ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ ᠨᠢᠭᠡ ︶ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠂ ᠤᠷᠳᠤ ᠰᠢᠭ᠋ ᠬᠤᠭᠤᠴᠠᠭᠠᠨ ᠤ ᠪᠠ ᠤᠷᠳᠤ | ᠬᠤᠭᠤᠴᠠᠭᠠᠨ ᠤ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ ᠨᠢᠭᠡᠳᠦᠯᠲᠡᠢ | ᠲᠥᠯᠦᠪᠵᠢᠭᠦᠯᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃ ᠰᠢᠶᠠᠨ ᠤ ᠱᠠᠲᠤᠨ ᠤ ᠲᠤᠰᠬᠠᠢ ᠵᠦᠢᠯ ᠤᠨ | ᠲᠥᠯᠦᠪᠵᠢᠭᠦᠯᠭᠡ ᠂ ᠣᠷᠣᠨ ᠪᠦᠰᠡ ᠶᠢᠨ ᠲᠥᠯᠦᠪᠵᠢᠭᠦᠯᠭᠡ ᠂ ᠣᠷᠣᠨ ᠵᠠᠢ ᠶᠢᠨ ᠲᠥᠯᠦᠪᠵᠢᠭᠦᠯᠭᠡ ᠶᠢ ᠪᠦᠬᠦ ᠰᠢᠶᠠᠨ ᠤ ᠬᠥᠭᠵᠢᠯᠲᠡ ᠶᠢᠨ ᠲᠥᠯᠦᠪᠵᠢᠭᠦᠯᠭᠡ ᠲᠠᠢ | ᠨᠢᠭᠡᠳᠦᠯᠲᠡᠢ ᠲᠥᠯᠥᠪᠯᠡᠨ ᠵᠣᠯᠭᠠᠭᠤᠯᠬᠤ ᠶᠢ ᠬᠠᠷᠢᠭᠤᠴᠠᠵᠤ ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ᠂ ᠠᠵᠤ ᠠᠬᠤᠢ ᠶᠢᠨ | ᠪᠠᠶᠢᠭᠤᠯᠤᠯ ᠤᠨ ᠥᠭᠡᠷᠡᠴᠢᠯᠡᠯᠲᠡ ᠪᠠ ᠭᠠᠳᠠᠭᠰᠢ ᠨᠡᠭᠡᠭᠡᠯᠲᠡ ᠬᠢᠬᠦ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠥᠰᠥᠯ ᠢ ᠲᠤᠤᠱᠯᠠᠭᠤᠯᠤᠨ | ᠨᠠᠶᠢᠳᠠᠪᠤᠷᠢᠵᠢᠭᠤᠯᠤᠨ᠎ᠠ ᠃ | ︵ ᠬᠤᠶᠠᠷ ︶ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠥᠮ ᠢ ᠲᠦᠷᠭᠡᠳᠬᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠷᠠᠯᠲᠠ᠂ | ᠡᠭᠦᠷᠭᠡ ᠵᠢᠴᠢ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠳᠤᠷᠠᠳᠪᠠ ᠃ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢᠨ ᠬᠢᠨᠠᠨ | ᠵᠢᠯᠤᠭᠤᠳᠬᠤ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠢᠨᠵᠧᠨᠧᠷᠢᠩ ᠤᠨ ᠬᠢᠨᠠᠨ ᠵᠢᠯᠤᠭᠤᠳᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠬᠠᠮᠢᠶ᠎ᠠ ᠪᠦᠬᠦᠢ ᠲᠣᠬᠢᠷᠠᠭᠤᠯᠤᠯᠲᠠ ᠬᠢᠬᠦ ᠰᠠᠨᠠᠭᠤᠯᠭ᠎ᠠ ᠶᠢ ᠳᠤᠷᠠᠳᠬᠤ ᠬᠡᠷᠡᠭᠲᠡᠢ᠃ | ︵ ᠭᠤᠷᠪᠠ ︶ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ ᠨᠢᠭᠡᠳᠦᠯᠲᠡᠢ ᠲᠥᠯᠥᠪᠯᠡᠨ ᠳᠤᠷᠠᠳᠴᠤ ᠂ | ᠬᠤᠷᠸ᠎ᠠ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠬᠠᠨᠳᠤᠰᠢ ᠶᠢᠨ ᠬᠠᠨᠳᠤᠰᠢ ᠶᠢ ᠬᠢᠨᠠᠨ ᠬᠡᠮᠵᠢᠵᠦ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠵᠦ ᠂ | ᠬᠤᠷᠸ᠎ᠠ ᠲᠣᠬᠢᠷᠠᠭᠤᠯᠤᠯ ᠡᠵᠡᠮᠳᠡᠯ ᠤᠨ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ ᠭᠠᠷᠭᠠᠨ᠎ᠠ ᠃ ᠬᠤᠷᠸ᠎ᠠ ᠠᠵᠤ ᠠᠬᠤᠢ ᠶᠢᠨ ᠲᠥᠷᠥ ᠶᠢᠨ | ᠪᠣᠳᠣᠯᠭ᠎ᠠ ᠶᠢ ᠶᠡᠷᠦᠩᠬᠡᠶᠢᠯᠡᠨ ᠵᠣᠬᠢᠴᠠᠭᠤᠯᠵᠤ᠂ ᠬᠤᠷᠸ᠎ᠠ ᠠᠵᠤ ᠠᠬᠤᠢ ᠶᠢᠨ ᠠᠷᠭᠠᠴᠠᠬᠤ ᠠᠷᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ | ᠠᠬᠤᠢ ᠶᠢᠨ ᠠᠵᠢᠯᠯᠠᠭᠠᠨ ᠢ ᠲᠣᠬᠢᠷᠠᠭᠤᠯᠵᠤ ᠂ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ ᠃ | ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠦᠨ᠎ᠡ ᠬᠠᠩᠰᠢ ᠶᠢᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢᠶᠠᠨ ᠤ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠬᠠᠷᠠᠯᠲᠠ ᠶᠢ ᠳᠤᠷᠠᠳᠤᠨ ᠭᠠᠷᠭᠠᠵᠤ᠂ ᠬᠠᠮᠢᠶᠠᠷᠤᠯᠲᠠ ᠶᠢᠨ ᠡᠷᠬᠡ ᠮᠡᠳᠡᠯ ᠤᠨ | ᠬᠡᠪᠴᠢᠶ᠎ᠡ ᠶᠣᠰᠣᠭᠠᠷ ᠲᠠᠸᠠᠷ ᠤᠨ ᠦᠢᠯᠡᠴᠢᠯᠡᠭᠡ ᠪᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ ᠲᠣᠬᠢᠷᠠᠭᠤᠯᠤᠨ᠎ᠠ᠃ | ︵ ᠳᠥᠷᠪᠡ ︶ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ | ᠵᠣᠬᠢᠴᠠᠭᠤᠯᠵᠤ᠂ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠰᠠᠨᠠᠭᠤᠯᠭ᠎ᠠ ᠶᠢ ᠳᠤᠷᠠᠳᠤᠨ᠎ᠠ ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠲᠦᠷᠦᠭᠦᠯᠡᠨ ᠥᠮᠴᠢᠯᠡᠯ ᠤᠨ ᠡᠷᠬᠡ ᠶᠢᠨ ᠳᠦᠷᠢᠮ ᠪᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ | ᠵᠣᠬᠢᠴᠠᠭᠤᠯᠤᠨ ᠠᠬᠢᠭᠤᠯᠤᠨ᠎ᠠ ᠃ ᠠᠵᠤ ᠠᠬᠤᠢ ᠶᠢᠨ ᠦᠨᠳᠦᠰᠦᠨ ᠪᠠᠶᠢᠭᠤᠯᠤᠯ ᠪᠠ ᠤᠳᠤ ᠦᠶ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ | ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠵᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ | ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠳᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ | ᠲᠦᠯᠬᠢᠨ ᠠᠬᠢᠭᠤᠯᠤᠨ᠎ᠠ ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠲᠦᠯᠬᠢᠨ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠰᠤᠳᠤᠯᠤᠨ ᠲᠣᠭᠲᠠᠭᠠᠨ᠎ᠠ ᠃ | ︵ ᠲᠠᠪᠤ ︶ ᠭᠠᠳᠠᠭᠠᠳᠤ ᠶᠢᠨ ᠪᠡᠯᠡ ᠮᠥᠩᠭᠦ ᠶᠢ ᠠᠰᠢᠭᠯᠠᠬᠤ ᠪᠠ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠪᠠᠶᠢᠯᠳᠤᠬᠤ ᠪᠣᠳᠣᠯᠭ᠎ᠠ ᠂ | ᠲᠥᠯᠦᠪᠵᠢᠭᠦᠯᠭᠡ ᠂ ᠶᠡᠷᠦᠩᠬᠡᠢ ᠬᠡᠮᠵᠢᠶ᠎ᠡ ᠶᠢ ᠲᠡᠩᠴᠡᠭᠦᠷᠢᠲᠡᠢ ᠪᠠᠶᠢᠯᠭᠠᠬᠤ ᠪᠠ ᠪᠦᠲᠦᠴᠡ ᠶᠢ ᠰᠢᠯᠢᠳᠡᠭᠵᠢᠭᠦᠯᠬᠦ ᠲᠦᠷᠦ ᠶᠢᠨ ᠪᠣᠳᠣᠯᠭ᠎ᠠ ᠶᠢ ᠳᠤᠷᠠᠳᠤᠨ ᠭᠠᠷᠭᠠᠨ᠎ᠠ ᠃ | ︽ ᠨᠢᠭᠡ ᠪᠦᠰᠡ ᠨᠢᠭᠡ ᠵᠠᠮ ︾ ᠤᠨ ᠪᠦᠲᠦᠭᠡᠨ ᠪᠠᠶᠢᠭᠤᠯᠤᠯᠲᠠ ᠶᠢ ᠲᠦᠷᠦᠭᠦᠯᠡᠨ ᠲᠦᠯᠬᠢᠨ ᠠᠬᠢᠭᠤᠯᠤᠨ᠎ᠠ ᠃ ᠭᠠᠳᠠᠭᠰᠢ ᠭᠠᠷᠬᠤ ᠶᠢ ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ ᠃ | ︵ᠵᠢᠷᠭᠤᠭ᠎ᠠ︶ ᠪᠡᠯᠡ ᠣᠷᠣᠭᠤᠯᠤᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠬᠠᠷᠢᠭᠤᠴᠠᠵᠤ᠂ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢᠨ ᠶᠡᠷᠦᠩᠬᠡᠢ ᠬᠡᠪᠴᠢᠶ᠎ᠡ ᠂ ᠪᠦᠲᠦᠴᠡ ᠶᠢ ᠲᠣᠬᠢᠷᠠᠭᠤᠯᠤᠨ ᠡᠵᠡᠮᠳᠡᠬᠦ ᠬᠠᠷᠠᠯᠲᠠ ᠪᠣᠯᠣᠨ ᠲᠥᠷᠥ ᠶᠢᠨ ᠪᠣᠳᠣᠯᠭ᠎ᠠ ᠶᠢ ᠲᠤᠭᠤᠷᠪᠢᠨ | ᠲᠣᠭᠲᠠᠭᠠᠬᠤ ᠳᠤ ᠣᠷᠣᠯᠴᠠᠨ᠎ᠠ ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠪᠡᠯᠡ | ᠮᠥᠩᠭᠦ ᠶᠢ ᠲᠣᠬᠢᠷᠠᠭᠤᠯᠵᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠴᠢᠬᠤᠯᠠ ᠶᠡᠭᠡ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠢᠨᠠᠨ | ᠵᠥᠪᠰᠢᠶᠡᠷᠡᠬᠦ᠂ ᠬᠢᠨᠠᠨ ᠬᠠᠷᠭᠤᠭᠤᠯᠬᠤ ᠬᠡᠷᠡᠭᠲᠡᠢ᠃ ᠴᠢᠬᠤᠯᠠ ᠶᠡᠭᠡ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠪᠠ ᠦᠢᠯᠡᠳᠪᠦᠷᠢᠯᠡᠯ ᠤᠨ | ᠬᠦᠴᠦᠨ ᠤ ᠪᠠᠶᠢᠷᠢᠰᠢᠯ ᠢ ᠲᠥᠯᠥᠪᠵᠢᠭᠦᠯᠦᠨ᠎ᠡ ᠃ ᠠᠷᠠᠳ ᠤᠨ ᠪᠡᠯᠡ ᠣᠷᠣᠭᠤᠯᠤᠯᠲᠠ ᠶᠢ ᠵᠣᠷᠢᠭᠵᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠤᠭᠤᠷᠪᠢᠨ ᠲᠣᠭᠲᠠᠭᠠᠬᠤ ᠪᠠ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ ᠃ | ︵ᠳᠣᠯᠤᠭ᠎ᠠ︶ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ | ᠪᠠᠶᠢᠯᠳᠤᠬᠤ ᠪᠣᠳᠣᠯᠭ᠎ᠠ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠮᠢᠶ᠎ᠠ ᠪᠦᠬᠦᠢ ᠣᠷᠣᠨ ᠪᠦᠰᠡ ᠶᠢᠨ | ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠳᠤ ᠣᠷᠣᠯᠴᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ | ᠴᠢᠬᠤᠯᠠ ᠶᠡᠭᠡ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠨᠢᠭᠡᠳᠦᠯᠲᠡᠢ ᠲᠥᠯᠥᠪᠯᠡᠨ | ᠠᠬᠢᠭᠤᠯᠤᠨ᠎ᠠ᠃ ᠭᠠᠵᠠᠷ ᠣᠷᠣᠨ ᠤ ᠬᠥᠭᠵᠢᠯᠲᠡ ᠶᠢᠨ ᠲᠥᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠪᠠ ᠬᠡᠷᠡᠭᠵᠢᠭᠦᠯᠬᠦ ᠳᠤ | ᠣᠷᠣᠯᠴᠠᠵᠤ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠵᠡᠷᠭᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ ᠣᠷᠣᠨ ᠪᠦᠰᠡ ᠶᠢᠨ | ᠬᠠᠮᠲᠤᠷᠠᠯᠴᠠᠭᠠᠨ ᠤ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠲᠥᠯᠦᠪᠵᠢᠭᠦᠯᠭᠡ ᠶᠢ ᠵᠣᠬᠢᠶᠠᠨ | ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢᠨ ᠬᠠᠮᠲᠤ | ︵ᠨᠠᠢᠮᠠ︶ ᠶᠡᠷᠦᠩᠬᠡᠶᠢᠯᠡᠭᠰᠡᠨ ᠴᠢᠨᠠᠷᠲᠠᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠨ᠎ᠠ᠃ ᠨᠢᠭᠡᠳᠦᠭᠡᠷ ᠬᠤᠶᠠᠳᠤᠭᠠᠷ | ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠤᠯᠪᠣᠭᠳᠠᠯ ᠪᠦᠬᠦᠢ ᠬᠥᠭᠵᠢᠯᠲᠡ ᠶᠢᠨ | ᠲᠥᠯᠦᠪᠵᠢᠭᠦᠯᠭᠡ ᠪᠠ ᠴᠢᠬᠤᠯᠠ ᠶᠡᠭᠡ ᠲᠦᠷᠦ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠵᠣᠯᠭᠠᠭᠤᠯᠤᠨ᠎ᠠ ᠃ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠵᠣᠬᠢᠴᠠᠭᠤᠯᠤᠨ ᠠᠬᠢᠭᠤᠯᠵᠤ᠂ ᠦᠢᠯᠡᠴᠢᠯᠡᠭᠡᠨ ᠤ ᠦᠢᠯᠡᠰ ᠵᠢᠴᠢ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ | ᠦᠢᠯᠡᠰ ᠤᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ | ︵ ᠶᠢᠰᠦ ︶ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠲᠦᠯᠬᠢᠨ ᠠᠬᠢᠭᠤᠯᠬᠤ ᠲᠥᠯᠦᠪᠵᠢᠭᠦᠯᠭᠡ ᠪᠠ | ᠲᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ ᠂ ᠰᠢᠨ᠎ᠡ ᠶᠢ ᠡᠭᠦᠳᠦᠨ ᠬᠥᠭᠵᠢᠭᠦᠯᠬᠦ ᠪᠠ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ | ᠡᠨᠧᠷᠭᠢ ᠶᠢ ᠪᠣᠶᠢᠵᠢᠭᠤᠯᠬᠤ ᠲᠦᠷᠦ ᠶᠢᠨ ᠪᠣᠳᠣᠯᠭ᠎ᠠ ᠶᠢ ᠳᠤᠷᠠᠳᠤᠨ ᠭᠠᠷᠭᠠᠪᠠ ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠳᠠ ᠶᠢᠨ | ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢ ᠲᠥᠯᠥᠪᠵᠢᠭᠦᠯᠦᠨ ᠪᠠᠶᠢᠷᠢᠰᠢᠭᠤᠯᠪᠠ ᠃ ᠳᠡᠭᠡᠳᠦ ᠮᠡᠷᠭᠡᠵᠢᠯ ᠤᠨ ᠠᠵᠤ ᠦᠢᠯᠡᠰ | ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠲᠦᠷᠦ ᠶᠢᠨ ᠪᠣᠳᠣᠯᠭ᠎ᠠ ᠶᠢ | ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠬᠦ ᠶᠢ ᠲᠦᠯᠬᠢᠨ ᠠᠬᠢᠭᠤᠯᠵᠤ ᠂ ᠠᠵᠤ ᠦᠢᠯᠡᠰ ᠤᠨ ᠲᠡᠰ ᠳᠡᠪᠰᠢᠬᠦ ᠂ ᠴᠢᠬᠤᠯᠠ ᠶᠡᠭᠡ | ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ ᠃ | ︵ᠠᠷᠪᠠ︶ ᠠᠵᠤ ᠠᠬᠤᠢ ᠶᠢᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ᠂ ᠡᠬᠢ ᠪᠠᠶᠠᠯᠢᠭ ᠤᠨ ᠠᠮᠤᠷ ᠲᠦᠪᠰᠢᠨ᠂ ᠰᠢᠨᠵᠢᠯᠡᠬᠦ ᠤᠬᠠᠭᠠᠨ | ᠮᠡᠷᠭᠡᠵᠢᠯ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠵᠡᠷᠭᠡ ᠳᠤ ᠬᠤᠯᠪᠣᠭᠳᠠᠬᠤ ᠡᠯ᠎ᠡ ᠲᠥᠷᠥᠯ ᠤᠨ ᠲᠦᠭᠰᠢᠭᠦᠷᠢ ᠶᠢᠨ ᠳᠠᠯᠳᠠ ᠬᠡᠮ ᠢ ᠮᠥᠷᠳᠡᠨ | ᠰᠤᠳᠤᠯᠤᠨ ᠮᠠᠭᠠᠳᠯᠠᠵᠤ᠂ ᠬᠠᠮᠢᠶ᠎ᠠ ᠪᠦᠬᠦᠢ ᠠᠵᠢᠯ ᠤᠨ ᠰᠠᠨᠠᠭᠤᠯᠭ᠎ᠠ ᠳᠤᠷᠠᠳᠤᠨ᠎ᠠ᠃ ᠴᠢᠬᠤᠯᠠ ᠲᠠᠸᠠᠷ ᠤᠨ ᠶᠡᠷᠦᠩᠬᠡᠢ ᠬᠡᠮᠵᠢᠶ᠎ᠡ ᠶᠢ ᠲᠡᠩᠴᠡᠭᠦᠷᠢᠲᠡᠢ ᠪᠠᠶᠢᠯᠭᠠᠬᠤ | ᠪᠠ ᠬᠤᠷᠸ᠎ᠠ ᠲᠣᠬᠢᠷᠠᠭᠤᠯᠤᠯ ᠡᠵᠡᠮᠳᠡᠯ ᠢ ᠬᠠᠷᠢᠭᠤᠴᠠᠵᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠳᠠ ᠶᠢᠨ ᠨᠥᠭᠡᠴᠡᠯᠡᠬᠦ ᠡᠳ᠋ | ᠪᠣᠳᠠᠰ ᠤᠨ ᠲᠦᠷᠦᠯ ᠵᠦᠢᠯ ᠤᠨ ᠭᠠᠷᠴᠠᠭ᠂ ᠶᠡᠷᠦᠩᠬᠡᠢ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠨ᠎ᠠ ᠃ | ︵ᠠᠷᠪᠠᠨ ᠨᠢᠭᠡ︶ ᠨᠡᠶᠢᠭᠡᠮ ᠤᠨ ᠬᠥᠭᠵᠢᠯᠲᠡ᠂ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠪᠣᠯᠣᠨ ᠲᠥᠷᠥ ᠶᠢᠨ ᠪᠣᠳᠣᠯᠭ᠎ᠠ ᠶᠢ | ᠵᠣᠯᠭᠠᠭᠤᠯᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠂ ᠶᠡᠷᠦᠩᠬᠡᠢ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠪᠠ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠵᠢᠯ | ᠣᠯᠭᠤᠯᠲᠠ ᠶᠢ ᠠᠬᠢᠭᠤᠯᠬᠤ᠂ ᠨᠡᠶᠢᠭᠡᠮ ᠤᠨ ᠪᠠᠲᠤᠯᠠᠭ᠎ᠠ ᠬᠢᠭᠡᠳ ᠠᠵᠤ ᠠᠬᠤᠢ ᠶᠢᠨ ᠵᠣᠬᠢᠴᠠᠩᠭᠤᠢ ᠬᠥᠭᠵᠢᠯᠲᠡ ᠶᠢ ᠲᠡᠭᠦᠯᠳᠡᠷᠵᠢᠭᠦᠯᠬᠦ ᠲᠦᠷᠦ ᠶᠢᠨ ᠪᠣᠳᠣᠯᠭ᠎ᠠ ᠶᠢᠨ | ᠰᠠᠨᠠᠭᠤᠯᠭ᠎ᠠ ᠶᠢ ᠳᠤᠷᠠᠳᠤᠨ ᠭᠠᠷᠭᠠᠨ᠎ᠠ ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠦᠭᠦᠯᠡᠨ ᠥᠷᠨᠢᠭᠦᠯᠦᠨ᠎ᠡ᠃ | ︵ ᠠᠷᠪᠠᠨ ᠬᠤᠶᠠᠷ ︶ ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠂ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠪᠠ ᠵᠠᠰᠠᠨ ᠰᠡᠷᠭᠦᠭᠡᠬᠦ ᠂ | ᠡᠨᠧᠷᠭᠢ ᠶᠢᠨ ᠰᠤᠷᠪᠤᠯᠵᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠵᠡᠷᠭᠡ ᠠᠵᠢᠯ ᠢ ᠵᠣᠬᠢᠴᠠᠭᠤᠯᠤᠨ᠎ᠠ ᠃ ᠠᠮᠢ ᠠᠬᠤᠢ ᠶᠢᠨ ᠬᠠᠮᠠᠭᠠᠯᠠᠯᠲᠠ ᠶᠢᠨ | ᠨᠥᠬᠦᠪᠦᠷᠢ ᠥᠭᠬᠦ ᠲᠣᠭᠲᠠᠴᠠ ᠶᠢ ᠪᠦᠷᠢᠨᠰᠢᠭᠦᠯᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠴᠤ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠤ | ᠦᠢᠯᠡᠰ ᠪᠠ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ ᠃ ᠡᠨᠧᠷᠭᠢ ᠶᠢᠨ ᠰᠤᠷᠪᠤᠯᠵᠢ ᠶᠢᠨ | ᠬᠡᠷᠡᠭᠯᠡᠭᠡ ᠶᠢ ᠬᠢᠵᠠᠭᠠᠷᠯᠠᠬᠤ ᠬᠠᠷᠠᠯᠲᠠ ᠂ ᠡᠭᠦᠷᠭᠡ ᠶᠢ ᠳᠤᠷᠠᠳᠤᠨ ᠭᠠᠷᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ | ︵ ᠠᠷᠪᠠᠨ ᠭᠤᠷᠪᠠ ︶ ᠤᠯᠤᠰ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠣᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠂ ᠲᠥᠯᠦᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠦᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ ᠃ ᠴᠡᠷᠢᠭ ᠠᠷᠠᠳ ᠤᠨ | ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ ᠂ ᠤᠯᠤᠰ ᠠᠷᠠᠳ ᠤᠨ ᠠᠵᠤ ᠠᠬᠤᠢ ᠶᠢᠨ | ᠳᠠᠶᠢᠴᠢᠯᠠᠯᠲᠠ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ ᠂ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ | ᠬᠤᠯᠪᠣᠭᠳᠠᠯ ᠪᠦᠬᠦᠢ ᠠᠵᠢᠯ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠲᠦᠯᠬᠢᠨ ᠠᠬᠢᠭᠤᠯᠤᠨ᠎ᠠ᠃ | ( ᠠᠷᠪᠠᠨ ᠲᠤᠶᠢᠷᠪᠡ ) ᠪᠦᠬᠦ ᠰᠢᠶᠠᠨ ᠤ ᠵᠡᠮ ᠲᠡᠭᠡᠭᠡᠪᠦᠷᠢ ᠬᠢᠭᠡᠳ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢᠨ ᠲᠥᠯᠦᠪᠵᠢᠭᠦᠯᠭᠡ ᠂ ᠲᠥᠰᠥᠯ ᠪᠠ | ᠲᠤᠶᠢᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠲᠥᠯᠦᠪᠵᠢᠭᠦᠯᠭᠡ ᠂ ᠲᠥᠯᠥᠪᠯᠡᠭᠡ ᠲᠠᠢ ᠠᠪᠴᠠᠯᠳᠤᠭᠤᠯᠤᠨ ᠲᠡᠩᠴᠡᠭᠦᠯᠬᠦ ᠶᠠᠪᠤᠳᠠᠯ ᠢ ᠨᠢᠭᠡᠳᠦᠯᠲᠡᠢ ᠲᠥᠯᠥᠪᠯᠡᠨ᠎ᠡ ᠃ ᠲᠣᠭᠲᠠᠭᠠᠭᠰᠠᠨ ᠡᠷᠬᠡ | ᠮᠡᠳᠡᠯ ᠤᠨ ᠬᠡᠪᠴᠢᠶ᠎ᠡ ᠶᠣᠰᠣᠭᠠᠷ ᠵᠠᠮ ᠬᠠᠷᠢᠯᠴᠠᠭ᠎ᠠ ᠂ ᠡᠨᠧᠷᠭᠢ ᠶᠢᠨ ᠰᠤᠷᠪᠤᠯᠵᠢ ᠪᠠ ᠴᠢᠬᠤᠯᠠ ᠶᠡᠭᠡ ᠲᠡᠮᠦᠷ ᠵᠠᠮ ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ | ᠦᠨᠳᠦᠰᠦᠨ ᠲᠥᠬᠦᠭᠡᠷᠦᠮᠵᠢ ᠶᠢᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠬᠠᠮᠢᠶᠠᠷᠤᠨ᠎ᠠ ᠃ | ︵ ᠠᠷᠪᠠᠨ ᠲᠠᠪᠤ ︶ ᠪᠦᠬᠦ ᠰᠢᠶᠠᠨ ᠤ ᠨᠡᠭᠦᠷᠡᠰᠦ ᠂ ᠴᠠᠬᠢᠯᠭᠠᠨ ᠬᠦᠴᠦ᠂ ᠴᠢᠯᠠᠭᠤᠨ ᠲᠣᠰᠣ ᠂ ᠪᠠᠶᠢᠭᠠᠯᠢ ᠶᠢᠨ ᠰᠢᠲᠠᠮᠠᠬᠠᠢ ᠬᠡᠢ᠂ ᠰᠢᠨ᠎ᠡ ᠡᠨᠧᠷᠭᠢ ᠶᠢᠨ | ᠰᠤᠷᠪᠤᠯᠵᠢ ᠪᠠ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠂ ᠵᠢᠴᠢ ᠲᠣᠰᠣ ᠪᠣᠯᠪᠠᠰᠤᠷᠠᠭᠤᠯᠬᠤ ᠂ ᠨᠡᠭᠦᠷᠡᠰᠦ ᠪᠠᠷ ᠲᠦᠯᠡᠰᠢ ᠪᠣᠯᠭᠠᠬᠤ ᠪᠠ ᠲᠦᠯᠡᠰᠢᠨ ᠤ | ᠡᠲ᠋ᠢᠯ ᠠᠯᠺᠣᠣᠯ ᠵᠡᠷᠭᠡ ᠠᠵᠢᠯ ᠲᠦᠷᠦᠯ ᠤᠨ ᠬᠠᠮᠢᠶᠠᠷᠤᠯᠲᠠ ᠶᠢ ᠡᠭᠦᠷᠭᠡᠯᠡᠨ᠎ᠡ ᠃ ᠪᠦᠬᠦ ᠰᠢᠶᠠᠨ ᠤ ᠡᠨᠧᠷᠭᠢ ᠶᠢᠨ ᠰᠤᠷᠪᠤᠯᠵᠢ ᠶᠢᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠵᠦᠢᠯᠡᠰ ᠢ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠢᠨᠠᠨ ᠵᠥᠪᠰᠢᠶᠡᠷᠡᠬᠦ ᠂ ᠬᠢᠨᠠᠨ ᠵᠥᠪᠰᠢᠶᠡᠷᠡᠬᠦ ᠂ ᠳᠠᠩᠰᠠᠯᠠᠬᠤ ᠬᠢᠨᠠᠨ | ᠬᠠᠷᠭᠤᠭᠤᠯᠤᠭᠠᠳ ᠰᠢᠯᠵᠢᠭᠦᠯᠦᠨ ᠮᠡᠳᠡᠭᠦᠯᠦᠨ᠎ᠡ ᠃ ᠪᠥᠬᠦ ᠰᠢᠶᠠᠨ ᠤ ᠨᠡᠭᠦᠷᠡᠰᠦᠨ ᠠᠭᠤᠷᠬᠠᠢ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢ ᠣᠷᠳᠣ | ᠬᠤᠭᠤᠴᠠᠭ᠎ᠠ ᠪᠠᠷ ᠳᠠᠮᠵᠢᠭᠤᠯᠬᠤ ᠬᠤᠭᠤᠯᠠᠢ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ | ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠬᠠᠷᠢᠭᠤᠴᠠᠵᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠰᠠᠭᠤᠷᠢ ᠪᠦᠲᠦᠭᠡᠨ ᠪᠠᠶᠢᠭᠤᠯᠤᠯᠲᠠ ᠪᠠ ᠪᠣᠯᠪᠠᠰᠤᠷᠠᠭᠤᠯᠤᠯ ᠤᠨ | ᠠᠵᠢᠯ ᠢ ᠪᠦᠬᠦ ᠰᠢᠶᠠᠨ ᠤ ᠡᠨᠧᠷᠭᠢ ᠶᠢᠨ ᠰᠤᠷᠪᠤᠯᠵᠢ ᠶᠢᠨ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠶᠢ ᠬᠠᠷᠢᠭᠤᠴᠠᠨ ᠥᠷᠨᠢᠭᠦᠯᠵᠦ ᠂ ᠠᠶᠢᠮᠠᠭ ᠬᠤᠳᠠ ᠶᠢᠨ | ᠬᠤᠭᠤᠷᠣᠨᠳᠣᠬᠢ ᠪᠠ ᠬᠢᠯᠢ ᠶᠢᠨ ᠭᠠᠳᠠᠨᠠᠬᠢ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠠᠵᠢᠯ ᠢ ᠵᠣᠬᠢᠴᠠᠭᠤᠯᠤᠨ ᠠᠬᠢᠭᠤᠯᠤᠨ᠎ᠠ ᠃ ᠪᠦᠬᠦ ᠰᠢᠶᠠᠨ ᠤ | ᠴᠠᠬᠢᠯᠭᠠᠨ ᠬᠦᠴᠦᠨ ᠤ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠬᠦ ᠶᠢ ᠬᠠᠷᠢᠭᠤᠴᠠᠵᠤ ᠂ ᠴᠠᠬᠢᠯᠭᠠᠨ ᠬᠦᠴᠦᠨ ᠤ ᠠᠵᠢᠯᠯᠠᠭᠠᠨ ᠪᠠ ᠴᠠᠬᠢᠯᠭᠠᠨ | ᠲᠣᠣᠷ ᠤᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ ᠃ | ︵ ᠠᠷᠪᠠᠨ ᠵᠢᠷᠭᠤᠭ᠎ᠠ ︶ ᠪᠦᠬᠦ ᠰᠢᠶᠠᠨ ᠤ ᠠᠮᠤ ᠪᠤᠳᠠᠭᠠᠨ ᠤ ᠬᠤᠷᠸ᠎ᠠ ᠲᠣᠬᠢᠷᠠᠭᠤᠯᠤᠯ ᠡᠵᠡᠮᠳᠡᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠠᠮᠤ | ᠪᠤᠳᠠᠭᠠᠨ ᠤ ᠬᠠᠩᠭᠠᠯᠭ᠎ᠠ ᠬᠡᠷᠡᠭᠴᠡᠭᠡᠨ ᠤ ᠶᠡᠷᠦᠩᠬᠡᠢ ᠬᠡᠮᠵᠢᠶ᠎ᠡ ᠶᠢ ᠪᠦᠬᠦ ᠰᠢᠶᠠᠨ ᠤ ᠠᠮᠤ ᠳᠤᠰᠤᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ᠶᠢ | ᠰᠤᠳᠤᠯᠤᠨ ᠲᠣᠭᠲᠠᠭᠠᠵᠤ ᠂ ᠠᠮᠤ ᠪᠤᠳᠠᠭ᠎ᠠ ᠬᠤᠳᠠᠯᠳᠤᠨ ᠠᠪᠬᠤ ᠂ ᠬᠠᠳᠠᠭᠠᠯᠠᠬᠤ ᠵᠠᠩᠭᠢᠯᠠᠭ᠎ᠠ ᠶᠢᠨ ᠠᠮᠤ ᠪᠤᠳᠠᠭᠠᠨ ᠤ ᠶᠠᠰᠤ ᠴᠢᠨᠠᠷ ᠤᠨ ᠠᠶᠤᠯᠭᠦᠢ ᠪᠠᠶᠢᠬᠤ ᠪᠠ | ᠬᠠᠷ᠎ᠠ ᠠᠮᠤ ᠶᠢᠨ ᠠᠷᠢᠭᠤᠨ ᠴᠡᠪᠡᠷ ᠢ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠰᠢᠶᠠᠨ ᠤ ᠳᠠᠷᠤᠭ᠎ᠠ ᠶᠢᠨ | ᠴᠡᠷᠢᠭ ᠤᠨ ᠠᠮᠤ ᠬᠦᠨᠡᠰᠦ ᠬᠠᠩᠭᠠᠬᠤ ᠠᠵᠢᠯ ᠢ ᠬᠠᠷᠢᠭᠤᠴᠠᠨ᠎ᠠ᠃ ᠰᠢᠶᠠᠨ ᠤ ᠱᠠᠲᠤᠨ ᠤ ᠠᠮᠤ ᠪᠤᠳᠠᠭ᠎ᠠ ᠲᠣᠰᠣ ᠨᠥᠭᠡᠴᠡᠯᠡᠬᠦ ᠬᠠᠮᠢᠶᠠᠷᠤᠯᠲᠠ ᠶᠢᠨ ᠠᠷᠭ᠎ᠠ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠰᠢᠶᠠᠨ ᠤ ᠲᠤᠰ ᠱᠠᠲᠤᠨ ᠤ ᠠᠮᠤ ᠪᠤᠳᠠᠭ᠎ᠠ ᠲᠣᠰᠣ ᠨᠥᠭᠡᠴᠡᠯᠡᠬᠦ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠪᠦᠬᠦ ᠰᠢᠶᠠᠨ ᠤ ᠠᠮᠤ ᠪᠤᠳᠠᠭᠠᠨ ᠤ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠂ | ᠪᠠᠶᠢᠷᠢᠯᠠᠭᠤᠯᠤᠯᠲᠠ ᠶᠢ ᠬᠠᠷᠢᠭᠤᠴᠠᠨ᠎ᠠ ᠃ | ︵ ᠠᠷᠪᠠᠨ ᠲᠤᠯᠤᠭ᠎ᠠ ︶ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠭᠤᠣᠯ ᠲᠤᠰᠢᠶᠠᠯ ᠬᠠᠷᠢᠭᠤᠴᠠᠯᠭ᠎ᠠ ᠶᠢᠨ ᠠᠭᠤᠯᠭ᠎ᠠ ᠨᠢ | ᠨᠢᠭᠤᠴᠠ ᠳᠤ ᠬᠤᠯᠪᠣᠭᠳᠠᠬᠤ ᠪᠣᠯᠬᠤᠷ ᠲᠦᠷ ᠢᠯᠡ ᠪᠣᠯᠭᠠᠬᠤ ᠦᠭᠡᠢ ᠃ | ︵ ᠠᠷᠪᠠᠨ ᠨᠠᠢᠮᠠ ︶ ᠰᠢᠶᠠᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ ᠃ | ︵ᠠᠷᠪᠠ ᠶᠢᠰᠦ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠂ ᠭᠤᠣᠯ ᠤᠶᠤᠨ | ᠴᠢᠳᠠᠯ ᠢᠶᠠᠨ ᠬᠤᠷᠸ᠎ᠠ ᠲᠠᠯ᠎ᠠ ᠶᠢ ᠬᠠᠮᠢᠶᠠᠷᠬᠤ ᠂ ᠪᠦᠬᠦ ᠲᠠᠯ᠎ᠠ ᠶᠢ ᠪᠣᠳᠣᠯᠬᠢᠯᠠᠬᠤ ᠂ ᠶᠡᠭᠡ ᠶᠠᠪᠤᠳᠠᠯ ᠢ ᠠᠳᠬᠤᠬᠤ ᠳᠡᠭᠡᠷ᠎ᠡ ᠰᠢᠯᠵᠢᠭᠦᠯᠵᠦ ᠂ ᠰᠠᠯᠠᠭ᠎ᠠ ᠮᠥᠴᠢᠷ | ᠠᠯᠤᠰᠯᠠᠭᠰᠠᠨ ᠂ ᠭᠠᠵᠠᠷ ᠣᠷᠣᠨ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠂ ᠬᠦᠷᠢᠶ᠎ᠡ ᠬᠡᠪᠴᠢᠶ᠎ᠡ ᠠᠯᠤᠰᠯᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠂ | ᠴᠢᠬᠤᠯᠠ ᠶᠡᠭᠡ ᠥᠭᠡᠷᠡᠴᠢᠯᠡᠯᠲᠡ ᠂ ᠴᠢᠬᠤᠯᠠ ᠶᠡᠭᠡ ᠢᠨᠵᠧᠨᠧᠷᠢᠩ ᠤᠨ ᠶᠡᠷᠦᠩᠬᠡᠶᠢᠯᠡᠭᠰᠡᠨ ᠵᠣᠬᠢᠴᠠᠭᠤᠯᠭ᠎ᠠ ᠶᠢ ᠴᠢᠩᠭᠠᠳᠬᠠᠵᠤ ᠂ ᠪᠦᠬᠦ ᠲᠠᠯ᠎ᠠ ᠪᠠᠷ ᠰᠢᠨ᠎ᠡ ᠶᠢ | ᠡᠭᠦᠳᠬᠦ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠵᠦ ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ ᠃ ᠪᠢᠴᠢᠯ | ᠬᠠᠮᠢᠶᠠᠷᠤᠯᠲᠠ ᠶᠢᠨ ᠬᠡᠷᠡᠭ ᠶᠠᠪᠤᠳᠠᠯ ᠪᠠ ᠪᠣᠳᠠᠲᠠᠢ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠪᠠᠭᠠᠰᠬᠠᠵᠤ ᠂ ᠵᠠᠰᠠᠭ ᠤᠨ ᠣᠷᠳᠣᠨ ᠠᠴᠠ ᠵᠠᠬ᠎ᠠ | ᠳᠡᠯᠭᠡᠭᠦᠷ ᠤᠨ ᠡᠬᠢ ᠪᠠᠶᠠᠯᠢᠭ ᠢ ᠰᠢᠭᠤᠳ ᠲᠣᠬᠢᠷᠠᠭᠤᠯᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ ᠂ ᠵᠠᠰᠠᠭ ᠤᠨ ᠣᠷᠳᠣᠨ ᠠᠴᠠ ᠵᠠᠬ᠎ᠠ ᠳᠡᠯᠭᠡᠭᠦᠷ ᠤᠨ | ᠠᠵᠢᠯᠯᠠᠭ᠎ᠠ ᠳᠤ ᠰᠢᠭᠤᠳ ᠭᠠᠷ ᠲᠦᠷᠦᠭᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ ᠂ ᠡᠬᠢ ᠪᠠᠶᠠᠯᠢᠭ ᠢ ᠲᠣᠬᠢᠷᠠᠭᠤᠯᠬᠤ ᠦᠷ᠎ᠡ ᠪᠦᠲᠦᠮᠵᠢ ᠪᠠ ᠭᠤᠣᠯᠴᠢ | ᠴᠢᠨᠠᠷ ᠢ ᠳᠡᠭᠡᠭᠰᠢᠯᠡᠭᠦᠯᠵᠦ ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠳᠤᠯᠢᠭ ᠬᠦᠴᠦᠨ ᠢ ᠬᠥᠭᠵᠢᠭᠡᠨ᠎ᠡ ᠃ |