ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ
ᠨᠡᠶᠢᠲᠡᠯᠡᠭᠰᠡᠨ ᠴᠠᠭ᠄
2023/12/22
      ᠨᠢᠭᠡ᠂ ᠭᠤᠣᠯ ᠡᠭᠦᠷᠭᠡ ᠬᠠᠷᠢᠭᠤᠴᠠᠯᠭ᠎ᠠ        ︵ᠨᠢᠭᠡ︶ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠤᠯᠤᠰ᠂ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠪᠣᠳᠠᠲᠠᠢ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠮᠠᠨ ᠤ ᠰᠢᠶᠠᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠲᠥᠷᠥ ᠶᠢᠨ ᠪᠣᠳᠣᠯᠭ᠎ᠠ ᠶᠢ ᠰᠤᠳᠤᠯᠵᠤ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠢᠯ ᠤᠨ ᠳᠦᠷᠢᠮ ᠲᠣᠭᠲᠠᠭᠠᠯ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠨ᠎ᠡ᠃       ︵ ᠬᠤᠶᠠᠷ ︶ ᠪᠦᠬᠦ ᠰᠢᠶᠠᠨ ᠤ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠭᠰᠡᠨ ᠂ ᠤᠯᠤᠰ ᠣᠷᠣᠨ ᠤ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠪᠠᠶᠢᠳᠠᠯ ᠢ ᠡᠵᠡᠮᠰᠢᠵᠦ ᠂ ᠪᠠᠶᠢᠳᠠᠯ ᠢ ᠵᠠᠳᠠᠯᠵᠤ ᠂ ᠠᠷᠭᠠᠴᠠᠬᠤ ᠪᠣᠳᠣᠯᠭ᠎ᠠ ᠲᠣᠭᠲᠠᠭᠠᠨ᠎ᠠ ᠃       ︵ ᠭᠤᠷᠪᠠ ︶ ᠪᠦᠬᠦ ᠰᠢᠶᠠᠨ ᠤ ᠨᠥᠯᠥᠭᠡ ᠶᠡᠬᠡᠲᠡᠢ ᠬᠡᠷᠡᠭ ᠂ ᠠᠮᠤᠷ ᠲᠦᠪᠰᠢᠨ ᠤ ᠲᠠᠯ᠎ᠠ ᠪᠠᠷ ᠬᠢ ᠠᠳᠡᠭᠳᠡᠯ ᠪᠠ ᠦᠢᠮᠡᠭᠡᠨ ᠢ ᠰᠢᠢᠳᠪᠦᠷᠢᠯᠡᠨ᠎ᠡ ᠃       ( ᠲᠤᠶᠢᠷᠪᠡ ) ᠨᠡᠶᠢᠭᠡᠮ ᠤᠨ ᠠᠮᠤᠷ ᠲᠦᠪᠰᠢᠨ ᠡᠮᠬᠢ ᠵᠢᠷᠤᠮ ᠳᠤ ᠬᠤᠣᠷ ᠬᠥᠨᠥᠭᠡᠯ ᠤᠴᠠᠷᠠᠭᠤᠯᠤᠭᠰᠠᠨ ᠤᠢᠢᠯᠠ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠠᠮᠤᠷ ᠢ ᠬᠠᠮᠠᠭᠠᠯᠠᠬᠤ᠂ ᠡᠷᠦᠬᠡ ᠠᠮᠠ ᠶᠢᠨ ᠶᠠᠪᠤᠳᠠᠯ᠂ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢ ᠬᠠᠤᠯᠢ ᠶᠣᠰᠣᠭᠠᠷ ᠶᠠᠪᠤᠭᠳᠠᠭᠤᠯᠤᠨ᠎ᠠ︔ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠠᠵᠢᠯ︔ ᠳᠣᠷᠣ ᠶᠢᠨ ᠪᠠᠶᠢᠭᠤᠯᠤᠯᠭ᠎ᠠ ᠂ ᠨᠡᠶᠢᠭᠡᠮ ᠤᠨ ᠪᠦᠯᠬᠦᠮ ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠭᠤᠣᠯᠳᠠᠯᠭ᠎ᠠ ᠪᠣᠯᠬᠤ ᠪᠦ᠋ᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠮᠤᠷ ᠢ ᠬᠠᠮᠠᠭᠠᠯᠠᠬᠤ ᠪᠠ ᠤᠯᠠᠨ ᠲᠦᠮᠡᠨᠴᠢ ᠴᠢᠨᠠᠷ ᠲᠠᠢ ᠠᠮᠤᠷ ᠢ ᠬᠠᠮᠠᠭᠠᠯᠠᠬᠤ ᠵᠣᠬᠢᠶᠠᠨ ᠪᠠᠶᠢᠭᠤᠯᠤᠯᠲᠠ ᠶᠢᠨ ᠠᠮᠤᠷ ᠢ ᠬᠠᠮᠠᠭᠠᠯᠠᠬᠤ ᠠᠵᠢᠯ ᠳᠤ ᠪᠦ᠋ᠬᠦ ᠰᠢᠶᠠᠨ ᠤ ᠤᠯᠤᠰ ᠳᠣᠷᠣ ᠶᠢᠨ ᠲᠣᠭᠲᠠᠭᠤᠨ ᠪᠠᠶᠢᠳᠠᠯ ᠂ ᠨᠡᠶᠢᠭᠡᠮ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠬᠠᠤᠯᠢ ᠠᠴᠠ ᠵᠥᠷᠢᠴᠡᠭᠰᠡᠨ ᠡᠯ᠎ᠡ ᠵᠦᠢᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠶᠡᠬᠡᠪᠡᠷ ᠴᠢᠩᠭᠠᠳᠬᠠᠵᠤ ᠂ ᠠᠶᠤᠯᠭᠦᠢ ᠨᠡᠶᠢᠭᠡᠮ ᠲᠣᠭᠤᠷᠢᠭ ᠢ ᠢᠳᠡᠪᠬᠢᠲᠡᠢ ᠪᠠᠷ ᠡᠭᠦᠳᠦᠨ ᠪᠠᠶᠢᠭᠤᠯᠵᠤ ᠂ ᠬᠥᠮᠥᠨ ᠠᠮᠠ ᠪᠠ ᠡᠷᠦᠭᠡ ᠠᠮᠠ ᠶᠢᠨ ᠬᠠᠮᠢᠶᠠᠷᠤᠯᠲᠠ ᠶᠢ ᠪᠣᠳᠠᠲᠠᠢ ᠬᠡᠷᠡᠭᠵᠢᠭᠦᠯᠦᠨ ᠂ ᠨᠡᠶᠢᠭᠡᠮ ᠤᠨ ᠬᠡᠪᠴᠢᠶ᠎ᠡ ᠶᠢ ᠴᠢᠩᠭ᠎ᠠ ᠬᠢᠵᠠᠭᠠᠷᠯᠠᠵᠤ ᠂ ᠤᠯᠠᠨ ᠲᠦᠮᠡᠨ ᠢ ᠢᠳᠡᠪᠬᠢᠲᠡᠢ ᠪᠠᠷ ᠬᠠᠪᠰᠤᠷᠤᠨ ᠲᠤᠰᠠᠯᠠᠵᠤ ᠂ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠨ᠎ᠡ ᠃       ( ᠲᠠᠪᠤ ) ᠰᠠᠬᠢᠨ ᠬᠤᠷᠢᠬᠤ ᠭᠠᠵᠠᠷ ᠪᠠ ᠲᠤᠶᠢᠷ ᠬᠤᠷᠢᠬᠤ ᠭᠠᠵᠠᠷ ᠤᠨ ᠬᠠᠮᠢᠶᠠᠷᠤᠯᠲᠠ ᠪᠠ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ ᠃       ( ᠵᠢᠷᠭᠤᠭ᠎ᠠ ) ᠬᠠᠤᠯᠢ ᠲᠤᠶᠢᠷᠢᠮ ᠤᠨ ᠪᠠᠶᠢᠭᠤᠯᠤᠯᠲᠠ ᠪᠠ ᠬᠠᠤᠯᠢ ᠬᠡᠷᠡᠭᠵᠢᠭᠦᠯᠬᠦ ᠠᠵᠢᠯ ᠢ ᠬᠠᠤᠯᠢ ᠶᠣᠰᠣᠭᠠᠷ ᠬᠡᠷᠡᠭᠵᠢᠭᠦᠯᠵᠦ ᠥᠷᠨᠢᠭᠦᠯᠦᠨ᠎ᠡ ᠃       ︵ ᠲᠤᠯᠤᠭ᠎ᠠ ︶ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠴᠢᠷᠮᠠᠶᠢᠨ ᠳᠡᠭᠡᠭᠰᠢᠯᠡᠭᠦᠯᠵᠦ ᠂ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠪᠠ ᠮᠡᠳᠡᠭᠡ ᠬᠤᠯᠪᠣᠭᠠᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ ᠃       ( ᠨᠠᠢᠮᠠ ) ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠤ ᠠᠷᠠᠳ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠠᠵᠢᠯᠲᠠᠨ ᠤ ᠪᠣᠯᠪᠠᠰᠤᠷᠠᠭᠤᠯᠤᠯ᠂ ᠬᠥᠮᠦᠵᠢᠯ ᠪᠠ ᠤᠬᠠᠭᠤᠯᠭ᠎ᠠ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠠᠭᠳᠠᠭ᠎ᠠ ᠶᠢ ᠴᠢᠩᠭ᠎ᠠ ᠵᠠᠰᠠᠬᠤ ᠪᠠ ᠴᠠᠭᠳᠠᠭ᠎ᠠ ᠳᠤ ᠬᠠᠷᠠᠭᠠᠯᠵᠠᠯ ᠦᠵᠡᠭᠦᠯᠬᠦ ᠶᠢ ᠭᠦᠢᠴᠡᠳ ᠬᠠᠷᠠᠭᠤᠯᠬᠤ ᠬᠡᠷᠡᠭᠲᠡᠢ᠃       ︵ ᠶᠢᠰᠦ ︶ ᠠᠵᠤ ᠠᠬᠤᠢ ᠶᠢᠨ ᠲᠠᠯ᠎ᠠ ᠪᠠᠷ ᠬᠢ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠬᠤᠷᠢᠭᠯᠠᠨ ᠵᠣᠭᠰᠣᠭᠠᠵᠤ ᠂ ᠤᠯᠤᠰ ᠣᠷᠣᠨ᠂ ᠬᠠᠤᠯᠢ ᠶᠢᠨ ᠬᠥᠮᠥᠨ ᠂ ᠠᠷᠠᠳ ᠢᠷᠭᠡᠳ ᠤᠨ ᠠᠵᠤ ᠠᠬᠤᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ ᠂ ᠪᠦᠬᠦ ᠰᠢᠶᠠᠨ ᠤ ᠠᠵᠤ ᠠᠬᠤᠢ ᠶᠢᠨ ᠡᠮᠬᠢ ᠵᠢᠷᠤᠮ ᠢ ᠬᠠᠮᠠᠭᠠᠯᠠᠨ᠋ ᠎ᠠ ᠃       ︵ᠠᠷᠪᠠ︶ ᠮᠠᠨ ᠤ ᠰᠢᠶᠠᠨ ᠳᠤ ᠠᠵᠢᠯ ᠪᠠᠶᠢᠴᠠᠭᠠᠬᠤ ᠪᠠᠷ ᠢᠷᠡᠭᠰᠡᠨ ᠤᠳᠤᠷᠢᠳᠬᠤ ᠬᠥᠮᠥᠰ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃       ( ᠠᠷᠪᠠᠨ ᠨᠢᠭᠡ ) ᠪᠦᠬᠦ ᠰᠢᠶᠠᠨ ᠤ ᠬᠤᠣᠷᠲᠤ ᠡᠳ᠋ ᠢ ᠨᠢᠭᠤᠴᠠ ᠪᠠᠷ ᠠᠷᠠᠯᠵᠢᠶᠠᠯᠠᠭᠰᠠᠨ᠂ ᠫᠠᠨᠽᠠᠯᠠᠭᠰᠠᠨ ᠂ ᠵᠥᠭᠡᠭᠡᠪᠦᠷᠢᠯᠡᠭᠰᠡᠨ ᠂ ᠦᠢᠯᠡᠳᠦᠭᠰᠡᠨ ᠪᠠ ᠬᠠᠤᠯᠢ ᠪᠤᠰᠤ ᠪᠠᠷ ᠳᠠᠷᠢᠭᠰᠠᠨ ᠵᠡᠷᠭᠡ ᠬᠡᠷᠡᠭ ᠲᠤ ᠴᠣᠬᠢᠯᠲᠠ ᠥᠭᠭᠦᠭᠰᠡᠨ᠂ ᠲᠡᠩᠨᠡᠠ ᠢᠯᠡᠷᠡᠭᠦᠯᠦᠭᠰᠡᠨ ᠃       ( ᠠᠷᠪᠠᠨ ᠬᠤᠶᠠᠷ ) ᠪᠦᠬᠦ ᠰᠢᠶᠠᠨ ᠤ ᠠᠶᠤᠯᠲᠠᠢ ᠪᠣᠳᠠᠰ ᠢ ᠦᠢᠯᠡᠳᠪᠦᠷᠢᠯᠡᠬᠦ᠂ ᠬᠠᠳᠠᠭᠠᠯᠠᠬᠤ᠂ ᠲᠡᠭᠡᠭᠡᠪᠦᠷᠢᠯᠡᠵᠦ ᠪᠣᠷᠣᠯᠠᠭᠤᠯᠬᠤ ᠂ ᠬᠡᠷᠡᠭᠯᠡᠬᠦ ᠶᠢᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃       ︵ ᠠᠷᠪᠠᠨ ᠭᠤᠷᠪᠠ ︶ ᠮᠠᠨ ᠤ ᠰᠢᠶᠠᠨ ᠤ ᠣᠨᠴᠠ ᠲᠦᠷᠦᠯ ᠤᠨ ᠠᠵᠢᠯ ᠲᠦᠷᠦᠯ ᠢ ᠬᠠᠤᠯᠢ ᠶᠣᠰᠣᠭᠠᠷ ᠬᠠᠮᠢᠶᠠᠷᠤᠨ᠎ᠠ ᠃       ( ᠠᠷᠪᠠᠨ ᠲᠤᠶᠢᠷᠪᠡ ) ᠪᠦᠬᠦ ᠰᠢᠶᠠᠨ ᠤ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ ᠃       ︵ ᠠᠷᠪᠠᠨ ᠲᠠᠪᠤ ︶ ᠪᠦᠬᠦ ᠰᠢᠶᠠᠨ ᠤ ᠰᠦᠷᠳᠡᠭᠦᠯᠬᠦ ᠠᠵᠢᠯᠯᠠᠭ᠎ᠠ ᠶᠢ ᠰᠡᠷᠭᠡᠶᠢᠯᠡᠬᠦ ᠂ ᠲᠠᠩᠨᠠᠬᠤ ᠂ ᠴᠣᠬᠢᠯᠲᠠ ᠥᠭᠬᠦ ᠠᠵᠢᠯ ᠢ ᠵᠣᠬᠢᠶᠠᠨ ᠪᠠᠶᠢᠭᠤᠯᠵᠤ ᠂ ᠵᠢᠯᠤᠭᠤᠳᠴᠤ ᠂ ᠵᠣᠬᠢᠴᠠᠭᠤᠯᠤᠨ᠎ᠠ ᠃       ( ᠠᠷᠪᠠᠨ ᠵᠢᠷᠭᠤᠭ᠎ᠠ ) ᠰᠢᠶᠠᠨ ᠤ ᠲᠤᠰ ᠱᠠᠲᠤᠨ ᠤ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ ᠵᠡᠷᠭᠡ ᠲᠤᠶᠢᠷᠢᠮ ᠢ ᠲᠤᠭᠤᠷᠪᠢᠨ ᠲᠣᠭᠲᠠᠭᠠᠬᠤ ᠪᠠ ᠳᠣᠲᠣᠭᠠᠳᠤ ᠶᠢ ᠬᠠᠮᠠᠭᠠᠯᠠᠬᠤ ᠲᠣᠨᠣᠭᠯᠠᠯ᠂ ᠤᠭᠰᠠᠷᠠᠭᠤᠯᠤᠨ ᠲᠣᠨᠣᠭᠯᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ ᠃       ( ᠠᠷᠪᠠᠨ ᠲᠤᠯᠤᠭ᠎ᠠ ) ᠦᠶᠤᠸᠠᠨ ᠰᠢᠶᠠᠨ ᠤ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢ ᠬᠠᠮᠢᠶᠠᠷᠤᠨ᠎ᠠ ᠃       ( ᠠᠷᠪᠠᠨ ᠨᠠᠢᠮᠠ ) ᠬᠠᠤᠯᠢ ᠴᠠᠭᠠᠵᠠ ᠠᠴᠠ ᠣᠯᠭᠤᠭᠰᠠᠨ ᠪᠤᠰᠤᠳ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ ᠂ ᠰᠢᠶᠠᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠨ ᠬᠢᠨ᠎ᠡ ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ