ᠦᠶᠤᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2023/12/22
      ᠨᠢᠭᠡ᠂ ᠭᠤᠣᠯ ᠡᠭᠦᠷᠭᠡ ᠬᠠᠷᠢᠭᠤᠴᠠᠯᠭ᠎ᠠ       ᠦᠶᠤᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠣᠯ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ ᠂ ᠵᠢᠩᠬᠢᠨᠢ ᠰᠠᠯᠠᠭ᠎ᠠ ᠶᠢᠨ ᠲᠡᠰ ᠪᠣᠯᠣᠨ᠎ᠠ ᠂ ᠰᠢᠶᠠᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭᠡᠴᠢ ᠶᠢᠨ ᠳᠤᠭᠤᠶᠢᠯᠠᠩ ᠢ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠳᠤ ᠪᠠᠶᠢᠭᠤᠯᠵᠤ ᠂ ᠰᠢᠶᠠᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠺᠣᠮᠢᠰ ᠨᠢ ᠰᠢᠶᠠᠨ ᠤ ᠨᠠᠮ ᠤᠨ ᠬᠤᠷᠢᠶᠠᠨ ᠤ ᠲᠣᠮᠢᠯᠠᠭᠰᠠᠨ ᠪᠠᠶᠢᠭᠤᠯᠤᠮᠵᠢ ᠪᠠᠶᠢᠵᠤ᠂ ᠦᠶᠤᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠲᠤᠷᠠᠨ ᠠᠵᠢᠯᠯᠠᠳᠠᠭ ᠃ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠨᠠᠮ ᠤᠨ ᠲᠥᠪ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠪᠠ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄       ( ᠨᠢᠭᠡ ) ᠨᠠᠮ ᠪᠠ ᠤᠯᠤᠰ᠂ ᠥᠪᠡᠷᠲᠡᠭᠡᠨ ᠵᠠᠰᠠᠬᠤ ᠣᠷᠣᠨ ᠂ ᠬᠤᠳᠠ ᠶᠢᠨ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ ᠂ ᠲᠤᠶᠢᠷᠦ ᠶᠢᠨ ᠪᠣᠳᠣᠯᠭ᠎ᠠ ᠪᠠ ᠬᠠᠤᠯᠢ ᠴᠠᠭᠠᠵᠠ ᠂ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠰᠢᠶᠠᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠂ ᠲᠤᠶᠢᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ ᠃       ︵ ᠬᠤᠶᠠᠷ ︶ ᠪᠦᠬᠦ ᠰᠢᠶᠠᠨ ᠤ ᠪᠠᠭᠰᠢ ᠨᠠᠷ ᠤᠨ ᠠᠵᠢᠯ ᠢ ᠭᠤᠣᠯᠯᠠᠨ ᠬᠠᠮᠢᠶᠠᠷᠴᠤ ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠪᠠᠭᠰᠢ ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠠ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ ᠃ ᠡᠯ᠎ᠡ ᠲᠥᠷᠥᠯ ᠤᠨ ᠪᠠᠭᠰᠢ ᠶᠢ ᠤᠷᠢᠨ ᠬᠡᠷᠡᠭᠯᠡᠬᠦ᠂ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠶᠢ ᠬᠠᠮᠢᠶᠠᠷᠬᠤ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠵᠢᠯᠣᠭᠤᠳᠤᠨ᠎ᠠ᠃ ᠪᠠᠭᠰᠢ ᠶᠢᠨ ᠬᠢᠷᠢ ᠬᠡᠮ ᠤᠨ ᠳᠦᠷᠢᠮ ᠂ ᠪᠠᠭᠰᠢ ᠶᠢᠨ ᠪᠣᠯᠪᠠᠰᠤᠷᠠᠯ ᠪᠠ ᠪᠠᠭᠰᠢ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠵᠢᠯᠤᠭᠤᠳᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠤ ᠠᠵᠢᠯ ᠢ ᠨᠢᠭᠡᠳᠦᠯᠲᠡᠢ ᠲᠥᠯᠥᠪᠯᠡᠨ ᠬᠠᠮᠢᠶᠠᠷᠤᠨ᠎ᠠ᠃        ︵ ᠭᠤᠷᠪᠠ ︶ ᠤᠯᠤᠰ᠂ ᠥᠪᠡᠷᠲᠡᠭᠡᠨ ᠵᠠᠰᠠᠬᠤ ᠣᠷᠣᠨ ᠂ ᠬᠤᠳᠠ ᠶᠢᠨ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ ᠂ ᠲᠦᠷᠦ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠵᠢᠯ ᠤᠨ ᠤᠷᠳᠤ ᠰᠢᠭ᠋ ᠬᠤᠭᠤᠴᠠᠭᠠᠨ ᠤ ᠪᠠ ᠤᠷᠳᠤ ᠬᠤᠭᠤᠴᠠᠭᠠᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ ᠃ ᠰᠠᠯᠠᠭ᠎ᠠ ᠮᠥᠴᠢᠷ᠂ ᠠᠵᠢᠯ ᠲᠦᠷᠦᠯ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠵᠢᠯ ᠢ ᠵᠣᠬᠢᠴᠠᠭᠤᠯᠤᠨ ᠵᠢᠯᠤᠭᠤᠳᠬᠤ ᠪᠠ ᠬᠢᠨᠠᠯᠲᠠ ᠲᠠᠯᠪᠢᠵᠤ ᠪᠠᠶᠢᠴᠠᠭᠠᠨ᠎ᠠ ᠃ ᠨᠡᠶᠢᠲᠡᠯᠢᠭ ᠬᠡᠯᠡ ᠪᠠ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠪᠠᠭᠰᠢ ᠶᠢᠨ ᠪᠣᠯᠪᠠᠰᠤᠷᠠᠯ ᠤᠨ ᠠᠵᠢᠯ ᠢ ᠵᠢᠯᠣᠭᠤᠳᠤᠨ᠎ᠠ ᠃       ︵ ᠳᠥᠷᠪᠡ ︶ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠢ ᠨᠢᠭᠡᠳᠦᠯᠲᠡᠢ ᠲᠥᠯᠥᠪᠵᠢᠭᠦᠯᠬᠦ ᠪᠠ ᠵᠣᠬᠢᠴᠠᠭᠤᠯᠤᠨ ᠬᠠᠮᠢᠶᠠᠷᠬᠤ ᠠᠵᠢᠯ ᠢ ᠬᠠᠷᠢᠭᠤᠴᠠᠵᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳᠤᠮᠳᠠᠳᠤ ᠵᠡᠷᠭᠡ ᠶᠢᠨ ᠂ ᠠᠩᠬ᠎ᠠ ᠵᠡᠷᠭᠡ ᠶᠢᠨ ᠰᠤᠷᠭᠠᠨ ᠬᠥᠮᠦᠵᠢᠯ ᠤᠨ ᠡᠯ᠎ᠡ ᠲᠦᠷᠦᠯ ᠤᠨ ᠰᠤᠷᠭᠠᠭᠤᠯᠢ ᠪᠠᠶᠢᠭᠤᠯᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ ᠃ ᠰᠤᠷᠭᠠᠨ ᠬᠥᠮᠦᠵᠢᠯ ᠤᠨ ᠦᠢᠯᠡᠰ ᠤᠨ ᠪᠦᠷᠢᠳᠬᠡᠯ ᠢ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠵᠢᠯᠣᠭᠣᠳᠤᠨ᠎ᠠ᠃       ︵ᠲᠠᠪᠤ︶ ᠲᠣᠰ ᠰᠠᠯᠠᠭ᠎ᠠ ᠮᠥᠴᠢᠷ ᠤᠨ ᠢᠶᠠᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠢ ᠲᠥᠯᠥᠪᠯᠡᠨ ᠬᠠᠮᠢᠶᠠᠷᠬᠤ ᠶᠢ ᠬᠠᠷᠢᠭᠤᠴᠠᠵᠤ᠂ ᠰᠤᠷᠭᠠᠨ ᠬᠥᠮᠦᠵᠢᠯ ᠤᠨ ᠵᠠᠷᠤᠳᠠᠯ ᠢ ᠴᠤᠭᠯᠠᠭᠤᠯᠤᠨ ᠬᠡᠷᠡᠭᠯᠡᠬᠦ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ ᠰᠤᠷᠭᠠᠨ ᠬᠥᠮᠦᠵᠢᠯ ᠤᠨ ᠵᠠᠷᠤᠳᠠᠯ ᠢ ᠬᠡᠷᠡᠭᠯᠡᠵᠦ ᠪᠠᠶᠢᠭ᠎ᠠ ᠪᠠᠶᠢᠳᠠᠯ ᠢ ᠬᠢᠨᠠᠨ ᠬᠡᠮᠵᠢᠵᠦ᠂ ᠪᠦᠬᠦ ᠰᠢᠶᠠᠨ ᠤ ᠰᠤᠷᠭᠠᠨ ᠬᠥᠮᠦᠵᠢᠯ ᠤᠨ ᠵᠠᠷᠤᠳᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠠᠷᠢᠭᠤᠴᠠᠨ ᠪᠦᠷᠢᠳᠬᠡᠨ᠎ᠡ ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠣᠷᠣᠭᠴᠢ ᠶᠢ ᠲᠤᠰᠠᠯᠠᠬᠤ ᠠᠵᠢᠯ ᠢ ᠵᠢᠯᠤᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠥᠷᠨᠢᠭᠦᠯᠦᠨ᠎ᠡ᠃       ︵ᠵᠢᠷᠭᠤᠭ᠎ᠠ︶ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠭᠡᠳ ᠬᠥᠭᠵᠢᠯᠲᠡ ᠶᠢ ᠵᠢᠯᠣᠭᠤᠳᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠢ ᠬᠥᠭᠵᠢᠭᠦᠯᠬᠦ ᠪᠠ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠠᠬᠢᠭᠤᠯᠬᠤ ᠶᠢ ᠬᠠᠷᠢᠭᠤᠴᠠᠨ᠎ᠠ ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠠᠷᠠᠳ  ᠠᠴᠠ ᠡᠷᠭᠢᠯᠡᠭᠰᠡᠨ ᠰᠠᠭᠤᠷᠢ ᠰᠤᠷᠭᠠᠨ ᠬᠥᠮᠦᠵᠢᠯ᠂ ᠰᠤᠷᠬᠤ ᠨᠠᠰᠤᠨ  ᠠᠴᠠ ᠡᠮᠦᠨᠡᠬᠢ ᠰᠤᠷᠭᠠᠨ ᠬᠥᠮᠦᠵᠢᠯ ᠪᠠ ᠣᠨᠴᠣᠭᠤᠢ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠰᠠᠭᠤᠷᠢ ᠰᠤᠷᠭᠠᠨ ᠬᠥᠮᠦᠵᠢᠯ ᠤᠨ ᠵᠢᠭᠠᠨ ᠰᠤᠷᠭᠠᠬᠤ ᠦᠨᠳᠦᠰᠦᠨ ᠱᠠᠭᠠᠷᠳᠠᠯᠭ᠎ᠠ ᠶᠢ ᠲᠣᠭᠲᠠᠭᠠᠨ᠎ᠠ ᠃ ᠳᠤᠮᠳᠠᠳᠤ ᠪᠠᠭ᠎ᠠ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠵᠢᠯᠣᠭᠤᠳᠤᠨ᠎ᠠ ᠃ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠵᠦ ᠂ ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠠ ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠢᠷᠤᠮᠵᠢᠭᠤᠯᠤᠨ ᠬᠠᠮᠢᠶᠠᠷᠴᠤ ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ ᠃       ︵ᠳᠣᠯᠤᠭ᠎ᠠ︶ ᠠᠵᠢᠯ ᠣᠯᠭᠤᠯᠲᠠ ᠶᠢ ᠠᠬᠢᠭᠤᠯᠬᠤ᠂ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠬᠤ ᠪᠠᠷ ᠤᠳᠤᠷᠢᠳᠤᠮᠵᠢ ᠪᠣᠯᠭᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠬᠢᠭᠡᠳ ᠥᠭᠡᠷᠡᠴᠢᠯᠡᠯᠲᠡ ᠶᠢ ᠵᠢᠯᠣᠭᠤᠳᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠰᠤᠷᠭᠠᠭᠤᠯᠢ ᠪᠠ ᠲᠤᠰᠬᠠᠢ ᠮᠡᠷᠭᠡᠵᠢᠯ ᠤᠨ ᠪᠠᠶᠢᠷᠢᠰᠢᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠦᠨ᠎ᠡ ᠃ ᠣᠷᠣᠨ ᠨᠤᠲᠤᠭ ᠤᠨ ᠵᠢᠭᠠᠬᠤ ᠮᠠᠲ᠋ᠧᠷᠢᠶᠠᠯ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠬᠤ ᠪᠠ ᠠᠵᠢᠯ ᠮᠡᠷᠭᠡᠵᠢᠯ ᠤᠨ ᠵᠢᠯᠣᠭᠤᠳᠤᠯᠭ᠎ᠠ ᠶᠢᠨ ᠠᠵᠢᠯ ᠢ ᠥᠷᠨᠢᠭᠦᠯᠦᠨ᠎ᠡ ᠃ ᠠᠷᠠᠳ  ᠠᠴᠠ ᠡᠷᠭᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠠᠵᠢᠯᠲᠠᠨ ᠠᠵᠢᠯᠴᠢᠨ ᠤ ᠰᠤᠷᠭᠠᠨ ᠬᠥᠮᠦᠵᠢᠯ᠂ ᠮᠠᠯᠴᠢᠨ ᠲᠠᠷᠢᠶᠠᠴᠢᠨ ᠤ ᠰᠤᠷᠭᠠᠨ ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠵᠢᠴᠢ ᠡᠯ᠎ᠡ ᠲᠥᠷᠥᠯ ᠤᠨ ᠨᠠᠰᠤᠨ ᠳᠤ ᠭᠦᠷᠦᠭᠰᠡᠳ ᠤᠨ ᠰᠤᠷᠭᠠᠨ ᠬᠥᠮᠦᠵᠢᠯ ᠢ ᠨᠢᠭᠡᠳᠦᠯᠲᠡᠢ ᠦᠷᠨᠢᠭᠦᠯᠦᠨ᠎ᠡ᠃       ︵ᠨᠠᠢᠮᠠ︶ ᠠᠷᠠᠳ  ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠨᠢᠭᠡᠳᠦᠯᠲᠡᠢ ᠲᠥᠯᠦᠪᠵᠢᠭᠦᠯᠭᠡ ᠪᠠ ᠬᠤᠷᠸ᠎ᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ  ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠤᠷᠸ᠎ᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠰᠤᠷᠭᠠᠭᠤᠯᠢ ᠡᠷᠭᠢᠯᠡᠬᠦ ᠡᠮᠬᠢ ᠳᠢᠭᠯᠢᠮ ᠢ ᠵᠢᠷᠤᠮᠵᠢᠭᠤᠯᠤᠨ᠎ᠠ᠃       ︵ᠶᠢᠰᠦ︶ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠠᠵᠢᠯ ᠢ ᠵᠢᠯᠤᠭᠤᠳᠬᠤ ᠶᠢᠨ ᠬᠠᠮᠲᠤ ᠵᠣᠬᠢᠶᠠᠨ ᠪᠠᠶᠢᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠬᠢᠨᠠᠨ ᠵᠢᠯᠤᠭᠤᠳᠴᠤ ᠪᠠᠶᠢᠴᠠᠭᠠᠬᠤ ᠪᠠ ᠦᠨᠡᠯᠡᠨ ᠵᠢᠱᠢᠵᠦ ᠰᠢᠯᠭᠠᠨ ᠠᠪᠬᠤ ᠠᠵᠢᠯ ᠢ ᠬᠠᠷᠢᠭᠤᠴᠠᠨ᠎ᠠ᠃ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠶᠠᠰᠤ ᠴᠢᠨᠠᠷ ᠢ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠮᠡᠳᠡᠭᠦᠯᠦᠯᠲᠡ ᠶᠢ ᠨᠡᠶᠢᠲᠡᠯᠡᠨ᠎ᠡ᠃       ︵ᠠᠷᠪᠠ︶ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ᠂ ᠦᠵᠡᠯ ᠰᠠᠨᠠᠭ᠎ᠠ ᠤᠯᠤᠰ ᠲᠥᠷᠥ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠵᠢᠯᠣᠭᠤᠳᠤᠨ᠎ᠠ᠃ ᠡᠯ᠎ᠡ ᠲᠥᠷᠥᠯ ᠤᠨ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠬᠥᠮᠦᠵᠢᠯ᠂ ᠤᠷᠠᠯᠢᠭ ᠬᠢᠭᠡᠳ ᠬᠥᠳᠡᠯᠮᠦᠷᠢ ᠶᠢᠨ ᠬᠥᠮᠦᠵᠢᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠵᠢᠯᠣᠭᠤᠳᠤᠨ᠎ᠠ᠃       ︵ᠠᠷᠪᠠᠨ ᠨᠢᠭᠡ︶ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠵᠢᠴᠢ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠳᠤ ᠣᠷᠣᠰᠢᠵᠤ ᠪᠠᠶᠢᠭ᠎ᠠ ᠬᠡᠮ ᠦᠢᠯᠡᠳᠬᠦ ᠦᠶᠯᠡ ᠠᠵᠢᠯᠯᠠᠭ᠎ᠠ ᠶᠢ ᠰᠢᠢᠳᠬᠡᠬᠦ ᠶᠢ ᠬᠠᠷᠢᠭᠤᠴᠠᠨ᠎ᠠ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠠᠴᠠ ᠳᠣᠷᠣᠭᠰᠢᠬᠢ ᠡᠯ᠎ᠡ ᠲᠥᠷᠥᠯ ᠤᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠰᠤᠷᠭᠠᠨ ᠬᠥᠮᠦᠵᠢᠯ ᠤᠨ ᠲᠠᠯ᠎ᠠ ᠪᠠᠷ ᠬᠢ ᠭᠠᠳᠠᠭᠠᠳᠤ ᠲᠠᠢ ᠬᠠᠮᠲᠤᠷᠠᠨ ᠠᠵᠢᠯᠯᠠᠬᠤ ᠪᠠ ᠰᠣᠯᠢᠯᠴᠠᠭ᠎ᠠ ᠬᠢᠬᠦ ᠵᠢᠴᠢ ᠭᠠᠳᠠᠭᠠᠳᠤ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ ᠃       ︵ᠠᠷᠪᠠᠨ ᠬᠤᠶᠠᠷ︶ ᠪᠥᠬᠦ ᠰᠢᠶᠠᠨ ᠤ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ᠂ ᠰᠤᠷᠭᠠᠨ ᠬᠥᠮᠦᠵᠢᠯ ᠤᠨ ᠲᠣᠨᠤᠭ ᠲᠥᠬᠦᠭᠡᠷᠦᠮᠵᠢ ᠶᠢᠨ ᠮᠡᠷᠭᠡᠵᠢᠯ ᠂ ᠵᠢᠭᠠᠨ ᠰᠤᠷᠭᠠᠯᠲᠠ ᠶᠢᠨ ᠰᠤᠳᠤᠯᠭᠠᠨ ᠪᠠ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ ᠵᠢᠯᠣᠭᠤᠳᠤᠨ᠎ᠠ᠃       ︵ᠠᠷᠪᠠᠨ ᠭᠤᠷᠪᠠ︶ ᠪᠥᠬᠦ ᠰᠢᠶᠠᠨ ᠤ ᠰᠤᠷᠭᠠᠭᠤᠯᠢ ᠶᠢᠨ ᠠᠮᠤᠷ ᠲᠦᠪᠰᠢᠨ ᠲᠣᠭᠲᠠᠭᠤᠨ ᠪᠠᠶᠢᠳᠠᠯ ᠪᠠ ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ︵ ᠠᠷᠪᠠᠨ ᠳᠥᠷᠪᠡ ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠢ ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ