︽ ᠦᠶᠤᠸᠠᠨ ᠰᠢᠶᠠᠨ ᠤ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠦᠷᠳᠡᠭ | ᠨᠡᠮᠡᠭᠳᠡᠯ ᠤᠨ ᠠᠰᠢᠭ ᠣᠷᠣᠯᠭ᠎ᠠ ᠶᠢ ᠲᠣᠬᠢᠷᠠᠭᠤᠯᠬᠤ ᠮᠥᠩᠭᠦ ᠶᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ︾ ᠶᠢ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠠᠴᠠ ᠨᠢᠭᠡᠨᠲᠡ ᠶᠠᠷᠢᠯᠴᠠᠨ ᠪᠠᠲᠤᠯᠠᠪᠠ ᠃ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠣᠰ ᠲᠦᠷ ᠬᠡᠷᠡᠭᠵᠢᠭᠦᠯᠬᠦ | ᠠᠷᠭ᠎ᠠ ᠶᠢᠨ ᠲᠤᠬᠠᠢ ᠲᠠᠶᠢᠯᠤᠮᠵᠢ ᠬᠢᠶ᠎ᠡ᠄ | ᠨᠢᠭᠡ᠂ ᠰᠢᠢᠳᠪᠦᠷᠢᠲᠦ ᠪᠣᠳᠣᠯᠭ᠎ᠠ ᠶᠢᠨ ᠠᠬᠤᠢ ᠪᠠᠶᠢᠳᠠᠯ ᠪᠠ ᠦᠨᠳᠦᠰᠦᠯᠡᠯ | ᠤᠯᠤᠰ ᠣᠷᠣᠨ ᠂ ᠬᠠᠮᠲᠤ ᠨᠠᠶᠢᠳᠠ ᠂ ᠬᠤᠪᠢ ᠬᠥᠮᠥᠨ ᠢ ᠬᠠᠮᠲᠤ ᠳᠤᠨᠢ ᠬᠠᠷᠠᠭᠠᠯᠵᠠᠭᠰᠠᠨ ᠭᠠᠵᠠᠷ ᠰᠢᠷᠣᠢ ᠶᠢᠨ ᠦᠷᠳᠡᠭ ᠨᠡᠮᠡᠭᠳᠡᠯ ᠤᠨ ᠠᠰᠢᠭ | ᠣᠷᠣᠯᠭ᠎ᠠ ᠶᠢ ᠬᠤᠪᠢᠶᠠᠷᠢᠯᠠᠬᠤ ᠲᠣᠭᠲᠠᠴᠠ ᠶᠢ ᠪᠠᠶᠢᠭᠤᠯᠵᠤ ᠂ ᠬᠤᠪᠢ ᠬᠥᠮᠥᠨ ᠤ ᠠᠰᠢᠭ ᠣᠷᠣᠯᠭ᠎ᠠ ᠶᠢ ᠵᠦᠢ ᠵᠣᠬᠢᠰᠲᠠᠢ ᠳᠡᠭᠡᠭᠰᠢᠯᠡᠭᠦᠯᠬᠦ ᠪᠣᠯ ᠬᠥᠳᠡᠭᠡ | ᠲᠣᠰᠬᠤᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠤᠨ ᠵᠠᠩᠭᠢᠯᠠᠭ᠎ᠠ ᠶᠢᠨ ᠭᠤᠭᠴᠤᠭ᠎ᠠ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︿ᠬᠥᠳᠡᠭᠡ ᠲᠣᠰᠬᠤᠨ ᠤ ᠭᠠᠵᠠᠷ | ᠰᠢᠷᠣᠢ ᠶᠢ ᠲᠠᠲᠠᠪᠤᠷᠢᠯᠠᠬᠤ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ᠂ | ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠤᠨ ᠲᠤᠬᠠᠢ ᠰᠠᠨᠠᠯ﹀ ᠢ ᠳᠠᠷᠤᠮᠠᠯᠯᠠᠨ ᠲᠠᠷᠬᠠᠭᠠᠬᠤ ᠲᠤᠬᠠᠢ | ᠮᠡᠳᠡᠭᠳᠡᠯ︾ ᠪᠠ ︽ᠬᠥᠳᠡᠭᠡ ᠲᠣᠰᠬᠤᠨ ᠤ ᠭᠠᠵᠠᠷ ᠰᠢᠷᠣᠢ ᠶᠢ ᠲᠠᠲᠠᠪᠤᠷᠢᠯᠠᠬᠤ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠪᠠ ᠣᠷᠣᠨ ᠰᠠᠭᠤᠴᠠ ᠶᠢᠨ ᠭᠠᠵᠠᠷ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠬᠡᠷᠡᠭᠵᠢᠭᠦᠯᠬᠦ ᠨᠠᠷᠢᠨ ᠳᠦᠷᠢᠮ ᠢ | ᠳᠠᠷᠤᠮᠠᠯᠯᠠᠨ ᠲᠠᠷᠬᠠᠭᠠᠬᠤ ᠲᠤᠬᠠᠢ ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠤᠨ ᠶᠠᠮᠤᠨ ᠤ ᠮᠡᠳᠡᠭᠳᠡᠯ︾ ᠳᠤ ᠲᠣᠳᠣᠷᠬᠠᠢ ᠲᠣᠭᠲᠠᠭᠠᠭᠰᠠᠨ ᠨᠢ᠂ ︽ ᠠᠳᠠᠯᠢ | ᠡᠷᠬᠡ ᠠᠳᠠᠯᠢ ᠦᠨ᠎ᠡ ᠲᠠᠢ᠂ ᠡᠷᠭᠢᠯᠲᠡ ᠶᠢ ᠰᠢᠯᠤᠭᠤᠳᠬᠠᠵᠤ ᠂ ᠠᠰᠢᠭ ᠣᠷᠣᠯᠭ᠎ᠠ ᠶᠢ ᠬᠠᠮᠲᠤ ᠪᠠᠷ ᠡᠳ᠋ᠯᠡᠬᠦ ︾ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ | ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠳᠦᠷᠢᠮ ᠢ ᠪᠠᠶᠢᠭᠤᠯᠵᠤ ᠂ ᠬᠠᠭᠤᠯᠪᠤᠷᠢᠯᠠᠵᠤ ᠪᠣᠯᠬᠤ᠂ | ᠳᠡᠯᠭᠡᠷᠡᠭᠦᠯᠵᠦ ᠪᠣᠯᠬᠤ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠰᠦᠪᠡᠭᠴᠢᠯᠡᠨ ᠪᠦᠷᠢᠯᠳᠦᠭᠦᠯᠵᠦ ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ ᠪᠠ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠳᠤ ᠲᠤᠯᠭᠠᠭᠤᠷᠢᠯᠠᠯ ᠬᠠᠩᠭᠠᠬᠤ ᠬᠡᠷᠡᠭᠲᠡᠢ ᠃ | ︽︿ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠵᠠᠷ ᠰᠢᠷᠣᠢ ᠶᠢᠨ ᠥᠷᠲᠡᠭ | ᠨᠡᠮᠡᠭᠳᠡᠯ ᠤᠨ ᠠᠰᠢᠭ ᠣᠷᠣᠯᠭ᠎ᠠ ᠶᠢ ᠲᠣᠬᠢᠷᠠᠭᠤᠯᠬᠤ ᠮᠥᠩᠭᠦ ᠶᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ | ᠲᠠᠷᠬᠠᠭᠠᠬᠤ ᠲᠤᠬᠠᠢ ᠡᠳ᠋ ᠤᠨ ᠵᠠᠰᠠᠭ ᠤᠨ ᠶᠠᠮᠤᠨ ᠤ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠡᠳ᠋ ᠤᠨ ᠵᠠᠰᠠᠭ ᠭᠠᠶᠢᠯᠢ ﹇2016﹈ 41 | ᠳ᠋ᠦ᠋ᠭᠡᠷ ᠲᠣᠭᠠᠲᠤ᠂ ᠡᠳ᠋ ᠤᠨ ᠵᠠᠰᠠᠭ ᠭᠠᠶᠢᠯᠢ ﹇2019﹈ 27 ᠳ᠋ᠤᠭᠠᠷ ᠲᠣᠭᠠᠲᠤ︶ ᠤᠨ ᠲᠣᠭᠲᠠᠭᠠᠯ ᠢ ᠦᠨᠳᠦᠰᠦᠯᠡᠪᠡᠯ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠠᠵᠢᠯᠯᠠᠭᠠᠨ ᠤ ᠵᠦᠭᠯᠡᠭᠦᠷ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠠᠯᠢ ᠡᠬᠢ ᠥᠰᠥᠭ ﹇2023﹈ 165 ᠳ᠋ᠤᠭᠠᠷ ᠲᠣᠭᠠᠲᠤ︶ ᠲᠠᠢ | ᠤᠶᠠᠯᠳᠤᠭᠤᠯᠤᠨ᠂ ᠲᠣᠰ ᠲᠦᠷ ᠬᠡᠷᠡᠭᠵᠢᠭᠦᠯᠬᠦ ᠠᠷᠭ᠎ᠠ ᠶᠢ ᠲᠣᠭᠲᠠᠭᠠᠬᠤ ᠶᠢ ᠱᠠᠭᠠᠷᠳᠠᠪᠠ᠃ | ᠬᠤᠶᠠᠷ᠂ ᠲᠣᠭᠲᠠᠭᠠᠬᠤ ᠠᠴᠢ ᠬᠤᠯᠪᠣᠭᠳᠠᠯ | ᠣᠳᠣᠬᠠᠨ ᠳᠤ᠂ ᠮᠠᠨ ᠤ ᠰᠢᠶᠠᠨ ᠤ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠵᠠᠬ᠎ᠠ ᠳᠡᠯᠭᠡᠭᠦᠷ ᠲᠤ ᠣᠷᠣᠭᠤᠯᠬᠤ ᠲᠠᠯ᠎ᠠ ᠪᠠᠷ ᠬᠢ ᠲᠥᠷᠥ ᠶᠢᠨ ᠪᠣᠳᠣᠯᠭ᠎ᠠ ᠬᠤᠭᠤᠰᠤᠨ ᠪᠠᠶᠢᠨ᠎ᠠ᠂ ︽ᠲᠦᠷ ᠬᠡᠷᠡᠭᠵᠢᠭᠦᠯᠬᠦ ᠠᠷᠭ᠎ᠠ︾ ᠶᠢ ᠨᠡᠶᠢᠲᠡᠯᠡᠭᠰᠡᠨ ᠨᠢ | ᠮᠠᠨ ᠤ ᠰᠢᠶᠠᠨ ᠤ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠠᠵᠢᠯ ᠢ ᠲᠦᠯᠬᠢᠨ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ︽ᠲᠦᠷ ᠬᠡᠷᠡᠭᠵᠢᠭᠦᠯᠬᠦ ᠠᠷᠭ᠎ᠠ︾ ᠨᠢ ᠬᠥᠳᠡᠭᠡ ᠲᠣᠰᠬᠤᠨ ᠤ ᠬᠠᠮᠲᠤ ᠶᠢᠨ | ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠥᠷᠲᠡᠭ ᠨᠡᠮᠡᠭᠳᠡᠯ ᠤᠨ ᠠᠰᠢᠭ ᠣᠷᠣᠯᠭ᠎ᠠ ᠶᠢᠨ ᠬᠠᠮᠢᠶᠠᠷᠤᠯᠲᠠ ᠶᠢ | ᠵᠢᠷᠤᠮᠵᠢᠭᠤᠯᠬᠤ ᠳᠤ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠬᠠᠩᠭᠠᠵᠤ᠂ ᠬᠤᠲᠠ ᠬᠥᠳᠡᠭᠡ ᠶᠢᠨ ᠨᠢᠭᠡᠳᠦᠯᠲᠡᠢ ᠡᠵᠡᠩᠨᠡᠯᠲᠡ ᠶᠢᠨ ᠴᠢᠨᠠᠷᠲᠠᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ ᠪᠣᠶ ᠪᠣᠯᠬᠤ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠦᠴᠦᠷᠬᠡᠭ | ᠲᠣᠰᠬᠤᠨ ᠢ ᠪᠣᠶ ᠪᠣᠯᠭᠠᠵᠤ᠂ ᠮᠠᠨ ᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠲᠠᠷᠢᠶᠠᠯᠠᠩ ᠬᠥᠳᠡᠭᠡ ᠲᠣᠰᠬᠤᠨ ᠤ | ᠣᠳᠣᠬᠢᠴᠢᠯᠠᠯᠲᠠ ᠶᠢᠨ ᠬᠥᠭᠵᠢᠯᠲᠡ ᠳᠤ ᠬᠦᠴᠦᠨ ᠨᠡᠮᠡᠷᠢᠯᠡᠪᠡ᠃ | ᠳᠥᠷᠪᠡ᠂ ᠠᠵᠢᠯ ᠤᠨ ᠬᠠᠷᠠᠯᠲᠠ | ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠭᠠᠵᠠᠷ ᠰᠢᠷᠣᠢ ᠶᠢᠨ | ᠠᠷᠠᠯᠵᠢᠶᠠᠨ ᠤ ᠵᠠᠬ᠎ᠠ ᠳᠡᠯᠭᠡᠭᠦᠷ ᠲᠤ ᠣᠷᠣᠭᠤᠯᠬᠤ ᠶᠢ ᠲᠦᠷᠭᠡᠳᠬᠡᠵᠦ᠂ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠡᠬᠢ ᠪᠠᠶᠠᠯᠢᠭ ᠢ ᠠᠮᠢᠳᠤᠯᠢᠭ | ᠪᠣᠯᠭᠠᠵᠤ᠂ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ | ᠠᠷᠠᠯᠵᠢᠶᠠᠨ ᠤ ᠡᠮᠬᠢ ᠳᠢᠭᠯᠢᠮ ᠢ ᠵᠢᠷᠤᠮᠵᠢᠭᠤᠯᠵᠤ᠂ ᠮᠥᠩᠭᠦ ᠶᠢᠨ ᠣᠷᠣᠯᠭ᠎ᠠ ᠵᠠᠷᠤᠯᠭ᠎ᠠ ᠶᠢ ᠴᠢᠩᠭ᠎ᠠ ᠬᠠᠮᠢᠶᠠᠷᠤᠨ ᠲᠣᠬᠢᠷᠠᠭᠤᠯᠵᠤ᠂ ᠲᠠᠷᠢᠶᠠᠴᠢᠨ ᠪᠣᠯᠣᠨ ᠬᠠᠮᠲᠤ ᠶᠢᠨ | ᠪᠣᠳᠠᠲᠠᠢ ᠠᠰᠢᠭ ᠲᠤᠰᠠ ᠶᠢ ᠪᠠᠲᠤᠯᠠᠨ᠂ ︽ᠠᠷᠠᠳ ᠤᠨ ᠳᠤᠮᠳᠠ ᠠᠴᠠ ᠠᠪᠴᠤ᠂ ᠠᠷᠠᠳ ᠤᠨ ᠳᠤᠮᠳᠠ ᠠᠴᠠ ᠬᠡᠷᠡᠭᠯᠡᠬᠦ︾ ᠶᠢ ᠪᠡᠶᠡᠯᠡᠭᠦᠯᠵᠦ᠂ ᠮᠠᠨ ᠤ ᠰᠢᠶᠠᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ | ᠲᠠᠪᠤ᠂ ᠭᠤᠣᠯ ᠡᠭᠦᠷᠭᠡ | 1᠂ ︽ ᠠᠳᠠᠯᠢ ᠡᠷᠬᠡ ᠠᠳᠠᠯᠢ ᠦᠨ᠎ᠡ ᠲᠠᠢ᠂ ᠡᠷᠭᠢᠯᠲᠡ ᠶᠢ ᠰᠢᠯᠤᠭᠤᠳᠬᠠᠵᠤ᠂ ᠠᠰᠢᠭ ᠣᠷᠣᠯᠭ᠎ᠠ ᠶᠢ ᠬᠠᠮᠲᠤ ᠪᠠᠷ ᠡᠳ᠋ᠯᠡᠬᠦ ︾ ᠬᠥᠳᠡᠭᠡ ᠲᠣᠰᠬᠤᠨ ᠤ | ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠭᠠᠵᠠᠷ ᠰᠢᠷᠣᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠲᠤ | ᠣᠷᠣᠭᠤᠯᠬᠤ ᠳᠦᠷᠢᠮ ᠪᠠ ᠤᠯᠤᠰ ᠣᠷᠣᠨ᠂ ᠬᠠᠮᠲᠤ ᠨᠡᠶᠢᠳᠡ ᠂ ᠬᠤᠪᠢ ᠬᠥᠮᠥᠨ ᠢ ᠬᠠᠮᠲᠤ ᠳᠤᠨᠢ ᠬᠠᠷᠠᠭᠠᠯᠵᠠᠭᠰᠠᠨ ᠭᠠᠵᠠᠷ ᠰᠢᠷᠣᠢ ᠶᠢᠨ ᠦᠷᠳᠡᠭ ᠨᠡᠮᠡᠭᠳᠡᠯ ᠤᠨ | ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠨᠢᠭᠡᠨ ᠲᠥᠬᠦᠷ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ ᠃ | 2᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠭᠠᠵᠠᠷ ᠰᠢᠷᠣᠢ ᠶᠢᠨ | ᠠᠷᠠᠯᠵᠢᠶᠠᠨ ᠤ ᠵᠠᠬ᠎ᠠ ᠳᠡᠯᠭᠡᠭᠦᠷ ᠲᠤ ᠣᠷᠣᠭᠤᠯᠬᠤ ᠳᠤ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠲᠠᠢ ᠠᠳᠠᠯᠢ ᠲᠡᠭᠰᠢ | ᠡᠭᠦᠷᠭᠡ ᠶᠢ ᠭᠦᠢᠴᠡᠳᠬᠡᠵᠦ ᠂ ᠵᠣᠬᠢᠴᠠᠩᠭᠤᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ ᠂ | ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠭᠠᠶᠢᠯᠢ ᠰᠦᠢᠳᠬᠡᠯ ᠢ ᠲᠤᠰᠢᠶᠠᠵᠤ ᠂ ᠠᠰᠢᠭ ᠣᠯᠵᠠᠪᠤᠷᠢ ᠪᠣᠯᠣᠨ ᠬᠠᠷᠢᠭᠤᠴᠠᠯᠭ᠎ᠠ ᠶᠢᠨ ᠠᠳᠠᠯᠢ ᠲᠡᠭᠰᠢ᠂ ᠡᠷᠬᠡ ᠠᠰᠢᠭ | ᠪᠣᠯᠣᠨ ᠡᠭᠦᠷᠭᠡ ᠶᠢᠨ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠃ | 3᠂ ᠮᠠᠨ ᠤ ᠰᠢᠶᠠᠨ ᠤ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠠᠬ᠎ᠠ | ᠳᠡᠯᠭᠡᠭᠦᠷ ᠤᠨ ᠠᠷᠠᠯᠵᠢᠶᠠᠨ ᠤ ᠡᠮᠬᠢ ᠵᠢᠷᠤᠮ ᠢ ᠵᠢᠷᠤᠮᠵᠢᠭᠤᠯᠵᠤ ᠂ ᠲᠣᠬᠢᠷᠠᠭᠤᠯᠬᠤ ᠮᠥᠩᠭᠦ ᠶᠢ ᠲᠠᠲᠠᠪᠤᠷᠢᠯᠠᠬᠤ ᠪᠠ ᠬᠡᠷᠡᠭᠯᠡᠬᠦ ᠶᠢ ᠲᠦᠷ ᠬᠡᠷᠡᠭᠵᠢᠭᠦᠯᠬᠦ ᠠᠷᠭ᠎ᠠ ᠶᠢᠨ | ᠲᠣᠭᠲᠠᠭᠠᠯ ᠳᠤ ᠨᠡᠶᠢᠴᠡᠭᠦᠯᠬᠦ ᠶᠢ ᠪᠠᠲᠤᠯᠠᠨ᠎ᠠ ᠃ | ᠵᠢᠷᠭᠤᠭ᠎ᠠ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ | ︽ᠦᠶᠤᠸᠠᠨ ᠰᠢᠶᠠᠨ ᠤ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠵᠠᠷ | ᠰᠢᠷᠣᠢ ᠶᠢᠨ ᠨᠡᠮᠡᠭᠳᠡᠯ ᠥᠷᠲᠡᠭ ᠤᠨ ᠠᠰᠢᠭ ᠣᠷᠣᠯᠭ᠎ᠠ ᠶᠢᠨ ᠲᠣᠬᠢᠷᠠᠭᠤᠯᠤᠯᠲᠠ ᠶᠢᠨ ᠮᠥᠩᠭᠦ ᠶᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ | ᠠᠷᠭ᠎ᠠ︾᠂ ᠮᠠᠨ ᠤ ᠰᠢᠶᠠᠨ ᠤ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠭᠠᠵᠠᠷ | ᠰᠢᠷᠣᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠲᠤ ᠣᠷᠣᠭᠤᠯᠤᠨ ᠠᠷᠠᠯᠵᠢᠶᠠᠯᠠᠬᠤ ᠳᠤ ᠰᠢᠨᠵᠢᠯᠡᠬᠦ ᠤᠬᠠᠭᠠᠨᠴᠢ ᠲᠦᠷᠦ ᠶᠢᠨ ᠪᠣᠳᠣᠯᠭ᠎ᠠ ᠶᠢᠨ ᠦᠨᠳᠦᠰᠦᠯᠡᠯ ᠬᠠᠩᠭᠠᠵᠤ ᠂ | ᠨᠢᠭᠡᠳᠦᠯᠲᠡᠢ ᠂ ᠵᠢᠷᠤᠮᠵᠢᠭᠰᠠᠨ ᠭᠠᠵᠠᠷ ᠰᠢᠷᠣᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠬᠤ ᠳᠤ ᠲᠤᠰᠠᠲᠠᠢ ᠂ ᠬᠤᠶᠢᠰᠢᠳᠠ ᠶᠢᠨ ᠬᠥᠳᠡᠭᠡ ᠲᠣᠰᠬᠤᠨ ᠤ | ᠠᠵᠤ ᠠᠬᠤᠢ ᠶᠢᠨ ᠬᠥᠭᠵᠢᠯᠲᠡ ᠳᠤ ᠳᠠᠶᠢᠴᠢᠯᠠᠬᠤ ᠦᠢᠯᠡᠳᠦᠯ ᠦᠵᠡᠭᠦᠯᠬᠦ ᠶᠢᠨ ᠬᠠᠮᠲᠤ ᠲᠤᠰ ᠲᠦᠷᠦ ᠶᠢᠨ ᠪᠣᠳᠣᠯᠭ᠎ᠠ ᠶᠢ ᠬᠠᠷᠠᠬᠠᠨ ᠬᠡᠷᠡᠭᠵᠢᠭᠦᠯᠦᠭᠡᠳᠦᠢ ᠪᠤᠰᠤᠳ | ᠭᠠᠵᠠᠷ ᠣᠷᠣᠨ ᠳᠤ ᠯᠠᠪᠯᠠᠯᠲᠠ ᠪᠠ ᠯᠠᠪᠯᠠᠯᠲᠠ ᠬᠠᠩᠭᠠᠪᠠ ᠃ | ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | 1᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ︽ᠲᠦᠷ ᠬᠡᠷᠡᠭᠵᠢᠭᠦᠯᠬᠦ ᠠᠷᠭ᠎ᠠ︾ ᠳᠤ ᠲᠠᠲᠠᠪᠤᠷᠢᠯᠠᠬᠤ ᠬᠠᠷᠢᠭᠤᠴᠠᠯᠭ᠎ᠠ ᠶᠢᠨ ᠭᠤᠣᠯ | ᠴᠣᠭᠴᠠ ᠪᠣᠯ ᠰᠢᠶᠠᠨ ᠤ ᠵᠠᠰᠠᠭ ᠤᠨ ᠣᠷᠳᠣᠨ᠂ ᠲᠠᠲᠠᠪᠤᠷᠢᠯᠠᠬᠤ ᠶᠢ ᠬᠡᠷᠡᠭᠵᠢᠭᠦᠯᠬᠦ ᠭᠤᠣᠯ ᠴᠣᠭᠴᠠ ᠪᠣᠯ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ | ᠲᠥᠯᠦᠪᠵᠢᠭᠦᠯᠭᠡ ᠶᠢᠨ ᠲᠣᠪᠴᠢᠶ᠎ᠠ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠪᠣᠯᠣᠨ᠎ᠠ ᠭᠡᠵᠦ ᠲᠣᠳᠣᠷᠬᠠᠢ ᠲᠣᠭᠲᠠᠭᠠᠵᠠᠢ᠃ | 2 .ᠲᠤᠬᠠᠶᠢᠯᠠᠭᠰᠠᠨ ᠠᠵᠢᠯ ᠦᠨ ᠪᠠᠲᠤᠯᠠᠭ᠎ᠠ ᠬᠠᠩᠭᠠᠬᠤ᠃ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠵᠠᠷ ᠰᠢᠷᠣᠢ ᠶᠢᠨ ᠦᠷᠳᠡᠭ ᠨᠡᠮᠡᠭᠳᠡᠯ ᠤᠨ ᠠᠰᠢᠭ ᠣᠷᠣᠯᠭ᠎ᠠ ᠶᠢ ᠲᠣᠬᠢᠷᠠᠭᠤᠯᠬᠤ ᠮᠥᠩᠭᠦ ᠶᠢ ᠲᠠᠲᠠᠪᠤᠷᠢᠯᠠᠬᠤ ᠰᠠᠭᠤᠷᠢ | ᠲᠤᠭ᠎ᠠ ᠪᠠ ᠬᠠᠷᠢᠴᠠᠯ ᠢ ᠲᠣᠭᠲᠠᠭᠠᠪᠠ᠃ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ | ᠰᠢᠷᠣᠢ ᠶᠢᠨ ᠵᠠᠬ᠎ᠠ ᠳᠡᠯᠭᠡᠭᠦᠷ ᠲᠤ ᠣᠷᠣᠬᠤ ᠡᠯ᠎ᠡ ᠵᠦᠢᠯ ᠤᠨ ᠠᠷᠭ᠎ᠠ ᠮᠠᠶ᠋ᠢᠭ ᠪᠠ ᠵᠠᠬ᠎ᠠ ᠳᠡᠯᠭᠡᠭᠦᠷ ᠲᠤ ᠣᠷᠣᠬᠤ ᠣᠷᠣᠯᠭ᠎ᠠ ᠶᠢ ᠵᠠᠭᠠᠭᠯᠠᠨ ᠲᠣᠭᠲᠠᠭᠠᠬᠤ ᠶᠢ | ᠲᠣᠳᠣᠷᠬᠠᠢ ᠪᠣᠯᠭᠠᠪᠠ᠃ ᠲᠣᠬᠢᠷᠠᠭᠤᠯᠤᠯᠲᠠ ᠶᠢᠨ ᠮᠥᠩᠭᠦ ᠶᠢᠨ ᠲᠤᠰᠢᠶᠠᠬᠤ ᠴᠠᠭ᠂ ᠬᠤᠷᠢᠶᠠᠨ ᠲᠤᠰᠢᠶᠠᠬᠤ ᠠᠷᠭ᠎ᠠ ᠮᠠᠶ᠋ᠢᠭ ᠪᠠ ᠬᠥᠮᠥᠷᠭᠡ ᠳᠤ ᠲᠤᠰᠢᠶᠠᠬᠤ | ᠵᠢᠷᠤᠮ ᠢ ᠲᠣᠭᠲᠠᠭᠠᠪᠠ ᠃ ᠶᠢᠨ ᠰᠢᠶᠠᠨ ᠰᠢᠶᠠᠩ ᠤᠨ ᠬᠤᠪᠢᠳᠠᠯ ᠳᠤ ᠲᠣᠬᠢᠷᠠᠭᠤᠯᠤᠯᠲᠠ ᠬᠢᠬᠦ ᠬᠠᠷᠢᠴᠠᠯ ᠪᠠ ᠬᠡᠷᠡᠭᠯᠡᠬᠦ ᠬᠡᠪᠴᠢᠶ᠎ᠡ ᠶᠢ ᠲᠣᠳᠣᠷᠬᠠᠢ ᠪᠣᠯᠭᠠᠪᠠ᠃ | 3. ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ︽ᠲᠦᠷ ᠬᠡᠷᠡᠭᠵᠢᠭᠦᠯᠬᠦ ᠠᠷᠭ᠎ᠠ︾ ᠳᠤ ᠲᠣᠬᠢᠷᠠᠭᠤᠯᠤᠯᠲᠠ ᠶᠢᠨ ᠮᠥᠩᠭᠦ ᠲᠠᠲᠠᠪᠤᠷᠢᠯᠠᠬᠤ | ᠠᠵᠢᠯ ᠤᠨ ᠬᠠᠮᠢᠶ᠎ᠠ ᠪᠦᠬᠦᠢ ᠵᠠᠷᠤᠳᠠᠯ ᠢ ᠰᠢᠶᠠᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ ᠭᠡᠵᠦ ᠲᠣᠳᠣᠷᠬᠠᠢ ᠲᠣᠭᠲᠠᠭᠠᠵᠠᠢ᠃ | ᠨᠠᠢᠮᠠ ᠂ ᠵᠠᠩᠭᠢᠯᠠᠭ᠎ᠠ ᠶᠢᠨ ᠦᠭᠡ ᠶᠢᠨ ᠲᠠᠶᠢᠯᠪᠤᠷᠢᠯᠠᠯᠲᠠ | ᠵᠠᠬ᠎ᠠ ᠳᠡᠯᠭᠡᠭᠦᠷ ᠲᠤ ᠣᠷᠣᠬᠤ ᠄ ᠡᠨᠡ ᠨᠢ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠂ ᠲᠦᠷᠢᠶᠡᠰᠦᠯᠡᠭᠦᠯᠬᠦ ᠂ ᠦᠨ᠎ᠡ ᠲᠣᠭᠲᠠᠭᠠᠨ ᠪᠡᠯᠡ ᠭᠠᠷᠭᠠᠬᠤ ︵ ᠬᠤᠪᠢ ᠣᠷᠣᠭᠤᠯᠬᠤ ︶ ᠵᠡᠷᠭᠡ | ᠠᠷᠭ᠎ᠠ ᠮᠠᠶ᠋ᠢᠭ ᠢᠶᠠᠷ ᠭᠠᠵᠠᠷ ᠰᠢᠷᠣᠢ ᠶᠢᠨ ᠵᠠᠬ᠎ᠠ ᠳᠡᠯᠭᠡᠭᠦᠷ ᠲᠤ ᠣᠷᠣᠵᠤ ᠠᠷᠠᠯᠵᠢᠶᠠᠯᠠᠬᠤ ᠠᠵᠢᠯᠯᠠᠭ᠎ᠠ ᠶᠢ ᠵᠢᠭᠠᠵᠤ ᠪᠠᠶᠢᠨ᠎ᠠ ᠃ | ᠲᠣᠬᠢᠷᠠᠭᠤᠯᠬᠤ ᠮᠥᠩᠭᠦ ᠄ ᠡᠨᠡ ᠨᠢ ᠠᠳᠠᠯᠢ ᠡᠷᠬᠡ ᠠᠳᠠᠯᠢ ᠦᠨ᠎ᠡ ᠲᠠᠢ᠂ ᠡᠷᠭᠢᠯᠲᠡ ᠳᠤ ᠤᠷᠤᠭᠰᠢᠲᠠᠢ ᠂ ᠠᠰᠢᠭ ᠣᠷᠣᠯᠭ᠎ᠠ ᠶᠢ ᠬᠠᠮᠲᠤ ᠪᠠᠷ ᠡᠳ᠋ᠯᠡᠬᠦ ᠬᠥᠳᠡᠭᠡ | ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠳᠦᠷᠢᠮ ᠢ | ᠪᠠᠶᠢᠭᠤᠯᠬᠤ ᠬᠠᠷᠠᠯᠲᠠ ᠶᠣᠰᠣᠭᠠᠷ ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ | ᠳᠡᠯᠭᠡᠭᠦᠷ ᠲᠤ ᠣᠷᠣᠭᠤᠯᠬᠤ ᠵᠢᠴᠢ ᠳᠠᠬᠢᠨ ᠰᠢᠯᠵᠢᠭᠦᠯᠦᠨ ᠥᠭᠬᠦ ᠵᠠᠩᠭᠢᠯᠠᠭ᠎ᠠ ᠳᠤ ᠭᠠᠵᠠᠷ ᠰᠢᠷᠣᠢ ᠶᠢᠨ ᠨᠡᠮᠡᠭᠳᠡᠯ ᠥᠷᠲᠡᠭ ᠤᠨ ᠠᠰᠢᠭ ᠣᠷᠣᠯᠭ᠎ᠠ ᠠᠴᠠ ᠬᠤᠷᠢᠶᠠᠬᠤ | ᠪᠡᠯᠡ ᠮᠥᠩᠭᠦ ᠶᠢ ᠵᠢᠭᠠᠵᠤ ᠪᠠᠶᠢᠨ᠎ᠠ ᠃ | |