︽ᠦᠶᠤᠸᠠᠨ ᠰᠢᠶᠠᠨ ᠤ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠬᠡᠷᠡᠭᠵᠢᠭᠦᠯᠬᠦ ᠠᠷᠭ᠎ᠠ ︵ᠲᠦᠷ ᠬᠡᠷᠡᠭᠵᠢᠭᠦᠯᠬᠦ︶︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/21
      ︽ ᠦᠶᠤᠸᠠᠨ ᠰᠢᠶᠠᠨ ᠤ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠬᠡᠷᠡᠭᠵᠢᠭᠦᠯᠬᠦ ᠠᠷᠭ᠎ᠠ ︵ ᠲᠦᠷ ᠬᠡᠷᠡᠭᠵᠢᠭᠦᠯᠬᠦ ︶ ︾ ᠶᠢ ᠨᠢᠭᠡᠨᠲᠡ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠶᠠᠷᠢᠯᠴᠠᠨ ᠪᠠᠲᠤᠯᠠᠪᠠ ᠃ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠣᠰ ᠲᠦᠷ ᠬᠡᠷᠡᠭᠵᠢᠭᠦᠯᠬᠦ ᠠᠷᠭ᠎ᠠ ᠶᠢᠨ ᠲᠤᠬᠠᠢ ᠲᠠᠶᠢᠯᠤᠮᠵᠢ ᠬᠢᠶ᠎ᠡ᠄       ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ       ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠠᠵᠢᠯᠯᠠᠭ᠎ᠠ ᠶᠢ ᠵᠢᠷᠤᠮᠵᠢᠭᠤᠯᠬᠤ ᠶᠢᠨ ᠲᠥᠯᠥᠭᠡ᠂ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠥᠮᠴᠢᠯᠡᠯ ᠤᠨ ᠡᠷᠬᠡᠲᠦ ᠬᠥᠮᠥᠨ ᠪᠠ ᠬᠡᠷᠡᠭᠯᠡᠬᠦ ᠡᠷᠬᠡᠲᠦ ᠬᠥᠮᠥᠨ ᠤ ᠬᠠᠤᠯᠢ ᠶᠣᠰᠣᠨ ᠤ ᠡᠷᠬᠡ ᠬᠤᠲᠠ ᠬᠥᠳᠡᠭᠡ ᠶᠢᠨ ᠨᠢᠭᠡᠳᠦᠯᠲᠡᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠵᠠᠬ᠎ᠠ ᠳᠡᠯᠭᠡᠭᠦᠷ ᠢ ᠪᠠᠶᠢᠭᠤᠯᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠠᠴᠠ ︽ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠠᠵᠢᠯ ᠢ ᠭᠦᠨᠵᠡᠭᠡᠶᠢᠷᠡᠭᠦᠯᠬᠦ ᠲᠥᠰᠥᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠠᠵᠢᠯᠯᠠᠭᠠᠨ ᠤ ᠵᠦᠭᠯᠡᠭᠦᠷ︾ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ ᠦᠶᠤᠸᠠᠨ ᠰᠢᠶᠠᠨ ᠤ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠬᠡᠷᠡᠭᠵᠢᠭᠦᠯᠬᠦ ᠠᠷᠭ᠎ᠠ ︵ᠲᠦᠷ ᠬᠡᠷᠡᠭᠵᠢᠭᠦᠯᠬᠦ︶︾ ᠶᠢ ᠲᠣᠭᠲᠠᠭᠠᠪᠠ ᠃       ᠬᠤᠶᠠᠷ᠂ ᠬᠠᠷᠠᠯᠲᠠ ᠶᠢᠨ ᠡᠭᠦᠷᠭᠡ       ︽ ᠠᠳᠠᠯᠢ ᠡᠷᠬᠡ ᠠᠳᠠᠯᠢ ᠦᠨ᠎ᠡ ᠲᠠᠢ᠂ ᠠᠳᠠᠯᠢ ᠡᠷᠬᠡ ᠠᠳᠠᠯᠢ ᠬᠠᠷᠢᠭᠤᠴᠠᠯᠭ᠎ᠠ ᠲᠠᠢ᠂ ᠡᠷᠭᠢᠯᠲᠡ ᠶᠢ ᠰᠢᠯᠤᠭᠤᠳᠬᠠᠵᠤ ᠂ ᠠᠰᠢᠭ ᠣᠷᠣᠯᠭ᠎ᠠ ᠶᠢ ᠬᠠᠮᠲᠤ ᠪᠠᠷ ᠡᠳ᠋ᠯᠡᠬᠦ ︾ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠳᠦᠷᠢᠮ ᠢ ᠰᠦᠪᠡᠭᠴᠢᠯᠡᠨ ᠪᠠᠶᠢᠭᠤᠯᠵᠤ ᠂ ᠬᠤᠳᠠ ᠬᠥᠳᠡᠭᠡ ᠶᠢᠨ ᠨᠢᠭᠡᠳᠦᠯᠲᠡᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠠᠬ᠎ᠠ ᠳᠡᠯᠭᠡᠭᠦᠷ ᠪᠠ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ ᠂ ᠤᠯᠤᠰ ᠣᠷᠣᠨ᠂ ᠬᠠᠮᠲᠤ ᠨᠡᠶᠢᠳᠡ᠂ ᠬᠤᠪᠢ ᠬᠥᠮᠥᠨ ᠢ ᠬᠠᠮᠲᠤ ᠳᠤᠨᠢ ᠬᠠᠷᠠᠭᠠᠯᠵᠠᠭᠰᠠᠨ ᠭᠠᠵᠠᠷ ᠰᠢᠷᠣᠢ ᠶᠢᠨ ᠦᠷᠳᠡᠭ ᠨᠡᠮᠡᠭᠳᠡᠯ ᠤᠨ ᠠᠰᠢᠭ ᠣᠷᠣᠯᠭ᠎ᠠ ᠶᠢ ᠬᠤᠪᠢᠶᠠᠷᠢᠯᠠᠬᠤ ᠲᠣᠭᠲᠠᠴᠠ ᠶᠢ ᠪᠠᠶᠢᠭᠤᠯᠵᠤ ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠤᠢ ᠪᠣᠯᠭᠠᠨ᠎ᠠ ᠃       ᠭᠤᠷᠪᠠ ᠂ ᠭᠤᠣᠯ ᠠᠭᠤᠯᠭ᠎ᠠ       ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠠᠵᠢᠯ ᠢ ᠭᠦᠨᠵᠡᠭᠡᠶᠢᠷᠡᠭᠦᠯᠬᠦ ᠲᠥᠰᠥᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠠᠵᠢᠯᠯᠠᠭᠠᠨ ᠤ ᠵᠦᠭᠯᠡᠭᠦᠷ︾ ᠪᠠ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ︽ᠦᠶᠤᠸᠠᠨ ᠰᠢᠶᠠᠨ ᠤ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠵᠠᠬ᠎ᠠ ᠳᠡᠯᠭᠡᠭᠦᠷ ᠲᠤ ᠣᠷᠣᠭᠤᠯᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠡᠷᠢᠭᠦᠨ ᠤ ᠭᠠᠵᠠᠷ ᠣᠷᠣᠨ ᠤ ᠥᠭᠡᠷᠡᠴᠢᠯᠡᠯᠲᠡ ᠶᠢᠨ ᠲᠤᠷᠰᠢᠯᠭ᠎ᠠ ᠶᠢ ᠭᠦᠢᠴᠡᠳ ᠰᠤᠷᠤᠯᠴᠠᠨ ᠲᠣᠯᠢᠯᠠᠬᠤ ᠵᠢᠴᠢ ᠮᠠᠨ ᠤ ᠰᠢᠶᠠᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠬᠠᠶᠢᠨ ᠰᠦᠪᠡᠭᠴᠢᠯᠡᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠵᠠᠬ᠎ᠠ ᠳᠡᠯᠭᠡᠭᠦᠷ ᠲᠤ ᠣᠷᠣᠬᠤ ᠪᠡᠶᠡᠴᠢ ᠴᠣᠭᠴᠠ ᠂ ᠠᠷᠭ᠎ᠠ ᠵᠠᠮ ᠵᠢᠴᠢ ᠨᠥᠬᠦᠴᠡᠯ ᠂ ᠬᠡᠷᠡᠭᠴᠡᠭᠡ᠂ ᠵᠠᠬ᠎ᠠ ᠳᠡᠯᠭᠡᠭᠦᠷ ᠲᠤ ᠣᠷᠣᠬᠤ ᠠᠷᠭ᠎ᠠ ᠮᠠᠶ᠋ᠢᠭ ᠵᠢᠴᠢ ᠵᠠᠬ᠎ᠠ ᠳᠡᠯᠭᠡᠭᠦᠷ ᠲᠤ ᠣᠷᠣᠬᠤ ᠵᠢᠷᠤᠮ ᠂ ᠭᠠᠵᠠᠷ ᠰᠢᠷᠣᠢ ᠶᠢᠨ ᠦᠷᠳᠡᠭ ᠨᠡᠮᠡᠭᠳᠡᠯ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠬᠠᠮᠢᠶᠠᠷᠤᠯᠲᠠ ᠂ ᠨᠡᠭᠡᠭᠡᠨ ᠬᠥᠭᠵᠢᠭᠦᠯᠦᠯᠲᠡ ᠶᠢᠨ ᠬᠠᠮᠢᠶᠠᠷᠤᠯᠲᠠ ᠵᠡᠷᠭᠡ ᠠᠭᠤᠯᠭ᠎ᠠ ᠳᠤ ᠭᠤᠣᠯᠳᠠᠯᠭ᠎ᠠ ᠲᠠᠢ ᠪᠠᠷ ᠲᠤᠷᠰᠢᠯᠲᠠ ᠬᠢᠨ᠎ᠡ ᠃      ᠳᠥᠷᠪᠡ᠂ ᠬᠤᠯᠪᠣᠭᠳᠠᠬᠤ ᠬᠦᠷᠢᠶ᠎ᠡ ᠬᠡᠪᠴᠢᠶ᠎ᠡ      ᠲᠤᠷᠰᠢᠯᠲᠠ ᠶᠢᠨ ᠬᠤᠭᠤᠴᠠᠭᠠᠨ ᠳᠤ᠂ ᠦᠶᠤᠸᠠᠨ ᠰᠢᠶᠠᠨ ᠤ ᠵᠠᠰᠠᠭ ᠵᠠᠬᠢᠷᠭᠠᠨ ᠤ ᠬᠠᠷᠢᠶ᠎ᠠ ᠣᠷᠣᠨ ᠤ ᠬᠡᠪᠴᠢᠶᠡᠨ ᠳᠤ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠳᠤ ᠲᠤᠰ ᠠᠷᠭ᠎ᠠ ᠶᠢ ᠬᠡᠷᠡᠭᠯᠡᠨ᠎ᠡ ᠃      ᠲᠠᠪᠤ ᠂ ᠭᠦᠢᠴᠡᠳᠬᠡᠬᠦ ᠪᠠᠷᠢᠮᠵᠢᠶ᠎ᠠ      ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠦᠶᠤᠸᠠᠨ ᠰᠢᠶᠠᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠤᠨ ᠬᠤᠭᠤᠴᠠᠭᠠᠨ ᠳᠤ ᠬᠦᠴᠦᠨ ᠲᠠᠢ᠂ ᠬᠡᠷᠡᠭᠵᠢᠭᠦᠯᠬᠦ ᠬᠤᠭᠤᠴᠠᠭᠠᠨ ᠳᠤ ᠦᠶᠤᠸᠠᠨ ᠰᠢᠶᠠᠨ ᠤ ᠪᠤᠰᠤᠳ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠨᠢ ᠲᠣᠰ ᠠᠷᠭ᠎ᠠ ᠲᠠᠢ ᠨᠢᠭᠡᠳᠦᠯ ᠦᠭᠡᠢ ᠪᠠᠶᠢᠪᠠᠯ᠂ ᠲᠣᠰ ᠠᠷᠭ᠎ᠠ ᠪᠠᠷ ᠪᠠᠷᠢᠮᠵᠢᠶ᠎ᠠ ᠪᠣᠯᠭᠠᠵᠤ᠂ ᠲᠣᠰ ᠠᠷᠭ᠎ᠠ ᠨᠢ ᠰᠢᠨ᠎ᠡ ᠪᠠᠷ ᠨᠡᠶᠢᠲᠡᠯᠡᠭᠰᠡᠨ ᠳᠡᠭᠡᠳᠦ ᠪᠠᠶᠢᠷᠢ ᠶᠢᠨ ᠬᠠᠤᠯᠢ ᠵᠢᠴᠢ ᠲᠥᠷᠥ ᠶᠢᠨ ᠪᠣᠳᠣᠯᠭ᠎ᠠ ᠵᠡᠷᠭᠡ ᠲᠠᠢ ᠨᠢᠭᠡᠳᠦᠯ ᠦᠭᠡᠢ ᠪᠠᠶᠢᠪᠠᠯ᠂ ᠰᠢᠨ᠎ᠡ ᠪᠠᠷ ᠨᠡᠶᠢᠲᠡᠯᠡᠭᠰᠡᠨ ᠳᠡᠭᠡᠳᠦ ᠪᠠᠶᠢᠷᠢ ᠶᠢᠨ ᠬᠠᠤᠯᠢ ᠵᠢᠴᠢ ᠲᠥᠷᠥ ᠶᠢᠨ ᠪᠣᠳᠣᠯᠭ᠎ᠠ ᠪᠠᠷ ᠪᠠᠷᠢᠮᠵᠢᠶ᠎ᠠ ᠪᠣᠯᠭᠠᠨ᠎ᠠ᠃      ᠵᠢᠷᠭᠤᠭ᠎ᠠ ᠂ ᠠᠩᠬᠠᠷᠬᠤ ᠵᠦᠢᠯ      ︽ᠬᠤᠶᠠᠷ ᠵᠦᠢᠯ ᠤᠨ ᠤᠷᠢᠳᠠᠴᠢ ᠨᠥᠬᠦᠴᠡᠯ︾ ᠢ ᠠᠳᠬᠤᠵᠤ᠂ ᠨᠠᠷᠢᠨ ᠲᠥᠯᠦᠪᠵᠢᠭᠦᠯᠭᠡ ︵ᠠᠶᠢᠯ ᠲᠣᠰᠬᠤᠨ ᠤ ᠲᠥᠯᠦᠪᠵᠢᠭᠦᠯᠭᠡ︶ ᠶᠢ ᠨᠠᠶᠢᠷᠠᠭᠤᠯᠤᠨ ᠵᠣᠬᠢᠶᠠᠬᠤ ᠶᠢ ᠲᠦᠷᠭᠡᠳᠬᠡᠨ ᠪᠡᠶᠡᠯᠡᠭᠦᠯᠵᠦ᠂ ᠬᠠᠮᠲᠤ ᠶᠢᠨ ᠭᠠᠵᠠᠷ ᠰᠢᠷᠣᠢ ᠶᠢᠨ ᠥᠮᠴᠢᠯᠡᠬᠦ ᠡᠷᠬᠡ ᠪᠠ ᠬᠡᠷᠡᠭᠯᠡᠬᠦ ᠡᠷᠬᠡ ᠶᠢᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠬᠦ ᠶᠢ ᠪᠡᠶᠡᠯᠡᠭᠦᠯᠬᠦ ᠬᠡᠷᠡᠭᠲᠡᠢ ᠃       ︽ᠭᠤᠷᠪᠠᠨ ᠵᠦᠢᠯ ᠤᠨ ᠨᠠᠵᠠᠭᠠᠢ ᠲᠠᠯ᠎ᠠ ᠶᠢᠨ ᠨᠠᠷᠢᠨ ᠲᠠᠩᠰᠠ︾ ᠶᠢ ᠴᠢᠩᠭ᠎ᠠ ᠠᠩᠬᠠᠷᠴᠤ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠪᠠᠷ ᠳᠠᠮᠵᠢᠭᠤᠯᠤᠨ ᠵᠠᠬ᠎ᠠ ᠳᠡᠯᠭᠡᠭᠦᠷ ᠲᠤ ᠣᠷᠣᠭᠤᠯᠵᠤ ᠪᠣᠯᠬᠤ ᠦᠭᠡᠢ᠂ ᠣᠷᠣᠨ ᠰᠠᠭᠤᠴᠠ ᠶᠢᠨ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠬᠡᠪᠴᠢᠶᠡᠨ ᠳᠤ ᠣᠷᠣᠭᠤᠯᠵᠤ ᠪᠣᠯᠬᠤ ᠦᠭᠡᠢ᠂ ᠵᠠᠬ᠎ᠠ ᠳᠡᠯᠭᠡᠭᠦᠷ ᠲᠤ ᠣᠷᠣᠭᠤᠯᠬᠤ ᠨᠥᠬᠦᠴᠡᠯ ᠳᠤ ᠨᠡᠶᠢᠴᠡᠭᠰᠡᠨ ᠭᠠᠵᠠᠷ ᠰᠢᠷᠣᠢ ᠶᠢ ᠲᠠᠸᠠᠷ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ ᠪᠣᠯᠬᠤ ᠦᠭᠡᠢ ᠃      ︽ ᠬᠤᠶᠠᠷ ᠵᠦᠢᠯ ᠤᠨ ᠭᠤᠣᠯᠳᠠᠯᠭ᠎ᠠ ᠲᠠᠢ ᠲᠣᠭᠲᠠᠴᠠ ︾ ᠶᠢ ᠬᠠᠶᠢᠨ ᠰᠦᠪᠡᠭᠴᠢᠯᠡᠵᠦ ᠂ ᠤᠯᠤᠰ ᠣᠷᠣᠨ ᠂ ᠬᠠᠮᠲᠤ ᠨᠡᠶᠢᠳᠡ ᠪᠠ ᠲᠠᠷᠢᠶᠠᠴᠢᠨ ᠤ ᠬᠤᠪᠢ ᠬᠥᠮᠥᠨ ᠤ ᠵᠠᠬ᠎ᠠ ᠳᠡᠯᠭᠡᠭᠦᠷ ᠲᠤ ᠣᠷᠣᠬᠤ ᠭᠠᠵᠠᠷ ᠰᠢᠷᠣᠢ ᠶᠢᠨ ᠦᠷᠳᠡᠭ ᠨᠡᠮᠡᠭᠳᠡᠯ ᠤᠨ ᠠᠰᠢᠭ ᠣᠷᠣᠯᠭ᠎ᠠ ᠶᠢ ᠲᠣᠬᠢᠷᠠᠭᠤᠯᠬᠤ ᠲᠣᠭᠲᠠᠴᠠ ᠶᠢ ᠬᠠᠮᠲᠤ ᠳᠤᠨᠢ ᠬᠠᠷᠠᠭᠠᠯᠵᠠᠵᠤ ᠂ ᠲᠠᠷᠢᠶᠠᠴᠢᠨ ᠤ ᠬᠠᠮᠲᠤ ᠨᠡᠶᠢᠳᠡ ᠪᠠ ᠬᠤᠪᠢ ᠬᠥᠮᠥᠨ ᠤ ᠡᠷᠬᠡ ᠠᠰᠢᠭ ᠢ ᠬᠠᠮᠠᠭᠠᠯᠠᠵᠤ ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠵᠠᠬ᠎ᠠ ᠳᠡᠯᠭᠡᠭᠦᠷ ᠲᠤ ᠣᠷᠣᠬᠤ ᠭᠠᠵᠠᠷ ᠰᠢᠷᠣᠢ ᠶᠢ ᠳᠤᠷᠠᠲᠠᠶ᠎ᠠ ᠬᠡᠷᠡᠭᠯᠡᠬᠦ ᠂ ᠬᠡᠷᠡᠭᠯᠡᠵᠦ ᠴᠢᠳᠠᠬᠤ ᠡᠷᠬᠡ ᠠᠰᠢᠭ ᠢ ᠬᠠᠮᠠᠭᠠᠯᠠᠬᠤ ᠲᠣᠭᠲᠠᠴᠠ ᠶᠢ ᠪᠠᠲᠤᠯᠠᠬᠤ ᠬᠡᠷᠡᠭᠲᠡᠢ ᠃      ᠳᠣᠯᠤᠭ᠎ᠠ᠂ ᠵᠠᠩᠭᠢᠯᠠᠭ᠎ᠠ ᠶᠢᠨ ᠦᠭᠡ ᠶᠢᠨ ᠲᠠᠶᠢᠯᠪᠤᠷᠢ      ᠵᠠᠬ᠎ᠠ ᠳᠡᠯᠭᠡᠭᠦᠷ ᠲᠤ ᠣᠷᠣᠬᠤ᠄ ᠡᠨᠡ ᠨᠢ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠭᠦᠯᠬᠦ ᠂ ᠦᠨ᠎ᠡ ᠲᠣᠭᠲᠠᠭᠠᠨ ᠪᠡᠯᠡ ᠭᠠᠷᠭᠠᠬᠤ ︵ ᠬᠤᠪᠢ ᠣᠷᠣᠭᠤᠯᠬᠤ ︶ ᠵᠡᠷᠭᠡ ᠠᠷᠭ᠎ᠠ ᠮᠠᠶ᠋ᠢᠭ ᠢᠶᠠᠷ ᠭᠠᠵᠠᠷ ᠰᠢᠷᠣᠢ ᠶᠢᠨ ᠵᠠᠬ᠎ᠠ ᠳᠡᠯᠭᠡᠭᠦᠷ ᠲᠤ ᠣᠷᠣᠵᠤ ᠠᠷᠠᠯᠵᠢᠶᠠᠯᠠᠬᠤ ᠠᠵᠢᠯᠯᠠᠭ᠎ᠠ ᠶᠢ ᠵᠢᠭᠠᠵᠤ ᠪᠠᠶᠢᠨ᠎ᠠ ᠃      ᠲᠤᠬᠠᠢ ᠶᠢᠨ ᠭᠠᠵᠠᠷ ᠲᠤᠨᠢ ᠵᠠᠬ᠎ᠠ ᠳᠡᠯᠭᠡᠭᠦᠷ ᠲᠤ ᠣᠷᠣᠭᠤᠯᠬᠤ᠄ ᠲᠥᠯᠦᠪᠵᠢᠭᠦᠯᠭᠡ ᠶᠢᠨ ᠬᠡᠷᠡᠭᠴᠡᠭᠡ ᠨᠢ ᠡᠷᠬᠡᠪᠰᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠᠶᠢᠬᠤ ᠬᠡᠷᠡᠭᠲᠡᠢ ᠮᠥᠷᠲᠡᠭᠡᠨ ᠡᠵᠡᠩᠨᠡᠯᠲᠡ ᠶᠢᠨ ᠴᠢᠨᠠᠷᠲᠠᠢ ᠪᠠᠶᠢᠬᠤ ᠬᠡᠷᠡᠭᠲᠡᠢ᠂ ᠭᠠᠵᠠᠷ ᠰᠢᠷᠣᠢ ᠶᠢᠨ ᠠᠰᠢᠭᠯᠠᠯᠲᠠ ᠶᠢᠨ ᠣᠳᠣᠬᠢ ᠪᠠᠶᠢᠳᠠᠯ ᠨᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠᠶᠢᠬᠤ ᠬᠡᠷᠡᠭᠲᠡᠢ᠂ ᠭᠠᠵᠠᠷ ᠰᠢᠷᠣᠢ ᠶᠢᠨ ᠡᠷᠬᠡ ᠶᠢᠨ ᠬᠠᠷᠢᠶᠠᠯᠠᠯ ᠨᠢ ᠬᠠᠮᠲᠤ ᠶᠢᠨ ᠰᠢᠨᠵᠢ ᠴᠢᠨᠠᠷ ᠲᠠᠢ ᠮᠥᠷᠲᠡᠭᠡᠨ ᠮᠠᠷᠭᠤᠯᠳᠤᠭᠠᠨ ᠦᠭᠡᠢ ᠬᠡᠷᠡᠭᠯᠡᠬᠦ ᠭᠠᠵᠠᠷ ᠤᠨ ᠵᠠᠬ᠎ᠠ ᠳᠡᠯᠭᠡᠭᠦᠷ ᠲᠤ ᠣᠷᠣᠭᠤᠯᠬᠤ ᠠᠷᠭ᠎ᠠ ᠮᠠᠶ᠋ᠢᠭ ᠪᠠᠶᠢᠬᠤ ᠬᠡᠷᠡᠭᠲᠡᠢ᠃      ᠣᠨᠳᠣᠣ ᠭᠠᠵᠠᠷ ᠲᠤ ᠲᠣᠬᠢᠷᠠᠭᠤᠯᠤᠯᠲᠠ ᠬᠢᠵᠦ ᠵᠠᠬ᠎ᠠ ᠳᠡᠯᠭᠡᠭᠦᠷ ᠲᠤ ᠣᠷᠣᠭᠤᠯᠬᠤ᠄ ᠲᠥᠯᠦᠪᠵᠢᠭᠦᠯᠭᠡ ᠶᠢᠨ ᠬᠡᠷᠡᠭᠴᠡᠭᠡ ᠨᠢ ᠡᠷᠬᠡᠪᠰᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠᠶᠢᠬᠤ ᠬᠡᠷᠡᠭᠲᠡᠢ ᠮᠥᠷᠲᠡᠭᠡᠨ ᠡᠵᠡᠩᠨᠡᠯᠲᠡ ᠶᠢᠨ ᠴᠢᠨᠠᠷᠲᠠᠢ ᠪᠠᠶᠢᠬᠤ ᠬᠡᠷᠡᠭᠲᠡᠢ᠂ ᠭᠠᠵᠠᠷ ᠰᠢᠷᠣᠢ ᠶᠢᠨ ᠠᠰᠢᠭᠯᠠᠯᠲᠠ ᠶᠢᠨ ᠣᠳᠣᠬᠢ ᠪᠠᠶᠢᠳᠠᠯ ᠪᠣᠯ ᠲᠠᠷᠢᠶᠠᠯᠠᠩ ᠳᠤ ᠬᠡᠷᠡᠭᠯᠡᠬᠦ ᠭᠠᠵᠠᠷ ︵ᠲᠠᠷᠢᠶᠠᠨ ᠭᠠᠵᠠᠷ ᠢ ᠡᠵᠡᠯᠡᠬᠦ ᠦᠭᠡᠢ︶᠂ ᠭᠠᠵᠠᠷ ᠰᠢᠷᠣᠢ ᠶᠢᠨ ᠡᠷᠬᠡ ᠶᠢᠨ ᠬᠠᠷᠢᠶᠠᠯᠠᠯ ᠨᠢ ᠬᠠᠮᠲᠤ ᠶᠢᠨ ᠰᠢᠨᠵᠢ ᠴᠢᠨᠠᠷ ᠲᠠᠢ ᠮᠥᠷᠲᠡᠭᠡᠨ ᠬᠡᠷᠡᠭᠯᠡᠬᠦ ᠭᠠᠵᠠᠷ ᠪᠠᠶᠢᠬᠤ ᠦᠭᠡᠢ ᠶᠢᠨ ᠵᠠᠬ᠎ᠠ ᠳᠡᠯᠭᠡᠭᠦᠷ ᠲᠤ ᠣᠷᠣᠭᠤᠯᠬᠤ ᠠᠷᠭ᠎ᠠ ᠮᠠᠶ᠋ᠢᠭ ᠪᠣᠯᠣᠨ᠎ᠠ᠃      ᠨᠠᠢᠮᠠ ᠂ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ      ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠠᠰᠢᠭ ᠣᠷᠣᠯᠭ᠎ᠠ ᠶᠢ ᠬᠤᠪᠢᠶᠠᠷᠢᠯᠠᠬᠤ ᠲᠥᠰᠥᠯ ᠢ ᠲᠣᠭᠲᠠᠭᠠᠬᠤ ᠶᠢᠨ ᠬᠠᠮᠲᠤ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠬᠠᠤᠯᠢ ᠶᠣᠰᠣᠭᠠᠷ ᠭᠦᠢᠴᠡᠳᠬᠡᠵᠦ ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠠᠬ᠎ᠠ ᠳᠡᠯᠭᠡᠭᠦᠷ ᠲᠤ ᠣᠷᠣᠵᠤ ᠠᠰᠢᠭ ᠣᠷᠣᠯᠭ᠎ᠠ ᠶᠢ ᠭᠤᠣᠯᠳᠠᠭᠤ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠳᠤ ᠬᠡᠷᠡᠭᠯᠡᠵᠦ ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ᠎ᠠ ᠃ ᠵᠠᠰᠠᠭ ᠵᠠᠬᠢᠷᠭᠠᠨ ᠤ ᠭᠠᠴᠠᠭᠠᠨ ᠤ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢ ᠦᠨᠡᠨ ᠬᠦ ᠥᠷᠭᠡᠳᠬᠡᠵᠦ᠂ ᠨᠠᠮ ᠤᠨ ᠡᠭᠦᠷ ᠂ ᠭᠠᠴᠠᠭᠠᠨ ᠤ ᠠᠷᠠᠳ ᠤᠨ ᠵᠥᠪᠯᠡᠯ ᠤᠨ ︽ ᠦᠭᠡ ᠬᠡᠯᠡᠬᠦ ᠡᠷᠬᠡ ︾ ᠶᠢ ᠨᠡᠮᠡᠭᠳᠡᠭᠦᠯᠵᠦ᠂ ᠲᠡᠭᠦᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠬᠥᠳᠡᠯᠭᠡᠬᠦ ᠬᠦᠴᠦᠨ ᠨᠡᠮᠡᠷᠢᠯᠡᠨ᠎ᠡ ᠃      ᠶᠢᠰᠦ᠂ ᠠᠷᠭ᠎ᠠ ᠶᠢᠨ ᠭᠤᠣᠯ ᠠᠭᠤᠯᠭ᠎ᠠ      ᠵᠠᠬ᠎ᠠ ᠳᠡᠯᠭᠡᠭᠦᠷ ᠲᠤ ᠣᠷᠣᠬᠤ ᠬᠠᠮᠢᠶᠠᠷᠤᠯᠲᠠ ᠶᠢᠨ ᠠᠷᠭ᠎ᠠ ᠳᠤ ᠨᠡᠶᠢᠲᠡ 7 ᠬᠠᠭᠤᠳᠠᠰᠤ 48 ᠵᠤᠷᠪᠤᠰ ᠪᠣᠶ᠃      ᠨᠢᠭᠡᠳᠦᠭᠡᠷ ᠪᠦᠯᠦᠭ ᠶᠡᠷᠦᠩᠬᠡᠢ ᠳᠦᠷᠢᠮ ᠪᠣᠯᠭᠠᠵᠤ᠂ ᠲᠣᠭᠲᠠᠭᠠᠬᠤ ᠦᠨᠳᠦᠰᠦ ᠪᠠᠷᠢᠮᠲᠠ ᠵᠢᠴᠢ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠪᠠ︽ᠠᠳᠠᠯᠢ ᠡᠷᠬᠡ ᠠᠳᠠᠯᠢ ᠦᠨ᠎ᠡ ᠲᠠᠢ᠂ ᠡᠷᠭᠢᠯᠲᠡ ᠤᠷᠤᠭᠰᠢᠲᠠᠢ᠂ ᠠᠰᠢᠭ ᠣᠷᠣᠯᠭ᠎ᠠ  ᠶᠢ ᠬᠠᠮᠲᠤ ᠪᠠᠷ ᠡᠳ᠋ᠯᠡᠬᠦ︾ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠳᠦᠷᠢᠮ ᠢ ᠰᠦᠪᠡᠭᠴᠢᠯᠡᠨ ᠪᠠᠶᠢᠭᠤᠯᠬᠤ ᠶᠢᠨ ᠲᠥᠯᠥᠭᠡ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ  ᠶᠢ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠠᠴᠠ ︽ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠠᠵᠢᠯ ᠢ ᠭᠦᠨᠵᠡᠭᠡᠶᠢᠷᠡᠭᠦᠯᠬᠦ ᠲᠥᠰᠥᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠠᠵᠢᠯᠯᠠᠭᠠᠨ ᠤ ᠵᠦᠭᠯᠡᠭᠦᠷ︾ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠦᠶᠤᠸᠠᠨ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰ ᠠᠷᠭ᠎ᠠ ᠶᠢ ᠲᠣᠭᠲᠠᠭᠠᠪᠠ ᠃      ᠲᠠᠪᠤᠨ ᠰᠢᠶᠠᠨ ᠰᠢᠶᠠᠨ ᠤ ᠪᠣᠳᠠᠲᠠᠢ ᠬᠠᠷᠢᠶᠠᠯᠠᠬᠤ ᠣᠷᠣᠨ ᠪᠦᠰᠡ ᠶᠢᠨ ᠳᠣᠲᠣᠷ᠎ᠠ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠳᠤ ᠲᠤᠰ ᠠᠷᠭ᠎ᠠ ᠶᠢ ᠬᠡᠷᠡᠭᠯᠡᠨ᠎ᠡ᠃ᠠᠷᠭ᠎ᠠ ᠳᠤ ᠵᠢᠭᠠᠵᠤ ᠪᠠᠶᠢᠭ᠎ᠠ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠭᠡᠳᠡᠭ ᠨᠢ ᠦᠶᠤᠸᠠᠨ ᠰᠢᠶᠠᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 ᠣᠨ ︱ 2035 ᠣᠨ︶᠂ ᠰᠤᠮᠤ ᠪᠠᠯᠭᠠᠰᠤᠨ ᠤ ᠣᠷᠣᠨ ᠵᠠᠢ ᠶᠢᠨ ᠲᠥᠯᠦᠪᠵᠢᠭᠦᠯᠭᠡ᠂ ᠠᠶᠢᠯ ᠲᠣᠰᠬᠤᠨ ᠤ ᠲᠥᠯᠦᠪᠵᠢᠭᠦᠯᠭᠡ᠂ ᠠᠮᠢ ᠠᠬᠤᠢ ᠶᠢᠨ ᠬᠠᠮᠠᠭᠠᠯᠠᠯᠲᠠ ᠶᠢᠨ ᠲᠥᠯᠦᠪᠵᠢᠭᠦᠯᠭᠡ ᠳᠤ ᠲᠣᠭᠲᠠᠭᠠᠭᠰᠠᠨ ᠦᠢᠯᠡᠳᠪᠦᠷᠢ ᠠᠭᠤᠷᠬᠠᠢ ᠶᠢᠨ ᠬᠥᠮᠥᠷᠭᠡᠯᠡᠨ ᠬᠠᠳᠠᠭᠠᠯᠠᠬᠤ ᠳᠤ ᠬᠡᠷᠡᠭᠯᠡᠬᠦ ᠭᠠᠵᠠᠷ᠂ ᠬᠤᠳᠠᠯᠳᠤᠭᠠᠨ ᠤ ᠬᠡᠷᠡᠭᠯᠡᠬᠦ ᠭᠠᠵᠠᠷ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ ᠡᠵᠡᠩᠨᠡᠯᠲᠡ ᠶᠢᠨ ᠴᠢᠨᠠᠷᠲᠠᠢ ᠬᠡᠷᠡᠭᠴᠡᠭᠡ ᠶᠢᠨ ᠬᠠᠮᠲᠤ ᠬᠠᠤᠯᠢ ᠶᠣᠰᠣᠭᠠᠷ ᠳᠠᠩᠰᠠᠯᠠᠭᠤᠯᠤᠭᠰᠠᠨ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠢᠭᠠᠵᠤ ᠪᠣᠶ᠃      ᠲᠣᠰ ᠠᠷᠭ᠎ᠠ ᠳᠤ ᠬᠡᠯᠡᠵᠦ ᠪᠠᠶᠢᠭ᠎ᠠ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠵᠠᠬ᠎ᠠ ᠳᠡᠯᠭᠡᠭᠦᠷ ᠲᠤ ᠣᠷᠣᠭᠤᠯᠬᠤ ᠭᠡᠳᠡᠭ ᠨᠢ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠥᠮᠴᠢᠯᠡᠬᠦ ᠡᠷᠬᠡ ᠶᠢ ᠬᠤᠪᠢᠷᠠᠭᠤᠯᠬᠤ ᠦᠭᠡᠢ ᠤᠷᠢᠲᠠᠯ ᠳᠣᠣᠷ᠎ᠠ᠂ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠬᠦ᠂ ᠬᠠᠩᠰᠢᠯᠠᠨ ᠪᠡᠯᠡ ᠭᠠᠷᠭᠠᠬᠤ ︵ᠬᠤᠪᠢ ᠣᠷᠣᠭᠤᠯᠬᠤ︶᠂ ᠬᠤᠯᠪᠤᠭᠠᠯᠠᠨ ᠡᠵᠡᠩᠨᠡᠬᠦ ᠵᠡᠷᠭᠡ ᠲᠥᠯᠥᠪᠦᠷᠢ ᠲᠠᠢ ᠠᠷᠭ᠎ᠠ ᠮᠠᠶ᠋ᠢᠭ ᠢᠶᠠᠷ ᠭᠠᠵᠠᠷ ᠰᠢᠷᠣᠢ ᠶᠢᠨ ᠵᠠᠬ᠎ᠠ ᠳᠡᠯᠭᠡᠭᠦᠷ ᠲᠤ ᠣᠷᠣᠭᠤᠯᠤᠨ ᠠᠷᠠᠯᠵᠢᠶᠠᠯᠠᠬᠤ ᠠᠵᠢᠯᠯᠠᠭ᠎ᠠ ᠶᠢ ᠵᠢᠭᠠᠵᠤ ᠪᠣᠶ᠃      ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠠᠸᠠᠷ ᠤᠨ ᠣᠷᠣᠨ ᠰᠠᠭᠤᠴᠠ ᠨᠡᠭᠡᠭᠡᠬᠦ ᠳᠤ ᠬᠡᠷᠡᠭᠯᠡᠵᠦ ᠪᠣᠯᠬᠤ ᠦᠭᠡᠢ ᠃       ᠬᠤᠶᠠᠳᠤᠭᠠᠷ ᠪᠦᠯᠦᠭ ᠵᠠᠬ᠎ᠠ ᠳᠡᠯᠭᠡᠭᠦᠷ ᠲᠤ ᠣᠷᠣᠬᠤ ᠪᠡᠶᠡᠴᠢ ᠴᠣᠭᠴᠠ᠂ ᠠᠷᠭ᠎ᠠ ᠵᠠᠮ ᠵᠢᠴᠢ ᠨᠥᠬᠦᠴᠡᠯ ᠢ ᠲᠣᠳᠣᠷᠬᠠᠶᠢᠯᠠᠪᠠ      1 ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠠᠬ᠎ᠠ ᠳᠡᠯᠭᠡᠭᠦᠷ ᠲᠤ ᠣᠷᠣᠬᠤ ᠪᠡᠶᠡᠴᠢ ᠴᠣᠭᠴᠠ ᠪᠣᠯ ᠭᠠᠵᠠᠷ ᠰᠢᠷᠣᠢ ᠶᠢᠨ ᠥᠮᠴᠢᠯᠡᠯ ᠤᠨ ᠡᠷᠬᠡ ᠲᠠᠢ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠤᠶᠤ ᠭᠠᠴᠠᠭᠠᠨ ᠤ ᠠᠷᠠᠳ ᠤᠨ ᠵᠥᠪᠯᠡᠯ ᠪᠣᠯᠣᠨ᠎ᠠ ᠃      2 ᠂ ᠵᠠᠬ᠎ᠠ ᠳᠡᠯᠭᠡᠭᠦᠷ ᠲᠤ ᠣᠷᠣᠬᠤ ᠭᠤᠣᠯ ᠴᠣᠭᠴᠠ ᠶᠢᠨ ᠪᠦᠬᠦ ᠪᠡᠯᠡ ᠶᠢᠨ ᠬᠡᠯᠪᠡᠷᠢ ᠪᠠᠷ ᠪᠠᠶᠢᠭᠤᠯᠤᠭᠰᠠᠨ ᠭᠠᠵᠠᠷ ᠰᠢᠷᠣᠢ ᠶᠢᠨ ᠲᠤᠰᠬᠠᠢ ᠡᠵᠡᠩᠨᠡᠯᠲᠡ ᠶᠢᠨ ᠺᠣᠮᠫᠠᠨᠢ ᠂ ᠭᠠᠵᠠᠷ ᠰᠢᠷᠣᠢ ᠶᠢᠨ ᠬᠤᠪᠢ ᠣᠷᠣᠭᠤᠯᠤᠭᠰᠠᠨ ᠬᠤᠷᠰᠢᠶ᠎ᠠ ᠵᠡᠷᠭᠡ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠭᠠᠵᠠᠷ ᠰᠢᠷᠣᠢ ᠶᠢᠨ ᠲᠤᠰᠬᠠᠢ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠵᠠᠬ᠎ᠠ ᠳᠡᠯᠭᠡᠭᠦᠷ ᠤᠨ ᠬᠠᠤᠯᠢ ᠶᠢᠨ ᠡᠷᠬᠡᠲᠡᠨ ᠂ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠬᠠᠷᠢᠶ᠎ᠠ ᠭᠠᠵᠠᠷ ᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠃ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠪᠢᠴᠢᠭ ᠤᠨ ᠨᠠᠶᠢᠳᠠᠯᠭ᠎ᠠ ᠪᠠᠷ ᠡᠷᠬᠡ ᠣᠯᠭᠤᠪᠠᠯ᠂ ᠡᠷᠬᠡ ᠣᠯᠭᠤᠭᠰᠠᠨ ᠬᠡᠪᠴᠢᠶᠡᠨ ᠳᠣᠲᠣᠷ᠎ᠠ ᠪᠠᠨ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠠᠬ᠎ᠠ ᠳᠡᠯᠭᠡᠭᠦᠷ ᠲᠤ ᠣᠷᠣᠬᠤ ᠵᠦᠢᠯᠡᠰ ᠢ ᠣᠷᠣᠯᠠᠨ ᠬᠡᠷᠡᠭᠵᠢᠭᠦᠯᠵᠦ ᠪᠣᠯᠣᠨ᠎ᠠ ᠃      3 ᠂ ᠬᠠᠤᠯᠢ ᠶᠣᠰᠣᠭᠠᠷ ᠣᠯᠣᠭᠰᠠᠨ᠂ ᠲᠥᠯᠦᠪᠵᠢᠭᠦᠯᠭᠡ ᠳᠤ ᠨᠡᠶᠢᠴᠡᠭᠰᠡᠨ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠨᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠳᠤ ᠬᠡᠷᠡᠭᠰᠡᠬᠦ ᠰᠠᠭᠤᠷᠢ ᠲᠥᠬᠦᠭᠡᠷᠦᠮᠵᠢ ᠵᠡᠷᠭᠡ ᠦᠨᠳᠦᠰᠦᠨ ᠨᠥᠬᠦᠴᠡᠯ ᠢ ᠪᠦᠷᠢᠳᠦᠭᠦᠯᠵᠦ᠂ ᠲᠤᠬᠠᠢ ᠶᠢᠨ ᠭᠠᠵᠠᠷ ᠲᠤᠨᠢ ᠰᠢᠭᠤᠳ ᠬᠡᠷᠡᠭᠯᠡᠬᠦ ᠶᠢ ᠲᠣᠳᠣᠷᠬᠠᠢ ᠲᠣᠭᠲᠠᠭᠠᠭᠰᠠᠨ ᠪᠠᠶᠢᠪᠠᠯ ᠂ ᠲᠤᠬᠠᠢ ᠶᠢᠨ ᠭᠠᠵᠠᠷ ᠲᠤᠨᠢ ᠰᠢᠭᠤᠳ ᠵᠠᠬ᠎ᠠ ᠳᠡᠯᠭᠡᠭᠦᠷ ᠲᠤ ᠣᠷᠣᠭᠤᠯᠵᠤ ᠪᠣᠯᠣᠨ᠎ᠠ ᠃      4. ᠠᠶᠢᠯ ᠲᠣᠰᠬᠤᠨ ᠤ ᠳᠣᠲᠣᠷᠠᠬᠢ ᠬᠡᠰᠡᠭ ᠪᠤᠰᠠᠭ᠂ ᠲᠠᠷᠠᠬᠠᠢ ᠪᠤᠲᠠᠷᠬᠠᠢ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠬᠦ ᠦᠭᠡᠢ᠂ ᠲᠠᠷᠢᠶᠠᠨ ᠭᠠᠵᠠᠷ ᠪᠠ ᠣᠶᠢᠲᠤ ᠭᠠᠵᠠᠷ ᠤᠨ ᠲᠤᠭ᠎ᠠ ᠬᠡᠮᠵᠢᠶ᠎ᠡ ᠶᠢ ᠪᠠᠭᠠᠰᠬᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠳᠤ᠂ ᠶᠠᠰᠤ ᠴᠢᠨᠠᠷ ᠨᠢ ᠳᠡᠭᠡᠭᠰᠢᠯᠡᠭᠰᠡᠨ ᠤᠷᠢᠲᠠᠯ ᠳᠣᠣᠷ᠎ᠠ᠂ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠣᠨᠳᠣᠣ ᠭᠠᠵᠠᠷ ᠲᠤ ᠲᠣᠬᠢᠷᠠᠭᠤᠯᠤᠯᠲᠠ ᠬᠢᠬᠦ ᠲᠥᠰᠥᠯ ᠢ ᠲᠤᠭᠤᠷᠪᠢᠨ ᠲᠣᠭᠲᠠᠭᠠᠬᠤ ᠶᠢᠨ ᠬᠠᠮᠲᠤ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠡᠳ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠤᠷᠢᠳ ᠢᠶᠠᠷ ᠵᠣᠬᠢᠶᠠᠨ ᠪᠠᠶᠢᠭᠤᠯᠵᠤ ᠪᠠᠶᠢᠭᠠᠳ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠳᠠᠬᠢᠨ ᠬᠠᠭᠠᠯᠪᠤᠷᠢᠯᠠᠭᠰᠠᠨ ᠤ ᠳᠠᠷᠠᠭ᠎ᠠ ᠂ ᠲᠤᠰ ᠰᠢᠶᠠᠨ ᠤ ᠬᠠᠷᠢᠶ᠎ᠠ ᠣᠷᠣᠨ ᠤ ᠳᠣᠲᠣᠷᠠᠬᠢ ᠠᠵᠤ ᠦᠢᠯᠡᠰ ᠲᠥᠪᠯᠡᠷᠡᠭᠰᠡᠨ ᠣᠷᠣᠨ ᠪᠤᠶᠤ ᠨᠥᠬᠦᠴᠡᠯ ᠳᠤ ᠨᠡᠶᠢᠴᠡᠬᠦ ᠪᠤᠰᠤᠳ ᠣᠷᠣᠨ ᠪᠦᠰᠡ ᠳᠤ ᠲᠣᠬᠢᠷᠠᠭᠤᠯᠤᠨ ᠵᠠᠬ᠎ᠠ ᠳᠡᠯᠭᠡᠭᠦᠷ ᠲᠤ ᠣᠷᠣᠭᠤᠯᠵᠤ ᠪᠣᠯᠣᠨ᠎ᠠ ᠃      5 ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠤᠬᠠᠢ ᠶᠢᠨ ᠭᠠᠵᠠᠷ ᠲᠤᠨᠢ ᠵᠠᠬ᠎ᠠ ᠳᠡᠯᠭᠡᠭᠦᠷ ᠲᠤ ᠣᠷᠣᠭᠤᠯᠬᠤ ᠳᠤ ᠳᠣᠣᠷᠠᠬᠢ ᠨᠥᠬᠦᠴᠡᠯ ᠤᠳ ᠲᠤ ᠨᠡᠶᠢᠴᠡᠭᠰᠡᠨ ᠪᠠᠶᠢᠬᠤ ᠬᠡᠷᠡᠭᠲᠡᠢ ᠄      ︵ᠨᠢᠭᠡ︶ ᠦᠶᠤᠸᠠᠨ ᠰᠢᠶᠠᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 ᠣᠨ ︱ 2035 ᠣᠨ︶ ᠪᠤᠶᠤ ᠰᠢᠶᠠᠩ ᠪᠠᠯᠭᠠᠰᠤ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠪᠤᠶᠤ ᠠᠶᠢᠯ ᠲᠣᠰᠬᠤᠨ ᠤ ᠲᠥᠯᠦᠪᠵᠢᠭᠦᠯᠭᠡ᠂ ᠬᠠᠮᠢᠶ᠎ᠠ ᠪᠦᠬᠦᠢ ᠠᠵᠤ ᠦᠢᠯᠡᠰ ᠤᠨ ᠲᠥᠯᠦᠪᠵᠢᠭᠦᠯᠭᠡ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ᠃       ︵ ᠬᠤᠶᠠᠷ ︶ ᠬᠠᠮᠲᠤ ᠶᠢᠨ ᠥᠮᠴᠢᠯᠡᠯ ᠤᠨ ᠭᠠᠵᠠᠷ ᠰᠢᠷᠣᠢ ᠶᠢᠨ ᠡᠷᠬᠡ ᠶᠢᠨ ᠬᠠᠷᠢᠶᠠᠯᠠᠯ ᠪᠤᠶᠤ ᠬᠠᠮᠲᠤ ᠶᠢᠨ ᠥᠮᠴᠢᠯᠡᠯ ᠤᠨ ᠭᠠᠵᠠᠷ ᠰᠢᠷᠣᠢ ᠶᠢ ᠬᠡᠷᠡᠭᠯᠡᠬᠦ ᠡᠷᠬᠡ ᠶᠢᠨ ᠦᠨᠡᠮᠯᠡᠯ ᠢ ᠬᠠᠤᠯᠢ ᠶᠣᠰᠣᠭᠠᠷ ᠣᠯᠣᠭᠰᠠᠨ᠃      ︵ ᠭᠤᠷᠪᠠ ︶ ᠭᠠᠵᠠᠷ ᠳᠡᠭᠡᠷᠡᠬᠢ ᠪᠠᠷᠢᠯᠭ᠎ᠠ ᠂ ᠪᠠᠷᠢᠯᠭ᠎ᠠ ᠶᠢᠨ ᠵᠦᠢᠯ ᠵᠢᠴᠢ ᠪᠤᠰᠤᠳ ᠳᠠᠭᠠᠯᠲᠠ ᠪᠣᠳᠠᠰ ᠢ ᠨᠢᠭᠡᠨᠲᠡ ᠨᠥᠬᠦᠪᠦᠷᠢᠯᠡᠵᠦ ᠳᠠᠭᠤᠰᠤᠭᠰᠠᠨ᠂ ᠡᠰᠡᠬᠦᠯ᠎ᠡ ᠥᠮᠴᠢᠯᠡᠯ ᠤᠨ ᠡᠷᠬᠡᠲᠦ ᠬᠥᠮᠥᠨ ᠤ ᠪᠢᠴᠢᠭ ᠤᠨ ᠵᠥᠪᠰᠢᠶᠡᠷᠡᠯ ᠢᠶᠠᠷ ᠭᠠᠵᠠᠷ ᠰᠢᠷᠣᠢ ᠲᠠᠢ ᠬᠠᠮᠲᠤ ᠵᠠᠬ᠎ᠠ ᠳᠡᠯᠭᠡᠭᠦᠷ ᠲᠤ ᠣᠷᠣᠬᠤ᠃       ︵ ᠳᠥᠷᠪᠡ ︶ ᠭᠠᠵᠠᠷ ᠰᠢᠷᠣᠢ ᠶᠢᠨ ᠡᠷᠬᠡ ᠶᠢ ᠬᠠᠤᠯᠢ ᠴᠠᠭᠠᠵᠠ ᠶᠢᠨ ᠪᠠᠶᠢᠭᠤᠯᠭ᠎ᠠ ᠂ ᠵᠠᠰᠠᠭ ᠵᠠᠬᠢᠷᠭᠠᠨ ᠤ ᠪᠠᠶᠢᠭᠤᠯᠭ᠎ᠠ ᠳᠤ ᠦᠯᠦ ᠬᠢᠵᠠᠭᠠᠷᠯᠠᠭᠳᠠᠭᠰᠠᠨ᠃      ︵ᠲᠠᠪᠤ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ᠃      6. ᠲᠣᠬᠢᠷᠠᠭᠤᠯᠤᠯᠲᠠ ᠬᠢᠬᠦ ᠠᠷᠭ᠎ᠠ ᠵᠠᠮ ᠢᠶᠠᠷ ᠵᠠᠬ᠎ᠠ ᠳᠡᠯᠭᠡᠭᠦᠷ ᠲᠤ ᠣᠷᠣᠬᠤ ᠳᠤ᠂ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄      ︵ᠨᠢᠭᠡ︶ ᠲᠣᠬᠢᠷᠠᠭᠤᠯᠤᠯᠲᠠ ᠬᠢᠬᠦ ᠴᠢᠬᠤᠯᠠᠲᠠᠢ ᠭᠠᠵᠠᠷ ᠰᠢᠷᠣᠢ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠭᠠᠵᠠᠷ ᠰᠢᠷᠣᠢ ᠶᠢᠨ ᠠᠰᠢᠭᠯᠠᠯᠲᠠ ᠶᠢᠨ ᠣᠳᠣᠬᠢ ᠪᠠᠶᠢᠳᠠᠯ ᠤᠨ ᠵᠢᠷᠤᠭ ᠲᠠᠬᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ᠎ᠠ᠃      ︵ᠬᠤᠶᠠᠷ︶ ᠲᠣᠬᠢᠷᠠᠭᠤᠯᠬᠤ ᠴᠢᠬᠤᠯᠠᠲᠠᠢ ᠬᠡᠰᠡᠭ ᠭᠠᠵᠠᠷ ᠨᠢ ᠠᠶᠢᠯ ᠲᠣᠰᠬᠤᠨ ᠤ ᠬᠡᠪᠴᠢᠶᠡᠨ ᠳᠤ ᠪᠠᠶᠢᠬᠤ ᠮᠥᠷᠲᠡᠭᠡᠨ ᠪᠠᠶᠢᠷᠢᠰᠢᠭᠤᠯᠤᠯᠲᠠ ᠨᠢ ᠬᠡᠰᠡᠭ ᠪᠤᠰᠠᠭ᠂ ᠲᠠᠷᠠᠬᠠᠢ ᠪᠤᠲᠠᠷᠬᠠᠢ ᠪᠠᠶᠢᠬᠤ᠃       ︵ ᠭᠤᠷᠪᠠ ︶ ᠭᠠᠵᠠᠷ ᠰᠢᠷᠣᠢ ᠶᠢᠨ ᠡᠷᠬᠡ ᠶᠢᠨ ᠬᠠᠷᠢᠶᠠᠯᠠᠯ ᠨᠢ ᠲᠣᠳᠣᠷᠬᠠᠢ ᠪᠥᠭᠡᠳ ᠮᠠᠷᠭᠤᠭᠠᠨ ᠦᠭᠡᠢ ᠪᠠᠶᠢᠬᠤ᠃       ︵ ᠳᠥᠷᠪᠡ ︶ ᠭᠠᠵᠠᠷ ᠳᠡᠭᠡᠷᠡᠬᠢ ᠪᠠᠷᠢᠯᠭ᠎ᠠ᠂ ᠪᠠᠷᠢᠯᠭ᠎ᠠ ᠶᠢᠨ ᠵᠦᠢᠯ ᠵᠢᠴᠢ ᠪᠤᠰᠤᠳ ᠳᠠᠭᠠᠯᠲᠠ ᠪᠣᠳᠠᠰ ᠢ ᠨᠢᠭᠡᠨᠲᠡ ᠨᠥᠬᠦᠪᠦᠷᠢᠯᠡᠵᠦ ᠳᠠᠭᠤᠰᠤᠭᠰᠠᠨ᠃       ︵ᠲᠠᠪᠤ︶ ᠲᠣᠬᠢᠷᠠᠭᠤᠯᠤᠯᠲᠠ ᠬᠢᠬᠦ ᠴᠢᠬᠤᠯᠠᠲᠠᠢ ᠭᠠᠵᠠᠷ ᠢ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠳᠠᠬᠢᠨ ᠬᠠᠭᠠᠯᠪᠤᠷᠢᠯᠠᠬᠤ ᠬᠡᠷᠡᠭᠲᠡᠢ ᠮᠥᠷᠲᠡᠭᠡᠨ ᠳᠠᠬᠢᠨ ᠬᠠᠭᠠᠯᠪᠤᠷᠢᠯᠠᠭᠰᠠᠨ ᠤ ᠳᠠᠷᠠᠭᠠᠬᠢ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠠᠯᠠᠪᠠᠶ ᠨᠢ ᠵᠠᠬ᠎ᠠ ᠳᠡᠯᠭᠡᠭᠦᠷ ᠲᠤ ᠣᠷᠣᠬᠤ ᠪᠠᠷ ᠪᠠᠶᠢᠭ᠎ᠠ ᠭᠠᠵᠠᠷ ᠤᠨ ᠲᠠᠯᠠᠪᠠᠶ  ᠠᠴᠠ ᠪᠠᠭ᠎ᠠ ᠪᠠᠶᠢᠵᠤ ᠪᠣᠯᠬᠤ ᠦᠭᠡᠢ᠃ ᠲᠣᠬᠢᠷᠠᠭᠤᠯᠤᠯᠲᠠ ᠬᠢᠬᠦ ᠳᠡᠭᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ᠬᠤᠯᠪᠣᠭᠳᠠᠭᠰᠠᠨ ᠪᠠᠶᠢᠪᠠᠯ᠂ ᠰᠡᠷᠭᠦᠭᠡᠨ ᠬᠠᠭᠠᠯᠪᠤᠷᠢᠯᠠᠭᠰᠠᠨ ᠲᠠᠷᠢᠶᠠᠨ ᠭᠠᠵᠠᠷ ᠤᠨ ᠲᠠᠯᠠᠪᠠᠶ ᠨᠢ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠲᠠᠯᠠᠪᠠᠶ  ᠠᠴᠠ ᠪᠠᠭ᠎ᠠ ᠪᠠᠶᠢᠵᠤ ᠪᠣᠯᠬᠤ ᠦᠭᠡᠢ ᠮᠥᠷᠲᠡᠭᠡᠨ ᠶᠠᠰᠤ ᠴᠢᠨᠠᠷ ᠨᠢ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠶᠠᠰᠤ ᠴᠢᠨᠠᠷ  ᠠᠴᠠ ᠳᠣᠣᠷ᠎ᠠ ᠪᠠᠶᠢᠵᠤ ᠪᠣᠯᠬᠤ ᠦᠭᠡᠢ᠃       ︵ᠵᠢᠷᠭᠤᠭ᠎ᠠ︶ ᠵᠠᠬ᠎ᠠ ᠳᠡᠯᠭᠡᠭᠦᠷ ᠲᠤ ᠣᠷᠣᠬᠤ ᠪᠠᠷ ᠪᠠᠶᠢᠭ᠎ᠠ ᠭᠠᠵᠠᠷ ᠰᠢᠷᠣᠢ ᠨᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠲᠤ ᠬᠠᠷᠢᠶᠠᠯᠠᠭᠳᠠᠬᠤ ᠦᠭᠡᠢ ᠮᠥᠷᠲᠡᠭᠡᠨ ᠦᠶᠤᠸᠠᠨ ᠰᠢᠶᠠᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 ᠣᠨ ︱ 2035 ᠣᠨ︶ ᠳᠤ ᠵᠠᠭᠠᠭᠯᠠᠨ ᠲᠣᠭᠲᠠᠭᠠᠭᠰᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠰᠤᠮᠤ ᠪᠠᠯᠭᠠᠰᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵ᠬᠤᠲᠠ ᠬᠥᠳᠡᠭᠡ ᠶᠢᠨ ᠲᠥᠯᠦᠪᠵᠢᠭᠦᠯᠭᠡ︶ ᠪᠤᠶᠤ ᠠᠶᠢᠯ ᠲᠣᠰᠬᠤᠨ ᠤ ᠲᠥᠯᠦᠪᠵᠢᠭᠦᠯᠭᠡ ᠳᠤ ᠲᠣᠭᠲᠠᠭᠠᠭᠰᠠᠨ ᠦᠢᠯᠡᠳᠪᠦᠷᠢ ᠠᠭᠤᠷᠬᠠᠢ ᠶᠢᠨ ᠬᠥᠮᠥᠷᠭᠡᠯᠡᠯᠲᠡ᠂ ᠬᠤᠳᠠᠯᠳᠤᠭᠠᠨ ᠤ ᠬᠤᠪᠴᠠᠰᠤ᠂ ᠲᠦᠷᠢᠶᠡᠰᠦᠯᠡᠯ ᠤᠨ ᠴᠢᠨᠠᠷᠲᠠᠢ ᠣᠷᠣᠨ ᠰᠠᠭᠤᠴᠠ ᠵᠡᠷᠭᠡ ᠡᠵᠡᠩᠨᠡᠯᠲᠡ ᠶᠢᠨ ᠴᠢᠨᠠᠷᠲᠠᠢ ᠬᠡᠷᠡᠭᠴᠡᠭᠡ ᠲᠠᠢ ᠬᠥᠳᠡᠭᠡ ᠲᠣᠰᠬᠤᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ︔      ︵ᠳᠣᠯᠤᠭ᠎ᠠ︶ ᠵᠠᠬ᠎ᠠ ᠳᠡᠯᠭᠡᠭᠦᠷ ᠲᠤ ᠣᠷᠣᠭᠤᠯᠬᠤ ᠪᠠᠷ ᠪᠠᠶᠢᠭ᠎ᠠ ᠭᠠᠵᠠᠷ ᠰᠢᠷᠣᠢ ᠳᠤ ᠲᠣᠬᠢᠷᠠᠭᠤᠯᠤᠯᠲᠠ ᠬᠢᠵᠦ ᠳᠠᠭᠤᠰᠤᠭᠰᠠᠨ ᠤ ᠳᠠᠷᠠᠭ᠎ᠠ᠂ ᠡᠷᠬᠡᠪᠰᠢ ᠲᠣᠰ ᠠᠷᠭ᠎ᠠ ᠶᠢᠨ ᠠᠷᠪᠠᠨ ᠬᠤᠶᠠᠳᠤᠭᠠᠷ ᠵᠦᠢᠯ ᠤᠨ ︵ᠨᠢᠭᠡ︶ ᠳ᠋ᠦᠭᠡᠷ ᠵᠤᠷᠪᠤᠰ ᠵᠢᠴᠢ ︵ᠳᠥᠷᠪᠡ︶ ᠳ᠋ᠦᠭᠡᠷ ᠵᠤᠷᠪᠤᠰ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ︔      ︵ᠨᠠᠢᠮᠠ︶ ᠲᠣᠬᠢᠷᠠᠭᠤᠯᠤᠯᠲᠠ ᠬᠢᠵᠦ ᠳᠠᠭᠤᠰᠤᠭᠰᠠᠨ ᠤ ᠳᠠᠷᠠᠭᠠᠬᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠠᠯᠠᠪᠠᠶ ᠶᠢᠨ ᠶᠡᠷᠦᠩᠬᠡᠢ ᠬᠡᠮᠵᠢᠶ᠎ᠡ  ᠨᠢ ᠲᠣᠬᠢᠷᠠᠭᠤᠯᠤᠯᠲᠠ ᠬᠢᠬᠦ ᠠᠴᠠ ᠡᠮᠦᠨᠡᠬᠢ ᠠᠴᠠ ᠶᠡᠭᠡ ᠪᠠᠶᠢᠵᠤ ᠪᠣᠯᠬᠤ ᠦᠭᠡᠢ︔      ︵ᠶᠢᠰᠦ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠃      7᠂ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠬᠤ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠵᠤ ᠪᠣᠯᠬᠤ ᠦᠭᠡᠢ᠃      ︵ ᠨᠢᠭᠡ ︶ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠂ ᠭᠡᠪᠡᠴᠦ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃       ︵ ᠬᠤᠶᠠᠷ ︶ ᠭᠠᠵᠠᠷ ᠰᠢᠷᠣᠢ ᠶᠢᠨ ᠡᠷᠬᠡ ᠶᠢᠨ ᠬᠠᠷᠢᠶᠠᠯᠠᠯ ᠨᠢ ᠮᠠᠷᠭᠤᠯᠳᠤᠭᠠᠨ ᠲᠠᠢ ᠪᠠᠶᠢᠬᠤ᠃       ︵ ᠭᠤᠷᠪᠠ︶  ᠬᠠᠤᠯᠢ ᠴᠠᠭᠠᠵᠠ ᠶᠢᠨ ᠪᠠᠶᠢᠭᠤᠯᠭ᠎ᠠ ᠪᠠ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠭᠠᠵᠠᠷ ᠰᠢᠷᠣᠢ ᠶᠢᠨ ᠡᠷᠬᠡ ᠶᠢ ᠪᠠᠶᠢᠴᠠᠭᠠᠨ ᠪᠢᠲᠡᠭᠦᠮᠵᠢᠯᠡᠬᠦ ᠪᠠᠷ ᠬᠠᠤᠯᠢ ᠶᠣᠰᠣᠭᠠᠷ ᠲᠣᠭᠲᠠᠭᠠᠯᠲᠠ ᠭᠠᠷᠭᠠᠭᠰᠠᠨ ᠂ ᠲᠣᠭᠲᠠᠭᠠᠭᠰᠠᠨ ᠪᠤᠶᠤ ᠪᠤᠰᠤᠳ ᠬᠡᠯᠪᠡᠷᠢ ᠪᠠᠷ ᠬᠢᠵᠠᠭᠠᠷᠯᠠᠭᠰᠠᠨ᠃       ( ᠲᠤᠶᠢᠷᠪᠡ ) ᠪᠠᠷᠢᠴᠠᠭᠠᠯᠠᠬᠤ ᠳᠠᠩᠰᠠᠯᠠᠯᠲᠠ ᠬᠢᠯᠭᠡᠭᠰᠡᠨ ᠪᠣᠯᠪᠠᠴᠤ ᠪᠡᠷᠢᠴᠠᠭᠠᠨ ᠤ ᠡᠷᠬᠡᠲᠦ ᠬᠥᠮᠥᠨ ᠤ ᠪᠢᠴᠢᠭ ᠤᠨ ᠵᠥᠪᠰᠢᠶᠡᠷᠡᠯ ᠢ ᠡᠰᠡ ᠣᠯᠣᠭᠰᠠᠨ᠃       ︵ ᠲᠠᠪᠤ ︶ ᠭᠠᠵᠠᠷ ᠳᠡᠭᠡᠷᠡᠬᠢ ᠪᠠᠷᠢᠯᠭ᠎ᠠ ᠂ ᠪᠠᠷᠢᠯᠭ᠎ᠠ ᠶᠢᠨ ᠵᠦᠢᠯ ᠵᠢᠴᠢ ᠪᠤᠰᠤᠳ ᠳᠠᠭᠠᠯᠲᠠ ᠪᠣᠳᠠᠰ ᠤᠨ ᠡᠷᠬᠡ ᠶᠢᠨ ᠬᠠᠷᠢᠶᠠᠯᠠᠯ ᠤᠨ ᠵᠢᠭᠤᠷᠠᠯᠳᠤᠭᠠᠨ ᠲᠠᠢ ᠪᠠᠶᠢᠵᠤ ᠬᠥᠳᠡᠭᠡ ᠲᠣᠰᠬᠤᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠠᠬ᠎ᠠ ᠳᠡᠯᠭᠡᠭᠦᠷ ᠲᠤ ᠣᠷᠣᠬᠤ ᠶᠢ ᠨᠥᠯᠥᠭᠡᠯᠡᠭᠰᠡᠨ᠃       ( ᠵᠢᠷᠭᠤᠭ᠎ᠠ ) ᠭᠠᠵᠠᠷ ᠰᠢᠷᠣᠢ ᠶᠢ ᠬᠡᠷᠡᠭᠯᠡᠬᠦ ᠨᠥᠬᠦᠴᠡᠯ ᠢ ᠲᠣᠳᠣᠷᠬᠠᠢ ᠲᠣᠭᠲᠠᠭᠠᠭᠰᠠᠨ ᠤᠶᠢᠭᠡᠢ᠃       ︵ ᠲᠤᠯᠤᠭ᠎ᠠ ︶ ᠬᠠᠤᠯᠢ ᠴᠠᠭᠠᠵᠠ ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠤᠳ᠃      ᠭᠤᠷᠪᠠᠳᠤᠭᠠᠷ ᠪᠦᠯᠦᠭ ᠪᠣᠯ ᠵᠠᠬ᠎ᠠ ᠳᠡᠯᠭᠡᠭᠦᠷ ᠲᠤ ᠣᠷᠣᠬᠤ ᠠᠷᠭ᠎ᠠ ᠮᠠᠶ᠋ᠢᠭ ᠵᠢᠴᠢ ᠵᠠᠬ᠎ᠠ ᠳᠡᠯᠭᠡᠭᠦᠷ ᠲᠤ ᠣᠷᠣᠬᠤ ᠵᠢᠷᠤᠮ ᠢ ᠲᠣᠳᠣᠷᠬᠠᠶᠢᠯᠠᠪᠠ      1 ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠤᠳᠠᠯᠳ᠋᠊ ‍ᠤᠬᠤ ᠂ ᠲᠦᠷᠢᠶᠡᠰᠦᠯᠡᠭᠦᠯᠬᠦ᠂ ᠬᠠᠩᠰᠢᠯᠠᠨ ᠪᠡᠯᠡ ᠭᠠᠷᠭᠠᠬᠤ ︵ ᠬᠤᠪᠢ ᠣᠷᠣᠭᠤᠯᠬᠤ ︶ ᠂ ᠬᠤᠯᠪᠤᠭᠠᠯᠠᠨ ᠡᠵᠡᠩᠨᠡᠬᠦ ᠵᠡᠷᠭᠡ ᠲᠥᠯᠥᠪᠦᠷᠢ ᠲᠠᠢ ᠪᠠᠷ ᠬᠡᠷᠡᠭᠯᠡᠬᠦ ᠠᠷᠭ᠎ᠠ ᠮᠠᠶ᠋ᠢᠭ ᠢᠶᠠᠷ ᠵᠠᠬ᠎ᠠ ᠳᠡᠯᠭᠡᠭᠦᠷ ᠲᠤ ᠣᠷᠣᠭᠤᠯᠵᠤ ᠪᠣᠯᠣᠨ᠎ᠠ ᠃      2 ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠂ ᠲᠦᠷᠢᠶᠡᠰᠦᠯᠡᠭᠦᠯᠬᠦ ᠪᠠ ᠦᠨ᠎ᠡ ᠲᠣᠭᠲᠠᠭᠠᠨ ᠪᠡᠯᠡ ᠭᠠᠷᠭᠠᠬᠤ ︵ ᠬᠤᠪᠢ ᠣᠷᠣᠭᠤᠯᠬᠤ ︶ ᠂ ᠬᠤᠯᠪᠤᠭᠠᠯᠠᠨ ᠡᠵᠡᠩᠨᠡᠬᠦ ᠳᠡᠭᠡᠨ ᠳᠠᠭᠠᠭᠠᠴᠢᠯᠠᠯᠲᠠ ᠵᠠᠷᠯᠠᠬᠤ ᠂ ᠦᠨ᠎ᠡ ᠬᠠᠶᠠᠨ ᠬᠤᠳᠠᠯᠳᠤᠬᠤ ᠪᠤᠶᠤ ᠫᠠᠶᠢᠰᠠ ᠡᠯᠭᠦᠬᠦ ᠠᠷᠭ᠎ᠠ ᠮᠠᠶ᠋ᠢᠭ ᠢᠶᠠᠷ ᠢᠯᠡ ᠪᠠᠷ ᠠᠷᠠᠯᠵᠢᠶᠠᠯᠠᠵᠤ ᠭᠠᠵᠠᠷ ᠰᠢᠷᠣᠢ ᠶᠢᠨ ᠬᠡᠷᠡᠭᠯᠡᠬᠦ ᠡᠷᠬᠡᠲᠦ ᠬᠥᠮᠥᠨ ᠢ ᠲᠣᠭᠲᠠᠭᠠᠬᠤ ᠬᠡᠷᠡᠭᠲᠡᠢ ᠃      3 ᠂ ᠢᠯᠡ ᠪᠠᠷ ᠵᠠᠬ᠎ᠠ ᠳᠡᠯᠭᠡᠭᠦᠷ ᠲᠤ ᠣᠷᠣᠵᠤ ᠠᠷᠠᠯᠵᠢᠶᠠᠯᠠᠭᠰᠠᠨ ᠦᠭᠡᠢ ᠪᠤᠶᠤ ᠵᠥᠪᠰᠢᠶᠡᠷᠡᠭᠦᠯᠦᠭᠰᠡᠨ ᠦᠭᠡᠢ ᠪᠠᠷ ᠬᠡᠯᠡᠯᠴᠡᠭᠡᠷ ᠤᠨ ᠠᠷᠭ᠎ᠠ ᠮᠠᠶ᠋ᠢᠭ ᠢᠶᠠᠷ ᠵᠠᠬ᠎ᠠ ᠳᠡᠯᠭᠡᠭᠦᠷ ᠲᠤ ᠣᠷᠣᠵᠤ ᠠᠷᠠᠯᠵᠢᠶᠠᠯᠠᠭᠰᠠᠨ ᠪᠠᠶᠢᠪᠠᠯ ᠂ ᠲᠠᠷᠢᠶᠠᠴᠢᠳ ᠤᠨ ᠬᠠᠮᠲᠤ ᠨᠡᠶᠢᠳᠡ ᠪᠣᠯᠣᠨ ᠭᠠᠵᠠᠷ ᠬᠡᠷᠡᠭᠯᠡᠭᠴᠢ ᠳᠠᠯᠳᠠᠭᠤᠷ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠭᠦᠯᠬᠦ ᠭᠡᠷ᠎ᠡ ᠲᠣᠭᠲᠠᠭᠠᠬᠤ ᠪᠤᠶᠤ ᠦᠨ᠎ᠡ ᠲᠣᠭᠲᠠᠭᠠᠨ ᠪᠡᠯᠡ ᠭᠠᠷᠭᠠᠬᠤ ︵ ᠬᠤᠪᠢ ᠣᠷᠣᠭᠤᠯᠬᠤ ︶ ᠂ ᠬᠠᠮᠲᠤᠷᠠᠨ ᠡᠵᠡᠩᠨᠡᠬᠦ ᠬᠡᠯᠡᠯᠴᠡᠭᠡᠷ ᠲᠣᠭᠲᠠᠭᠠᠵᠤ ᠪᠣᠯᠬᠤ ᠦᠭᠡᠢ ᠃      4᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠢᠯᠡ ᠪᠠᠷ ᠠᠷᠠᠯᠵᠢᠶᠠᠯᠠᠬᠤ ᠶᠢ ᠳᠣᠣᠷᠠᠬᠢ ᠵᠢᠷᠤᠮ ᠢᠶᠠᠷ ᠶᠠᠪᠤᠭᠳᠠᠭᠤᠯᠤᠨ᠎ᠠ᠃       ᠨᠢᠭᠡ ᠳᠤ ᠂ ᠵᠠᠬ᠎ᠠ ᠳᠡᠯᠭᠡᠭᠦᠷ ᠲᠤ ᠣᠷᠣᠬᠤ ᠭᠤᠣᠯ ᠴᠣᠭᠴᠠ ᠶᠢᠨ ᠭᠤᠶᠤᠴᠢᠯᠠᠯ᠃ ᠬᠤᠶᠠᠷ ᠲᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠬᠢᠨᠠᠨ ᠪᠠᠶᠢᠴᠠᠭᠠᠨ᠎ᠠ ᠂ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠠᠩᠬ᠎ᠠ ᠬᠢᠨᠠᠭᠰᠠᠨ ᠰᠠᠨᠠᠯ ᠢ ᠦᠨᠳᠦᠰᠦᠯᠡᠨ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ᠂ ᠬᠤᠳᠠ ᠳᠤ ᠣᠷᠣᠬᠤ ᠭᠡᠵᠦ ᠪᠠᠶᠢᠭ᠎ᠠ ᠬᠡᠰᠡᠭ ᠭᠠᠵᠠᠷ ᠨᠢ ᠬᠤᠳᠠ ᠳᠤ ᠣᠷᠣᠬᠤ ᠨᠥᠬᠦᠴᠡᠯ ᠳᠤ ᠨᠡᠶᠢᠴᠡᠬᠦ ᠡᠰᠡᠬᠦ ᠶᠢ ᠬᠢᠨᠠᠨ ᠪᠠᠶᠢᠴᠠᠭᠠᠨ᠎ᠠ᠃ ᠭᠤᠷᠪᠠ ᠳᠤ᠂ ᠵᠠᠬ᠎ᠠ ᠳᠡᠯᠭᠡᠭᠦᠷ ᠲᠤ ᠣᠷᠣᠬᠤ ᠭᠤᠣᠯ ᠴᠣᠭᠴᠠ ᠠᠴᠠ ᠭᠠᠵᠠᠷ ᠤᠨ ᠦᠨ᠎ᠡ ᠶᠢ ᠦᠨᠡᠯᠡᠨ ᠵᠢᠱᠢᠬᠦ ᠵᠢᠴᠢ ᠵᠠᠬ᠎ᠠ ᠳᠡᠯᠭᠡᠭᠦᠷ ᠲᠤ ᠣᠷᠣᠬᠤ ᠲᠥᠰᠥᠯ ᠢ ᠲᠤᠭᠤᠷᠪᠢᠨ ᠲᠣᠭᠲᠠᠭᠠᠵᠤ᠂ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ  ᠨᠢ ᠵᠠᠬ᠎ᠠ ᠳᠡᠯᠭᠡᠭᠦᠷ ᠲᠤ ᠣᠷᠣᠬᠤ ᠭᠤᠣᠯ ᠴᠣᠭᠴᠠ ᠶᠢᠨ ᠰᠠᠭᠤᠷᠢᠨ ᠭᠠᠵᠠᠷ ᠤᠨ ᠬᠡᠰᠡᠭ ᠲᠠᠢ ᠬᠠᠮᠲᠤᠷᠠᠨ ᠦᠨ᠎ᠡ ᠬᠠᠩᠰᠢ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠵᠡᠷᠭᠡ ᠬᠦᠴᠦᠨ ᠵᠦᠢᠯ ᠢ ᠦᠨᠡᠯᠡᠨ ᠵᠢᠱᠢᠵᠦ᠂ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ ᠬᠠᠮᠤᠭ ᠤᠨ ᠳᠣᠣᠷ᠎ᠠ ᠦᠨ᠎ᠡ ᠶᠢ ᠲᠣᠭᠲᠠᠭᠠᠬᠤ ᠶᠢᠨ ᠬᠠᠮᠲᠤ ᠨᠢᠭᠤᠴᠠ ᠶᠢ ᠬᠠᠮᠠᠭᠠᠯᠠᠵᠤ᠂ ᠬᠠᠮᠤᠭ ᠤᠨ ᠳᠣᠣᠷ᠎ᠠ ᠦᠨ᠎ᠡ ᠶᠢ ᠵᠠᠬ᠎ᠠ ᠳᠡᠯᠭᠡᠭᠦᠷ ᠲᠤ ᠣᠷᠣᠭᠤᠯᠬᠤ ᠥᠪᠡᠷ ᠤᠨ ᠥᠷᠲᠡᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠰᠢᠯᠵᠢᠭᠦᠯᠦᠨ ᠬᠤᠳᠠᠯᠳᠤᠬᠤ ᠬᠡᠰᠡᠭ ᠭᠠᠵᠠᠷ ᠤᠨ ᠪᠠᠶᠢᠭ᠎ᠠ ᠣᠷᠣᠨ ᠪᠦᠰᠡ ᠶᠢᠨ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢᠨ 70% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠤᠯᠤᠰ  ᠠᠴᠠ ᠲᠣᠭᠲᠠᠭᠠᠭᠰᠠᠨ ᠵᠣᠬᠢᠴᠠᠩᠭᠤᠢ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠤᠳᠠᠯᠳᠤᠬᠤ ᠬᠠᠮᠤᠭ ᠤᠨ ᠳᠣᠣᠷ᠎ᠠ ᠦᠨ᠎ᠡ ᠶᠢᠨ ᠪᠠᠷᠢᠮᠵᠢᠶ᠎ᠠ  ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠬᠠᠮᠤᠭ ᠤᠨ ᠡᠴᠦᠰ ᠤᠨ ᠮᠡᠳᠡᠭᠦᠯᠦᠭᠰᠡᠨ ᠦᠨ᠎ᠡ ᠨᠢ ᠬᠠᠮᠤᠭ ᠤᠨ ᠳᠣᠣᠷ᠎ᠠ ᠦᠨ᠎ᠡ ᠠᠴᠠ ᠳᠣᠣᠷ᠎ᠠ ᠪᠠᠶᠢᠪᠠᠯ᠂ ᠠᠷᠠᠯᠵᠢᠶ᠎ᠠ ᠪᠦᠲᠦᠵᠦ ᠪᠣᠯᠬᠤ ᠦᠭᠡᠢ᠃ ᠳᠥᠷᠪᠡ ᠳᠤ᠂ ᠵᠠᠬ᠎ᠠ ᠳᠡᠯᠭᠡᠭᠦᠷ ᠲᠤ ᠣᠷᠣᠬᠤ ᠲᠥᠰᠥᠯ ᠢ ᠪᠠᠲᠤᠯᠠᠨ᠎ᠠ ᠂ ᠵᠠᠬ᠎ᠠ ᠳᠡᠯᠭᠡᠭᠦᠷ ᠲᠤ ᠣᠷᠣᠬᠤ ᠲᠥᠰᠥᠯ ᠢ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠪᠦᠷᠢᠯᠳᠦᠭᠦᠨ ᠪᠤᠶᠤ ᠭᠠᠴᠠᠭᠠᠨ ᠤ ᠠᠷᠠᠳ ᠤᠨ ᠲᠥᠯᠥᠭᠡᠯᠡᠭᠴᠢᠳ ᠢᠶᠠᠷ ᠪᠠᠲᠤᠯᠠᠭᠤᠯᠬᠤ ᠶᠢᠨ ᠬᠠᠮᠲᠤ ᠵᠢᠩᠬᠢᠨᠢ ᠪᠠᠲᠤᠯᠠᠯᠲᠠ ᠶᠢᠨ ᠮᠠᠲ᠋ᠧᠷᠢᠶᠠᠯ ᠪᠣᠯᠭᠠᠬᠤ ᠬᠡᠷᠡᠭᠲᠡᠢ᠃ ᠲᠠᠪᠤ ᠳᠤ᠂ ᠵᠠᠬ᠎ᠠ ᠳᠡᠯᠭᠡᠭᠦᠷ ᠲᠤ ᠣᠷᠣᠬᠤ ᠲᠥᠰᠥᠯ ᠢ ᠬᠢᠨᠠᠨ ᠬᠠᠷᠭᠤᠭᠤᠯᠤᠨ᠎ᠠ᠂ ᠵᠠᠬ᠎ᠠ ᠳᠡᠯᠭᠡᠭᠦᠷ ᠲᠤ ᠣᠷᠣᠬᠤ ᠲᠥᠰᠥᠯ ᠢ ᠪᠠᠲᠤᠯᠠᠭᠰᠠᠨ ᠤ ᠲᠠᠷᠠᠭ᠎ᠠ ᠂ ᠵᠠᠬ᠎ᠠ ᠳᠡᠯᠭᠡᠭᠦᠷ ᠲᠤ ᠣᠷᠣᠬᠤ ᠪᠡᠶᠡᠴᠢ ᠴᠣᠭᠴᠠ ᠠᠴᠠ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠤ ᠲᠤᠰᠢᠶᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠬᠢᠨᠠᠨ ᠪᠠᠶᠢᠴᠠᠭᠠᠯᠭᠠᠭᠰᠠᠨ ᠤ ᠲᠠᠷᠠᠭ᠎ᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠠᠷᠭᠤᠭᠤᠯᠤᠭᠤᠯᠤᠨ᠎ᠠ᠃ ᠵᠢᠷᠭᠤᠭ᠎ᠠ ᠳᠤ ᠠᠯᠪᠠᠨ ᠵᠠᠷ ᠨᠡᠶᠢᠲᠡᠯᠡᠬᠦ ᠪᠠ ᠠᠷᠠᠯᠵᠢᠶᠠᠯᠠᠨ᠎ᠠ᠂ ᠵᠠᠬ᠎ᠠ ᠳᠡᠯᠭᠡᠭᠦᠷ ᠲᠤ ᠣᠷᠣᠬᠤ ᠲᠥᠰᠥᠯ ᠢ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠳᠤᠮᠳᠠᠳᠤ ᠤᠯᠤᠰ ᠤᠨ ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ ᠰᠦᠯᠵᠢᠶ᠎ᠡ ᠵᠢᠴᠢ ᠲᠣᠰ ᠰᠢᠶᠠᠨ ᠤ ᠭᠤᠣᠯ ᠵᠠᠭᠤᠴᠢᠯᠠᠭᠤᠷ ᠳᠡᠭᠡᠷ᠎ᠡ ᠵᠠᠬ᠎ᠠ ᠳᠡᠯᠭᠡᠭᠦᠷ ᠲᠤ ᠣᠷᠣᠵᠤ ᠠᠷᠠᠯᠵᠢᠶᠠᠯᠠᠬᠤ ᠠᠯᠪᠠᠨ ᠵᠠᠷ ᠨᠡᠶᠢᠲᠡᠯᠡᠵᠦ᠂ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠨ ᠬᠤᠳᠠᠯᠳᠤᠬᠤ᠂ ᠫᠠᠶᠢᠰᠠ ᠡᠯᠭᠦᠬᠦ ᠠᠷᠭ᠎ᠠ ᠮᠠᠶ᠋ᠢᠭ ᠢᠶᠠᠷ ᠠᠷᠠᠯᠵᠢᠶᠠᠯᠠᠭᠰᠠᠨ ᠪᠠᠶᠢᠪᠠᠯ᠂ ᠠᠷᠠᠯᠵᠢᠶᠠᠯᠠᠬᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠦᠯᠵᠢᠶᠡᠨ ᠳᠡᠭᠡᠷᠡᠬᠢ ᠠᠷᠠᠯᠵᠢᠶᠠᠨ ᠤ ᠰᠦᠯᠵᠢᠶ᠎ᠡ ᠳᠤ ᠣᠷᠣᠭᠤᠯᠵᠤ ᠠᠷᠠᠯᠵᠢᠶᠠᠯᠠᠬᠤ ᠬᠡᠷᠡᠭᠲᠡᠢ︔ ᠲᠤᠯᠤᠭ᠎ᠠ ᠳᠤ ᠠᠷᠠᠯᠵᠢᠶ᠎ᠠ ᠪᠦᠲᠦᠭᠰᠡᠨ ᠢ ᠨᠤᠲᠠᠯᠠᠬᠤ ᠪᠢᠴᠢᠭ ᠲᠣᠭᠲᠠᠭᠠᠬᠤ ᠪᠠ ᠵᠠᠷᠯᠠᠨ ᠨᠡᠶᠢᠲᠡᠯᠡᠨ᠎ᠡ᠂ ᠭᠠᠵᠠᠷ ᠰᠢᠷᠣᠢ ᠠᠷᠠᠯᠵᠢᠶ᠎ᠠ ᠪᠦᠲᠦᠭᠰᠡᠨ ᠤ ᠲᠠᠷᠠᠭ᠎ᠠ᠂ ᠰᠢᠯᠵᠢᠭᠦᠯᠦᠨ ᠠᠪᠤᠭᠴᠢ᠂ ᠲᠦᠷᠢᠶᠡᠰᠦᠯᠡᠭᠴᠢ ᠨᠢ ᠡᠷᠬᠡᠪᠰᠢ ᠠᠷᠠᠯᠵᠢᠶᠠᠨ ᠤ ᠲᠤᠬᠠᠢ ᠶᠢᠨ ᠲᠠᠯᠠᠪᠤᠷ ᠲᠤ ᠭᠠᠵᠠᠷ ᠰᠢᠷᠣᠢ ᠶᠢᠨ ᠠᠷᠠᠯᠵᠢᠶ᠎ᠠ ᠪᠦᠲᠦᠭᠰᠡᠨ ᠢ ᠨᠤᠲᠠᠯᠠᠬᠤ ᠪᠢᠴᠢᠭ ᠲᠣᠭᠲᠠᠭᠠᠬᠤ ᠪᠤᠶᠤ ᠬᠠᠩᠰᠢᠯᠠᠵᠤ ᠪᠡᠯᠡ ᠭᠠᠷᠭᠠᠭᠰᠠᠨ ︵ ᠬᠤᠪᠢ ᠣᠷᠣᠭᠤᠯᠤᠭᠰᠠᠨ ︶ ᠢ ᠨᠤᠲᠠᠯᠠᠬᠤ ᠪᠢᠴᠢᠭ ᠲᠣᠭᠲᠠᠭᠠᠬᠤ ᠬᠡᠷᠡᠭᠲᠡᠢ᠃ ᠨᠠᠢᠮᠠ ᠳᠤ ᠡᠷᠭᠢᠯᠲᠡ ᠳᠤ ᠣᠷᠣᠭᠤᠯᠬᠤ ᠭᠡᠷ᠎ᠡ ᠲᠣᠭᠲᠠᠭᠠᠨ᠎ᠠ ᠂ ᠭᠠᠵᠠᠷ ᠰᠢᠷᠣᠢ ᠶᠢᠨ ᠠᠷᠠᠯᠵᠢᠶ᠎ᠠ ᠳᠠᠭᠤᠰᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠂ ᠠᠷᠠᠯᠵᠢᠶᠠᠯᠠᠬᠤ ᠬᠤᠶᠠᠷ ᠲᠠᠯ᠎ᠠ ᠪᠠᠷ ᠢᠶᠠᠨ ᠡᠷᠬᠡᠪᠰᠢ ᠠᠷᠠᠯᠵᠢᠶ᠎ᠠ ᠪᠦᠲᠦᠭᠰᠡᠨ ᠢ ᠨᠤᠲᠠᠯᠠᠭᠰᠠᠨ ᠪᠢᠴᠢᠭ ᠪᠤᠶᠤ ᠬᠠᠩᠰᠢᠯᠠᠨ ᠪᠡᠯᠡ ᠭᠠᠷᠭᠠᠬᠤ ︵ ᠬᠤᠪᠢ ᠣᠷᠣᠭᠤᠯᠬᠤ ︶ ᠶᠢ ᠨᠤᠲᠠᠯᠠᠭᠰᠠᠨ ᠪᠢᠴᠢᠭ ᠤᠨ ᠪᠣᠯᠵᠣᠯ ᠶᠣᠰᠣᠭᠠᠷ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠂ ᠲᠦᠷᠢᠶᠡᠰᠦᠯᠡᠭᠦᠯᠬᠦ ᠭᠡᠷ᠎ᠡ ᠪᠤᠶᠤ ᠬᠠᠩᠰᠢᠯᠠᠨ ᠪᠡᠯᠡ ᠭᠠᠷᠭᠠᠬᠤ ︵ ᠬᠤᠪᠢ ᠣᠷᠣᠭᠤᠯᠬᠤ ︶ ᠶᠢᠨ ᠬᠡᠯᠡᠯᠴᠡᠭᠡᠷ ᠲᠣᠭᠲᠠᠭᠠᠬᠤ ᠬᠡᠷᠡᠭᠲᠡᠢ ᠃      ᠳᠥᠷᠪᠡᠳᠦᠭᠡᠷ ᠪᠦᠯᠦᠭ ᠭᠠᠵᠠᠷ ᠰᠢᠷᠣᠢ ᠶᠢᠨ ᠥᠷᠲᠡᠭ ᠨᠡᠮᠡᠭᠳᠡᠯ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠬᠠᠮᠢᠶᠠᠷᠤᠯᠲᠠ ᠶᠢ ᠲᠣᠳᠣᠷᠬᠠᠶᠢᠯᠠᠨ᠎ᠠ      ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠭᠦᠯᠬᠦ᠂ ᠬᠠᠩᠰᠢᠯᠠᠨ ᠪᠡᠯᠡ ᠭᠠᠷᠭᠠᠬᠤ ︵ᠬᠤᠪᠢ ᠣᠷᠣᠭᠤᠯᠬᠤ︶᠂ ᠬᠤᠯᠪᠤᠭᠠᠯᠠᠨ ᠡᠵᠡᠩᠨᠡᠵᠦ ᠵᠠᠬ᠎ᠠ ᠳᠡᠯᠭᠡᠭᠦᠷ ᠲᠤ ᠣᠷᠣᠵᠤ ᠠᠷᠠᠯᠵᠢᠶᠠᠯᠠᠬᠤ ᠳᠤ ᠬᠦᠷᠪᠡᠯ᠂ ᠠᠷᠠᠯᠵᠢᠶᠠᠯᠠᠬᠤ ᠬᠤᠶᠠᠷ ᠲᠠᠯ᠎ᠠ ᠪᠠᠷ ᠢᠶᠠᠨ ᠲᠣᠭᠲᠠᠭᠠᠯ ᠶᠣᠰᠣᠭᠠᠷ ᠤᠯᠤᠰ ᠲᠤ ᠭᠠᠵᠠᠷ ᠰᠢᠷᠣᠢ ᠶᠢᠨ ᠦᠷᠳᠡᠭ ᠨᠡᠮᠡᠭᠳᠡᠯ ᠤᠨ ᠠᠰᠢᠭ ᠣᠷᠣᠯᠭ᠎ᠠ ᠶᠢ ᠲᠣᠬᠢᠷᠠᠭᠤᠯᠬᠤ ᠮᠥᠩᠭᠦ ᠲᠤᠰᠢᠶᠠᠬᠤ ᠬᠡᠷᠡᠭᠲᠡᠢ ᠃ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠤᠭᠠᠳ ᠣᠯᠣᠭᠰᠠᠨ ᠠᠰᠢᠭ ᠣᠯᠵᠠᠪᠤᠷᠢ ᠶᠢ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠲᠣᠭᠲᠠᠭᠠᠯ ᠶᠣᠰᠣᠭᠠᠷ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠵᠢᠴᠢ ᠠᠰᠢᠭ ᠣᠯᠵᠠᠪᠤᠷᠢ ᠳᠤ ᠣᠷᠣᠭᠤᠯᠤᠨ ᠨᠢᠭᠡᠳᠦᠯᠲᠡᠢ ᠬᠠᠮᠢᠶᠠᠷᠴᠤ᠂ ᠬᠢᠨᠠᠨ ᠪᠣᠳᠣᠯᠲᠠ ᠶᠢᠨ ᠬᠢᠨᠠᠯᠲᠠ ᠪᠠ ᠬᠢᠨᠠᠯᠲᠠ ᠬᠠᠮᠢᠶᠠᠷᠤᠯᠲᠠ ᠶᠢ ᠬᠦᠯᠢᠶᠡᠬᠦ ᠬᠡᠷᠡᠭᠲᠡᠢ ᠃ ᠪᠣᠳᠠᠲᠠᠢ ᠬᠤᠪᠢᠶᠠᠷᠢᠯᠠᠯᠲᠠ ᠶᠢ ᠰᠢᠶᠠᠨ ᠤ ᠡᠳ᠋ ᠤᠨ ᠵᠠᠰᠠᠭ ᠪᠣᠯᠣᠨ ᠲᠠᠷᠢᠶᠠᠯᠠᠩ ᠮᠠᠯ ᠠᠵᠤ ᠠᠬᠤᠢ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠭᠰᠠᠨ ᠬᠠᠮᠢᠶ᠎ᠠ ᠪᠦᠬᠦᠢ ᠠᠷᠭ᠎ᠠ ᠪᠠᠷ ᠪᠠᠷᠢᠮᠵᠢᠶ᠎ᠠ ᠪᠣᠯᠭᠠᠨ᠎ᠠ ᠃      ᠲᠠᠪᠤᠳᠤᠭᠠᠷ ᠪᠦᠯᠦᠭ ᠨᠡᠭᠡᠭᠡᠨ ᠠᠰᠢᠭᠯᠠᠬᠤ ᠬᠠᠮᠢᠶᠠᠷᠤᠯᠲᠠ ᠶᠢᠨ ᠠᠭᠤᠯᠭ᠎ᠠ ᠶᠢ ᠲᠣᠳᠣᠷᠬᠠᠶᠢᠯᠠᠪᠠ      1 ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠠᠤᠯᠢ ᠶᠣᠰᠣᠭᠠᠷ ᠣᠯᠣᠭᠰᠠᠨ ᠬᠡᠷᠡᠭᠯᠡᠬᠦ ᠡᠷᠬᠡᠲᠦ ᠬᠥᠮᠥᠨ ᠨᠢ ᠬᠠᠤᠯᠢ ᠴᠠᠭᠠᠵᠠ ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠪᠠ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ︵ ᠲᠦᠷᠢᠶᠡᠰᠦᠯᠡᠭᠦᠯᠬᠦ ︶ ᠭᠡᠷ᠎ᠡ ᠳᠤ ᠲᠣᠭᠲᠠᠭᠠᠭᠰᠠᠨ ᠨᠡᠭᠡᠭᠡᠨ ᠠᠰᠢᠭᠯᠠᠬᠤ ᠬᠤᠭᠤᠴᠠᠭ᠎ᠠ᠂ ᠭᠠᠵᠠᠷ ᠰᠢᠷᠣᠢ ᠶᠢᠨ ᠬᠡᠷᠡᠭᠯᠡᠯᠲᠡ ᠵᠢᠴᠢ ᠬᠤᠯᠪᠣᠭᠳᠠᠯ ᠪᠦᠬᠦᠢ ᠭᠠᠵᠠᠷ ᠰᠢᠷᠣᠢ ᠶᠢᠨ ᠬᠡᠷᠡᠭᠯᠡᠯᠲᠡ ᠶᠢᠨ ᠨᠥᠬᠦᠴᠡᠯ ᠶᠣᠰᠣᠭᠠᠷ ᠭᠠᠵᠠᠷ ᠰᠢᠷᠣᠢ ᠶᠢ ᠨᠡᠭᠡᠭᠡᠨ ᠠᠰᠢᠭᠯᠠᠬᠤ ᠬᠡᠷᠡᠭᠲᠡᠢ ᠃      2 ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠵᠠᠬ᠎ᠠ ᠳᠡᠯᠭᠡᠭᠦᠷ ᠲᠤ ᠣᠷᠣᠭᠤᠯᠵᠤ ᠠᠷᠠᠯᠵᠢᠶ᠎ᠠ ᠪᠦᠲᠦᠭᠰᠡᠨ ᠤ ᠲᠠᠷᠠᠭ᠎ᠠ᠂ ᠶᠠᠮᠠᠷᠪᠠ ᠨᠢᠭᠡᠴᠢ ᠪᠠ ᠬᠤᠪᠢ ᠬᠥᠮᠥᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠬᠤ ᠨᠥᠬᠦᠴᠡᠯ ᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃ ᠲᠥᠯᠦᠪᠵᠢᠭᠦᠯᠭᠡ ᠳᠤ ᠲᠣᠬᠢᠷᠠᠭᠤᠯᠤᠯᠲᠠ ᠬᠢᠭᠰᠡᠨ ᠵᠡᠷᠭᠡ ᠰᠢᠯᠲᠠᠭᠠᠨ  ᠠᠴᠠ ᠪᠣᠯᠵᠤ᠂ ᠭᠠᠵᠠᠷ ᠰᠢᠷᠣᠢ ᠶᠢᠨ ᠬᠡᠷᠡᠭᠯᠡᠯᠲᠡ ᠶᠢ ᠬᠤᠪᠢᠷᠠᠭᠤᠯᠬᠤ ᠪᠤᠶᠤ ᠪᠠᠭᠲᠠᠭᠠᠮᠵᠢ ᠶᠢᠨ ᠨᠣᠷᠮ᠎ᠠ ᠶᠢ ᠬᠤᠪᠢᠷᠠᠭᠤᠯᠬᠤ ᠵᠡᠷᠭᠡ ᠲᠥᠯᠦᠪᠵᠢᠭᠦᠯᠭᠡ ᠶᠢᠨ ᠨᠥᠬᠦᠴᠡᠯ ᠢ ᠦᠨᠡᠨ ᠬᠦ ᠬᠤᠪᠢᠷᠠᠭᠤᠯᠬᠤ ᠴᠢᠬᠤᠯᠠᠲᠠᠢ ᠪᠠᠶᠢᠪᠠᠯ᠂ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠵᠠᠷ ᠰᠢᠷᠣᠢ ᠶᠢᠨ ᠬᠡᠷᠡᠭᠯᠡᠯᠲᠡ ᠶᠢ ᠬᠤᠪᠢᠷᠠᠭᠤᠯᠬᠤ᠂ ᠪᠠᠭᠲᠠᠭᠠᠮᠵᠢ ᠶᠢᠨ ᠨᠣᠷᠮ᠎ᠠ ᠶᠢ ᠬᠤᠪᠢᠷᠠᠭᠤᠯᠬᠤ ᠲᠠᠰ ᠳᠠᠷᠠᠭᠠᠯᠠᠯ ᠢᠶᠠᠷ ᠯᠠᠪᠯᠠᠯᠲᠠ ᠪᠣᠯᠭᠠᠵᠤ ᠬᠠᠮᠢᠶ᠎ᠠ ᠪᠦᠬᠦᠢ ᠬᠢᠨᠠᠨ ᠵᠥᠪᠰᠢᠶᠡᠷᠡᠭᠦᠯᠬᠦ ᠭᠠᠷᠳᠠᠮ ᠢ ᠭᠦᠢᠴᠡᠳᠬᠡᠨ᠎ᠡ᠃      3 ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠵᠠᠷ ᠰᠢᠷᠣᠢ ᠶᠢᠨ ᠥᠮᠴᠢᠯᠡᠯ ᠤᠨ ᠡᠷᠬᠡᠲᠦ ᠬᠥᠮᠥᠨ ᠨᠢ ᠬᠡᠷᠡᠭᠯᠡᠬᠦ ᠡᠷᠬᠡᠲᠦ ᠬᠥᠮᠥᠨ ᠤ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠭᠠᠷᠭᠠᠵᠤ ᠥᠭᠬᠦ ︵ ᠲᠦᠷᠢᠶᠡᠰᠦᠯᠡᠭᠦᠯᠬᠦ ︶ ᠭᠡᠷ᠎ᠡ ᠳᠤ ᠪᠣᠯᠵᠣᠨ ᠲᠣᠭᠲᠠᠭᠠᠭᠰᠠᠨ ᠨᠡᠭᠡᠭᠡᠨ ᠠᠰᠢᠭᠯᠠᠬᠤ ᠬᠤᠭᠤᠴᠠᠭ᠎ᠠ ᠶᠣᠰᠣᠭᠠᠷ ᠭᠠᠵᠠᠷ ᠰᠢᠷᠣᠢ ᠶᠢ ᠨᠡᠭᠡᠭᠡᠨ ᠠᠰᠢᠭᠯᠠᠬᠤ ᠶᠠᠪᠤᠳᠠᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠵᠠᠷ ᠰᠢᠷᠣᠢ ᠶᠢ ᠬᠡᠷᠡᠭᠯᠡᠬᠦ ᠡᠷᠬᠡᠲᠦ ᠬᠥᠮᠥᠨ ᠨᠢ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠭᠦᠯᠬᠦ ᠭᠡᠷ᠎ᠡ ᠪᠤᠶᠤ ᠦᠨ᠎ᠡ ᠲᠣᠭᠲᠠᠭᠠᠨ ᠪᠡᠯᠡ ᠭᠠᠷᠭᠠᠬᠤ ︵ ᠬᠤᠪᠢ ᠣᠷᠣᠭᠤᠯᠬᠤ ︶ ᠂ ᠬᠤᠯᠪᠤᠭᠠᠯᠠᠨ ᠡᠵᠡᠩᠨᠡᠬᠦ ᠵᠡᠷᠭᠡ ᠬᠡᠯᠡᠯᠴᠡᠭᠡᠷ ᠲᠤ ᠪᠣᠯᠵᠣᠨ ᠲᠣᠭᠲᠠᠭᠰᠠᠨ ᠨᠡᠭᠡᠭᠡᠨ ᠠᠰᠢᠭᠯᠠᠬᠤ ᠬᠤᠭᠤᠴᠠᠭ᠎ᠠ ᠶᠣᠰᠣᠭᠠᠷ ᠭᠠᠵᠠᠷ ᠰᠢᠷᠣᠢ ᠶᠢ ᠨᠡᠭᠡᠭᠡᠨ ᠠᠰᠢᠭᠯᠠᠭᠰᠠᠨ ᠦᠭᠡᠢ ᠪᠠᠶᠢᠪᠠᠯ᠂ ᠥᠮᠴᠢᠯᠡᠯ ᠤᠨ ᠡᠷᠬᠡᠲᠦ ᠬᠥᠮᠥᠨ ᠨᠢ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠥᠮᠴᠢᠯᠡᠯ ᠤᠨ ᠰᠤᠯᠠ ᠪᠠᠶᠢᠬᠤ ᠭᠠᠵᠠᠷ ᠰᠢᠷᠣᠢ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠂ ᠰᠤᠯᠠ ᠪᠠᠶᠢᠬᠤ ᠭᠠᠵᠠᠷ ᠰᠢᠷᠣᠢ ᠳᠤ ᠲᠣᠭᠠᠴᠠᠭᠳᠠᠬᠤ ᠡᠰᠡᠬᠦ ᠶᠢ ᠮᠠᠭᠠᠳᠯᠠᠨ ᠲᠣᠭᠲᠠᠭᠠᠨ᠎ᠠ ᠃      4 ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠭᠦᠯᠬᠦ ᠬᠤᠭᠤᠴᠠᠭ᠎ᠠ ᠨᠢ ᠳᠦᠭᠦᠷᠦᠭᠰᠡᠨ ᠪᠠᠶᠢᠪᠠᠯ᠂ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠵᠠᠷᠴᠢᠮ ᠳᠡᠭᠡᠷ᠎ᠡ ᠪᠠᠨ ᠲᠡᠭᠦᠨ ᠤ ᠥᠮᠴᠢᠯᠡᠯ ᠤᠨ ᠡᠷᠬᠡ ᠶᠢ ᠲᠥᠯᠥᠭᠡᠯᠡᠭᠰᠡᠨ ᠲᠠᠷᠢᠶᠠᠴᠢᠳ ᠤᠨ ᠬᠠᠮᠲᠤ ᠠᠴᠠ ᠦᠨ᠎ᠡ ᠲᠥᠯᠥᠪᠦᠷᠢ ᠦᠭᠡᠢ ᠪᠠᠷ ᠬᠤᠷᠢᠶᠠᠨ ᠠᠪᠤᠨ᠎ᠠ ᠂ ᠲᠡᠭᠦᠨ ᠤ ᠭᠠᠵᠠᠷ ᠳᠡᠭᠡᠷᠡᠬᠢ ᠪᠠᠷᠢᠯᠭ᠎ᠠ ᠂ ᠳᠠᠭᠠᠯᠲᠠ ᠪᠣᠳᠠᠰ ᠢ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠭᠦᠯᠬᠦ ᠭᠡᠷ᠎ᠡ ᠶᠢᠨ ᠪᠣᠯᠵᠣᠯ ᠶᠣᠰᠣᠭᠠᠷ ᠰᠢᠢᠳᠪᠦᠷᠢᠯᠡᠨ᠎ᠡ ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠬᠡᠷᠡᠭᠵᠢᠭᠦᠯᠦᠨ᠎ᠡ ᠃      5 ᠂ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠡᠳ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠬᠤᠷᠢᠶᠠᠨ ᠠᠪᠴᠤ ᠪᠣᠯᠣᠨ᠎ᠠ᠃       ( ᠨᠢᠭᠡ ) ᠭᠠᠴᠠᠭ᠎ᠠ ᠪᠠᠯᠭᠠᠰᠤᠨ ᠤ ᠲᠥᠯᠦᠪᠵᠢᠭᠦᠯᠭᠡ ᠶᠢ ᠬᠡᠷᠡᠭᠵᠢᠭᠦᠯᠬᠦ ᠶᠢᠨ ᠲᠥᠯᠥᠭᠡ᠂ ᠰᠤᠮᠤ ( ᠪᠠᠯᠭᠠᠰᠤ ) ᠭᠠᠴᠠᠭ᠎ᠠ ᠶᠢᠨ ᠤᠯᠡᠠ ᠨᠡᠶᠢᠲᠡ ᠶᠢᠨ ᠲᠥᠬᠦᠭᠡᠷᠦᠮᠵᠢ ᠪᠠ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠳᠤ ᠭᠠᠵᠠᠷ ᠰᠢᠷᠣᠢ ᠬᠡᠷᠡᠭᠯᠡᠬᠦ ᠴᠢᠬᠤᠯᠠ ᠲᠠᠢ ᠪᠣᠯᠤᠭᠰᠠᠨ᠃       ( ᠬᠤᠶᠠᠷ ) ᠭᠠᠵᠠᠷ ᠬᠡᠷᠡᠭᠯᠡᠬᠦ ᠨᠢᠭᠡᠴᠢ ᠪᠠ ᠬᠤᠪᠢ ᠬᠥᠮᠥᠨ ᠭᠠᠵᠠᠷ ᠰᠢᠷᠣᠢ ᠶᠢ ᠭᠡᠷ᠎ᠡ ᠳᠤ ᠪᠣᠯᠵᠣᠨ ᠲᠣᠭᠲᠠᠭᠰᠠᠨ ᠪᠤᠶᠤ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠬᠡᠷᠡᠭᠯᠡᠯᠲᠡ ᠪᠠ ᠬᠤᠭᠤᠴᠠᠭ᠎ᠠ ᠶᠢᠨ ᠶᠣᠰᠣᠭᠠᠷ ᠬᠡᠷᠡᠭᠯᠡᠭᠰᠡᠨ ᠤᠶᠢᠭᠡᠢ ᠮᠥᠷᠲᠡᠭᠡᠨ ᠪᠠᠰᠠ ᠵᠠᠯᠠᠷᠠᠭᠤᠯᠬᠤ ᠶᠢ ᠲᠡᠪᠴᠢᠭᠰᠡᠨ᠃       ︵ ᠭᠤᠷᠪᠠ ︶ ᠭᠠᠵᠠᠷ ᠰᠢᠷᠣᠢ ᠶᠢ ᠪᠦᠬᠦᠯᠢ ᠬᠤᠶᠠᠷ ᠵᠢᠯ ᠰᠤᠯᠠ ᠲᠠᠯᠪᠢᠭᠰᠠᠨ᠃       ︵ ᠳᠥᠷᠪᠡ ︶ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢᠨ ᠡᠷᠭᠢᠯᠳ᠋᠊ ‍ᠡ ᠶᠢᠨ ᠬᠤᠭᠤᠴᠠᠭ᠎ᠠ ᠨᠢ ᠳᠦᠭᠦᠷᠦᠭᠰᠡᠨ᠃       ( ᠲᠠᠪᠤ ) ᠬᠠᠰᠤᠭᠳᠠᠭᠰᠠᠨ᠂ ᠨᠡᠭᠦᠭᠰᠡᠨ ᠵᠡᠷᠭᠡ ᠰᠢᠯᠲᠠᠭᠠᠨ ᠠᠴᠠ ᠪᠣᠯᠵᠤ ᠭᠠᠵᠠᠷ ᠰᠢᠷᠣᠢ ᠶᠢ ᠬᠡᠷᠡᠭᠯᠡᠬᠦ ᠪᠠᠨ ᠪᠣᠯᠢᠭᠰᠠᠨ᠃       ︵ ᠵᠢᠷᠭᠤᠭ᠎ᠠ ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠤᠳ᠃      ᠵᠢᠷᠭᠤᠳᠤᠭᠠᠷ ᠪᠦᠯᠦᠭ ᠰᠢᠯᠵᠢᠭᠦᠯᠦᠨ ᠥᠭᠬᠦ᠂ ᠰᠢᠯᠵᠢᠭᠦᠯᠦᠨ ᠲᠦᠷᠢᠶᠡᠰᠦᠯᠡᠭᠦᠯᠬᠦ ᠪᠠ ᠪᠠᠷᠢᠴᠠᠭᠠᠯᠠᠬᠤ ᠨᠥᠬᠦᠴᠡᠯ ᠢ ᠲᠣᠳᠣᠷᠬᠠᠶᠢᠯᠠᠪᠠ      1 ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ᠂ ᠰᠢᠯᠵᠢᠭᠦᠯᠦᠨ ᠲᠦᠷᠢᠶᠡᠰᠦᠯᠡᠭᠦᠯᠬᠦ ᠳᠤ ᠪᠢᠴᠢᠭ ᠤᠨ ᠭᠡᠷ᠎ᠡ ᠲᠣᠭᠲᠠᠭᠠᠬᠤ ᠬᠡᠷᠡᠭᠲᠡᠢ᠂ ᠤᠤᠯ ᠤᠨ ᠭᠠᠵᠠᠷ ᠰᠢᠷᠣᠢ ᠶᠢ ᠬᠡᠷᠡᠭᠯᠡᠭᠴᠢ ᠶᠢᠨ ᠡᠷᠬᠡ ᠂ ᠡᠭᠦᠷᠭᠡ ᠴᠦ ᠳᠠᠭᠠᠯᠳᠤᠨ ᠰᠢᠯᠵᠢᠨ᠎ᠡ ᠃      2 ᠂ ᠰᠢᠯᠵᠢᠭᠦᠯᠦᠨ ᠥᠭᠬᠦ᠂ ᠰᠢᠯᠵᠢᠭᠦᠯᠦᠨ ᠲᠦᠷᠢᠶᠡᠰᠦᠯᠡᠬᠦ ᠪᠠᠷ ᠳᠠᠮᠵᠢᠭᠤᠯᠤᠨ ᠣᠯᠣᠭᠰᠠᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢᠨ ᠬᠡᠷᠡᠭᠯᠡᠬᠦ ᠵᠢᠯ ᠬᠤᠭᠤᠴᠠᠭ᠎ᠠ ᠨᠢ ᠤᠤᠯ ᠤᠨ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠭᠦᠯᠬᠦ ᠭᠡᠷ᠎ᠡ ᠪᠤᠶᠤ ᠬᠠᠩᠰᠢᠯᠠᠵᠤ ᠪᠡᠯᠡ ᠭᠠᠷᠭᠠᠬᠤ ︵ ᠬᠤᠪᠢ ᠣᠷᠣᠭᠤᠯᠬᠤ ︶ ᠬᠡᠯᠡᠯᠴᠡᠭᠡᠷ ᠲᠤ ᠲᠣᠭᠲᠠᠭᠠᠭᠰᠠᠨ ᠬᠡᠷᠡᠭᠯᠡᠬᠦ ᠵᠢᠯ ᠬᠤᠭᠤᠴᠠᠭ᠎ᠠ ᠠᠴᠠ ᠤᠤᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡᠲᠦ ᠬᠥᠮᠥᠨ ᠤ ᠨᠢᠭᠡᠨᠲᠡ ᠬᠡᠷᠡᠭᠯᠡᠭᠰᠡᠨ ᠵᠢᠯ ᠬᠤᠭᠤᠴᠠᠭ᠎ᠠ ᠶᠢ ᠬᠠᠰᠤᠭᠠᠳ ᠦᠯᠡᠳᠡᠭᠰᠡᠨ ᠵᠢᠯ ᠬᠤᠭᠤᠴᠠᠭ᠎ᠠ ᠪᠣᠯᠣᠨ᠎ᠠ ᠃      3 ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠭᠦᠭᠰᠡᠨ᠂ ᠰᠢᠯᠵᠢᠭᠦᠯᠦᠨ ᠲᠦᠷᠢᠶᠡᠰᠦᠯᠡᠭᠦᠯᠦᠭᠰᠡᠨ ᠪᠠᠶᠢᠪᠠᠯ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠭᠠᠶᠢᠯᠢ ᠰᠦᠢᠳᠬᠡᠯ ᠢ ᠨᠢᠭᠡᠳᠦᠯᠲᠡᠢ ᠬᠠᠤᠯᠢ ᠶᠣᠰᠣᠭᠠᠷ ᠲᠤᠰᠢᠶᠠᠵᠤ᠂ ᠭᠠᠵᠠᠷ ᠰᠢᠷᠣᠢ ᠶᠢᠨ ᠦᠷᠳᠡᠭ ᠨᠡᠮᠡᠭᠳᠡᠯ ᠤᠨ ᠠᠰᠢᠭ ᠣᠷᠣᠯᠭ᠎ᠠ ᠶᠢ ᠲᠣᠬᠢᠷᠠᠭᠤᠯᠬᠤ ᠮᠥᠩᠭᠦ ᠶᠢ ︽ ᠦᠶᠤᠸᠠᠨ ᠰᠢᠶᠠᠨ ᠤ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠵᠠᠷ ᠰᠢᠷᠣᠢ ᠶᠢᠨ ᠦᠷᠳᠡᠭ ᠨᠡᠮᠡᠭᠳᠡᠯ ᠤᠨ ᠠᠰᠢᠭ ᠣᠷᠣᠯᠭ᠎ᠠ ᠶᠢ ᠲᠣᠬᠢᠷᠠᠭᠤᠯᠬᠤ ᠮᠥᠩᠭᠦ ᠶᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ︵ ᠲᠦᠷ ᠬᠡᠷᠡᠭᠵᠢᠭᠦᠯᠬᠦ ︶ ︾ ᠶᠣᠰᠣᠭᠠᠷ ᠬᠤᠷᠢᠶᠠᠨ᠎ᠠ ᠃      ᠳᠣᠯᠣᠳᠤᠭᠠᠷ ᠪᠦᠯᠦᠭ ᠠᠵᠢᠯ ᠤᠨ ᠳᠤᠮᠳᠠᠬᠢ ᠬᠠᠤᠯᠢ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠪᠠ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ