ᠰᠢᠶᠠᠨ ᠤ ᠵᠠᠰᠠᠭ ᠤᠨ ᠣᠷᠳᠣᠨ ᠰᠢᠶᠠᠨ ᠤ ᠵᠠᠰᠠᠭ ᠤᠨ ᠣᠷᠳᠣᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ ᠲᠠᠪᠤᠳᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/22
      2023 ᠣᠨ ᠤ 6 ᠰᠠᠷ᠎ᠠ ᠶᠢᠨ 28 ᠤ ᠡᠳᠦᠷ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠸᠠᠩ ᠶᠦᠩ ᠨᠥᠬᠦᠷ ᠰᠢᠶᠠᠨ ᠤ ᠵᠠᠰᠠᠭ ᠤᠨ ᠣᠷᠳᠣᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ︵ ᠥᠷᠭᠡᠳᠬᠡᠭᠰᠡᠨ ︶ ᠤᠨ ᠰᠤᠷᠤᠯᠴᠠᠯᠭ᠎ᠠ ᠶᠢᠨ ᠬᠤᠷᠠᠯ ᠵᠢᠴᠢ 2023 ᠣᠨ ᠤ 5 ᠳ᠋ᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠪᠠ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠪᠠᠶᠢᠳᠠᠯ ᠢ ᠤᠯᠠᠮᠵᠢᠯᠠᠨ ᠰᠤᠷᠤᠯᠴᠠᠵᠤ᠂ ᠪᠠᠶᠠᠨᠨᠠᠭᠤᠷ ᠵᠢᠴᠢ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠢᠨᠵᠢᠯᠡᠨ ᠪᠠᠶᠢᠴᠠᠭᠠᠵᠤ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠤᠱᠯᠠᠭᠤᠯᠬᠤ ᠳᠤᠮᠳᠠ ︽ᠫᠦᠵᠢᠶᠠᠩ ᠤᠨ ᠲᠤᠷᠰᠢᠯᠭ᠎ᠠ︾ ᠪᠠ ︽︿ᠮᠢᠩᠭᠠᠨ ᠲᠦᠮᠡᠨ ᠢᠨᠵᠧᠨᠧᠷᠢᠩ ﹀ ᠤᠨ ᠲᠤᠷᠰᠢᠯᠭ᠎ᠠ︾ ᠶᠢ ᠰᠤᠷᠤᠯᠴᠠᠨ ᠬᠡᠷᠡᠭᠯᠡᠬᠦ ᠲᠤᠬᠠᠢ ᠮᠡᠳᠡᠭᠳᠡᠯ︾ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠬᠢᠨᠠᠨ ᠪᠤᠳᠤᠬᠤ ᠵᠥᠪᠯᠡᠯ ᠤᠨ ᠠᠩᠬᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠵᠧᠵᠢᠶᠠᠩ ᠮᠤᠵᠢ ᠶᠢᠨ ᠬᠠᠶᠢᠨᠢᠩ ᠬᠤᠲᠠ ᠶᠢᠨ ︿6᠂ 1﹀ ᠤ ᠳᠡᠯᠪᠡᠷᠡᠯᠲᠡ ᠶᠢᠨ ᠬᠡᠷᠡᠭ ᠤᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠬᠢᠲᠠᠳ ᠡᠮ ᠡᠮᠨᠡᠯᠭᠡ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠠᠵᠢᠯ ᠤᠨ ᠬᠤᠪᠢᠶᠠᠷᠢᠯᠠᠯ᠂ ᠠᠶᠤᠯᠭᠦᠢ ᠦᠢᠯᠡᠳᠪᠦᠷᠢᠯᠡᠯ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠣᠬᠢᠷᠠᠭᠤᠯᠤᠯᠲᠠ ᠂ ᠲᠡᠭᠦᠰᠦᠭᠰᠡᠨ ᠣᠶᠤᠲᠠᠳ ᠢ ᠡᠯᠰᠡᠬᠦ ᠵᠡᠷᠭᠡ ᠶᠠᠪᠤᠳᠠᠯ ᠢ ᠰᠤᠳᠤᠯᠵᠠᠢ ᠃       ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ᠂ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠵᠢᠴᠢ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠪᠠ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ  ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ  ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠪᠦᠬᠦ ᠰᠢᠶᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠦᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ᠂ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠲᠡᠷᠢᠭᠦᠨ ᠴᠢᠬᠤᠯᠠ ᠶᠠᠪᠤᠳᠠᠯ ᠪᠠ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠤᠯᠠᠮᠵᠢᠯᠠᠨ ᠰᠤᠷᠤᠯᠴᠠᠬᠤ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠂ ᠤᠬᠠᠭᠤᠯᠤᠨ ᠲᠠᠶᠢᠯᠪᠤᠷᠢᠯᠠᠬᠤ ᠶᠢ ᠥᠷᠭᠡᠨ ᠢᠶᠠᠷ ᠥᠷᠨᠢᠭᠦᠯᠵᠦ ᠂ ᠶᠡᠷᠦᠩᠬᠡᠢ ᠱᠦᠵᠢ ᠶᠢᠨ ᠭᠦᠨ ᠵᠤᠵᠠᠭᠠᠨ ᠬᠠᠶᠢᠷ᠎ᠠ ᠬᠠᠯᠠᠮᠵᠢ ᠶᠢ ᠲᠠᠷᠢᠶᠠᠨ ᠭᠠᠵᠠᠷ ᠂ ᠲᠦᠭ ᠲᠦᠮᠡᠨ ᠠᠶᠢᠯ ᠡᠷᠦᠭᠡ ᠳᠤ ᠦᠨᠡᠨᠬᠦ ᠤᠯᠠᠮᠵᠢᠯᠠᠬᠤ ᠬᠡᠷᠡᠭᠲᠡᠢ ᠭᠡᠵᠦ ᠱᠠᠭᠠᠷᠳᠠᠪᠠ ᠃ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠤᠨ ᠤᠬᠠᠮᠰᠠᠷ ᠢᠶᠠᠨ ᠴᠢᠩᠭᠠᠳᠬᠠᠵᠤ ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠰᠡᠳᠬᠢᠴᠡ ᠠᠷᠭ᠎ᠠ ᠬᠡᠮᠵᠢᠶ᠎ᠡ ᠶᠢ ᠭᠦᠨᠵᠡᠭᠡᠢ ᠰᠦᠪᠡᠭᠴᠢᠯᠡᠵᠦ ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ᠤᠳᠤ ᠦᠶ᠎ᠡ ᠶᠢᠨ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠲᠠᠯ᠎ᠠ ᠪᠠᠷ ᠠᠬᠢᠭᠤᠯᠵᠤ ᠂ ᠲᠠᠷᠢᠶᠠᠯᠠᠩ ᠤᠨ ᠭᠦᠨ ᠤᠰᠤ ᠠᠷᠪᠢᠯᠠᠵᠤ ᠤᠰᠤ ᠶᠢ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠃       ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠤᠱᠯᠠᠭᠤᠯᠬᠤ ᠳᠤᠮᠳᠠ ︿ᠫᠦᠵᠢᠶᠠᠩ ᠤᠨ ᠲᠤᠷᠰᠢᠯᠭ᠎ᠠ﹀ ᠪᠣᠯᠣᠨ ︿ᠮᠢᠩᠭᠠᠨ ᠲᠦᠮᠡᠨ ᠢᠨᠵᠧᠨᠧᠷᠢᠩ ﹀ ᠤᠨ ᠲᠤᠷᠰᠢᠯᠭ᠎ᠠ﹀ ᠶᠢ ᠰᠤᠷᠤᠯᠴᠠᠨ ᠬᠡᠷᠡᠭᠯᠡᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠰᠢᠶᠠᠨ ᠢᠶᠠᠷ ᠢᠶᠠᠨ ︽ ᠫᠦᠵᠢᠶᠠᠩ ᠤᠨ ᠲᠤᠷᠰᠢᠯᠭ᠎ᠠ ︾ ᠪᠣᠯᠣᠨ ︽ ᠮᠢᠩᠭᠠᠨ ᠲᠦᠮᠡᠨ ᠢᠨᠵᠧᠨᠧᠷᠢᠩ ︾ ᠤᠨ ᠲᠤᠷᠰᠢᠯᠭ᠎ᠠ ᠶᠢ ᠰᠠᠶᠢᠲᠤᠷ ᠰᠤᠷᠤᠯᠴᠠᠬᠤ᠂ ᠰᠠᠶᠢᠲᠤᠷ ᠲᠤᠤᠱᠯᠠᠭᠤᠯᠬᠤ ᠂ ᠰᠠᠶᠢᠲᠤᠷ ᠦᠢᠯᠡᠳᠦᠯᠭᠡᠵᠢᠭᠦᠯᠬᠦ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠬᠤ ᠬᠡᠷᠡᠭᠲᠡᠢ ᠃ ︽ ᠫᠦᠵᠢᠶᠠᠩ ᠮᠥᠷᠡᠨ ᠤ ᠲᠤᠷᠰᠢᠯᠭ᠎ᠠ ︾ ᠪᠣᠯᠣᠨ ︽ ᠮᠢᠩᠭᠠᠨ ᠲᠦᠮᠡᠨ ᠢᠨᠵᠧᠨᠧᠷᠢᠩ ︾ ᠋ ᠳᠤ ᠠᠭᠤᠯᠤᠭᠳᠠᠵᠤ ᠪᠠᠶᠢᠭ᠎ᠠ ᠪᠠᠶᠢᠯᠳᠤᠬᠤ ᠪᠣᠳᠣᠯᠭ᠎ᠠ ᠶᠢᠨ ᠰᠡᠳᠬᠢᠬᠦ  ᠢ᠂ ᠰᠢᠰᠲ᠋ᠧᠮᠲᠦ ᠰᠡᠳᠬᠢᠬᠦᠢ ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠂ ᠡᠮᠦᠨ᠎ᠡ ᠡᠩᠨᠡᠭᠡᠨ ᠤ ᠤᠬᠠᠮᠰᠠᠷ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠪᠣᠳᠠᠲᠠᠢ ᠶᠢ ᠡᠷᠬᠢᠮᠯᠡᠬᠦ ᠰᠤᠷᠲᠠᠯ ᠢ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠵᠤ ᠂ ᠲᠡᠭᠦᠨ ᠳᠤ ᠠᠭᠤᠯᠤᠭᠳᠠᠵᠤ ᠪᠠᠶᠢᠭ᠎ᠠ ᠦᠨᠡᠨ ᠶᠣᠰᠣᠨ ᠤ ᠬᠦᠴᠦᠨ ᠴᠢᠳᠠᠯ ᠪᠣᠯᠣᠨ ᠦᠢᠯᠡᠳᠦᠯᠭᠡ ᠶᠢᠨ ᠠᠤᠭ᠎ᠠ ᠬᠦᠴᠦᠨ ᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠋ ᠤ ᠵᠢᠭᠠᠭᠰᠠᠨ ᠵᠠᠮ ᠢᠶᠠᠷ ᠡᠷᠡᠰ ᠭᠤᠶᠢᠪᠢᠰᠢ ᠦᠭᠡᠢ ᠡᠷᠡᠯᠬᠡᠭᠯᠡᠨ ᠤᠷᠤᠭᠰᠢᠯᠠᠬᠤ ᠬᠡᠷᠡᠭᠲᠡᠢ ᠃ ︽ ᠮᠢᠩᠭᠠᠨ ᠲᠦᠮᠡ ᠶᠢᠨ ᠢᠨᠵᠧᠨᠧᠷᠢᠩ ︾  ᠢᠶᠠᠷ ᠬᠥᠲᠥᠯᠥᠮᠵᠢ ᠪᠣᠯᠭᠠᠵᠤ ᠂ ︽ ᠫᠦᠵᠢᠶᠠᠩ ᠤᠨ ᠲᠤᠷᠰᠢᠯᠭ᠎ᠠ ︾  ᠪᠠᠷ ᠵᠢᠷᠤᠮᠯᠠᠯ ᠪᠣᠯᠭᠠᠵᠤ ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠂ ᠠᠵᠤ ᠦᠢᠯᠡᠰ ᠢ ᠬᠥᠭᠵᠢᠭᠦᠯᠬᠦ ᠂ ᠨᠡᠶᠢᠭᠡᠮ ᠢ ᠵᠠᠰᠠᠬᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠦᠨᠡᠨᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠰᠡᠳᠬᠢᠴᠡ ᠠᠷᠭ᠎ᠠ ᠪᠣᠯᠣᠨ ᠪᠦᠲᠦᠮᠵᠢᠲᠡᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ ᠃ ︽ ᠫᠦᠵᠢᠶᠠᠩ ᠮᠥᠷᠡᠨ ᠤ ᠲᠤᠷᠰᠢᠯᠭ᠎ᠠ ︾ ᠂ ︽ ᠮᠢᠩᠭᠠᠨ ᠲᠦᠮᠡᠨ ᠢᠨᠵᠧᠨᠧᠷᠢᠩ ︾ ᠋ ᠳᠤ ᠠᠩᠬᠠᠷᠤᠯ ᠢᠶᠠᠨ ᠲᠥᠪᠯᠡᠷᠡᠭᠦᠯᠵᠦ ᠂ ᠪᠠᠶᠢᠴᠠᠭᠠᠨ ᠰᠤᠳᠤᠯᠬᠤ ᠰᠤᠷᠲᠠᠯ ᠢ ᠶᠡᠬᠡᠪᠡᠷ ᠳᠡᠯᠭᠡᠷᠡᠭᠦᠯᠵᠦ ᠂ ᠪᠣᠳᠠᠲᠠᠢ ᠶᠢ ᠡᠷᠬᠢᠮᠯᠡᠬᠦ ᠰᠤᠷᠲᠠᠯ ᠢ ᠪᠠᠳᠠᠷᠠᠭᠤᠯᠵᠤ ᠂ ᠤᠯᠠᠨ ᠲᠦᠮᠡᠨ ᠤ ︽ ᠪᠠᠴᠢᠮ ᠬᠦᠴᠢᠷ ᠵᠣᠪᠠᠨᠢᠯ ᠬᠦᠰᠡᠯ ︾ ᠢ ᠰᠡᠳᠬᠢᠯ ᠲᠠᠯᠪᠢᠨ ᠦᠨᠡᠨ ᠰᠡᠳᠬᠢᠯ ᠠᠴᠠ ᠪᠠᠨ ᠰᠢᠢᠳᠪᠦᠷᠢᠯᠡᠵᠦ ᠂ ᠪᠣᠳᠠᠲᠠᠢ ᠠᠵᠢᠯᠯᠠᠵᠤ ᠪᠣᠳᠠᠲᠠᠢ ᠦᠷ᠎ᠡ ᠪᠦᠲᠦᠮᠵᠢ ᠣᠯᠬᠤ ᠪᠠᠷ ᠦᠶᠤᠸᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃       ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠬᠢᠨᠠᠨ ᠪᠤᠳᠤᠬᠤ ᠵᠥᠪᠯᠡᠯ ᠤᠨ ᠠᠩᠬᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠰᠢᠶᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠢᠮᠠᠭᠲᠠ ᠬᠢᠨᠠᠨ ᠪᠤᠳᠤᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠢᠨ᠎ᠡ ᠴᠠᠭ ᠦᠶ᠎ᠡ ᠶᠢᠨ ᠰᠢᠨ᠎ᠡ ᠠᠶᠠᠨ ᠵᠠᠮ ᠤᠨ ᠬᠢᠨᠠᠨ ᠪᠤᠳᠤᠬᠤ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠬᠦ ᠬᠡᠷᠡᠭᠲᠡᠢ ᠭᠡᠵᠦ ᠱᠠᠭᠠᠷᠳᠠᠪᠠ᠃ ᠡᠯ᠎ᠡ ᠳᠡᠳ᠋ ᠰᠢᠶᠠᠨ ᠤ ᠳᠠᠷᠤᠭ᠎ᠠ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠶᠢᠳᠠᠪᠤᠷᠢᠵᠢᠭᠤᠯᠤᠨ᠂ ᠬᠢᠨᠠᠨ ᠪᠣᠳᠣᠯᠲᠠ ᠶᠢᠨ ᠬᠠᠮᠢᠶᠠᠷᠤᠯᠲᠠ ᠶᠢᠨ ᠲᠦᠭᠰᠢᠭᠦᠷᠢ ᠶᠢ ᠰᠡᠷᠭᠡᠶᠢᠯᠡᠬᠦ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠬᠢᠨᠠᠨ ᠪᠤᠳᠤᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠠᠩᠬᠠᠷᠴᠤ᠂ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃       ︽ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠵᠧᠵᠢᠶᠠᠩ ᠮᠤᠵᠢ ᠶᠢᠨ ᠬᠠᠶᠢᠨᠢᠩ ᠬᠤᠲᠠ ᠶᠢᠨ ︿6. 1﹀ ᠤ ᠳᠡᠯᠪᠡᠷᠡᠯᠲᠡ ᠶᠢᠨ ᠬᠡᠷᠡᠭ ᠤᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠡᠯ᠎ᠡ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶ ᠨᠤᠭᠤᠳ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠣᠷᠣᠨ ᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠳᠡᠭᠡᠷᠡᠬᠢ ᠵᠢᠭᠠᠪᠤᠷᠢ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠪᠥᠬᠦ ᠠᠵᠢᠯᠲᠠᠨ ᠤ ᠠᠮᠤᠷ ᠲᠦᠪᠰᠢᠨ ᠤ ᠪᠤᠯᠪᠠᠰᠤᠷᠠᠯ ᠢ ᠰᠠᠶᠢᠲᠤᠷ ᠥᠷᠨᠢᠭᠦᠯᠵᠦ᠂ ᠪᠦᠬᠦᠯᠢ ᠴᠣᠭᠴᠠ ᠶᠢᠨ ᠠᠮᠤᠷ ᠲᠦᠪᠰᠢᠨ ᠤ ᠠᠵᠢᠯ ᠤᠨ ᠬᠢᠷᠢ ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ︽ᠪᠦᠬᠦᠨ ᠢ ᠬᠠᠮᠤᠷᠬᠤ᠂ ᠣᠭᠲᠣ ᠬᠠᠷᠠᠭᠳᠠᠬᠤ ᠦᠭᠡᠢ᠂ ᠰᠣᠬᠤᠷ ᠪᠠᠯᠠᠢ ᠣᠷᠣᠨ ᠦᠭᠡᠢ︾ ᠠᠮᠤᠷ ᠲᠦᠪᠰᠢᠨ ᠤ ᠳᠠᠯᠳᠠ ᠬᠡᠮ ᠢ ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠨᠠᠷᠢᠯᠢᠭ ᠨᠠᠶᠢᠳᠠᠪᠤᠷᠢᠵᠢᠭᠤᠯᠤᠨ ᠴᠡᠭᠴᠡᠯᠡᠨ ᠵᠠᠰᠠᠬᠤ ᠠᠵᠢᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ᠂ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠨ᠎ᠠ᠃       ᠬᠤᠷᠠᠯ ᠠᠴᠠ ᠪᠠᠰᠠ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠠᠵᠢᠯ ᠤᠨ ᠬᠤᠪᠢᠶᠠᠷᠢᠯᠠᠯ ᠂ ᠠᠶᠤᠯᠭᠦᠢ ᠦᠢᠯᠡᠳᠪᠦᠷᠢᠯᠡᠯ ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠣᠬᠢᠷᠠᠭᠤᠯᠤᠯᠲᠠ ᠂ ᠲᠡᠭᠦᠰᠦᠭᠰᠡᠨ ᠣᠶᠤᠲᠠᠳ ᠢ ᠡᠯᠰᠡᠬᠦ ᠵᠡᠷᠭᠡ ᠶᠠᠪᠤᠳᠠᠯ ᠢ ᠰᠤᠳᠤᠯᠵᠠᠢ ᠃
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ