︽ᠦᠶᠤᠸᠠᠨ ᠤ ᠨᠡᠷᠡᠨ ᠬᠤᠸᠠᠷ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭᠲᠦ ᠦᠢᠯᠡᠳᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠥᠯ ︵2023 ︱ 2024 ᠣᠨ︶︾ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2023/10/11
︽ᠦᠶᠤᠸᠠᠨ ᠤ ᠨᠡᠷᠡᠨ ᠬᠤᠸᠠᠷ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭᠲᠦ ᠦᠢᠯᠡᠳᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠥᠯ ︵2023 ︱ 2024 ᠣᠨ︶︾ ᠤᠨ ᠲᠤᠬᠠᠢ ᠲᠠᠶᠢᠯᠤᠮᠵᠢ       2023 ᠣᠨ ᠤ 9 ᠰᠠᠷ᠎ᠠ ᠶᠢᠨ 11 ᠤ ᠡᠳᠦᠷ᠂ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ︽ᠦᠶᠤᠸᠠᠨ ᠨᠡᠷᠡᠨ ᠬᠤᠸᠠᠷ ᠤᠨ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭᠲᠦ ᠦᠢᠯᠡᠳᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠥᠯ ︵2023 ︱ 2024 ᠣᠨ︶︾ ᠢ ᠳᠠᠷᠤᠮᠠᠯᠯᠠᠨ ᠲᠠᠷᠬᠠᠭᠠᠵᠤ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠨᠢ ᠳᠣᠣᠷᠠᠬᠢ ᠮᠡᠲᠦ᠃       ᠨᠢᠭᠡ᠂ ᠲᠣᠰ ︽ᠲᠥᠰᠥᠯ︾ ᠢ ᠨᠡᠶᠢᠲᠡᠯᠡᠭᠰᠡᠨ ᠠᠬᠤᠢ ᠪᠠᠶᠢᠳᠠᠯ        ᠦᠶᠤᠸᠠᠨ ᠤ ᠨᠡᠷᠡᠨ ᠬᠤᠸᠠᠷ ᠤᠨ ᠴᠢᠨᠠᠷ ᠴᠢᠨᠰᠠᠭ᠎ᠠ ᠶᠢᠨ ᠳᠠᠪᠠᠭᠤᠯᠢᠭ ᠢ ᠪᠠᠳᠠᠷᠠᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠳᠡᠭᠡᠭᠰᠢᠯᠡᠭᠦᠯᠬᠦ ᠶᠢᠨ ᠲᠤᠰᠠᠳᠠ᠂ ᠦᠶᠤᠸᠠᠨ ᠤ ᠨᠡᠷᠡᠨ ᠬᠤᠸᠠᠷ ᠤᠨ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠪᠦᠷᠢᠯᠳᠦᠭᠦᠨ ᠨᠢᠭᠡᠴᠡ ᠶᠢᠨ ᠠᠵᠢᠯ ᠤᠨ ᠡᠭᠦᠷᠭᠡ ᠶᠢ ᠨᠠᠷᠢᠯᠢᠭᠵᠢᠭᠤᠯᠤᠨ᠎ᠠ᠃ ︽ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭᠲᠦ ᠦᠢᠯᠡᠳᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠶᠣᠰᠣᠭᠠᠷ᠂ ᠪᠣᠳᠠᠲᠠᠢ ᠲᠠᠢ ᠪᠠᠨ ᠤᠶᠠᠯᠳᠤᠭᠤᠯᠤᠨ᠂ ᠣᠨᠴᠣᠭᠤᠶᠢᠯᠠᠨ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃       ᠬᠤᠶᠠᠷ ᠂ ᠲᠤᠰ ︽ ᠲᠥᠰᠥᠯ ︾ ᠳᠤ ᠦᠶᠤᠸᠠᠨ ᠤ ᠨᠡᠷᠡᠨ ᠬᠤᠸᠠᠷ ᠤᠨ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭᠲᠦ ᠦᠢᠯᠡᠳᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ ᠲᠤᠬᠠᠢ ᠶᠡᠷᠦᠩᠬᠡᠢ ᠱᠠᠭᠠᠷᠳᠠᠯᠭ᠎ᠠ ᠨᠢ ᠶᠠᠭᠤ ᠪᠤᠢ       2021 ᠣᠨ ᠤ 8 ᠰᠠᠷ᠎ᠠ ᠳᠤ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠠᠴᠠ ᠦᠶᠤᠸᠠᠨ ᠤ ᠨᠡᠷᠡᠨ ᠬᠤᠸᠠᠷ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠡᠯᠡᠳᠬᠡᠨ ᠪᠠᠶᠢᠭᠤᠯᠬᠤ ᠶᠢ ᠵᠥᠪᠰᠢᠶᠡᠷᠡᠵᠦ ᠂ ᠦᠶᠤᠸᠠᠨ ᠤ ᠨᠡᠷᠡᠨ ᠬᠤᠸᠠᠷ ᠤᠨ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ ᠬᠦᠴᠦᠨ ᠢᠶᠠᠨ ᠲᠥᠪᠯᠡᠷᠡᠭᠦᠯᠵᠦ ᠪᠠᠶᠢᠭᠠᠳ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠢ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠦᠶᠤᠸᠠᠨ ᠤ ᠨᠡᠷᠡᠨ ᠬᠤᠸᠠᠷ ᠤᠨ ᠠᠵᠤ ᠦᠢᠯᠡᠰ ᠤᠨ ᠪᠠᠷᠢᠮᠵᠢᠶᠠᠵᠢᠭᠰᠠᠨ᠂ ᠵᠢᠷᠤᠮᠵᠢᠭᠰᠠᠨ ᠦᠢᠯᠡᠳᠪᠦᠷᠢᠯᠡᠯ ᠤᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠶᠤᠸᠠᠨ ᠤ ᠨᠡᠷᠡᠨ ᠬᠤᠸᠠᠷ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠣᠯᠠᠨ ᠡᠰᠢᠵᠢᠭᠰᠡᠨ᠂ ᠳᠡᠯᠡᠬᠡᠶᠢᠵᠢᠭᠰᠡᠨ ᠪᠠᠶᠢᠷᠢᠰᠢᠯ ᠢ ᠥᠷᠭᠡᠳᠬᠡᠨ᠂ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠥᠪᠡᠷᠮᠢᠴᠡ ᠣᠨᠴᠠᠯᠢᠭ ᠲᠠᠢ ᠨᠠᠷᠠᠲᠤ ᠲᠥᠷᠥᠯ ᠲᠡᠮᠳᠡᠭᠲᠦ ᠶᠢ ᠲᠣᠪᠤᠶᠢᠯᠭᠠᠨ᠂ ᠦᠶᠤᠸᠠᠨ ᠤ ᠨᠡᠷᠡᠨ ᠬᠤᠸᠠᠷ ᠤᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠠᠬᠢᠭᠤᠯᠤᠨ᠎ᠠ᠃       ᠭᠤᠷᠪᠠ ᠂ ᠲᠤᠰ ︽ᠲᠥᠰᠥᠯ︾ ᠳᠤ ᠦᠶᠤᠸᠠᠨ ᠤ ᠨᠡᠷᠡᠨ ᠬᠤᠸᠠᠷ ᠤᠨ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭᠲᠦ ᠦᠢᠯᠡᠳᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ ᠬᠠᠷᠠᠯᠲᠠ ᠡᠭᠦᠷᠭᠡ ᠶᠠᠭᠤ ᠶᠠᠭᠤ ᠪᠠᠶᠢᠬᠤ ᠪᠤᠢ       ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠪᠠᠷ ᠳᠡᠮᠵᠢᠨ᠂ ᠦᠶᠤᠸᠠᠨ ᠤ ᠨᠡᠷᠡᠨ ᠬᠤᠸᠠᠷ ᠤᠨ ᠭᠠᠵᠠᠷ ᠵᠦᠢ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠵᠤ᠂ ᠦᠶᠤᠸᠠᠨ ᠤ ᠨᠡᠷᠡᠨ ᠬᠤᠸᠠᠷ ᠤᠨ ᠭᠠᠵᠠᠷ ᠵᠦᠢ ᠶᠢᠨ ᠰᠢᠨ᠎ᠡ ᠪᠦᠲᠦᠭᠡᠭᠳᠡᠬᠦᠨ ᠪᠤᠶᠤ ᠤᠷᠲᠤᠳᠬᠠᠭᠰᠠᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠦᠶᠤᠸᠠᠨ ᠤ ᠨᠡᠷᠡᠨ ᠬᠤᠸᠠᠷ ᠤᠨ ᠭᠠᠵᠠᠷ ᠵᠦᠢ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢᠨ ᠳᠦᠷᠢᠮ᠂ ᠠᠵᠢᠯ ᠤᠨ ᠰᠢᠰᠲ᠋ᠧᠮ᠂ ᠬᠠᠮᠠᠭᠠᠯᠠᠯᠲᠠ ᠶᠢᠨ ᠡᠷᠴᠢᠮ᠂ ᠬᠠᠮᠠᠭᠠᠯᠠᠵᠤ ᠤᠬᠠᠭᠤᠯᠬᠤ ᠪᠠ ᠬᠠᠮᠲᠤᠷᠠᠨ ᠠᠵᠢᠯᠯᠠᠵᠤ ᠬᠠᠮᠲᠤᠪᠠᠷ ᠠᠰᠢᠭ ᠭᠥᠷᠳᠡᠬᠦ ᠵᠡᠷᠭᠡ ᠲᠠᠪᠤᠨ ᠶᠡᠭᠡ ᠰᠢᠰᠲ᠋ᠧᠮ ᠤᠨ ᠪᠠᠶᠢᠭᠤᠯᠤᠯᠲᠠ  ᠶᠢ ᠲᠡᠭᠦᠯᠳᠡᠷᠵᠢᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ᠂ ᠬᠡᠷᠡᠭᠯᠡᠵᠦ ᠬᠠᠮᠢᠶᠠᠷᠬᠤ᠂ ᠨᠠᠷᠠᠲᠤ ᠲᠥᠷᠥᠯ ᠲᠡᠮᠳᠡᠭᠲᠦ ᠶᠢ ᠬᠠᠮᠠᠭᠠᠯᠠᠬᠤ᠂ ᠪᠠᠷᠢᠮᠵᠢᠶ᠎ᠠ ᠲᠣᠭᠲᠠᠭᠠᠬᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ᠂ ᠶᠠᠰᠤ ᠴᠢᠨᠠᠷ ᠤᠨ ᠬᠠᠮᠢᠶᠠᠷᠤᠯᠲᠠ᠂ ᠤᠬᠠᠭᠤᠯᠤᠨ ᠳᠡᠯᠭᠡᠷᠡᠭᠦᠯᠬᠦ ᠵᠡᠷᠭᠡ ᠵᠢᠷᠭᠤᠭᠠᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠵᠤ᠂ ᠦᠶᠤᠸᠠᠨ ᠤ ᠨᠡᠷᠡᠨ ᠬᠤᠸᠠᠷ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠤᠨ᠎ᠠ᠃ ᠳᠡᠯᠡᠬᠡᠢ ᠶᠢᠨ ᠨᠡᠷᠡᠨ ᠬᠤᠸᠠᠷ ᠤᠨ ᠬᠤᠳᠠ ᠪᠠ ᠳᠡᠯᠡᠬᠡᠢ ᠶᠢᠨ ᠨᠡᠷᠡᠨ ᠬᠤᠸᠠᠷ ᠤᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ ᠂ ᠳᠡᠯᠡᠬᠡᠢ ᠶᠢᠨ ᠨᠡᠷᠡᠨ ᠬᠤᠸᠠᠷ ᠤᠨ ᠵᠢᠱᠢᠶ᠎ᠡ ᠦᠵᠡᠭᠦᠯᠦᠭᠴᠢ ᠪᠠ ᠬᠥᠲᠥᠯᠥᠨ ᠳᠠᠭᠠᠭᠤᠯᠤᠭᠴᠢ ᠪᠣᠯᠵᠤ ᠂ 2024 ᠣᠨ ᠤ 8 ᠰᠠᠷ᠎ᠠ ᠠᠴᠠ ᠡᠮᠦᠨ᠎ᠡ ᠂ ᠦᠶᠤᠸᠠᠨ ᠤ ᠨᠡᠷᠡᠨ ᠬᠤᠸᠠᠷ ᠤᠨ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠪᠦᠲᠦᠭᠡᠭᠳᠡᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠰᠢᠯᠭᠠᠨ ᠪᠠᠶᠢᠴᠠᠭᠠᠯᠲᠠ ᠶᠢ ᠤᠷᠤᠭᠰᠢᠲᠠᠢ ᠥᠩᠭᠡᠷᠡᠭᠦᠯᠬᠦ ᠶᠢ ᠪᠠᠲᠤᠯᠠᠨ᠎ᠠ ᠃       ᠳᠥᠷᠪᠡ᠂ ᠲᠣᠰ ︽ᠲᠥᠰᠥᠯ︾ ᠳᠤ ᠦᠶᠤᠸᠠᠨ ᠤ ᠨᠡᠷᠡᠨ ᠬᠤᠸᠠᠷ ᠤᠨ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭᠲᠦ ᠦᠢᠯᠡᠳᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ ᠳᠤ ᠶᠠᠮᠠᠷ ᠶᠠᠮᠠᠷ ᠠᠵᠢᠯ ᠤᠨ ᠭᠤᠣᠯᠳᠠᠯᠭ᠎ᠠ ᠶᠢ ᠲᠣᠳᠣᠷᠬᠠᠢ ᠲᠣᠭᠲᠠᠭᠠᠭᠰᠠᠨ ᠪᠣᠶ       ︵ᠨᠢᠭᠡ︶ ᠬᠠᠮᠠᠭᠠᠯᠠᠯᠲᠠ ᠶᠢᠨ ᠳᠦᠷᠢᠮ ᠢ ᠪᠠᠬᠢᠵᠢᠭᠦᠯᠦᠨ᠎ᠡ᠃ᠰᠢᠶᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠲᠤᠷᠠᠭᠰᠠᠨ ᠬᠤᠷᠠᠯ ᠤᠨ ᠨᠢᠭᠡᠳᠦᠯᠲᠡᠢ ᠲᠥᠯᠥᠪᠯᠡᠨ ᠵᠢᠯᠤᠭᠤᠳᠬᠤ ᠦᠢᠯᠡᠳᠦᠯ ᠢ ᠪᠠᠳᠠᠷᠠᠭᠤᠯᠵᠤ᠂ ᠦᠶᠡᠯᠢᠭ ᠤᠨ ᠨᠡᠷᠡᠨ ᠬᠤᠸᠠᠷ ᠤᠨ ᠭᠠᠵᠠᠷ ᠵᠦᠢ ᠶᠢᠨ ᠲᠡᠮᠳᠡᠭ ᠢ ᠬᠠᠮᠠᠭᠠᠯᠠᠬᠤ ᠠᠵᠢᠯ ᠢ ᠰᠢᠶᠠᠨ ᠤ ᠬᠡᠪᠴᠢᠶᠡᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠭᠤᠣᠯᠳᠠᠯᠭ᠎ᠠ ᠲᠠᠢ ᠠᠵᠢᠯ ᠤᠨ ᠲᠥᠯᠦᠪᠵᠢᠭᠦᠯᠭᠡ ᠳᠤ ᠣᠷᠣᠭᠤᠯᠵᠤ᠂ ᠭᠠᠵᠠᠷ ᠵᠦᠢ ᠶᠢᠨ ᠲᠡᠮᠳᠡᠭ ᠢ ᠬᠠᠮᠠᠭᠠᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠮᠥᠷᠳᠡᠨ ᠣᠶᠢᠯᠠᠭᠠᠬᠤ ᠪᠠ ᠵᠠᠳᠠᠯᠵᠤ ᠰᠤᠳᠤᠯᠤᠨ ᠮᠠᠭᠠᠳᠯᠠᠵᠤ᠂ ᠦᠶᠡᠯᠢᠭ ᠤᠨ ᠨᠡᠷᠡᠨ ᠬᠤᠸᠠᠷ ᠤᠨ ᠭᠠᠵᠠᠷ ᠵᠦᠢ ᠶᠢᠨ ᠲᠡᠮᠳᠡᠭ ᠢ ᠬᠠᠮᠠᠭᠠᠯᠠᠬᠤ᠂ ᠬᠥᠭᠵᠢᠭᠦᠯᠬᠦ ᠪᠠ ᠬᠡᠷᠡᠭᠯᠡᠵᠦ ᠬᠠᠮᠢᠶᠠᠷᠬᠤ ᠶᠢ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠠᠵᠢᠯ ᠲᠥᠷᠥᠯ ᠤᠨ ᠨᠡᠶᠢᠭᠡᠮᠯᠢᠭ᠂ ᠠᠵᠤ ᠠᠬᠤᠶᠢᠯᠠᠯ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠬᠤᠯᠪᠤᠭᠠᠯᠠᠨ ᠬᠥᠳᠡᠯᠦᠯᠴᠡᠵᠦ ᠬᠠᠮᠠᠭᠠᠯᠠᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠭᠠᠵᠠᠷ ᠵᠦᠢ ᠶᠢᠨ ᠪᠡᠯᠭᠡ ᠲᠡᠮᠳᠡᠭ ᠢ ᠬᠠᠮᠠᠭᠠᠯᠠᠨ ᠬᠥᠭᠵᠢᠭᠦᠯᠬᠦ ᠠᠵᠢᠯ ᠤᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠦᠶᠤᠸᠠᠨ ᠤ ᠨᠡᠷᠡᠨ ᠬᠤᠸᠠᠷ ᠤᠨ ᠭᠠᠵᠠᠷ ᠵᠦᠢ ᠶᠢᠨ ᠪᠡᠯᠭᠡ ᠲᠡᠮᠳᠡᠭ ᠢ ᠵᠢᠷᠤᠮᠵᠢᠭᠤᠯᠤᠨ ᠬᠡᠷᠡᠭᠯᠡᠬᠦ ᠶᠢ ᠦᠨᠡᠨᠬᠦ ᠪᠠᠲᠤᠯᠠᠨ᠎ᠠ᠃       ︵ᠬᠤᠶᠠᠷ︶ ᠠᠵᠢᠯ ᠤᠨ ᠰᠢᠰᠲ᠋ᠧᠮᠵᠢ ᠶᠢ ᠪᠦᠷᠢᠨᠰᠢᠭᠦᠯᠦᠨ᠎ᠡ᠃1. ᠪᠠᠷᠢᠮᠵᠢᠶ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠱᠠᠭᠠᠷᠳᠠᠯᠭ᠎ᠠ ᠶᠣᠰᠣᠭᠠᠷ᠂ ᠦᠶᠤᠸᠠᠨ ᠤ ᠨᠡᠷᠡᠨ ᠬᠤᠸᠠᠷ ᠤᠨ ᠪᠦᠲᠦᠭᠡᠭᠳᠡᠬᠦᠨ ᠤ ᠪᠠᠷᠢᠮᠵᠢᠶ᠎ᠠ ᠶᠢᠨ ᠰᠢᠰᠲ᠋ᠧᠮ ᠪᠠ ᠮᠡᠷᠭᠡᠵᠢᠯ ᠤᠨ ᠪᠠᠷᠢᠮᠵᠢᠶ᠎ᠠ ᠶᠢᠨ ᠰᠢᠰᠲ᠋ᠧᠮ ᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠲᠣᠭᠲᠠᠭᠠᠬᠤ ᠶᠢᠨ ᠬᠠᠮᠲᠤ ᠵᠢᠱᠢᠶ᠎ᠡ ᠦᠵᠡᠭᠦᠯᠬᠦ ᠣᠷᠣᠨ ᠳᠤ ᠠᠯᠬᠤᠮ ᠠᠯᠬᠤᠮ ᠢᠶᠠᠷ ᠳᠡᠯᠭᠡᠷᠡᠭᠦᠯᠦᠨ᠎ᠡ ᠃ 2. ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠰᠢᠰᠲᠸᠮᠵᠢ  ᠶᠢ ᠪᠦᠷᠢᠨᠰᠢᠭᠦᠯᠦᠨ᠎ᠡ ᠃ ᠦᠶᠤᠸᠠᠨ ᠰᠢᠶᠠᠨ ᠤ ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ ᠤᠨ ᠴᠢᠳᠠᠮᠵᠢ ᠶᠢ ᠪᠦᠷᠢᠨᠰᠢᠭᠦᠯᠵᠦ᠂ ᠭᠠᠵᠠᠷ ᠵᠦᠢ ᠶᠢᠨ ᠲᠡᠮᠳᠡᠭ ᠲᠠᠢ ᠪᠦᠲᠦᠭᠡᠭᠳᠡᠬᠦᠨ ᠤ ᠪᠠᠷᠢᠮᠵᠢᠶᠠᠲᠤ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠂ ᠵᠢᠯ ᠪᠦᠷᠢ ᠦᠶᠤᠸᠠᠨ ᠨᠡᠷᠡᠨ ᠬᠤᠸᠠᠷ ᠤᠨ ᠭᠠᠵᠠᠷ ᠵᠦᠢ ᠶᠢᠨ ᠲᠡᠮᠳᠡᠭ ᠲᠠᠢ ᠪᠦᠲᠦᠭᠡᠭᠳᠡᠬᠦᠨ ᠤ ᠥᠯᠢᠭᠡᠷ ᠠᠪᠴᠤ ᠪᠠᠶᠢᠴᠠᠭᠠᠨ ᠬᠡᠮᠵᠢᠬᠦ ᠶᠢ ᠬᠡᠷᠡᠭᠵᠢᠭᠦᠯᠬᠦ ᠶᠢ ᠱᠠᠭᠠᠷᠳᠠᠵᠤ᠂ ᠡᠯ᠎ᠡ ᠪᠦᠯᠦᠭ ᠤᠳᠠᠭ᠎ᠠ ᠶᠢᠨ ᠪᠦᠲᠦᠭᠡᠭᠳᠡᠬᠦᠨ ᠤ ᠪᠠᠶᠢᠴᠠᠭᠠᠨ ᠬᠡᠮᠵᠢᠭᠰᠡᠨ ᠦᠷ᠎ᠡ ᠳ᠋ᠦᠩ  ᠨᠢ ᠪᠦᠬᠦᠨ ᠢᠶᠠᠷ ᠢᠶᠠᠨ ᠬᠢᠷᠢ ᠲᠡᠩᠴᠡᠬᠦ ᠶᠢ ᠦᠨᠡᠨᠬᠦ ᠪᠠᠲᠤᠯᠠᠨ᠎ᠠ᠃ᠡᠭᠦᠨ ᠤ ᠬᠠᠮᠲᠤ᠂ ᠭᠤᠷᠪᠠᠳᠠᠭᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ  ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠦᠶᠤᠸᠠᠨ ᠤ ᠨᠡᠷᠡᠨ ᠬᠤᠸᠠᠷ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠳᠤ ᠲᠤᠭ᠎ᠠ ᠪᠠᠷᠢᠮᠲᠠ ᠪᠠ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ 3. ᠶᠠᠰᠤ ᠴᠢᠨᠠᠷ ᠤᠨ ᠬᠠᠮᠢᠶᠠᠷᠤᠯᠲᠠ ᠵᠢᠴᠢ ᠡᠬᠢ ᠰᠤᠷᠪᠤᠯᠵᠢ ᠶᠢ ᠡᠷᠢᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ ᠦᠶᠤᠸᠠᠨ ᠤ ᠨᠡᠷᠡᠨ ᠬᠤᠸᠠᠷ ᠤᠨ ᠭᠠᠵᠠᠷ ᠵᠦᠢ ᠶᠢᠨ ᠲᠡᠮᠳᠡᠭ ᠤᠨ ᠬᠠᠮᠠᠭᠠᠯᠠᠯᠲᠠ ᠶᠢᠨ ᠦᠢᠯᠡᠳᠬᠦᠨ ᠤ ᠶᠠᠰᠤ ᠴᠢᠨᠠᠷ ᠢ ᠪᠠᠲᠤᠯᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠠᠮᠠᠭᠠᠯᠠᠯᠲᠠ ᠶᠢᠨ ᠣᠷᠣᠨ ᠳᠠᠬᠢ ᠨᠡᠷᠡᠨ ᠬᠤᠸᠠᠷ ᠤᠨ ᠦᠢᠯᠡᠳᠬᠦᠨ ᠳᠤ ᠲᠥᠯᠥᠪᠯᠡᠭᠡ ᠲᠠᠢ ᠪᠠᠷ ᠲᠣᠭᠤᠷᠢᠨ ᠪᠠᠶᠢᠴᠠᠭᠠᠬᠤ᠂ ᠰᠤᠭᠤᠴᠢᠨ ᠪᠠᠶᠢᠴᠠᠭᠠᠬᠤ᠂ ᠰᠢᠯᠭᠠᠨ ᠪᠠᠶᠢᠴᠠᠭᠠᠯᠲᠠ ᠬᠢᠵᠦ᠂ ᠦᠶᠤᠸᠠᠨ ᠤ ᠨᠡᠷᠡᠨ ᠬᠤᠸᠠᠷ ᠤᠨ ᠭᠠᠵᠠᠷ ᠵᠦᠢ ᠶᠢᠨ ᠲᠡᠮᠳᠡᠭ ᠤᠨ ᠬᠠᠮᠠᠭᠠᠯᠠᠯᠲᠠ ᠶᠢᠨ ᠦᠢᠯᠡᠳᠬᠦᠨ ᠤ ᠶᠠᠰᠤ ᠴᠢᠨᠠᠷ ᠤᠨ ᠣᠨᠴᠠᠯᠢᠭ ᠢ ᠪᠠᠲᠤᠯᠠᠨ᠎ᠠ᠃ ᠦᠶᠤᠸᠠᠨ ᠤ ᠨᠡᠷᠡᠨ ᠬᠤᠸᠠᠷ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠦᠢᠯᠡᠳᠬᠦᠨ ᠤ ᠪᠥᠬᠦ ᠴᠤᠪᠤᠷᠠᠯ ᠢ ᠮᠥᠷᠳᠡᠬᠦ ᠳᠦᠷᠢᠮ ᠢ ᠪᠠᠶᠢᠭᠤᠯᠵᠤ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠵᠦ᠂ ᠨᠡᠷᠡᠨ ᠬᠤᠸᠠᠷ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠦᠢᠯᠡᠳᠬᠦᠨ ᠤ ᠪᠦᠬᠦᠯᠢ ᠴᠣᠭᠴᠠ ᠶᠢᠨ ᠶᠠᠰᠤ ᠴᠢᠨᠠᠷ ᠤᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃       ︵ᠭᠤᠷᠪᠠ︶ ᠬᠠᠮᠠᠭᠠᠯᠠᠵᠤ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠎ᠠ᠃1. ︽12315 ᠬᠠᠯᠠᠮᠰᠢᠯ ᠤᠲᠠᠰᠤ + ᠢᠨᠲ᠋ᠧᠷ ᠰᠦᠯᠵᠢᠶᠡᠨ ᠤ ᠲᠠᠪᠴᠠᠩ︾ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠳᠤ ᠬᠠᠯᠳᠠᠭᠰᠠᠨ ᠶᠠᠪᠤᠳᠠᠯ ᠢ ᠲᠦᠷᠭᠡᠨ ᠲᠤᠰᠬᠠᠵᠤ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠦᠶᠤᠸᠠᠨ ᠤ ᠨᠡᠷᠡᠨ ᠬᠤᠸᠠᠷ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠲᠣᠰ ᠭᠠᠵᠠᠷ ᠤᠨ ᠨᠡᠷᠡᠨ ᠬᠤᠸᠠᠷ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ︵ᠢᠯᠠᠩᠭᠤᠶ᠎ᠠ ᠭᠠᠳᠠᠭᠠᠳᠤ ᠳᠤ ᠭᠠᠷᠭᠠᠬᠤ ᠠᠵᠤ ᠠᠬᠤᠶᠢᠯᠠᠯ︶ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠲᠤᠰᠬᠠᠢ ᠬᠡᠷᠡᠭᠯᠡᠬᠦ ᠪᠡᠯᠭᠡ ᠲᠡᠮᠳᠡᠭ ᠢ ᠬᠡᠷᠡᠭᠯᠡᠬᠦ ᠨᠣᠷᠮ᠎ᠠ ᠶᠢ 90%  ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠦᠶᠤᠸᠠᠨ ᠤ ᠨᠡᠷᠡᠨ ᠬᠤᠸᠠᠷ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠲᠤᠰᠬᠠᠢ ᠠᠵᠢᠯᠯᠠᠭ᠎ᠠ ᠶᠢ ᠭᠦᠨᠵᠡᠭᠡᠶᠢᠷᠡᠭᠦᠯᠵᠦ᠂ ︽ᠬᠤᠶᠠᠷ ᠢ ᠲᠠᠰᠢᠷᠠᠮ ᠳᠠᠭᠠᠤ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠭᠠᠵᠠᠷ ᠵᠦᠢ ᠶᠢᠨ ᠪᠡᠯᠭᠡ ᠲᠡᠮᠳᠡᠭ ᠤᠨ ᠬᠦᠷᠢᠶ᠎ᠡ ᠴᠠᠷᠠᠭ᠎ᠠ ᠶᠢᠨ ᠣᠯᠠᠨ ᠭᠠᠵᠠᠷ ᠣᠷᠣᠨ᠂ ᠣᠯᠠᠨ ᠰᠠᠯᠠᠭ᠎ᠠ ᠮᠥᠴᠢᠷ ᠬᠠᠮᠲᠤᠷᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠥᠷᠨᠢᠭᠦᠯᠵᠦ᠂ ᠦᠶᠤᠸᠠᠨ ᠤ ᠨᠡᠷᠡᠨ ᠬᠤᠸᠠᠷ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ 2. ᠦᠶᠤᠸᠠᠨ ᠤ ᠨᠡᠷᠡᠨ ᠬᠤᠸᠠᠷ ᠤᠨ ᠭᠠᠵᠠᠷ ᠵᠦᠢ ᠶᠢᠨ ᠲᠡᠮᠳᠡᠭ ᠤᠨ ᠬᠠᠮᠠᠭᠠᠯᠠᠯᠲᠠ ᠶᠢᠨ ᠦᠢᠯᠡᠳᠬᠦᠨ ᠵᠢᠴᠢ ᠲᠤᠰᠬᠠᠢ ᠲᠡᠮᠳᠡᠭ ᠢ ᠳᠠᠷᠤᠮᠠᠯᠯᠠᠬᠤ᠂ ᠲᠠᠷᠬᠠᠭᠠᠬᠤ᠂ ᠬᠡᠷᠡᠭᠯᠡᠬᠦ ᠪᠠ ᠡᠬᠢ ᠡᠭᠦᠰᠦᠯ ᠢ ᠨᠢ ᠡᠷᠢᠬᠦ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠬᠠᠤᠯᠢ ᠶᠣᠰᠣᠭᠠᠷ ᠭᠤᠶᠤᠴᠢᠯᠠᠬᠤ᠂ ᠵᠢᠷᠤᠮᠵᠢᠯ ᠲᠠᠢ ᠬᠡᠷᠡᠭᠯᠡᠬᠦ ᠶᠢ ᠵᠢᠯᠤᠭᠤᠳᠴᠤ᠂ ᠭᠠᠵᠠᠷ ᠵᠦᠢ ᠶᠢᠨ ᠲᠡᠮᠳᠡᠭ ᠤᠨ ᠦᠢᠯᠡᠳᠬᠦᠨ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠨ ᠤ ᠬᠠᠮᠲᠤ᠂ ᠦᠶᠤᠸᠠᠨ ᠰᠢᠶᠠᠨ ᠤ ᠨᠡᠷᠡᠨ ᠬᠤᠸᠠᠷ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠲᠤᠰᠬᠠᠢ ᠬᠡᠷᠡᠭᠯᠡᠭᠡᠨ ᠤ ᠪᠡᠯᠭᠡ ᠲᠡᠮᠳᠡᠭ ᠢ ᠬᠡᠷᠡᠭᠯᠡᠬᠦ ᠠᠵᠤ ᠠᠬᠤᠶᠢᠯᠠᠯ ᠳᠤ ᠬᠠᠤᠯᠢ ᠲᠣᠭᠲᠠᠭᠠᠯ ᠶᠣᠰᠣᠭᠠᠷ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠠᠪᠤᠭᠤᠯᠵᠤ᠂ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠳ ᠢ ᠵᠠᠷᠯᠢᠭᠳᠠᠵᠤ ᠪᠠᠶᠢᠭᠠᠳ ᠬᠠᠤᠯᠢ ᠶᠣᠰᠣᠭᠠᠷ ᠤᠬᠤᠷᠢᠭᠤᠯᠵᠤ᠂ ᠦᠶᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃       ︵ᠳᠥᠷᠪᠡ︶ ᠬᠠᠮᠠᠭᠠᠯᠠᠯᠲᠠ ᠶᠢᠨ ᠤᠬᠠᠭᠤᠯᠭ᠎ᠠ ᠶᠢ ᠴᠢᠩᠭᠠᠷᠠᠭᠤᠯᠤᠨ᠎ᠠ᠃1. ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠡᠯ᠎ᠡ ᠲᠥᠷᠥᠯ ᠤᠨ ᠵᠠᠭᠤᠴᠢᠯᠠᠭᠤᠷ ᠪᠠ ᠵᠠᠮ ᠬᠠᠷᠢᠯᠴᠠᠭᠠᠨ ᠤ ᠭᠤᠣᠯ ᠵᠠᠮ᠂ ᠵᠠᠰᠠᠭ ᠵᠠᠬᠢᠷᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠰᠠᠷ ᠲᠠᠩᠬᠢᠮ ᠬᠠᠮᠢᠶᠠᠷᠬᠤ ᠭᠠᠵᠠᠷ ᠂ ᠣᠯᠠᠨ ᠨᠡᠶᠢᠲᠡ ᠶᠢᠨ ᠠᠵᠢᠯᠯᠠᠭᠠᠨ ᠤ ᠲᠠᠯᠠᠪᠤᠷ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠲᠠᠪᠴᠠᠩ ᠢᠶᠠᠷ ᠳᠠᠮᠵᠢᠭᠤᠯᠤᠨ᠂ ᠦᠶᠤᠸᠠᠨ ᠤ ᠨᠡᠷᠡᠨ ᠬᠤᠸᠠᠷ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠤᠬᠠᠭᠤᠯᠭ᠎ᠠ ᠶᠢ ᠪᠥᠬᠦ ᠲᠠᠯ᠎ᠠ ᠪᠠᠷ ᠥᠷᠨᠢᠭᠦᠯᠦᠨ᠎ᠡ᠃ 2. ᠰᠢᠶᠠᠨ  ᠤ ᠬᠡᠪᠴᠢᠶᠡᠨ ᠤ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠠᠷᠭ᠎ᠠ ᠮᠠᠶ᠋ᠢᠭ ᠪᠣᠯᠣᠨ ᠲᠣᠣᠷ ᠰᠦᠯᠵᠢᠶᠡᠨ ᠤ ᠡᠵᠡᠩᠨᠡᠨ ᠪᠣᠷᠣᠯᠠᠭᠤᠯᠬᠤ ᠠᠷᠭ᠎ᠠ ᠮᠠᠶ᠋ᠢᠭ ᠤᠨ ᠵᠢᠷᠤᠮᠵᠢᠭᠤᠯᠤᠨ᠂ ᠪᠠᠶᠢᠷᠢᠰᠢᠭᠤᠯᠤᠯ ᠨᠢ ᠨᠢᠭᠡᠳᠦᠯᠲᠡᠢ ᠂ ᠦᠶᠤᠸᠠᠨ ᠤ ᠨᠡᠷᠡᠨ ᠬᠤᠸᠠᠷ ᠤᠨᠭᠠᠵᠠᠷ ᠵᠦᠢ ᠶᠢᠨ ᠪᠡᠯᠭᠡ ᠲᠡᠮᠳᠡᠭ ᠲᠠᠢ ᠬᠠᠮᠠᠭᠠᠯᠠᠯᠲᠠ ᠶᠢᠨ ᠦᠢᠯᠡᠳᠬᠦᠨ ᠤ ᠰᠣᠶᠣᠯ ᠤᠨ ᠡᠯᠧᠮᠧᠨ᠋ᠲ ᠲᠠᠢ ᠲᠤᠰᠬᠠᠢ ᠬᠤᠳᠠᠯᠳᠤᠭ᠎ᠠ ᠂ ᠲᠤᠰᠬᠠᠢ ᠯᠠᠩᠭᠦᠢ ᠶᠢ ᠪᠠᠶᠢᠭᠤᠯᠵᠤ ᠂ ᠮᠠᠨ ᠤ ᠰᠢᠶᠠᠨ ᠤ ᠣᠨᠴᠠᠯᠢᠭ ᠪᠦᠬᠦᠢ ᠦᠶᠤᠸᠠᠨ ᠤᠨ ᠨᠡᠷᠡᠨ ᠬᠤᠸᠠᠷ ᠤᠨ ᠭᠠᠵᠠᠷ ᠵᠦᠢ ᠶᠢᠨ ᠪᠡᠯᠭᠡ ᠲᠡᠮᠳᠡᠭ ᠲᠠᠢ ᠬᠠᠮᠠᠭᠠᠯᠠᠯᠲᠠ ᠶᠢᠨ ᠦᠢᠯᠡᠳᠬᠦᠨ ᠤ ᠰᠣᠶᠣᠯ ᠤᠨ ᠡᠭᠦᠳᠦᠯᠲᠡ ᠶᠢᠨ ᠦᠢᠯᠡᠳᠬᠦᠨ  ᠢ ᠨᠡᠭᠡᠭᠡᠨ ᠬᠥᠭᠵᠢᠭᠦᠯᠵᠦ ᠂ ᠭᠠᠵᠠᠷ ᠵᠦᠢ ᠶᠢᠨ ᠪᠡᠯᠭᠡ ᠲᠡᠮᠳᠡᠭ ᠲᠠᠢ ᠦᠢᠯᠡᠳᠬᠦᠨ ᠤ ᠰᠣᠶᠣᠯ ᠤᠨ ᠴᠢᠨᠠᠷ ᠳᠡᠰ ᠪᠣᠯᠣᠨ ᠨᠡᠷᠡᠳᠤ ᠲᠡᠮᠳᠡᠭ  ᠤᠨ ᠳᠦᠷᠢ ᠲᠥᠷᠬᠦ ᠶᠢ ᠪᠦᠲᠦᠮᠵᠢᠲᠡᠶ ᠳᠡᠭᠡᠭᠰᠢᠯᠡᠭᠦᠯᠦᠨ᠎ᠡ ᠃ 3. ︽3.15︾ ︽4.26︾ ᠵᠡᠷᠭᠡ ᠪᠠᠶᠠᠷ ᠤᠨ ᠡᠳᠦᠷ ᠢ ᠠᠰᠢᠭᠯᠠᠨ᠂ ᠦᠶᠤᠸᠠᠨ ᠤ ᠨᠡᠷᠡᠨ ᠬᠤᠸᠠᠷ ᠤᠨ ᠭᠠᠵᠠᠷ ᠵᠦᠢ ᠶᠢᠨ ᠲᠡᠮᠳᠡᠭ ᠢ ᠠᠵᠤ ᠠᠬᠤᠶᠢᠯᠠᠯ ᠳᠤ ᠣᠷᠣᠭᠤᠯᠬᠤ᠂ ᠵᠠᠬ᠎ᠠ ᠳᠡᠯᠭᠡᠭᠦᠷ ᠲᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠦᠢᠯᠡᠳᠪᠦᠷᠢᠯᠡᠭᠴᠢᠳ᠂ ᠡᠵᠡᠩᠨᠡᠭᠴᠢ᠂ ᠬᠡᠷᠡᠭᠯᠡᠭᠴᠢᠳ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠦᠨᠳᠦᠳᠬᠡᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃       ︵ ᠲᠠᠪᠤ ︶ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠳᠡᠬᠦ ᠶᠢ ᠴᠢᠩᠭᠠᠳᠬᠠᠨ᠎ᠠ ᠃ ᠦᠶᠤᠸᠠᠨ ᠤ ᠨᠡᠷᠡᠨ ᠬᠤᠸᠠᠷ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠭᠠᠳᠠᠭᠠᠳᠤ ᠳᠤ ᠬᠤᠯᠪᠣᠭᠳᠠᠬᠤ ᠬᠠᠮᠠᠭᠠᠯᠠᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠠᠵᠠᠷ ᠵᠦᠢ ᠶᠢᠨ ᠪᠡᠯᠭᠡ ᠲᠡᠮᠳᠡᠭ ᠤᠨ ᠬᠠᠷᠢᠯᠴᠠᠨ ᠮᠡᠳᠡᠷᠡᠵᠦ ᠬᠠᠷᠢᠯᠴᠠᠨ ᠪᠠᠲᠤᠯᠠᠬᠤ ᠣᠯᠠᠨ ᠤᠯᠤᠰ ᠤᠨ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠭᠤᠷᠪᠠᠨ ᠱᠠᠲᠤᠨ ᠤ ᠰᠣᠯᠢᠯᠴᠠᠭᠠᠨ ᠤ ᠲᠠᠪᠴᠠᠩ ᠢ ᠠᠰᠢᠭᠯᠠᠨ᠂ ᠦᠶᠤᠸᠠᠨ ᠤ ᠨᠡᠷᠡᠨ ᠬᠤᠸᠠᠷ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠦᠢᠯᠡᠳᠬᠦᠨ ᠦᠢᠯᠡᠳᠪᠦᠷᠢᠯᠡᠬᠦ ᠠᠵᠤ ᠠᠬᠤᠶᠢᠯᠠᠯ ᠵᠢᠴᠢ ᠭᠠᠳᠠᠭᠠᠳᠤ  ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠺᠣᠮᠫᠠᠨᠢ ᠶᠢᠨ ᠭᠠᠳᠠᠭᠠᠳᠤ ᠳᠠᠬᠢ ᠵᠠᠬ᠎ᠠ ᠳᠡᠯᠭᠡᠭᠦᠷ ᠢ ᠢᠳᠡᠪᠬᠢᠲᠡᠢ ᠪᠠᠷ ᠥᠷᠭᠡᠳᠬᠡᠨ᠂ ᠦᠶᠤᠸᠠᠨ ᠤ ᠨᠡᠷᠡᠨ ᠬᠤᠸᠠᠷ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠦᠢᠯᠡᠳᠬᠦᠨ ᠤ ᠳᠡᠯᠡᠬᠡᠢ ᠳᠤ ᠬᠠᠨᠳᠤᠬᠤ ᠶᠢ ᠠᠬᠢᠭᠤᠯᠤᠨ᠎ᠠ᠃       ᠳᠥᠷᠪᠡ᠂ ᠲᠣᠰ ︽ᠲᠥᠰᠥᠯ︾ ᠳᠤ ᠦᠶᠤᠸᠠᠨ ᠤ ᠨᠡᠷᠡᠨ ᠬᠤᠸᠠᠷ ᠤᠨ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭᠲᠦ ᠦᠢᠯᠡᠳᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ ᠳᠤ ᠶᠠᠮᠠᠷ ᠶᠠᠮᠠᠷ ᠠᠵᠢᠯ ᠤᠨ ᠱᠠᠭᠠᠷᠳᠠᠯᠭ᠎ᠠ ᠳᠤᠷᠠᠳᠤᠭᠰᠠᠨ ᠪᠣᠶ       ︵ᠨᠢᠭᠡ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠠᠰᠠᠭᠤᠨ ᠯᠠᠪᠯᠠᠵᠤ᠂ ᠪᠡᠶ᠎ᠡ ᠪᠠᠷ ᠢᠶᠠᠨ ᠲᠣᠬᠢᠷᠠᠭᠤᠯᠤᠨ᠂ ᠪᠡᠶ᠎ᠡ ᠪᠠᠷ ᠢᠶᠠᠨ ᠬᠢᠨᠠᠨ ᠵᠢᠯᠤᠭᠤᠳᠴᠤ᠂ ᠡᠭᠦᠳᠦᠨ ᠪᠠᠶᠢᠭᠤᠯᠬᠤ ᠠᠵᠢᠯ ᠢ ᠦᠷᠭᠦᠯᠵᠢ ᠪᠠᠶᠢᠴᠠᠭᠠᠨ ᠵᠢᠯᠤᠭᠤᠳᠴᠤ᠂ ᠲᠤᠰᠬᠠᠢ ᠬᠥᠮᠥᠨ ᠢᠶᠠᠷ ᠬᠤᠪᠢᠳᠠᠨ ᠬᠠᠮᠢᠶᠠᠷᠤᠭᠤᠯᠬᠤ ᠶᠢ ᠲᠣᠳᠣᠷᠬᠠᠶᠢᠯᠠᠨ᠂ ᠲᠤᠰᠬᠠᠢ ᠬᠥᠮᠥᠨ ᠢᠶᠠᠷ ᠬᠠᠷᠢᠭᠤᠴᠠᠭᠤᠯᠬᠤ ᠶᠢ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠪᠥᠬᠦ ᠶᠠᠪᠤᠴᠠ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠡᠭᠦᠳᠦᠨ ᠪᠠᠶᠢᠭᠤᠯᠬᠤ ᠠᠵᠢᠯ ᠢ ᠴᠠᠭ ᠲᠤᠬᠠᠢ ᠳᠤᠨᠢ ᠶᠠᠰᠤ ᠴᠢᠨᠠᠷ ᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ        ︵ᠬᠤᠶᠠᠷ︶ ᠠᠵᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠳᠡᠭᠡᠭᠰᠢ ᠪᠡᠯᠡ ᠮᠥᠩᠭᠦ ᠣᠯᠵᠤ᠂ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠳᠤ ᠬᠦᠴᠦᠲᠡᠢ ᠪᠡᠯᠡ ᠮᠥᠩᠭᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ᠡᠭᠦᠨ ᠤ ᠬᠠᠮᠲᠤ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠨᠦᠭᠦᠳ ᠲᠤᠰᠬᠠᠢ ᠬᠥᠮᠥᠨ ᠲᠠᠲᠠᠵᠤ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ᠂ ᠮᠠᠲ᠋ᠧᠷᠢᠶᠠᠯ ᠢ ᠴᠤᠭᠯᠠᠭᠤᠯᠤᠨ ᠨᠠᠶᠢᠷᠠᠭᠤᠯᠬᠤ᠂ ᠰᠢᠯᠭᠠᠨ ᠠᠪᠴᠤ ᠰᠢᠯᠭᠠᠨ ᠪᠠᠶᠢᠴᠠᠭᠠᠬᠤ ᠶᠢ ᠤᠭᠲᠤᠬᠤ ᠵᠡᠷᠭᠡ ᠠᠵᠢᠯ ᠢ ᠬᠢᠨᠠᠮᠠᠭᠠᠢ ᠰᠠᠶᠢᠲᠤᠷ ᠬᠢᠵᠦ᠂ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃       ︵ᠭᠤᠷᠪᠠ︶ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠨᠢ ᠮᠠᠲ᠋ᠧᠷᠢᠶᠠᠯ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠨᠢᠭᠡᠴᠡ ᠶᠢᠨ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠶᠢᠨ ᠬᠠᠮᠲᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ᠂ ᠠᠵᠢᠯ ᠢ ᠠᠬᠢᠭᠤᠯᠤᠭᠰᠠᠨ ᠢᠶᠠᠷ ᠬᠦᠴᠦᠨ ᠦᠭᠡᠢ᠂ ᠬᠠᠷᠠᠯᠲᠠ ᠡᠭᠦᠷᠭᠡ ᠶᠢ ᠪᠡᠶᠡᠯᠡᠭᠦᠯᠦᠭᠰᠡᠨ ᠦᠭᠡᠢ ᠨᠢᠭᠡᠴᠡ ᠰᠠᠯᠠᠭ᠎ᠠ ᠮᠥᠴᠢᠷ ᠤᠨ ᠵᠠᠷᠯᠠᠨ ᠮᠡᠳᠡᠭᠳᠡᠵᠦ ᠰᠢᠮᠳᠠᠭᠤᠯᠬᠤ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠭᠡᠳᠡᠷᠭᠦ ᠰᠢᠬᠠᠮᠳᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ