ᠰᠢᠶᠠᠨ ᠤ ᠵᠠᠰᠠᠭ ᠤᠨ ᠣᠷᠳᠣᠨ ᠰᠢᠶᠠᠨ ᠤ ᠵᠠᠰᠠᠭ ᠤᠨ ᠣᠷᠳᠣᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ ᠭᠤᠷᠪᠠᠳᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/22
      2023 ᠣᠨ ᠤ 4 ᠰᠠᠷ᠎ᠠ ᠶᠢᠨ 28 ᠤ ᠡᠳᠦᠷ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠸᠠᠩ ᠶᠦᠩ ᠨᠥᠬᠦᠷ ᠰᠢᠶᠠᠨ ᠤ ᠵᠠᠰᠠᠭ ᠤᠨ ᠣᠷᠳᠣᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ︵ ᠥᠷᠭᠡᠳᠬᠡᠭᠰᠡᠨ ︶᠋ ᠤᠨ ᠰᠤᠷᠤᠯᠴᠠᠯᠭ᠎ᠠ ᠶᠢᠨ ᠬᠤᠷᠠᠯ ᠵᠢᠴᠢ 2023 ᠣᠨ ᠤ 3 ᠳ᠋ᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠪᠠ᠃ ᠲᠥᠪ ᠤᠨ ᠤᠯᠤᠰ ᠲᠥᠷᠥ ᠶᠢᠨ ᠲᠣᠪᠴᠢᠶᠠᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠰᠢ ᠶᠢᠨ ᠫᠢᠩ  ᠤᠨ ᠶᠠᠷᠢᠶᠠᠨ ᠤ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠰᠠᠶᠢᠳ ᠯᠢ ᠴᠢᠶᠠᠩ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠪᠥᠬᠦᠳᠡ ᠬᠤᠷᠠᠯ᠂ ᠲᠥᠷᠥ ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠤᠳᠠᠭᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠳᠡᠭᠡᠷᠡᠬᠢ ︽ᠪᠦᠬᠦ ᠨᠠᠮ ᠤᠨ ᠳᠣᠲᠣᠷ᠎ᠠ ᠪᠠᠶᠢᠴᠠᠭᠠᠨ ᠰᠤᠳᠤᠯᠤᠯᠲᠠ  ᠶᠢ ᠶᠡᠭᠡ ᠪᠠᠷ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠠᠵᠢᠯ ᠤᠨ ᠲᠥᠰᠥᠯ︾ ᠤᠨ ᠵᠣᠷᠢᠭ ᠰᠠᠨᠠᠭ᠎ᠠ ᠶᠡᠷᠦᠩᠬᠡᠢ ᠱᠦᠵᠢ‌‍ᠰᠢ ᠶᠢᠨ ᠫᠢᠩ ᠂ ᠶᠡᠷᠦᠩᠬᠡᠢ ᠰᠠᠶᠢᠳ ᠯᠢ ᠴᠢᠶᠠᠩ᠂ ᠱᠦᠵᠢ ᠰᠦᠨ ᠱᠣᠣ ᠴᠧᠩ ᠤᠨ ᠪᠡᠭᠡᠵᠢᠩ ᠤᠨ ᠴᠠᠩ ᠹᠧᠩ ᠡᠮᠨᠡᠯᠭᠡ ᠶᠢᠨ ᠬᠤᠷᠢᠶᠠᠨ ᠤ ᠭᠠᠯ ᠤᠨ ᠭᠠᠮᠰᠢᠭ ᠤᠨ ᠠᠳᠡᠯ ᠤᠨ ᠲᠤᠬᠠᠢ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠡᠷᠢᠭᠦᠯᠡᠭᠴᠢ ᠸᠠᠩ ᠯᠢ ᠰᠢᠶᠠ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ᠂ ᠶᠡᠷᠦᠩᠬᠡᠢ ᠱᠦᠵᠢ  ᠰᠢ ᠶᠢᠨ ᠫᠢᠩ ᠤᠨ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ ᠶᠠᠪᠤᠳᠠᠯ ᠢ ᠣᠯᠠᠨᠲᠠ ᠴᠠᠭᠠᠵᠠᠯᠠᠬᠤᠶ᠎ᠠ ᠪᠡᠷᠬᠡ ᠠᠰᠠᠭᠤᠳᠠᠯ ᠤᠨ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ︽ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾᠂ ᠶᠡᠷᠦᠩᠬᠡᠢ ᠱᠦᠵᠢ ᠰᠢ ᠶᠢᠨ ᠫᠢᠩ ᠤᠨ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ᠂ ᠠᠮᠤ ᠪᠤᠳᠠᠭ᠎ᠠ ᠲᠠᠷᠢᠬᠤ᠂ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠦᠷᠦᠯ ᠵᠦᠢᠯ ᠤᠨ ᠡᠵᠡᠩᠨᠡᠯᠲᠡ᠂ ᠰᠢᠨ᠎ᠡ ᠪᠠᠷ ᠪᠠᠶᠢᠭᠤᠯᠬᠤ ᠲᠦᠷᠦᠯ ᠵᠦᠢᠯ᠂ ᠥᠷᠢ ᠥᠭᠴᠡᠭᠡ ᠶᠢ ᠠᠷᠢᠯᠭᠠᠬᠤ᠂ ᠨᠡᠶᠢᠭᠡᠮ ᠲᠣᠭᠤᠷᠢᠭ ᠤᠨ ᠤᠷᠢᠨ ᠬᠡᠷᠡᠭᠯᠡᠬᠦ᠂ ᠤᠰᠤ ᠠᠷᠪᠢᠯᠠᠵᠤ ᠤᠰᠤ ᠶᠢ ᠬᠢᠵᠠᠭᠠᠷᠯᠠᠬᠤ᠂ ᠪᠤᠭᠤᠲᠤ ᠶᠢᠨ ᠪᠠᠩᠬᠢ ᠶᠢᠨ ᠲᠦᠷᠭᠡᠨ ᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ᠂ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ᠂ ᠲᠤᠰᠠᠯᠠᠬᠤ ᠴᠠᠭᠳᠠᠭ᠎ᠠ ᠶᠢᠨ ᠬᠥᠮᠥᠰ ᠤᠨ ᠴᠠᠯᠢᠩ ᠬᠥᠯᠥᠰᠦ ᠵᠡᠷᠭᠡ ᠶᠠᠪᠤᠳᠠᠯ ᠢ ᠰᠤᠳᠤᠯᠵᠠᠢ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ  ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠰᠢᠶᠠᠨ ᠢᠶᠠᠷ ᠢᠶᠠᠨ ᠰᠠᠭᠤᠷᠢ ᠰᠤᠳᠤᠯᠭᠠᠨ ᠢ ᠴᠢᠩᠭᠠᠳᠬᠠᠬᠤ ᠶᠢᠨ ᠲᠤᠶᠢᠯ ᠤᠨ ᠴᠢᠬᠤᠯᠠ ᠴᠢᠨᠠᠷ ᠪᠠ ᠪᠣᠳᠠᠲᠤ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠲᠠᠢ ᠤᠶᠠᠯᠳᠤᠭᠤᠯᠬᠤ ᠬᠡᠷᠡᠭᠲᠡᠢ ᠭᠡᠵᠦ ᠱᠠᠭᠠᠷᠳᠠᠵᠠᠢ ᠃ ︽ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠰᠠᠨ ᠷᠦᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠨ ᠪᠦᠰᠡ ᠶᠢᠨ ᠴᠢᠨᠠᠷᠲᠠᠢ ᠳᠠᠪᠠᠭᠤᠯᠢᠭ ᠨᠡᠷᠡᠨ ᠬᠤᠸᠠᠷ ᠤᠨ ᠰᠢᠨ᠎ᠡ ᠡᠭᠦᠯᠳᠡᠷ ᠢ ᠰᠤᠳᠤᠯᠤᠨ ᠨᠡᠭᠡᠭᠡᠬᠦ ᠶᠢ ᠳᠡᠮᠵᠢᠵᠦ᠂ ᠳ᠋ᠧᠩᠯᠦ ᠶᠢᠨ ᠤᠯᠠᠭᠠᠨ᠂ ᠰᠢᠷ᠎ᠠ ᠱᠠᠪᠲᠠᠯ᠎ᠠ ᠵᠡᠷᠭᠡ ︽ᠨᠤᠲᠤᠭ︾ ᠤᠨ ᠡᠭᠦᠯᠳᠡᠷ ᠢ ᠴᠡᠪᠡᠷᠰᠢᠭᠦᠯᠦᠨ ᠰᠠᠶᠢᠵᠢᠷᠠᠭᠤᠯᠬᠤ ᠶᠢ ᠴᠢᠩᠭᠠᠳᠬᠠᠵᠤ᠂ ᠦᠷ᠎ᠡ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠨᠠᠭᠤᠷ ᠬᠤᠨᠢᠨ ᠤ ᠭᠤᠣᠯᠯᠠᠬᠤ ᠦᠷ᠎ᠡ ᠶᠢᠨ ᠬᠤᠨᠢᠨ ᠤ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠳ᠋ᠣᠺᠲ᠋ᠣᠷᠠᠨᠲ ᠤᠨ ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠴᠢᠳᠠᠪᠬᠢ ᠶᠢ ᠲᠡᠭᠦᠯᠳᠡᠷᠵᠢᠭᠦᠯᠵᠦ ᠂ ︽ ᠲᠠᠷᠢᠶᠠᠨ ᠦᠷ᠎ᠡ ᠰᠣᠩᠭᠤᠬᠤ ︾ ᠲᠠᠪᠴᠠᠩ ᠤᠨ ᠪᠠᠶᠢᠭᠤᠯᠤᠯᠲᠠ ᠶᠢ ᠳᠡᠭᠡᠭᠰᠢᠯᠡᠭᠦᠯᠵᠦ ᠂ ᠣᠶᠤᠨᠲᠤ ᠲᠠᠷᠢᠶᠠᠯᠠᠩ ᠤᠨ ᠮᠠᠰᠢᠨ ᠢ ᠰᠤᠳᠤᠯᠤᠨ ᠨᠡᠭᠡᠭᠡᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠲᠦᠷᠭᠡᠳᠬᠡᠬᠦ ᠬᠡᠷᠡᠭᠲᠡᠢ ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ︽ᠮᠣᠩᠭᠤᠯ ᠥᠰᠥᠭ ᠤᠨ ᠲᠡᠮᠳᠡᠭ︾ ︽ᠲᠥᠷᠥᠯᠬᠢ ᠪᠣᠷᠣᠳᠣᠬᠤᠢ︾ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠪᠠᠷᠢᠮᠵᠢᠶᠠᠯᠠᠵᠤ᠂ ᠬᠥᠲᠥᠴᠢ ᠠᠵᠤ ᠠᠬᠤᠶᠢᠯᠠᠯ ᠪᠠ ᠰᠢᠨ᠎ᠡ ᠬᠡᠯᠪᠡᠷᠢ ᠶᠢᠨ ᠭᠤᠣᠯ ᠴᠣᠭᠴᠠ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠬᠥᠲᠥᠯᠥᠨ ᠵᠢᠯᠤᠭᠤᠳᠴᠤ᠂ ᠨᠠᠩ ᠣᠯᠠᠨ ᠴᠢᠨᠠᠷ ᠰᠠᠶᠢᠲᠠᠢ ᠦᠢᠯᠡᠳᠬᠦᠨ ᠳᠤ ᠡᠷᠬᠡ ᠣᠯᠭᠤᠬᠤ ᠶᠢ ᠵᠥᠪᠰᠢᠶᠡᠷᠡᠬᠦ ᠪᠠᠷ ᠴᠢᠷᠮᠠᠶᠢᠬᠤ ᠬᠡᠷᠡᠭᠲᠡᠢ ᠃ ᠪᠥᠬᠦ ᠵᠠᠩᠭᠢᠯᠠᠭ᠎ᠠ ᠶᠢᠨ ᠣᠶᠤᠨᠴᠢ ᠲᠠᠷᠢᠶᠠᠯᠠᠩ ᠤᠨ ᠬᠡᠷᠡᠭᠯᠡᠭᠡᠨ ᠤ ᠰᠢᠰᠲ᠋ᠧᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠬᠥᠲᠥᠯᠥᠨ ᠭᠦᠭᠵᠢᠭᠦᠯᠦᠨ᠎ᠡ᠃        ᠬᠤᠷᠠᠯ  ᠠᠴᠠ ᠶᠡᠷᠦᠩᠬᠡᠢ ᠰᠠᠶᠢᠳ ᠯᠢ ᠴᠢᠶᠠᠩ ᠤᠨ ᠲᠥᠷᠥ  ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠪᠥᠬᠦᠳᠡ ᠬᠤᠷᠠᠯ᠂ ᠲᠥᠷᠥ  ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠤᠳᠠᠭᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ  ᠢ ᠶᠡᠷᠦᠩᠬᠡᠢ ᠰᠠᠶᠢᠳ ᠯᠢ ᠴᠢᠶᠠᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ  ᠶᠢᠨ ᠪᠠᠶᠢᠷᠢᠯᠠᠭᠤᠯᠤᠯᠲᠠ  ᠶᠢ ᠰᠠᠶᠢᠲᠤᠷ ᠲᠤᠤᠱᠯᠠᠭᠤᠯᠬᠤ ᠬᠡᠷᠡᠭᠵᠢᠭᠦᠯᠦᠭᠴᠢ᠂ ᠠᠵᠢᠯᠯᠠᠭᠠᠨ ᠤ ᠪᠦᠯᠦᠭᠲᠡᠨ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ ᠭᠡᠵᠦ ᠱᠠᠭᠠᠷᠳᠠᠵᠠᠢ᠃ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠵᠤ ᠦᠢᠯᠡᠰ ᠤᠨ ᠬᠥᠭᠵᠢᠯᠲᠡ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠂ ᠠᠷᠠᠳ ᠤᠨ ᠠᠮᠢᠳᠤᠷᠠᠯ ᠤᠨ ᠦᠢᠯᠡᠰ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠳᠬᠠᠵᠤ ᠂ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠪᠣᠯᠣᠨ ᠲᠤᠰ ᠪᠡᠶ᠎ᠡ ᠶᠢᠨ ᠪᠠᠶᠢᠭᠤᠯᠤᠯᠲᠠ ᠶᠢᠨ ᠡᠯ᠎ᠡ ᠲᠠᠯ᠎ᠠ ᠂ ᠪᠦᠬᠦ ᠶᠠᠪᠤᠴᠠ ᠳᠤ ᠨᠠᠶᠢᠳᠠᠪᠤᠷᠢᠵᠢᠭᠤᠯᠬᠤ ᠬᠡᠷᠡᠭᠲᠡᠢ ᠃ ᠡᠯ᠎ᠡ ᠳᠡᠳ᠋ ᠰᠢᠶᠠᠨ ᠤ ᠳᠠᠷᠤᠭ᠎ᠠ ︽ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ ︾ ᠶᠢ ᠴᠢᠩᠭ᠎ᠠ ᠭᠦᠢᠴᠡᠳᠬᠡᠵᠦ ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠰᠠᠶᠢᠲᠤᠷ ᠠᠳᠬᠤᠵᠤ ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠯᠴᠠᠭ᠎ᠠ ᠂ ᠰᠡᠷᠡᠮᠵᠢᠯᠡᠭᠦᠯᠬᠦ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ ᠂ ︽ ᠲᠦᠷᠪᠡᠨ ᠰᠤᠷᠲᠠᠯ ︾ ᠢ ᠰᠢᠨᠲᠠᠷᠠᠰᠢ ᠦᠭᠡᠢ ᠵᠠᠯᠠᠷᠠᠭᠤᠯᠵᠤ ᠂ ᠰᠢᠨ᠎ᠡ ᠰᠤᠷᠲᠠᠯ ᠢ ᠪᠤᠢ ᠪᠣᠯᠭᠠᠬᠤ ᠬᠡᠷᠡᠭᠲᠡᠢ ᠃ ᠬᠤᠳᠠ ᠶᠢᠨ ᠨᠠᠮ ᠤᠨ ᠬᠤᠷᠢᠶ᠎ᠠ ᠶᠢᠨ ᠡᠭᠦᠷᠭᠡᠯᠡᠨ ᠠᠵᠢᠯ ᠬᠢᠬᠦ ᠶᠢ ᠭᠦᠨᠵᠡᠭᠡᠶᠢᠷᠡᠭᠦᠯᠵᠦ ᠂ ︽ ᠲᠠᠪᠤᠨ ᠶᠡᠭᠡ ᠠᠵᠢᠯᠯᠠᠭ᠎ᠠ ︾  ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ ᠂ ︽ ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ ︾᠋ ᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ᠠᠵᠢᠯ ᠤᠨ ᠬᠤᠷᠳᠤᠴᠠ ᠶᠢ ᠲᠦᠷᠭᠡᠳᠬᠡᠬᠦ ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠬᠠᠤᠯᠢᠵᠢᠯ ᠤᠨ ᠵᠠᠰᠠᠭ ᠤᠨ ᠣᠷᠳᠣᠨ ᠂ ᠰᠢᠨ᠎ᠡ ᠶᠢ ᠡᠭᠦᠳᠬᠦ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠢ ᠃       ᠬᠤᠷᠠᠯ ᠠᠴᠠ ︽ᠪᠦᠬᠦ ᠨᠠᠮ ᠤᠨ ᠬᠡᠪᠴᠢᠶᠡᠨ ᠳᠤ ᠪᠠᠶᠢᠴᠠᠭᠠᠨ ᠰᠤᠳᠤᠯᠤᠯᠲᠠ  ᠶᠢ ᠶᠡᠬᠡᠪᠡᠷ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠠᠵᠢᠯ ᠤᠨ ᠲᠥᠰᠥᠯ︾ ᠤᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠵᠤ᠂ ᠭᠤᠣᠯᠳᠠᠯᠭ᠎ᠠ  ᠲᠠᠢ ᠲᠦᠪᠡᠭᠲᠡᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠭᠯᠡᠯ ᠢᠶᠠᠨ ᠣᠨᠣᠪᠴᠢᠲᠠᠶ ᠡᠷᠢᠵᠦ᠂ ᠰᠡᠳᠦᠪ ᠢᠶᠠᠨ ᠰᠠᠶᠢᠲᠤᠷ ᠰᠣᠩᠭᠤᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠪᠢᠯᠵᠤᠤᠬᠠᠢ ᠶᠢ ᠲᠤᠶᠠᠴᠢᠵᠤ᠂ ᠦᠨᠡᠨ ᠬᠦ ᠪᠠᠶᠢᠳᠠᠯ ᠢ ᠲᠣᠳᠣᠷᠬᠠᠢ ᠣᠶᠢᠯᠠᠭᠠᠵᠤ᠂ ᠠᠰᠠᠭᠤᠳᠠᠯ ᠢ ᠣᠨᠣᠪᠴᠢᠲᠠᠶ ᠡᠷᠢᠨ ᠣᠯᠵᠤ᠂ ᠠᠰᠠᠭᠤᠳᠠᠯ ᠢ ᠰᠢᠢᠳᠪᠦᠷᠢᠯᠡᠬᠦ ᠰᠠᠶᠢᠨ ᠠᠷᠭ᠎ᠠ᠂ ᠠᠷᠠᠳ ᠲᠦᠮᠡᠨ ᠳᠤ ᠦᠢᠯᠡᠴᠢᠯᠡᠬᠦ ᠰᠠᠶᠢᠨ ᠠᠷᠭ᠎ᠠ᠂ ᠰᠢᠨ᠎ᠡ ᠪᠠᠶᠢᠳᠠᠯ ᠢ ᠡᠭᠦᠳᠬᠦ ᠰᠢᠨ᠎ᠡ ᠠᠷᠭ᠎ᠠ ᠬᠡᠮᠵᠢᠶ᠎ᠡ ᠶᠢ ᠴᠢᠷᠮᠠᠶᠢᠨ ᠳᠤᠷᠠᠳᠤᠨ ᠭᠠᠷᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠬᠦᠴᠢᠷᠳᠡᠯ ᠪᠠ ᠬᠦᠴᠢᠷ ᠠᠰᠠᠭᠤᠳᠠᠯ ᠢ ᠨᠠᠪᠲᠠᠷᠡᠭᠦᠯᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠠᠰᠠᠭᠤᠳᠠᠯ ᠢ ᠰᠢᠢᠳᠪᠦᠷᠢᠯᠡᠬᠦ ᠬᠦᠴᠦᠲᠡᠢ ᠭᠠᠷᠳᠠᠴᠠ ᠪᠠ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃       ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ᠂ ᠯᠢ ᠴᠢᠶᠠᠩ ᠶᠡᠷᠦᠩᠬᠡᠢ ᠰᠠᠶᠢᠳ ᠂ ᠰᠦᠨ ᠱᠤᠤ ᠹᠸᠡᠭ ᠱᠦᠵᠢ ᠶᠢᠨ ᠪᠡᠭᠡᠵᠢᠩ ᠤᠨ ᠴᠠᠩ ᠹᠥ᠋ᠩ ᠡᠮᠨᠡᠯᠭᠡ ᠶᠢᠨ ᠬᠤᠷᠢᠶᠠᠨ ᠤ ᠭᠠᠯ ᠤᠨ ᠭᠠᠮᠰᠢᠭ ᠤᠨ ᠠᠳᠡᠯ ᠤᠨ ᠲᠤᠬᠠᠢ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠡᠷᠢᠭᠦᠯᠡᠭᠴᠢ ᠸᠠᠩ ᠯᠢ ᠰᠢᠶᠠ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠠᠢ ᠃ ᠡᠯ᠎ᠡ ᠰᠤᠮᠤ ᠪᠠᠯᠭᠠᠰᠤ ᠂ ᠡᠯ᠎ᠡ ᠰᠠᠯᠠᠭ᠎ᠠ ᠮᠥᠴᠢᠷ ᠤᠨ ᠬᠢᠨ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠢᠭᠰᠠᠭᠠᠨ ᠪᠠᠶᠢᠴᠠᠭᠠᠬᠤ ︽ ᠪᠦᠬᠦᠨ ᠢ ᠪᠦᠷᠬᠦᠭᠦᠯᠬᠦ ︾ ᠂ ᠴᠡᠭᠴᠡᠯᠡᠨ ᠰᠠᠶᠢᠵᠢᠷᠠᠭᠤᠯᠬᠤ ︽ ᠲᠤᠶᠢᠯᠪᠤᠷᠢᠲᠠᠢ ᠥᠭᠡᠷᠡᠴᠢᠯᠡᠬᠦ ︾  ᠶᠢ ᠡᠷᠡᠰ ᠪᠡᠶᠡᠯᠡᠭᠦᠯᠵᠦ ᠂ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠪᠣᠯᠣᠨ ᠠᠶᠤᠯᠭᠦᠢ ᠬᠥᠭᠵᠢᠯᠲᠡ ᠶᠢᠨ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ ᠱᠠᠭᠠᠷᠳᠠᠪᠠ ᠃ ᠡᠭᠦᠨ ᠤ ᠵᠡᠷᠭᠡᠪᠡᠷ᠂ ︽ 5·1 ︾ ᠋ ᠤ ᠵᠢᠵᠢᠭᠦᠷᠯᠡᠵᠦ ᠵᠢᠵᠢᠭᠦᠷᠯᠡᠨ ᠰᠠᠬᠢᠬᠤ ᠶᠢ ᠴᠢᠩᠭᠠᠳᠬᠠᠵᠤ ᠂ ᠵᠢᠵᠢᠭᠦᠷᠯᠡᠬᠦ ᠤᠳᠤᠷᠢᠳᠤᠯᠭ᠎ᠠ ᠠᠵᠢᠯ ᠤᠨ ᠪᠠᠶᠢᠷᠢ ᠳᠡᠭᠡᠷ᠎ᠡ ᠪᠠᠨ ᠡᠭᠡᠯᠵᠢ ᠳᠠᠭᠠᠭᠤᠯᠵᠤ ᠂ ︽ ᠮᠡᠳᠡᠭᠦᠯᠦᠯᠲᠡ ᠦᠭᠡᠢ ᠪᠠᠶᠢᠬᠤ ︾  ᠶᠢ ᠴᠢᠩᠭ᠎ᠠ ᠬᠡᠷᠡᠭᠵᠢᠭᠦᠯᠵᠦ ᠂ ᠠᠮᠠᠷᠠᠯᠲᠠ ᠶᠢᠨ ᠬᠤᠭᠤᠴᠠᠭᠠᠨ ᠤ ᠠᠮᠤᠷ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠃       ᠬᠤᠷᠠᠯ ᠳᠡᠭᠡᠷ᠎ᠡ ᠰᠢ ᠶᠢᠨ ᠫᠢᠩ ᠶᠡᠷᠦᠩᠬᠡᠢ ᠱᠦᠵᠢ ᠶᠢᠨ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ ᠶᠠᠪᠤᠳᠠᠯ ᠢ ᠣᠯᠠᠨᠲᠠ ᠴᠠᠭᠠᠵᠠᠯᠠᠭᠰᠠᠨ ᠴᠤ ᠦᠯᠦ ᠲᠠᠰᠤᠷᠠᠬᠤ ᠠᠰᠠᠭᠤᠳᠠᠯ ᠤᠨ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ︽ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠮᠵᠢᠯᠴᠠᠨ ᠠᠬᠢᠭᠤᠯᠬᠤ ᠶᠢ ᠴᠢᠩᠭᠠᠳᠬᠠᠵᠤ᠂ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠰᠠᠶᠢᠲᠤᠷ ᠡᠵᠡᠮᠳᠡᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠦᠨᠡᠨ ᠪᠣᠳᠠᠲᠠᠢ ᠪᠠᠷ ᠲᠤᠰᠬᠠᠬᠤ ᠶᠢ ᠪᠠᠲᠤᠯᠠᠬᠤ ᠬᠡᠷᠡᠭᠲᠡᠢ︔ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠵᠣᠬᠢᠶᠠᠬᠤ ᠦᠶᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠭᠡᠵᠦ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠶᠢ ᠰᠠᠬᠢᠯᠭ᠎ᠠ ᠪᠠᠲᠤ ᠶᠢᠨ ᠬᠢᠨᠠᠯᠲᠠ ᠲᠠᠯᠪᠢᠯᠲᠠ᠂ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠲᠠᠯᠪᠢᠯᠲᠠ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ᠂ ᠬᠢᠨᠠᠨ ᠪᠤᠳᠤᠵᠤ ᠬᠢᠨᠠᠯᠲᠠ ᠲᠠᠯᠪᠢᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ︔ ᠲᠤᠰᠬᠠᠢ ᠵᠠᠰᠠᠯᠲᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠲᠤᠰᠬᠠᠢ ᠵᠠᠰᠠᠯᠲᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠨ᠂ ᠦᠨᠡᠯᠡᠨ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠢᠯᠠᠩᠭᠤᠶ᠎ᠠ ᠲᠤᠭ᠎ᠠ ᠪᠦᠷᠢᠳᠬᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠋ ᠤ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ᠡᠯ᠎ᠡ ᠰᠤᠮᠤ ᠪᠠᠯᠭᠠᠰᠤ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠮᠤ ᠪᠤᠳᠠᠭᠠᠨ ᠤ ᠠᠮᠤᠷ ᠲᠦᠪᠰᠢᠨ ᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ ᠂ ᠳᠡᠭᠡᠳᠦ ᠬᠡᠮᠵᠢᠶᠡᠨ ᠤ ᠡᠭᠦᠷᠭᠡᠲᠦ ᠰᠡᠳᠬᠢᠯᠭᠡ ᠪᠣᠯᠣᠨ ᠪᠠᠴᠢᠮ ᠲᠤᠯᠭᠠᠮ᠎ᠠ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ ᠭᠡᠵᠦ ᠱᠠᠭᠠᠷᠳᠠᠪᠠ ᠃ ᠠᠮᠤ ᠪᠤᠳᠠᠭᠠᠨ ᠤ ᠠᠮᠤᠷ ᠲᠦᠪᠰᠢᠨ ᠤ ᠠᠰᠠᠭᠤᠳᠠᠯ ᠤᠨ ᠪᠤᠳᠤᠯᠢᠶᠠᠨᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ᠂ ᠤᠷᠳᠤ ᠬᠤᠭᠤᠴᠠᠭᠠᠲᠤ ᠴᠢᠨᠠᠷ ᠢ ᠭᠦᠢᠴᠡᠳ ᠲᠠᠨᠢᠵᠤ ᠂ ᠠᠮᠤ ᠪᠤᠳᠠᠭᠠᠨ ᠤ ᠦᠢᠯᠡᠳᠪᠦᠷᠢᠯᠡᠯ ᠵᠥᠭᠡᠭᠡᠪᠦᠷᠢᠯᠡᠯᠲᠡ ᠨᠥᠭᠡᠴᠡᠯᠡᠯᠲᠡ ᠡᠳ᠋ᠰᠢᠭᠦᠯᠦᠯᠲᠡ ᠪᠣᠷᠤᠯᠠᠭᠤᠯᠭ᠎ᠠ ᠶᠢᠨ ᠪᠦᠬᠦ ᠬᠡᠯᠬᠢᠶ᠎ᠡ ᠳᠤ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠢ ᠵᠦᠢᠯ ᠢ ᠴᠢᠷᠮᠠᠶᠢᠨ ᠨᠥᠬᠦᠪᠦᠷᠢᠯᠡᠵᠦ᠂ ᠠᠮᠤ ᠪᠤᠳᠠᠭᠠᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠃       ᠬᠤᠷᠠᠯ ᠠᠴᠠ ᠪᠠᠰᠠ ᠠᠮᠤ ᠪᠤᠳᠠᠭ᠎ᠠ ᠲᠠᠷᠢᠬᠤ᠂ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠲᠦᠷᠦᠯ ᠵᠦᠢᠯ ᠤᠨ ᠡᠵᠡᠩᠨᠡᠯᠲᠡ ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠂ ᠥᠷᠢ ᠥᠭᠴᠡᠭᠡ ᠶᠢ ᠠᠷᠢᠯᠭᠠᠬᠤ ᠂ ᠨᠡᠶᠢᠭᠡᠮ ᠲᠣᠭᠤᠷᠢᠭ ᠤᠨ ᠤᠷᠢᠨ ᠬᠡᠷᠡᠭᠯᠡᠬᠦ ᠂ ᠤᠰᠤ ᠠᠷᠪᠢᠯᠠᠵᠤ ᠤᠰᠤ ᠶᠢ ᠬᠢᠵᠠᠭᠠᠷᠯᠠᠬᠤ᠂ ᠪᠤᠭᠤᠲᠤ ᠶᠢᠨ ᠪᠠᠩᠬᠢ ᠶᠢᠨ ᠲᠦᠷᠭᠡᠨ ᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ᠂ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠂ ᠴᠠᠭᠳᠠᠭ᠎ᠠ ᠶᠢᠨ ᠲᠤᠰᠠᠯᠠᠬᠤ ᠬᠥᠮᠥᠰ ᠤᠨ ᠴᠠᠯᠢᠩ ᠬᠥᠯᠥᠰᠦ ᠵᠡᠷᠭᠡ ᠶᠠᠪᠤᠳᠠᠯ ᠢ ᠰᠤᠳᠤᠯᠵᠠᠢ ᠃   
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ