ᠦᠶᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
ᠨᠡᠶᠢᠲᠡᠯᠡᠭᠰᠡᠨ ᠴᠠᠭ᠄
2023/12/22
      ᠨᠢᠭᠡ᠂ ᠭᠤᠣᠯ ᠡᠭᠦᠷᠭᠡ ᠬᠠᠷᠢᠭᠤᠴᠠᠯᠭ᠎ᠠ      ︵ ᠨᠢᠭᠡ ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠬᠠᠮᠵᠢᠨ ᠪᠦᠬᠦ ᠰᠢᠶᠠᠨ ᠤ ᠠᠵᠢᠯ ᠤᠨ ᠪᠠᠶᠢᠳᠠᠯ ᠢ ᠣᠶᠢᠯᠠᠭᠠᠭᠤᠯᠵᠤ ᠡᠵᠡᠮᠰᠢᠭᠦᠯᠬᠦ ᠬᠡᠷᠡᠭᠲᠡᠢ ᠃ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠦᠨᠳᠦᠰᠦᠯᠡᠨ ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠪᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠂ ᠨᠢᠭᠡᠴᠢ ᠶᠢᠨ ᠬᠤᠭᠤᠷᠣᠨᠳᠣᠬᠢ ᠮᠠᠷᠭᠤᠯᠳᠤᠭᠠᠨ ᠲᠠᠢ ᠴᠢᠬᠤᠯᠠ ᠠᠰᠠᠭᠤᠳᠠᠯ ᠢ ᠪᠠᠶᠢᠴᠠᠭᠠᠨ ᠰᠤᠳᠤᠯᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ ᠃      ︵ ᠬᠤᠶᠠᠷ ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠴᠤ ᠪᠠᠶᠢᠭᠠᠳ ᠰᠢᠶᠠᠨ ᠤ ᠠᠷᠠᠳ ᠤᠨ ᠵᠠᠰᠠᠭ ᠤᠨ ᠣᠷᠳᠣᠨ ᠂ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠵᠣᠬᠢᠶᠠᠨ ᠪᠠᠶᠢᠭᠤᠯᠵᠤ ᠲᠤᠭᠤᠷᠪᠢᠬᠤ ᠪᠤᠶᠤ ᠬᠢᠨᠠᠨ ᠬᠠᠷᠭᠤᠭᠤᠯᠤᠨ᠎ᠠ ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶ᠎ᠠ ᠵᠡᠷᠭᠡ ᠡᠬᠡ ᠨᠣᠣᠷᠠᠭ ᠢ ᠵᠣᠬᠢᠶᠠᠨ ᠪᠠᠶᠢᠭᠤᠯᠤᠨ᠎ᠠ᠃       ( ᠭᠤᠷᠪᠠ ) ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠂ ᠵᠠᠰᠠᠭ ᠤᠨ ᠣᠷᠳᠣᠨ ᠤ ᠬᠤᠷᠠᠯ ᠵᠢᠴᠢ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠴᠤ ᠪᠠᠶᠢᠭᠠᠳ ᠬᠤᠷᠠᠯ ᠢᠶᠠᠷ ᠲᠣᠭᠲᠠᠭᠠᠭᠰᠠᠨ ᠤᠴᠢᠷ ᠶᠠᠪᠤᠳᠠᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠷᠠᠯᠳᠤᠭᠠᠨ ᠤ ᠬᠢᠨᠠᠨ ᠵᠥᠪᠰᠢᠶᠡᠷᠡᠬᠦ  ᠶᠢ ᠬᠠᠮᠢᠶᠠᠷᠤᠨ᠎ᠠ᠃       ︵ ᠳᠥᠷᠪᠡ ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠪᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠳᠣᠲᠣᠭᠠᠳᠤ ᠭᠠᠳᠠᠭᠠᠳᠤ ᠶᠠᠪᠤᠳᠠᠯ ᠤᠨ ᠴᠢᠬᠤᠯᠠ ᠠᠵᠢᠯᠯᠠᠭ᠎ᠠ ᠶᠢᠨ ᠲᠣᠬᠢᠷᠠᠭᠤᠯᠤᠯᠲᠠ ᠶᠢ ᠬᠠᠷᠢᠭᠤᠴᠠᠨ᠎ᠠ ᠃       ︵ ᠲᠠᠪᠤ ︶ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠤᠴᠢᠷ ᠶᠠᠪᠤᠳᠠᠯ ᠢ ᠬᠠᠷᠢᠭᠤᠴᠠᠨ ᠬᠢᠨᠠᠨ ᠬᠠᠷᠭᠤᠭᠤᠯᠵᠤ ᠂ ᠰᠢᠢᠳᠪᠦᠷᠢᠯᠡᠬᠦ ᠰᠠᠨᠠᠯ ᠢᠶᠠᠨ ᠳᠤᠷᠠᠳᠴᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ ᠃       ︵ ᠵᠢᠷᠭᠤᠭ᠎ᠠ ︶ ᠰᠢᠶᠠᠨ ᠤ ᠠᠷᠠᠳ ᠤᠨ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠴᠠᠬᠢᠯᠭᠠᠨ ᠮᠡᠳᠡᠭᠡ ᠶᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ ᠃       ︵ ᠲᠤᠯᠤᠭ᠎ᠠ ︶ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠵᠦᠢᠯᠡᠰ ᠵᠢᠴᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠴᠣᠬᠤᠯᠠᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠪᠠᠳᠠᠨ ᠪᠠᠶᠢᠴᠠᠭᠠᠵᠤ ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ ᠃       ︵ ᠨᠠᠢᠮᠠ ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠰᠲ᠋ᠧᠮ ᠤᠨ ᠳᠠᠭᠠᠭᠠᠨ ᠠᠪᠴᠤ ᠰᠢᠢᠳᠪᠦᠷᠢᠯᠡᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢᠨ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ ᠃       ︵ ᠶᠢᠰᠦ ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠨᠠᠶᠢᠷᠠᠭᠤᠯᠬᠤ ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠤ ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠭᠡ ᠬᠠᠩᠭᠠᠨ᠎ᠠ ᠃       ︵ᠠᠷᠪᠠ︶ ᠰᠢᠶᠠᠨ ᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠪᠠ ᠬᠤᠷᠠᠯ ᠤᠨ ᠮᠠᠲ᠋ᠧᠷᠢᠶᠠᠯ ᠤᠨ ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯ ᠢ ᠬᠠᠷᠢᠭᠤᠴᠠᠨ᠎ᠠ᠃       ︵ᠠᠷᠪᠠᠨ ᠨᠢᠭᠡ︶ ᠠᠵᠤ ᠠᠬᠤᠢ ᠶᠢᠨ ᠠᠮᠢ ᠠᠬᠤᠢ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠲᠤᠬᠠᠢ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠰᠢᠶᠠᠨ ᠤ ᠠᠵᠤ ᠠᠬᠤᠢ ᠶᠢᠨ ᠠᠮᠢ ᠠᠬᠤᠢ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠵᠤ᠂ ᠪᠥᠬᠦ ᠰᠢᠶᠠᠨ ᠤ ᠠᠵᠤ ᠠᠬᠤᠢ ᠶᠢᠨ ᠠᠮᠢ ᠠᠬᠤᠢ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ᠂ ᠦᠨᠡᠯᠡᠯᠲᠡ ᠪᠠ ᠰᠢᠮᠳᠠᠭᠤᠯᠤᠨ ᠪᠠᠶᠢᠴᠠᠭᠠᠯᠲᠠ ᠬᠢᠨ᠎ᠡ᠃        ︵ ᠠᠷᠪᠠᠨ ᠬᠤᠶᠠᠷ ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠶᠡᠷᠦᠩᠬᠡᠢ ᠵᠢᠵᠢᠭᠦᠷ ᠤᠨ ᠠᠵᠢᠯ ᠢ ᠬᠠᠷᠢᠭᠤᠴᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠡᠯ᠎ᠡ ᠰᠤᠮᠤ ᠪᠠᠯᠭᠠᠰᠤ ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠪᠠ ᠠᠷᠠᠳ ᠤᠯᠠᠨ ᠤ ᠵᠠᠰᠠᠭ ᠤᠨ ᠶᠠᠪᠤᠳᠠᠯ ᠤᠨ ᠵᠢᠵᠢᠭᠦᠷ ᠤᠨ ᠠᠷᠭ᠎ᠠ ᠵᠠᠮ ᠢᠶᠠᠷ ᠲᠤᠰᠬᠠᠭᠰᠠᠨ ᠴᠢᠬᠤᠯᠠ ᠶᠡᠭᠡ ᠪᠠᠴᠢᠮ ᠪᠠᠶᠢᠳᠠᠯ ᠢ ᠴᠠᠭ ᠲᠤᠬᠠᠢ ᠳᠤᠨᠢ ᠮᠡᠳᠡᠭᠦᠯᠵᠦ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠤᠯᠠᠮᠵᠢᠯᠠᠬᠤ ᠪᠠ ᠰᠢᠪᠠᠳᠠᠨ ᠨᠠᠶᠢᠳᠠᠪᠤᠷᠢᠵᠢᠭᠤᠯᠤᠨ᠎ᠠ ᠃       ︵ᠠᠷᠪᠠᠨ ᠭᠤᠷᠪᠠ︶ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠳᠦᠷᠢᠮ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯ ᠵᠢᠴᠢ ᠪᠥᠬᠦ ᠰᠢᠶᠠᠨ ᠤ ᠥᠭᠡᠷᠡᠴᠢᠯᠡᠯᠲᠡ ᠳᠤ ᠣᠷᠣᠯᠴᠠᠭᠰᠠᠨ ᠨᠢᠭᠡᠴᠡ ᠶᠢᠨ ᠲᠡᠷᠭᠡ ᠬᠥᠰᠬᠡ ᠶᠢ ᠲᠥᠪᠯᠡᠷᠡᠭᠦᠯᠦᠨ ᠬᠠᠮᠢᠶᠠᠷᠬᠤ ᠠᠵᠢᠯ ᠢ ᠬᠠᠷᠢᠭᠤᠴᠠᠨ᠎ᠠ᠃      ︵ ᠠᠷᠪᠠᠨ ᠳᠥᠷᠪᠡ ︶ ᠪᠦᠬᠦ ᠰᠢᠶᠠᠨ ᠤ ᠠᠯᠪᠠᠨ ᠳᠤ ᠬᠡᠷᠡᠭᠯᠡᠬᠦ ᠭᠡᠷ ᠪᠠᠶᠢᠰᠢᠩ ᠪᠠ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠶᠢ ᠪᠦᠷᠢᠳᠬᠡᠬᠦ᠂ ᠬᠢᠨᠠᠯᠲᠠ ᠲᠠᠯᠪᠢᠬᠤ ᠂ ᠬᠠᠮᠢᠶᠠᠷᠬᠤ ᠠᠵᠢᠯ ᠢ ᠬᠠᠷᠢᠭᠤᠴᠠᠨ᠎ᠠ ᠃       ︵ ᠠᠷᠪᠠᠨ ᠲᠠᠪᠤ ︶ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢ ᠬᠠᠮᠢᠶᠠᠷᠤᠨ᠎ᠠ᠃       ︵ ᠠᠷᠪᠠᠨ ᠵᠢᠷᠭᠤᠭ᠎ᠠ ︶ ᠰᠢᠶᠠᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ ᠃
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ