ᠰᠢᠶᠠᠨ ᠤ ᠵᠠᠰᠠᠭ ᠤᠨ ᠣᠷᠳᠣᠨ ᠰᠢᠶᠠᠨ ᠤ ᠵᠠᠰᠠᠭ ᠤᠨ ᠣᠷᠳᠣᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ ᠵᠢᠷᠭᠤᠳᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/22
       2023 ᠣᠨ ᠤ 8 ᠰᠠᠷ᠎ᠠ ᠶᠢᠨ 7 ᠋ ᠤ ᠡᠳᠦᠷ ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠸᠠᠩ ᠶᠦᠩ ᠰᠢᠶᠠᠨ ᠤ ᠵᠠᠰᠠᠭ ᠤᠨ ᠣᠷᠳᠣᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ︵ ᠥᠷᠭᠡᠳᠬᠡᠭᠰᠡᠨ ︶ ᠤᠨ ᠰᠤᠷᠤᠯᠴᠠᠯᠭ᠎ᠠ ᠶᠢᠨ ᠬᠤᠷᠠᠯ ᠵᠢᠴᠢ 2023 ᠣᠨ ᠤ 6 ᠳ᠋ᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ  ᠬᠤᠷᠠᠯᠳᠤᠪᠠ᠃       ᠬᠤᠷᠠᠯ ᠠᠴᠠ ︽ ᠳᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠠᠰᠠᠭᠤᠳᠠᠯ ᠤᠨ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠲᠤᠬᠠᠢ ᠵᠠᠬᠢᠳᠠᠯ︾ ᠋ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ ᠃ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ︾᠂ ︽ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠪᠠᠶᠠᠨᠨᠠᠭᠤᠷ ᠬᠤᠲᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠶᠠᠨᠨᠠᠭᠤᠷ ᠤᠨ ᠬᠦᠴᠦᠨ ᠴᠢᠳᠠᠯ ᠢᠶᠠᠨ ᠡᠷᠭᠦᠬᠦ ᠲᠤᠬᠠᠢ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ ᠶᠢᠨ ᠲᠣᠭᠲᠠᠭᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠪᠠᠶᠠᠨᠨᠠᠭᠤᠷ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯ ᠤᠨ ᠪᠣᠯᠵᠣᠨ ᠶᠠᠷᠢᠯᠴᠠᠬᠤ ᠳᠦᠷᠢᠮ ︵ᠲᠤᠷᠰᠢᠨ ᠬᠡᠷᠡᠭᠵᠢᠭᠦᠯᠬᠦ︶︾ ᠤᠨ ᠵᠣᠷᠢᠭ ᠰᠠᠨᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠷᠪᠠᠨ ᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢᠨ ᠲᠥᠰᠥᠯ ︵2023 ︱ 2025︶︾᠂ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ︔ ᠵᠠᠬᠢᠳᠠᠯ ᠰᠣᠷᠪᠤᠯᠵᠢᠯᠠᠭ᠎ᠠ ᠶᠢᠨ ᠠᠵᠢᠯ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠵᠡᠷᠭᠡ ᠬᠤᠯᠪᠣᠭᠳᠠᠯ ᠪᠦᠬᠦᠢ ᠵᠦᠢᠯᠡᠰ ᠢ ᠰᠤᠳᠤᠯᠪᠠ᠃       ᠬᠤᠷᠠᠯ ᠠᠴᠠ ︽ ᠳᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠠᠰᠠᠭᠤᠳᠠᠯ ᠤᠨ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠲᠤᠬᠠᠢ ᠵᠠᠬᠢᠳᠠᠯ ︾ ᠋ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ ᠃ ᠠᠰᠠᠭᠤᠳᠠᠯ ᠤᠨ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠡᠭᠡᠳᠦ ᠱᠠᠲᠤᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ᠂ ᠶᠡᠭᠡ ᠴᠡᠭᠴᠡᠯᠡᠨ ᠵᠠᠰᠠᠯᠲᠠ ᠪᠠ ᠡᠯ᠎ᠡ ᠬᠦᠷᠢᠶᠡᠨ ᠳᠠᠬᠢ ᠲᠤᠰᠬᠠᠢ ᠠᠵᠢᠯᠯᠠᠭ᠎ᠠ ᠶᠢ ᠲᠠᠰᠤᠷᠠᠯᠲᠠ ᠦᠭᠡᠢ ᠥᠷᠨᠢᠭᠦᠯᠵᠦ᠂ ᠨᠠᠩ ᠶᠡᠭᠡ ᠬᠦᠴᠦ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ︽ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ ︾ ᠂ ︽ ᠪᠠᠶᠠᠨᠨᠠᠭᠤᠷ ᠬᠤᠳᠠ ᠶᠢᠨ ᠨᠠᠮ ᠤᠨ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠋ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠥᠪᠥᠷ ᠮᠣᠩᠭᠤᠯ ᠤᠨ ᠪᠠᠶᠠᠨᠨᠠᠭᠤᠷ ᠬᠤᠳᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠶᠠᠨᠨᠠᠭᠤᠷ ᠤᠨ ᠬᠦᠴᠦᠨ ᠴᠢᠳᠠᠯ ᠢᠶᠠᠨ ᠡᠷᠭᠦᠬᠦ ᠲᠤᠬᠠᠢ ᠲᠣᠭᠲᠠᠭᠠᠯ ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ ᠃ ᠠᠵᠠ ᠲᠣᠬᠢᠶᠠᠯ ᠢ ᠠᠮᠵᠢᠵᠤ᠂ ᠪᠠᠷᠢᠮᠵᠢᠶ᠎ᠠ ᠬᠦᠰᠦᠨᠦᠭᠲᠦ ᠬᠤᠶᠠᠷ ︽ ᠲᠣᠭᠲᠠᠭᠠᠯ ︾ ᠳᠤ ᠲᠣᠳᠣᠷᠬᠠᠢ ᠲᠣᠭᠲᠠᠭᠠᠭᠰᠠᠨ ᠪᠣᠳᠠᠲᠠᠢ ᠡᠭᠦᠷᠭᠡ ᠶᠢ ᠬᠠᠷᠭᠤᠭᠤᠯᠵᠤ ᠂ ᠰᠢᠶᠠᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠡᠭᠦᠷᠭᠡ ᠲᠠᠢ ᠤᠶᠠᠯᠳᠤᠭᠤᠯᠤᠨ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠲᠤᠰᠬᠠᠢ ᠰᠡᠳᠦᠪ ᠢᠶᠠᠷ ᠰᠤᠳᠤᠯᠤᠨ ᠪᠠᠶᠢᠷᠢᠯᠠᠭᠤᠯᠵᠤ ᠂ ᠠᠷᠭ᠎ᠠ ᠬᠡᠮᠵᠢᠶ᠎ᠡ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠂ ᠯᠤᠲᠤ ᠶᠡᠭᠡ ᠲᠦᠷᠦ ᠶᠢᠨ ᠪᠣᠳᠣᠯᠭ᠎ᠠ ᠶᠢᠨ ᠠᠰᠢᠭ ᠲᠤᠰᠠ ᠶᠢ ᠦᠨᠡᠨ ᠪᠣᠳᠠᠲᠠᠢ ᠬᠥᠭᠵᠢᠯᠲᠡ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃       ᠬᠤᠷᠠᠯ ᠠᠴᠠ ︽ ᠪᠠᠶᠠᠨᠨᠠᠭᠤᠷ ᠬᠤᠳᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯ ᠤᠨ ᠪᠣᠯᠵᠣᠨ ᠶᠠᠷᠢᠯᠴᠠᠬᠤ ᠳᠦᠷᠢᠮ ︵ ᠲᠤᠷᠰᠢᠨ ᠬᠡᠷᠡᠭᠵᠢᠭᠦᠯᠬᠦ ︶ ︾ ᠋ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠡᠯ᠎ᠡ ᠳᠡᠳ᠋ ᠰᠢᠶᠠᠨ ᠤ ᠳᠠᠷᠤᠭ᠎ᠠ ᠪᠡᠶ᠎ᠡ ᠪᠠᠷ ᠢᠶᠠᠨ ᠲᠣᠬᠢᠷᠠᠭᠤᠯᠵᠤ ᠂ ᠪᠡᠶ᠎ᠡ ᠪᠠᠷ ᠢᠶᠠᠨ ᠱᠠᠯᠠᠪᠳᠠᠭᠤᠯᠤᠨ ᠭᠦᠢᠴᠡᠳᠬᠡᠭᠦᠯᠵᠦ ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠬᠦᠴᠢᠷ ᠲᠦᠪᠡᠭᠲᠡᠢ ᠠᠵᠢᠯ ᠤᠨ ᠬᠠᠭᠤᠳᠠᠰᠤ ᠶᠢ ᠲᠤᠰᠬᠠᠢ ᠰᠡᠳᠦᠪ ᠢᠶᠠᠷ ᠰᠤᠳᠤᠯᠤᠨ ᠰᠢᠢᠳᠪᠦᠷᠢᠯᠡᠵᠦ ᠂ ᠠᠵᠢᠯ ᠤᠨ ᠬᠠᠭᠤᠳᠠᠰᠤ ᠶᠢ ᠭᠦᠢᠴᠡᠳᠬᠡᠵᠦ ᠳᠠᠭᠤᠰᠬᠠᠬᠤ ᠨᠤᠷᠮ᠎ᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃       ᠬᠤᠷᠠᠯ ᠠᠴᠠ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠥᠯ ︵ 2023 ︱ 2025 ︶ ︾ ᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ ᠂ ᠬᠠᠮᠵᠢᠯᠴᠠᠨ ᠬᠠᠮᠵᠢᠯᠴᠠᠵᠤ ᠂ ᠲᠥᠰᠥᠯ ᠤᠨ ᠱᠠᠭᠠᠷᠳᠠᠯᠭ᠎ᠠ ᠶᠣᠰᠣᠭᠠᠷ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ  ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠲᠤᠬᠠᠢ ᠴᠢᠬᠤᠯᠠ ᠥᠭᠦᠯᠡᠯᠲᠡ ᠶᠢ ᠦᠷᠭᠦᠯᠵᠢᠯᠡᠨ ᠭᠦᠨᠵᠡᠭᠡᠢ ᠪᠥᠭᠡᠳ ᠰᠢᠰᠲ᠋ᠧᠮ ᠲᠠᠢ ᠰᠤᠷᠤᠯᠴᠠᠵᠤ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ  ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠬᠠᠤᠯᠢ ᠪᠠᠷ ᠵᠠᠰᠠᠬᠤ ᠲᠠᠪᠤᠨ ᠡᠬᠢ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠂ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃       ᠬᠤᠷᠠᠯ ᠠᠴᠠ ᠪᠠᠰᠠ ᠵᠠᠬᠢᠳᠠᠯ ᠰᠣᠷᠪᠤᠯᠵᠢᠯᠠᠭ᠎ᠠ ᠶᠢᠨ ᠠᠵᠢᠯ ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠳᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠂ ᠨᠢᠭᠲᠠ ᠬᠡᠯᠪᠡᠷᠢ ᠶᠢᠨ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠵᠡᠷᠭᠡ ᠶᠠᠪᠤᠳᠠᠯ ᠤᠳ ᠢ ᠰᠤᠳᠤᠯᠬᠤ ᠶᠢᠨ ᠬᠠᠮᠲᠤ ᠪᠤᠰᠤᠳ ᠵᠦᠢᠯᠡᠰ ᠢ ᠶᠠᠷᠢᠯᠴᠠᠨ ᠰᠤᠳᠤᠯᠵᠠᠢ ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ