ᠰᠢᠶᠠᠨ ᠤ ᠵᠠᠰᠠᠭ ᠤᠨ ᠣᠷᠳᠣᠨ ᠰᠢᠶᠠᠨ ᠤ ᠵᠠᠰᠠᠭ ᠤᠨ ᠣᠷᠳᠣᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ ᠳᠥᠷᠪᠡᠳᠦᠭᠡᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/22
      2023 ᠣᠨ ᠤ 5 ᠰᠠᠷ᠎ᠠ ᠶᠢᠨ 23 ᠤ ᠡᠳᠦᠷ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠸᠠᠩ ᠶᠦᠩ ᠨᠥᠬᠦᠷ ᠰᠢᠶᠠᠨ ᠤ ᠵᠠᠰᠠᠭ ᠤᠨ ᠣᠷᠳᠣᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ︵ ᠥᠷᠭᠡᠳᠬᠡᠭᠰᠡᠨ ︶᠋ ᠤᠨ ᠰᠤᠷᠤᠯᠴᠠᠯᠭ᠎ᠠ ᠶᠢᠨ ᠬᠤᠷᠠᠯ ᠵᠢᠴᠢ 2023 ᠣᠨ ᠤ 4 ᠳ᠋ᠦᠭᠡᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠤ ᠬᠠᠮᠲᠤ ︽ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ︾ ᠲᠤᠰᠬᠠᠢ ᠰᠡᠳᠦᠪᠲᠦ ᠨᠠᠮ ᠤᠨ ᠬᠢᠴᠢᠶᠡᠯ ᠢ ᠤᠬᠠᠭᠤᠯᠤᠨ ᠲᠠᠶᠢᠯᠪᠤᠷᠢᠯᠠᠪᠠ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ︽ᠬᠥᠬᠡᠨᠠᠭᠤᠷ ᠮᠤᠵᠢ ᠶᠢᠨ 6 ᠤᠳᠤᠷᠢᠳᠬᠤ ᠺᠠᠳ᠋ᠷ ᠤᠨ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ  ᠶᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠵᠢᠴᠢ ᠰᠤᠷᠭᠠᠮᠵᠢ ᠪᠠ ᠰᠡᠷᠡᠮᠵᠢᠯᠡᠭᠦᠯᠦᠯ ᠤᠨ ᠲᠤᠬᠠᠢ ᠵᠠᠷᠯᠠᠯ︾ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠬᠡᠯᠡᠭᠰᠡᠨ ᠦᠭᠡ ᠶᠢᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ᠂ ᠣᠶᠤᠨᠲᠤ ᠲᠡᠷᠭᠡᠨ ᠵᠣᠭᠰᠣᠭᠠᠯ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ᠂ ᠰᠢᠨ᠎ᠡ ᠪᠠᠷ ᠪᠠᠶᠢᠭᠤᠯᠬᠤ ᠠᠵᠤ ᠦᠢᠯᠡᠳᠪᠦᠷᠢ ᠶᠢᠨ ᠲᠦᠷᠦᠯ ᠵᠦᠢᠯ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠣᠶᠤᠨᠲᠤ ᠠᠮᠤ ᠪᠤᠳᠠᠭᠠᠨ ᠤ ᠬᠥᠮᠥᠷᠭᠡ ᠵᠡᠷᠭᠡ ᠶᠠᠪᠤᠳᠠᠯ ᠢ ᠰᠤᠳᠤᠯᠪᠠ ᠃       ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠸᠠᠩ ᠶᠦᠩ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠶ ᠪᠣᠯᠭᠠᠬᠤ︾ ᠪᠠᠷ ᠭᠤᠣᠯ ᠰᠡᠳᠦᠪ ᠪᠣᠯᠭᠠᠨ ᠨᠠᠮ ᠤᠨ ᠬᠢᠴᠢᠶᠡᠯ ᠤᠨ ᠤᠬᠠᠭᠤᠯᠭ᠎ᠠ ᠲᠠᠶᠢᠯᠪᠤᠷᠢᠯᠠᠯᠲᠠ ᠬᠢᠵᠦ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ ᠂ ᠶᠡᠷᠦᠩᠬᠡᠢ ᠱᠦᠵᠢ  ᠰᠢ ᠶᠢᠨ ᠫᠢᠩ ᠦᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠶ ᠪᠦᠬᠦ ᠲᠠᠯ᠎ᠠ ᠪᠠᠷ ᠡᠵᠡᠮᠰᠢᠨ ᠲᠤᠤᠱᠯᠠᠭᠤᠯᠵᠤ ᠂ ᠨᠠᠮ ᠤᠨ ᠦᠨᠳᠦᠰᠦᠲᠡᠨ ᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ ᠃ ᠵᠥᠪ ᠣᠨᠣᠪᠴᠢᠲᠠᠶ ᠤᠯᠤᠰ ᠤᠨ ᠦᠵᠡᠯᠲᠡ ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠬᠡᠷᠡᠭᠲᠡᠢ ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠤᠱᠯᠠᠭᠤᠯᠵᠤ ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠰᠢ ᠬᠠᠮᠲᠤᠪᠠᠷ ᠤᠷᠤᠭᠰᠢᠯᠠᠬᠤ ᠶᠢ ᠠᠬᠢᠭᠤᠯᠤᠨ᠎ᠠ᠃ ᠦᠨᠳᠦᠰᠦᠲᠡᠨ ᠨᠦᠭᠦᠳ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠰᠢᠰᠲ᠋ᠧᠮ ᠪᠣᠯᠣᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ︔ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ ᠂ ᠦᠨᠳᠦᠰᠦᠲᠡᠨ ᠤ ᠬᠦᠷᠢᠶᠡᠨ ᠤ ᠬᠦᠨᠳᠦ ᠶᠡᠭᠡ ᠠᠶᠤᠯ ᠲᠦᠭᠰᠢᠭᠦᠷᠢ ᠶᠢᠨ ᠭᠡᠮ ᠰᠣᠭᠤᠭ ᠢ ᠡᠷᠡᠰ ᠰᠡᠷᠭᠡᠶᠢᠯᠡᠬᠦ ᠵᠡᠷᠭᠡ ᠲᠠᠯ᠎ᠠ ᠪᠠᠷ ᠂ ᠪᠦᠬᠦ ᠲᠠᠯ᠎ᠠ ᠪᠠᠷ ᠰᠢᠰᠲ᠋ᠥᠮ ᠲᠠᠢ ᠂ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠵᠤ ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠰᠡᠳᠬᠢᠴᠡ ᠶᠢ ᠲᠣᠳᠣᠷᠬᠠᠶᠢᠯᠠᠵᠤ᠂ ᠴᠢᠷᠮᠠᠶᠢᠬᠤ ᠴᠢᠭᠯᠡᠯ ᠢ ᠲᠣᠳᠣᠷᠬᠠᠶᠢᠯᠠᠵᠠᠢ ᠃       ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ︽ᠬᠥᠬᠡᠨᠠᠭᠤᠷ ᠮᠤᠵᠢ ᠶᠢᠨ 6 ᠤᠳᠤᠷᠢᠳᠬᠤ ᠺᠠᠳ᠋ᠷ ᠤᠨ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ  ᠶᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠵᠢᠴᠢ ᠰᠤᠷᠭᠠᠮᠵᠢ ᠪᠠ ᠰᠡᠷᠡᠮᠵᠢᠯᠡᠭᠦᠯᠦᠯ ᠤᠨ ᠲᠤᠬᠠᠢ ᠵᠠᠷᠯᠠᠯ︾ ᠤᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠪᠦᠬᠦ ᠰᠢᠶᠠᠨ ᠢᠶᠠᠷ ᠢᠶᠠᠨ ᠡᠭᠦᠨ ᠢᠶᠠᠷ ᠲᠣᠯᠢ ᠪᠣᠯᠭᠠᠬᠤ ᠶᠢ ᠱᠠᠭᠠᠷᠳᠠᠨ᠎ᠠ ᠃ ᠶᠡᠷᠦᠩᠬᠡᠢ ᠱᠦᠵᠢ  ᠰᠢ ᠶᠢᠨ ᠫᠢᠩ ᠤᠨ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ︽ᠳᠥᠷᠪᠡᠨ ᠰᠤᠷᠲᠠᠯ︾ ᠤᠨ ᠠᠰᠠᠭᠤᠳᠠᠯ ᠪᠣᠯ ᠪᠠᠭ᠎ᠠ ᠤᠴᠢᠷ ᠪᠢᠰᠢ᠂ ᠤᠯᠤᠰ ᠲᠥᠷᠥ  ᠶᠢᠨ ᠶᠡᠭᠡ ᠶᠠᠪᠤᠳᠠᠯ ᠳᠤ ᠬᠤᠯᠪᠣᠭᠳᠠᠬᠤ ᠠᠰᠠᠭᠤᠳᠠᠯ ᠮᠥᠨ ᠭᠡᠳᠡᠭ  ᠢ ᠭᠦᠨᠵᠡᠭᠡᠢ ᠲᠠᠨᠢᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠦᠭᠰᠡᠨ ᠪᠠᠶᠢᠳᠠᠯ ᠢ ᠨᠠᠮ ᠤᠨ ᠭᠡᠰᠢᠭᠦᠨ ᠺᠠᠳ᠋ᠷᠴᠤᠳ ᠤᠨ ︽ ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ ᠂ ︽ ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠬᠦ ᠶᠢ ᠰᠢᠯᠭᠠᠬᠤ ᠴᠢᠬᠤᠯᠠ ᠰᠢᠯᠭᠠᠯᠲᠠ ᠪᠣᠯᠭᠠᠵᠤ ᠂ ᠰᠠᠬᠢᠯᠭ᠎ᠠ ᠪᠠᠲᠤ ᠶᠣᠰᠣ ᠳᠦᠷᠢᠮ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ ᠂ ᠭᠠᠵᠢᠭᠤ ᠰᠤᠷᠲᠠᠯ ᠢ ᠡᠷᠡᠰ ᠡᠰᠡᠷᠭᠦᠴᠡᠨ ᠬᠤᠷᠢᠭᠯᠠᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ ᠃ ᠵᠠᠰᠠᠭ ᠤᠨ ᠣᠷᠳᠣᠨ ᠤ ᠰᠢᠰᠲ᠋ᠥᠮ ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠷᠬᠡᠪᠰᠢ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ ᠂ ᠰᠢᠰᠲ᠋ᠥᠮᠲᠦ ᠵᠠᠰᠠᠯᠲᠠ ᠶᠢ ᠴᠢᠨᠠᠭᠰᠢᠳᠠ ᠴᠢᠩᠭᠠᠳᠬᠠᠵᠤ ᠂ ᠦᠵᠡᠯ ᠰᠠᠨᠠᠭ᠎ᠠ ᠶᠢ ᠬᠠᠮᠢᠶᠠᠷᠬᠤ ᠂ ᠠᠵᠢᠯ ᠢ ᠬᠠᠮᠢᠶᠠᠷᠬᠤ ᠂ ᠰᠤᠷᠲᠠᠯ ᠢ ᠬᠠᠮᠢᠶᠠᠷᠬᠤ ᠂ ᠰᠠᠬᠢᠯᠭ᠎ᠠ ᠪᠠᠲᠤ ᠶᠢ ᠬᠠᠮᠢᠶᠠᠷᠬᠤ ᠴᠢᠩᠭ᠎ᠠ ᠬᠠᠮᠢᠶᠠᠷᠤᠯᠲᠠ ᠶᠢᠨ ᠰᠢᠰᠲ᠋ᠥᠮ ᠢ ᠪᠦᠷᠢᠨᠰᠢᠭᠦᠯᠵᠦ ᠂ ︽ ᠨᠠᠢᠮᠠᠨ ᠴᠠᠭ ᠤᠨ ᠳᠣᠲᠣᠷ᠎ᠠ ︾  ᠶᠢ ᠰᠠᠶᠢᠲᠤᠷ ᠬᠠᠮᠢᠶᠠᠷᠬᠤ ᠪᠠᠷ ᠪᠠᠷᠠᠬᠤ ᠦᠭᠡᠢ ᠪᠠᠰᠠ ︽ ᠨᠠᠢᠮᠠᠨ ᠴᠠᠭ ᠤᠨ ᠭᠠᠳᠠᠨ᠎ᠠ ︾  ᠶᠢ ᠰᠠᠶᠢᠲᠤᠷ ᠬᠠᠮᠢᠶᠠᠷᠴᠤ ᠂ ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠢ ᠵᠣᠷᠢᠭᠲᠠᠢ ᠠᠳᠬᠤᠨ ᠵᠣᠷᠢᠭᠲᠠᠢ ᠬᠠᠮᠢᠶᠠᠷᠴᠤ᠂ ᠴᠢᠩᠭ᠎ᠠ ᠠᠳᠬᠤᠨ ᠴᠢᠩᠭ᠎ᠠ ᠬᠠᠮᠢᠶᠠᠷᠴᠤ ᠂ ᠦᠨᠡᠨᠬᠦ ᠬᠠᠮᠢᠶᠠᠷᠴᠤ ᠦᠨᠡᠨᠬᠦ ᠴᠢᠩᠭ᠎ᠠ ᠂ ᠤᠷᠳᠤ ᠬᠤᠭᠤᠴᠠᠭ᠎ᠠ ᠪᠠᠷ ᠬᠠᠮᠢᠶᠠᠷᠴᠤ ᠤᠷᠳᠤ ᠬᠤᠭᠤᠴᠠᠭ᠎ᠠ ᠪᠠᠷ ᠴᠢᠩᠭ᠎ᠠ ᠪᠠᠶᠢᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠃       ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠶᠠᠷᠢᠶᠠᠨ ᠤ ᠵᠣᠷᠢᠭ ᠰᠠᠨᠠᠭ᠎ᠠ ᠪᠦᠬᠦ ᠰᠢᠶᠠᠨ ᠢᠶᠠᠷ ᠢᠶᠠᠨ ᠶᠡᠷᠦᠩᠬᠡᠢ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠣᠶᠢᠯᠠᠭᠠᠵᠤ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠶᠢ ᠡᠷᠡᠰ ᠭᠤᠶᠢᠪᠢᠰᠢ ᠦᠭᠡᠢ ᠪᠠᠷ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢᠨ ᠴᠢᠬᠤᠯᠠ ᠶᠡᠭᠡ ᠤᠯᠤᠰ ᠲᠥᠷᠥ ᠶᠢᠨ ᠰᠢᠯᠭᠠᠯᠲᠠ ᠪᠣᠯᠭᠠᠵᠤ᠂ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ ᠂ ᠦᠨᠳᠦᠰᠦᠨ ᠡᠭᠦᠷᠭᠡ᠂ ᠪᠣᠳᠠᠲᠠᠢ ᠬᠠᠷᠠᠯᠲᠠ ᠶᠢ ᠣᠨᠣᠪᠴᠢᠲᠠᠶ ᠡᠵᠡᠮᠳᠡᠵᠦ ᠂ ᠤᠨᠤᠯ ᠤᠨ ᠰᠤᠷᠤᠯᠴᠠᠯᠭ᠎ᠠ ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠲᠦᠯᠬᠢᠨ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠨᠡᠪᠲᠡᠷᠡᠭᠦᠯᠦᠨ ᠂ ᠤᠷᠢᠳᠴᠢᠯᠠᠨ ᠠᠷᠭ᠎ᠠ ᠰᠦᠪᠡᠭᠴᠢᠯᠡᠵᠦ ᠂ ᠰᠢᠰᠲ᠋ᠧᠮ ᠲᠠᠢ ᠪᠠᠷ ᠲᠣᠬᠢᠷᠠᠭᠤᠯᠤᠨ᠂ ᠵᠠᠰᠠᠭ ᠤᠨ ᠣᠷᠳᠣᠨ ᠤ ᠰᠢᠰᠲ᠋ᠧᠮ ᠤᠨ ᠭᠤᠣᠯ ᠰᠡᠳᠦᠪᠲᠦ ᠬᠥᠮᠦᠵᠢᠯ ᠢ ᠥᠨᠳᠥᠷ ᠪᠠᠷᠢᠮᠵᠢᠶ᠎ᠠ ᠂ ᠴᠢᠩᠭ᠎ᠠ ᠱᠠᠭᠠᠷᠳᠠᠯᠭ᠎ᠠ ᠂ ᠪᠣᠳᠠᠲᠠᠢ ᠠᠷᠭ᠎ᠠ ᠬᠡᠮᠵᠢᠶ᠎ᠡ ᠪᠠᠷ ᠲᠦᠯᠬᠢᠨ ᠠᠬᠢᠭᠤᠯᠵᠤ ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ ᠃       ᠬᠤᠷᠠᠯ ᠠᠴᠠ ᠪᠠᠰᠠ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠂ ᠣᠶᠤᠨᠲᠤ ᠲᠡᠷᠭᠡᠨ ᠵᠣᠭᠰᠣᠭᠠᠯ ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ᠂ ᠰᠢᠨ᠎ᠡ ᠪᠠᠷ ᠪᠠᠶᠢᠭᠤᠯᠬᠤ ᠠᠵᠤ ᠦᠢᠯᠡᠳᠪᠦᠷᠢ ᠶᠢᠨ ᠲᠦᠷᠦᠯ ᠵᠦᠢᠯ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠂ ᠣᠶᠤᠨᠲᠤ ᠠᠮᠤ ᠪᠤᠳᠠᠭᠠᠨ ᠤ ᠬᠥᠮᠥᠷᠭᠡ ᠵᠡᠷᠭᠡ ᠶᠠᠪᠤᠳᠠᠯ ᠢ ᠰᠤᠳᠤᠯᠵᠠᠢ ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ