ᠰᠢᠶᠠᠨ ᠤ ᠵᠠᠰᠠᠭ ᠤᠨ ᠣᠷᠳᠣᠨ ᠰᠢᠶᠠᠨ ᠤ ᠵᠠᠰᠠᠭ ᠤᠨ ᠣᠷᠳᠣᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠵᠢᠴᠢ ᠨᠠᠢᠮᠠᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2023/12/22
      2023 ᠣᠨ ᠤ 9 ᠰᠠᠷ᠎ᠠ ᠶᠢᠨ 15 ᠋ ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠸᠠᠩ ᠶᠦᠩ ᠰᠢᠶᠠᠨ ᠤ ᠵᠠᠰᠠᠭ ᠤᠨ ᠣᠷᠳᠣᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ︵ ᠥᠷᠭᠡᠳᠬᠡᠭᠰᠡᠨ ︶ ᠤᠨ ᠰᠤᠷᠤᠯᠴᠠᠯᠭ᠎ᠠ ᠶᠢᠨ ᠬᠤᠷᠠᠯ ᠵᠢᠴᠢ 2023 ᠣᠨ ᠤ 8 ᠳ᠋ᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠪᠠ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠶᠢᠨ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠰᠦᠨ ᠱᠤᠤ ᠴᠧᠩ ᠱᠦᠵᠢ᠂ ᠸᠠᠩ ᠯᠢ ᠰᠢᠶᠠ ᠶᠢᠨ ᠬᠠᠩᠭᠢᠨ ᠬᠤᠰᠢᠭᠤᠨ ᠤ ᠳ᠋ᠦ᠋ ᠬᠦᠢ ᠲᠠᠯ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠢ ᠳ᠋ᠢᠩ ᠠᠮᠢ ᠠᠬᠤᠢ ᠶᠢᠨ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠳᠡᠯᠪᠡᠷᠡᠯᠲᠡ ᠶᠢᠨ ᠠᠳᠡᠯ ᠤᠨ ᠲᠤᠬᠠᠢ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ 9 ᠰᠠᠷ᠎ᠠ ᠶᠢᠨ 14 ᠋ ᠤ ᠡᠳᠦᠷ ᠤᠨ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠵᠢᠴᠢ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠡᠷᠦᠩᠬᠡᠢ ᠱᠦᠵᠢ ᠰᠢ ᠶᠢᠨ ᠫᠢᠩ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠠᠩᠨᠠᠭᠤᠯ ᠢ ᠡᠰᠡᠷᠭᠦᠴᠡᠬᠦ ᠬᠠᠤᠯᠢ︾ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠣᠷᠪᠤᠯᠵᠢᠯᠠᠭ᠎ᠠ ᠶᠢᠨ ᠬᠠᠮᠲᠤᠷᠠᠭᠰᠠᠨ ᠠᠯᠪᠠᠨ ᠭᠡᠷ ᠤᠨ ᠪᠣᠯᠵᠣᠨ ᠶᠠᠷᠢᠯᠴᠠᠵᠤ ᠰᠠᠨᠠᠭᠤᠯᠬᠤ ᠬᠤᠷᠠᠯ ᠤᠨ ᠵᠣᠷᠢᠭ ᠰᠠᠨᠠᠭ᠎ᠠ︔ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠂ ᠡᠮ ᠡᠮᠨᠡᠯᠭᠡ ᠶᠢᠨ ᠬᠦᠷᠢᠶᠡᠨ ᠳᠠᠬᠢ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠵᠡᠷᠭᠡ ᠬᠤᠯᠪᠣᠭᠳᠠᠯ ᠪᠦᠬᠦᠢ ᠶᠠᠪᠤᠳᠠᠯ ᠢ ᠰᠤᠳᠤᠯᠪᠠ ︔ ︽ᠦᠶᠤᠸᠠᠨ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠥᠭᠵᠢᠯᠲᠡ ᠶᠢᠨ ᠲᠥᠯᠦᠪᠵᠢᠭᠦᠯᠭᠡ ︵2021 ︱ 2025 ᠣᠨ︶︾ ︵ᠬᠦᠷᠭᠡᠨ ᠬᠢᠨᠠᠭᠤᠯᠬᠤ ᠨᠣᠣᠷᠠᠭ︶ ᠶᠢ ᠬᠢᠨᠠᠨ ᠵᠥᠪᠯᠡᠪᠡ᠃       ᠬᠤᠷᠠᠯ  ᠠᠴᠠ ᠶᠡᠷᠦᠩᠬᠡᠢ ᠱᠦᠵᠢ ᠰᠢ ᠶᠢᠨ ᠫᠢᠩ ᠦᠨ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠴᠢᠬᠤᠯᠠ ᠶᠠᠷᠢᠶᠠᠨ ᠤ ᠴᠢᠬᠤᠯᠠ ᠵᠢᠭᠠᠪᠤᠷᠢ  ᠶᠢᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠲᠣᠮᠣ ᠡᠲᠡᠭᠡᠳ︾ ᠮᠥᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ  ᠢ ᠪᠠᠲᠤᠯᠠᠬᠤ ᠪᠣᠯ ᠠᠵᠤ ᠠᠬᠤᠢ  ᠶᠢᠨ ᠬᠥᠭᠵᠢᠯᠲᠡ᠂ ᠨᠡᠶᠢᠭᠡᠮ ᠤᠨ ᠲᠣᠭᠲᠠᠭᠤᠨ᠂ ᠤᠯᠤᠰ ᠤᠨ ᠠᠮᠤᠷ ᠲᠦᠪᠰᠢᠨ  ᠢ ᠪᠠᠲᠤᠯᠠᠬᠤ ᠴᠢᠬᠤᠯᠠ ᠰᠠᠭᠤᠷᠢ ᠮᠥᠨ ᠭᠡᠵᠦ ᠵᠢᠭᠠᠵᠤ ᠭᠠᠷᠭᠠᠵᠠᠢ᠃ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠪᠥᠭᠡᠳ ᠠᠶᠤᠯᠭᠦᠢ ᠬᠠᠩᠭᠠᠯᠭ᠎ᠠ ᠶᠢ ᠪᠠᠲᠤᠯᠠᠬᠤ ᠪᠣᠯ ᠢᠮᠠᠭᠲᠠ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠶᠠᠪᠤᠳᠠᠯ ᠮᠥᠨ᠃ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠃       ᠬᠤᠷᠠᠯ ᠠᠴᠠ ᠰᠦᠨ ᠱᠤᠤ ᠴᠧᠩ ᠱᠦᠵᠢ ᠂ ᠸᠠᠩ ᠯᠢ ᠰᠢᠶᠠ ᠶᠢᠨ ᠬᠠᠩᠭᠢᠨ ᠬᠤᠰᠢᠭᠤᠨ ᠤ ᠳ᠋ᠦ᠋ ᠬᠦᠢ ᠲᠠᠯ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠢ ᠳ᠋ᠢᠩ ᠠᠮᠢ ᠠᠬᠤᠢ ᠶᠢᠨ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠳᠡᠯᠪᠡᠷᠡᠯᠲᠡ ᠶᠢᠨ ᠠᠳᠡᠯ ᠤᠨ ᠲᠤᠬᠠᠢ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ 9 ᠰᠠᠷ᠎ᠠ ᠶᠢᠨ 14 ᠋ ᠤ ᠡᠳᠦᠷ ᠤᠨ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠵᠢᠴᠢ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ ᠃ ᠡᠯ᠎ᠡ ᠳᠡᠳ᠋ ᠰᠢᠶᠠᠨ ᠤ ᠳᠠᠷᠤᠭ᠎ᠠ ᠠᠶᠤᠯᠭᠦᠢ ᠦᠢᠯᠡᠳᠪᠦᠷᠢᠯᠡᠯ ᠤᠨ ︽ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ ᠪᠠᠶᠢᠬᠤ ︾ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ ᠂ ᠡᠴᠦᠰ ᠲᠤᠨᠢ ᠲᠤᠯᠲᠠᠯ᠎ᠠ ᠲᠤᠭ᠎ᠠ ᠪᠦᠷᠢᠳᠬᠡᠯ ᠂ ᠪᠠᠶᠢᠳᠠᠯ ᠢ ᠲᠣᠳᠣᠷᠬᠠᠢ ᠪᠣᠯᠭᠠᠬᠤ ᠬᠡᠷᠡᠭᠲᠡᠢ ︔ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠳᠠᠷᠤᠯᠲᠠ ᠶᠢ ᠪᠣᠳᠠᠲᠠᠶᠢᠵᠢᠭᠤᠯᠵᠤ ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠰᠠᠭᠤᠳᠠᠯ ᠢ ᠵᠢᠭᠰᠠᠭᠠᠨ ᠪᠠᠶᠢᠴᠠᠭᠠᠬᠤ ᠶᠢ ᠪᠣᠳᠠᠲᠠᠶᠢᠵᠢᠭᠤᠯᠵᠤ᠂ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠪᠠ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠤ ᠪᠠᠶᠢᠩᠭᠤ ᠶᠢᠨ ᠪᠣᠯᠪᠠᠰᠤᠷᠠᠭᠤᠯᠤᠯ ᠢ ᠰᠠᠶᠢᠲᠤᠷ ᠥᠷᠨᠢᠭᠦᠯᠵᠦ᠂ ᠠᠵᠤ ᠠᠬᠤᠶᠢᠯᠠᠯ ᠤᠨ ᠰᠢᠨ᠎ᠡ ᠪᠠᠷ ᠠᠵᠢᠯ ᠳᠤ ᠣᠷᠣᠭᠰᠠᠳ ᠤᠨ ᠠᠵᠢᠯ ᠤᠨ ᠪᠠᠶᠢᠷᠢ ᠳᠤ ᠭᠠᠷᠬᠤ  ᠠᠴᠠ ᠡᠮᠦᠨᠡᠬᠢ ᠪᠣᠯᠪᠠᠰᠤᠷᠠᠭᠤᠯᠤᠯ ᠪᠠ ᠰᠢᠯᠭᠠᠯᠲᠠ ᠶᠢ ᠴᠢᠩᠳᠠᠯᠠᠵᠤ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠢ ᠪᠦᠷᠢᠨ ᠪᠦᠷᠬᠦᠭᠦᠯᠬᠦ ᠶᠢ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠬᠡᠳᠡᠷᠬᠦ ᠰᠢᠬᠠᠮᠳᠠᠭᠤᠯᠬᠤ ᠬᠡᠷᠡᠭᠲᠡᠢ ︔ ᠡᠯ᠎ᠡ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶᠂ ᠨᠡᠶᠢᠭᠡᠮ ᠲᠣᠭᠤᠷᠢᠭ ᠤᠨ ᠲᠥᠪ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ᠂ ᠦᠵᠦᠭᠦᠷ ᠲᠤᠨᠢ ᠲᠤᠯᠲᠠᠯ᠎ᠠ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠶᠡᠯᠡᠭᠦᠯᠵᠦ᠂ ᠠᠶᠤᠯ ᠦᠭᠡᠢ ᠦᠢᠯᠡᠳᠪᠦᠷᠢᠯᠡᠯ ᠤᠨ ︽ᠦᠬᠦᠭᠰᠡᠨ ᠬᠥᠮᠥᠨ ᠦᠭᠡᠢ︾ ᠦᠷ᠎ᠡ ᠪᠦᠲᠦᠭᠡᠯ ᠢ ᠡᠷᠡᠰ ᠪᠠᠲᠤᠯᠠᠬᠤ ᠬᠡᠷᠡᠭᠲᠡᠢ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ  ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ  ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠬᠠᠲᠤᠨ ᠭᠤᠣᠯ ᠤᠨ ᠰᠠᠪᠠ ᠭᠠᠵᠠᠷ ᠪᠣᠯ ᠮᠠᠨ ᠤ ᠤᠯᠤᠰ ᠤᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠮᠥᠨ᠂ ᠪᠠᠰᠠ ᠴᠤ ᠬᠥᠮᠥᠨ ᠠᠮᠠ ᠶᠢᠨ ᠠᠵᠢᠯᠯᠠᠭ᠎ᠠ ᠪᠠ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠣᠷᠣᠨ ᠪᠦᠰᠡ ᠮᠥᠨ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠪᠥᠬᠦ ᠲᠠᠯ᠎ᠠ ᠳᠤ ᠮᠠᠰᠢ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠶᠤᠮ ᠭᠡᠵᠦ ᠵᠢᠭᠠᠵᠤ ᠭᠠᠷᠭᠠᠪᠠ᠃ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠣᠨᠴᠠᠭᠠᠶᠢᠯᠠᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯ ᠰᠢᠨ᠎ᠡ ᠴᠠᠭ ᠦᠶ᠎ᠡ ᠳᠤ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠬᠤ ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠂ ᠠᠵᠤ ᠠᠬᠤᠢ ᠨᠡᠶᠢᠭᠡᠮ ᠤᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠦᠨᠳᠦᠰᠦᠨ ᠵᠢᠷᠤᠮᠯᠠᠯ ᠪᠣᠯᠣᠨ᠎ᠠ ᠃       ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ ᠲᠠᠩᠨᠠᠭᠤᠯ ᠢ ᠡᠰᠡᠷᠭᠦᠴᠡᠬᠦ ᠬᠠᠤᠯᠢ ︾  ᠶᠢᠨ ᠪᠢᠴᠢᠭ ᠮᠠᠲᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠨᠢᠭᠤᠴᠠ ᠶᠢ ᠬᠠᠮᠠᠭᠠᠯᠠᠬᠤ ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠷᠠᠭᠤᠯᠵᠤ ᠂ ᠨᠢᠭᠤᠴᠠ ᠶᠢ ᠬᠠᠮᠠᠭᠠᠯᠠᠬᠤ ᠦᠵᠡᠯᠲᠡ ᠪᠠᠨ ᠲᠠᠰᠤᠷᠠᠯᠲᠠ ᠦᠭᠡᠢ ᠴᠢᠩᠭᠠᠳᠬᠠᠬᠤ ᠨᠢ ᠡᠳᠦᠷ ᠲᠤᠲᠤᠮ ᠤᠨ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠵᠤ ᠂ ᠪᠢᠴᠢᠭ ᠮᠠᠲ᠋ᠧᠷᠢᠶᠠᠯ ᠰᠢᠢᠳᠪᠦᠷᠢᠯᠡᠬᠦ ᠂ ᠬᠤᠷᠠᠯ ᠡᠷᠬᠢᠯᠡᠬᠦ ᠂ ᠠᠵᠢᠯ ᠶᠠᠪᠤᠳᠠᠯ ᠰᠢᠢᠳᠪᠦᠷᠢᠯᠡᠬᠦ ᠡᠯ᠎ᠡ ᠵᠦᠢᠯ ᠤᠨ ᠰᠠᠭᠤᠷᠢ ᠴᠢᠨᠠᠷᠲᠠᠢ ᠠᠵᠢᠯ ᠢ ᠰᠠᠶᠢᠲᠤᠷ ᠥᠷᠨᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ ᠃       ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠣᠷᠪᠤᠯᠵᠢᠯᠠᠭ᠎ᠠ ᠶᠢᠨ ᠬᠠᠮᠲᠤᠷᠠᠭᠰᠠᠨ ᠠᠯᠪᠠᠨ ᠭᠡᠷ ᠤᠨ ᠪᠣᠯᠵᠣᠨ ᠶᠠᠷᠢᠯᠴᠠᠵᠤ ᠰᠠᠨᠠᠭᠤᠯᠬᠤ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠰᠠᠯᠠᠭ᠎ᠠ ᠮᠥᠴᠢᠷ᠂ ᠡᠯ᠎ᠡ  ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠪᠡᠭᠡᠵᠢᠩ ᠳᠤ ᠬᠦᠷᠴᠦ ᠰᠤᠷᠪᠤᠯᠵᠢᠯᠠᠬᠤ ᠲᠣᠪᠣᠶᠢᠮ᠎ᠠ ᠠᠰᠠᠭᠤᠳᠠᠯ ᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃       ᠬᠤᠷᠠᠯ ᠠᠴᠠ ᠪᠠᠰᠠ ᠪᠤᠰᠤᠳ ᠵᠦᠢᠯᠡᠰ ᠢ ᠶᠠᠷᠢᠯᠴᠠᠨ ᠰᠤᠳᠤᠯᠪᠠ ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ