ᠦᠷᠭᠦᠯᠵᠢᠯᠡᠨ ᠦᠷ᠎ᠡ ᠠᠰᠢᠭ ᠢᠶᠠᠨ ᠪᠠᠳᠠᠷᠠᠭᠤᠯᠬᠤ ᠶᠢ ᠦᠨᠡᠨ ᠬᠦ ᠪᠠᠲᠤᠯᠠᠨ᠎ᠠ᠃

       ᠬᠤᠶᠠᠷ᠂ ᠠᠵᠢᠯ ᠤᠨ ᠵᠣᠷᠢᠯᠭ᠎ᠠ ᠪᠠ ᠠᠴᠢ ᠬᠤᠯᠪᠣᠭᠳᠠᠯ

       ᠮᠠᠨ ᠤ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠢᠨᠵᠧᠨᠧᠷᠢᠩ ᠤᠨ ᠬᠠᠮᠢᠶᠠᠷᠤᠯᠲᠠ

ᠬᠠᠮᠠᠭᠠᠯᠠᠯᠲᠠ ᠶᠢᠨ ᠠᠵᠢᠯ ᠢ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠵᠠᠰᠠᠭ ᠤᠨ ᠪᠡᠯᠡ

ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠮᠠᠨ ᠤ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ

ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠤᠷᠢᠭ ᠤᠨ ᠨᠢᠭᠡᠨᠲᠡ ᠪᠠᠶᠢᠭᠤᠯᠤᠭᠰᠠᠨ ᠢᠨᠵᠧᠨᠧᠷᠢᠩ ᠤᠨ ᠬᠡᠪ ᠤᠨ ᠶᠣᠰᠣᠭᠠᠷ ᠠᠵᠢᠯᠯᠠᠬᠤ ᠶᠢᠨ ᠬᠠᠮᠲᠤ

ᠦᠷᠭᠦᠯᠵᠢᠯᠡᠨ ᠦᠷ᠎ᠡ ᠠᠰᠢᠭ ᠢᠶᠠᠨ ᠪᠠᠳᠠᠷᠠᠭᠤᠯᠬᠤ ᠶᠢ ᠦᠨᠡᠨ ᠬᠦ ᠪᠠᠲᠤᠯᠠᠨ᠎ᠠ᠃

       ᠭᠤᠷᠪᠠ᠂ ᠠᠵᠢᠯ ᠥᠷᠨᠢᠭᠦᠯᠬᠦ ᠠᠷᠭ᠎ᠠ ᠬᠡᠮᠵᠢᠶ᠎ᠡ᠄

       ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠤ ᠳᠠᠷᠠᠭ᠎ᠠ ᠳᠣᠣᠷᠠᠬᠢ ᠬᠡᠳᠦᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠪᠠ᠄ ︵

ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ᠂ ᠬᠡᠷᠡᠭᠵᠢᠭᠦᠯᠬᠦ ᠬᠡᠪᠴᠢᠶ᠎ᠡ᠂ ᠬᠤᠯᠪᠣᠭᠳᠠᠯ ᠪᠦᠬᠦᠢ ᠬᠤᠭᠤᠴᠠᠭ᠎ᠠ᠂ ᠬᠡᠷᠡᠭᠵᠢᠭᠦᠯᠬᠦ ᠪᠠᠷᠢᠮᠵᠢᠶ᠎ᠠ ᠵᠡᠷᠭᠡ︶

       ᠨᠢᠭᠡ ᠳᠤ᠄ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠢᠨᠵᠧᠨᠧᠷᠢᠩ ᠤᠨ ᠬᠠᠮᠢᠶᠠᠷᠤᠯᠲᠠ

ᠬᠠᠮᠠᠭᠠᠯᠠᠯᠲᠠ ᠳᠤ ︽ᠬᠡᠨ ᠠᠰᠢᠭ ᠭᠥᠷᠳᠡᠪᠡᠯ ᠬᠡᠨ ᠬᠠᠮᠢᠶᠠᠷᠴᠤ ᠬᠠᠮᠠᠭᠠᠯᠠᠬᠤ᠂ ᠬᠡᠨ ᠬᠡᠷᠡᠭᠯᠡᠪᠡᠯ ᠬᠡᠨ ᠬᠠᠷᠢᠭᠤᠴᠠᠬᠤ︾ ᠪᠠ ︽ᠵᠠᠬ᠎ᠠ ᠳᠡᠯᠭᠡᠭᠦᠷ ᠤᠨ ᠠᠷᠭ᠎ᠠ ᠪᠠᠷᠢᠯ

ᠬᠢᠭᠡᠳ ᠡᠳ᠋ ᠤᠨ ᠵᠠᠰᠠᠭ ᠤᠨ ᠤᠷᠮᠠᠰᠢᠭᠤᠯᠵᠤ ᠲᠤᠰᠠᠯᠠᠬᠤ ᠶᠢ ᠬᠠᠷᠢᠯᠴᠠᠨ ᠤᠶᠠᠯᠳᠤᠭᠤᠯᠬᠤ︾ ᠵᠡᠷᠭᠡ ᠵᠠᠷᠴᠢᠮ ᠶᠣᠰᠣᠭᠠᠷ ᠠᠵᠢᠯᠯᠠᠭᠠᠨ ᠤ ᠬᠠᠮᠢᠶᠠᠷᠤᠯᠲᠠ

ᠬᠠᠮᠠᠭᠠᠯᠠᠯᠲᠠ ᠬᠢᠨ᠎ᠡ᠃

       ᠬᠤᠶᠠᠷ ᠲᠤ᠄ ᠲᠣᠰᠬᠤᠨ ᠤ ᠬᠦᠶ ᠨᠢᠭᠡᠳᠦᠯ ᠨᠢ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭᠠᠬᠢ

ᠬᠠᠮᠢᠶᠠᠷᠴᠤ ᠬᠠᠮᠠᠭᠠᠯᠠᠬᠤ ᠳᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ᠦᠶᠤᠸᠠᠨ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ

ᠤᠬᠠᠭᠠᠨ ᠮᠡᠷᠭᠡᠵᠢᠯ ᠤᠨ ᠲᠣᠪᠴᠢᠶ᠎ᠠ ᠨᠢ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ ᠬᠠᠮᠢᠶᠠᠷᠴᠤ

ᠬᠠᠮᠠᠭᠠᠯᠠᠬᠤ ᠶᠢ ᠬᠢᠨᠠᠨ ᠬᠠᠮᠢᠶᠠᠷᠬᠤ ᠬᠠᠷᠢᠭᠤᠴᠠᠯᠭ᠎ᠠ ᠲᠠᠢ ᠪᠠᠶᠢᠵᠤ᠂ ᠬᠠᠮᠢᠶᠠᠷᠴᠤ ᠬᠠᠮᠠᠭᠠᠯᠠᠬᠤ ᠳᠦᠷᠢᠮ ᠲᠣᠭᠲᠠᠭᠠᠬᠤ᠂ ᠵᠣᠬᠢᠶᠠᠨ ᠪᠠᠶᠢᠭᠤᠯᠤᠨ ᠵᠣᠬᠢᠴᠠᠭᠤᠯᠬᠤ᠂

ᠬᠢᠨᠠᠯᠲᠠ ᠲᠠᠯᠪᠢᠨ ᠵᠢᠯᠤᠭᠤᠳᠬᠤ ᠪᠠ ᠪᠠᠶᠢᠴᠠᠭᠠᠵᠤ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃

       ᠭᠤᠷᠪᠠ ᠨᠢ᠄ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠨᠢ ᠬᠠᠮᠢᠶ᠎ᠠ ᠪᠦᠬᠦᠢ ᠳᠦᠷᠢᠮ ᠲᠣᠭᠲᠠᠭᠠᠯ᠂ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂

ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ᠂ ᠪᠡᠯᠡᠳᠬᠡᠮᠵᠢ ᠲᠥᠬᠦᠭᠡᠷᠦᠮᠵᠢ ᠶᠢ ᠬᠡᠷᠡᠭᠯᠡᠬᠦ᠂ ᠠᠷᠠᠴᠢᠯᠠᠨ ᠬᠠᠮᠠᠭᠠᠯᠠᠬᠤ᠂

ᠬᠠᠳᠠᠭᠠᠯᠠᠨ ᠬᠠᠮᠢᠶᠠᠷᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ᠬᠠᠮᠢᠶᠠᠷᠴᠤ ᠬᠠᠮᠠᠭᠠᠯᠠᠬᠤ ᠭᠤᠣᠯ ᠴᠣᠭᠴᠠ ᠨᠢ ᠲᠤᠰᠬᠠᠢ ᠬᠥᠮᠥᠨ ᠲᠣᠬᠢᠷᠠᠭᠤᠯᠤᠨ

ᠪᠠᠶᠢᠩᠭᠤ ᠶᠢᠨ ᠴᠢᠨᠠᠷᠲᠠᠢ᠂ ᠪᠥᠬᠦ ᠲᠠᠯ᠎ᠠ ᠶᠢᠨ ᠴᠢᠨᠠᠷᠲᠠᠢ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠤᠷᠢᠨ ᠪᠠᠶᠢᠴᠠᠭᠠᠵᠤ᠂

ᠲᠠᠷᠢᠶᠠᠨ ᠭᠠᠵᠠᠷ ᠤᠨ ᠪᠠᠷᠢᠯᠭ᠎ᠠ ᠶᠢᠨ ᠪᠡᠯᠡᠳᠬᠡᠮᠵᠢ ᠶᠢᠨ ᠠᠵᠢᠯᠯᠠᠭᠠᠨ ᠢ ᠬᠠᠮᠠᠭᠠᠯᠠᠵᠤ ᠪᠠᠶᠢᠭ᠎ᠠ ᠪᠠᠶᠢᠳᠠᠯ ᠢ ᠮᠥᠷᠳᠡᠨ ᠲᠡᠮᠳᠡᠭᠯᠡᠵᠦ᠂ ᠠᠵᠢᠯᠯᠠᠭᠠᠨ ᠤ

ᠬᠠᠮᠢᠶᠠᠷᠤᠯᠲᠠ ᠶᠢᠨ ᠠᠵᠢᠯ ᠢ ᠮᠥᠷᠳᠡᠵᠦ ᠪᠣᠯᠬᠤ᠂ ᠳᠠᠬᠢᠨ ᠪᠠᠶᠢᠴᠠᠭᠠᠵᠤ ᠪᠣᠯᠬᠤ ᠶᠢ ᠪᠠᠲᠤᠯᠠᠬᠤ ᠬᠡᠷᠡᠭᠲᠡᠢ᠃

 

 

 

 

ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ