ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠳᠥᠭᠦᠮᠴᠢᠯᠡᠨ᠎ᠡ︶ ᠢ ᠪᠣᠳᠠᠲᠠᠢ | ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠴᠢᠩᠭ᠎ᠠ ᠠᠳᠬᠤᠨ | ᠢᠵᠢ ᠪᠦᠷᠢᠳᠦᠭᠦᠯᠵᠦ᠂ ︽ᠰᠠᠨᠠᠯ︾ ᠠᠴᠠ ᠲᠦᠷᠦ ᠶᠢᠨ ᠪᠣᠳᠣᠯᠭ᠎ᠠ ᠬᠠᠶᠢᠵᠤ᠂ ︽ᠰᠠᠨᠠᠯ︾ ᠠᠴᠠ ᠲᠦᠷᠦᠯ ᠵᠦᠢᠯ ᠡᠷᠢᠵᠦ᠂ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ | ᠪᠣᠳᠠᠲᠠᠢ ᠲᠦᠷᠦᠯ ᠵᠦᠢᠯ ᠪᠤᠯᠭᠠᠬᠤ ᠪᠠᠷ ᠴᠢᠷᠮᠠᠶᠢᠪᠠ᠃ | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠶᠠᠭ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ︽ᠰᠠᠨᠠᠯ︾ ᠢ ᠴᠢᠨᠠᠭᠰᠢᠳᠠ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠭᠦᠢᠴᠡᠳ ᠵᠣᠬᠢᠴᠠᠭᠤᠯᠤᠨ ᠨᠡᠪᠲᠡᠷᠡᠯᠴᠡᠬᠦ ᠪᠠᠷ | ᠳᠡᠮᠵᠢᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠤᠨ ᠵᠣᠬᠢᠴᠠᠭᠤᠯᠤᠨ ᠦᠢᠯᠡᠴᠢᠯᠡᠬᠦ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ | ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠠᠬᠢᠴᠠ ᠶᠢ ᠴᠠᠭ ᠲᠤᠬᠠᠢ ᠳᠤᠨᠢ ᠮᠥᠷᠳᠡᠨ ᠲᠣᠬᠢᠷᠠᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠨᠡᠶᠢᠲᠡᠯᠡᠬᠦ ᠪᠣᠯᠣᠨ᠎ᠠ᠃ | ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠳᠤ ᠬᠠᠮᠢᠶ᠎ᠠ ᠪᠦᠬᠦᠢ ᠶᠠᠮᠤᠨ ᠵᠥᠪᠯᠡᠯ ᠲᠠᠢ ᠬᠠᠮᠲᠤᠷᠠᠨ ᠣᠶᠢᠷ᠎ᠠ ᠳᠤ ︽ᠰᠠᠨᠠᠯ︾ ᠳᠤ ᠢᠵᠢ ᠪᠦᠷᠢᠳᠦᠭᠦᠯᠦᠭᠰᠡᠨ ︽ᠭᠤᠣᠯᠳᠠᠯᠭ᠎ᠠ ᠲᠠᠢ | ᠡᠭᠦᠷᠭᠡ ᠶᠢᠨ ᠨᠠᠷᠢᠨ ᠳᠠᠩᠰᠠ︾ ᠪᠠ ︽ᠴᠢᠬᠤᠯᠠ ᠶᠡᠭᠡ ᠲᠥᠷᠥᠯ ᠵᠦᠢᠯ ᠤᠨ ᠨᠠᠷᠢᠨ ᠳᠠᠩᠰᠠ︾ ᠶᠢ ᠨᠡᠶᠢᠲᠡᠯᠡᠵᠦ᠂ ︽ᠰᠠᠨᠠᠯ︾ ᠢ ᠨᠠᠶᠢᠳᠠᠪᠤᠷᠢᠵᠢᠭᠤᠯᠬᠤ ᠳᠤ ᠬᠦᠴᠦᠲᠡᠢ | ᠲᠤᠯᠭᠠᠭᠤᠷᠢᠯᠠᠯ ᠬᠠᠩᠭᠠᠯᠭᠠᠬᠤ ᠪᠠᠷ ᠳᠡᠪᠰᠢᠭᠦᠯᠪᠡ᠃ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠬᠢᠭᠡᠳ | ᠭᠠᠵᠠᠷ ᠣᠷᠣᠨ ᠤ ᠠᠵᠤ ᠠᠬᠤᠢ ᠶᠢᠨ ᠰᠤᠳᠤᠯᠭᠠᠨ ᠤ ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ︽1 + N + X︾ ᠤᠨ ᠠᠬᠢᠭᠤᠯᠬᠤ ᠰᠡᠳᠬᠢᠮᠵᠢ | ᠶᠣᠰᠣᠭᠠᠷ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ︽ᠰᠠᠨᠠᠯ︾ ᠤᠨ ᠲᠦᠷᠦᠭᠦᠯᠡᠨ ᠲᠤᠭᠤᠷᠪᠢᠵᠤ ᠨᠠᠶᠢᠷᠠᠭᠤᠯᠤᠨ ᠵᠣᠬᠢᠶᠠᠬᠤ ᠨᠢᠭᠡᠴᠢ | ᠪᠣᠯᠤᠭᠰᠠᠨ ᠤ ᠬᠤᠪᠢ ᠳᠤ ᠵᠠᠷᠢᠮ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠪᠠᠭᠲᠠᠭᠠᠭᠰᠠᠨ ᠵᠣᠬᠢᠴᠠᠩᠭᠤᠢ ᠭᠤᠣᠯᠳᠠᠯᠭ᠎ᠠ ᠲᠠᠢ ᠡᠭᠦᠷᠭᠡ ᠶᠢ ᠨᠠᠩ | ᠨᠠᠷᠢᠯᠢᠭ ᠠᠷᠭ᠎ᠠ ᠬᠡᠮᠵᠢᠶ᠎ᠡ ᠪᠠᠷ ᠲᠣᠳᠣᠷᠬᠠᠢ ᠲᠣᠭᠲᠠᠭᠠᠵᠤ ᠨᠠᠶᠢᠳᠠᠪᠤᠷᠢᠵᠢᠭᠤᠯᠤᠨ᠎ᠠ ᠭᠡᠵᠦ ᠲᠠᠨᠢᠯᠴᠠᠭᠤᠯᠪᠠ᠃ | ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ | ᠠᠴᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠤ ᠲᠤᠰᠬᠠᠢ ᠰᠡᠳᠦᠪᠲᠦ | ᠬᠠᠷᠢᠭᠤ ᠮᠡᠳᠡᠭᠦᠯᠦᠯᠲᠡ ᠬᠢᠵᠦ᠂ ᠤᠯᠤᠰ ᠤᠨ ᠳᠡᠮᠵᠢᠯᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠡᠷᠡᠮᠡᠯᠵᠡᠯᠡᠨ ᠣᠯᠪᠠ᠃ ᠢᠳᠡᠪᠬᠢᠲᠡᠢ ᠡᠷᠡᠮᠡᠯᠵᠡᠯᠡᠬᠦ ᠪᠠᠷ ᠳᠡᠮᠵᠢᠨ᠂ | ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠵᠤ᠂ ᠪᠦᠭᠦ ᠤᠯᠤᠰ ᠤᠨ ᠴᠢᠬᠤᠯᠠ ᠠᠮᠢ ᠠᠬᠤᠢ ᠶᠢᠨ ᠰᠢᠰᠲ᠋ᠧᠮ ᠢ | ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠬᠠᠮᠵᠢᠯᠴᠠᠨ ᠠᠬᠢᠭᠤᠯᠬᠤ ᠵᠡᠷᠭᠡ ᠠᠭᠤᠯᠭ᠎ᠠ ᠶᠢ ᠨᠢᠭᠡᠨᠲᠡ ᠳᠡᠮᠵᠢᠯᠭᠡ ᠶᠢᠨ ᠪᠢᠴᠢᠭ | ᠮᠠᠲ᠋ᠧᠷᠢᠶᠠᠯ ᠳᠤ ᠣᠷᠣᠭᠤᠯᠪᠠ᠃ ᠡᠭᠦᠨ ᠤ ᠬᠠᠮᠲᠤ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ 7 ᠬᠦᠷᠢᠶ᠎ᠡ ᠴᠠᠷᠠᠭ᠎ᠠ ᠶᠢᠨ ᠲᠣᠭᠤᠷᠢᠨ ᠳᠤ 97 ᠵᠦᠢᠯ ᠤᠨ | ᠴᠢᠬᠤᠯᠠ ᠶᠡᠭᠡ ᠢᠨᠵᠧᠨᠧᠷᠢᠩ ᠢ ᠳᠤᠷᠠᠳᠤᠨ ᠭᠠᠷᠭᠠᠪᠠ; ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠶᠢ ᠬᠤᠪᠢᠷᠠᠭᠤᠯᠤᠨ ᠬᠥᠭᠵᠢᠭᠦᠯᠬᠦ | ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠬᠦᠷᠢᠶᠡᠨ ᠤ ᠲᠣᠭᠤᠷᠢᠨ ᠳᠤ | 79 ᠴᠢᠬᠤᠯᠠ ᠶᠡᠭᠡ ᠵᠦᠢᠯᠡᠰ ᠢ ᠳᠤᠷᠠᠳᠪᠠ; ᠨᠤᠲᠤᠭ ᠪᠡᠯᠴᠢᠭᠡᠷ ᠣᠶ ᠰᠢᠭᠤᠢ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠬᠤ᠂ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠢ ᠡᠮᠬᠢ ᠵᠢᠷᠤᠮ ᠲᠠᠢ ᠪᠠᠷ ᠨᠡᠭᠡᠭᠡᠨ ᠠᠰᠢᠭᠯᠠᠬᠤ ᠶᠢ ᠠᠬᠢᠭᠤᠯᠬᠤ ᠵᠡᠷᠭᠡ ᠬᠦᠷᠢᠶᠡᠨ ᠤ ᠲᠣᠭᠤᠷᠢᠨ ᠳᠤ 34 ᠵᠦᠢᠯ ᠤᠨ ᠴᠢᠬᠤᠯᠠ | ᠶᠡᠭᠡ ᠲᠥᠷᠥ ᠶᠢᠨ ᠪᠣᠳᠣᠯᠭ᠎ᠠ ᠶᠢ ᠳᠤᠷᠠᠳᠤᠨ ᠭᠠᠷᠭᠠᠪᠠ᠃ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ | ᠳᠡᠳ᠋ ᠡᠷᠭᠢᠯᠡᠭᠴᠢ ᠵᠠᠩ ᠶᠦᠩ ᠵᠢᠶᠦ᠋ᠨ᠄ ︽ᠴᠢᠬᠤᠯᠠ ᠶᠡᠭᠡ ᠲᠥᠷᠥᠯ ᠵᠦᠢᠯ ᠤᠨ 3 ᠵᠢᠯ ᠤᠨ ᠪᠡᠯᠡ ᠣᠷᠣᠭᠤᠯᠤᠯᠲᠠ ᠲᠦᠮᠡᠨ ᠳ᠋ᠦᠩᠰᠢᠭᠤᠷ ᠰᠢᠬᠠᠮ ᠲᠥᠭᠦᠷᠢᠭ ᠲᠤ | ᠬᠦᠷᠴᠡᠢ᠃ ᠲᠥᠷᠥᠯ ᠵᠦᠢᠯ ᠤᠨ ᠲᠣᠰ ᠪᠡᠶ᠎ᠡ ᠨᠢ ᠳᠠᠷᠤᠢ ᠨᠢᠭᠡᠨ ᠦᠨᠡᠨ ᠪᠣᠳᠠᠲᠠᠢ ᠭᠠᠷᠳᠠᠴᠠ ᠮᠥᠨ᠂ ︽ᠰᠠᠨᠠᠯ︾ ᠠᠴᠠ ᠲᠥᠷᠥ ᠶᠢᠨ ᠪᠣᠳᠣᠯᠭ᠎ᠠ ᠬᠠᠶᠢᠵᠤ᠂ ︽ᠰᠠᠨᠠᠯ︾ | ᠠᠴᠠ ᠲᠥᠷᠥᠯ ᠵᠦᠢᠯ ᠡᠷᠢᠵᠦ᠂ ᠪᠢᠳᠡ ᠲᠥᠷᠥᠯ ᠵᠦᠢᠯ ᠢ ᠠᠳᠬᠤᠪᠠᠯ᠂ ᠳᠠᠷᠤᠢ ᠦᠨᠳᠦᠰᠦᠨ ᠳᠡᠭᠡᠨ ︽ᠰᠠᠨᠠᠯ︾ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠥᠪᠥᠷ | ᠮᠣᠩᠭᠤᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠶᠡᠭᠡ ᠲᠤᠯᠭᠠᠭᠤᠷᠢᠯᠠᠯ ᠪᠣᠯᠵᠤ ᠪᠣᠯᠣᠨ᠎ᠠ︾ ᠭᠡᠪᠡ᠃ | ︽ᠲᠠᠷᠠᠭᠠᠴᠢ ᠶᠢᠨ ᠠᠯᠬᠤᠮ ᠳᠤ᠂ ᠮᠠᠨ ᠤ ᠡᠯ᠎ᠡ ᠲᠠᠯ᠎ᠠ ᠶᠢᠨ ᠬᠢᠨ ︿ᠰᠠᠨᠠᠯ﹀ ᠤᠨ ᠬᠠᠷᠠᠭᠠᠯᠵᠠᠭᠰᠠᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠤᠯᠠᠮ ᠨᠢᠭᠡ | ᠠᠯᠬᠤᠮ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠢᠳᠡᠪᠬᠢᠲᠡᠢ ᠠᠷᠭ᠎ᠠ ᠬᠡᠮᠵᠢᠶ᠎ᠡ ᠠᠪᠴᠤ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ ᠪᠠᠶᠢᠭᠠᠳ | ᠬᠠᠷᠠᠭᠠᠯᠵᠠᠭᠰᠠᠨ ᠡᠯ᠎ᠡ ᠵᠦᠢᠯ ᠤᠨ ᠠᠷᠭ᠎ᠠ ᠬᠡᠮᠵᠢᠶ᠎ᠡ ᠡᠭᠦᠷᠭᠡ ᠶᠢ ᠪᠡᠶᠡᠯᠡᠭᠦᠯᠬᠦ ᠶᠢ ᠠᠬᠢᠭᠤᠯᠵᠤ᠂ ᠡᠴᠦᠰ ᠲᠡᠭᠡᠨ ᠬᠠᠷᠠᠭᠠᠯᠵᠠᠭᠰᠠᠨ ᠬᠠᠷᠠᠯᠲᠠ ᠶᠢ ᠪᠡᠶᠡᠯᠡᠭᠦᠯᠦᠨ᠎ᠡ︾ | ᠭᠡᠵᠦ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠤᠯᠤᠰ ᠤᠨ ᠭᠠᠵᠠᠷ ᠰᠢᠷᠣᠢ ᠶᠢ ᠨᠡᠭᠡᠭᠡᠨ ᠬᠥᠭᠵᠢᠭᠦᠯᠬᠦ ᠬᠢᠭᠡᠳ ᠭᠠᠵᠠᠷ ᠣᠷᠣᠨ ᠤ | ᠠᠵᠤ ᠠᠬᠤᠢ ᠶᠢᠨ ᠰᠤᠳᠤᠯᠭᠠᠨ ᠤ ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠪᠡ᠃ |