ᠪᠠᠶᠠᠨᠨᠠᠭᠤᠷ ᠤᠨ ᠷᠠᠳᠢᠣ᠋ ᠲᠧᠯᠸᠢᠰ ᠬᠤᠷᠢᠶ᠎ᠠ ᠶᠢᠨ ᠵᠠᠮ ᠬᠠᠷᠢᠯᠴᠠᠭᠠᠨ ᠤ ᠷᠠᠳᠢᠣ᠋ ᠨᠡᠪᠲᠡᠷᠡᠭᠦᠯᠭᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠤᠢ ᠪᠣᠯᠭᠠᠬᠤ ᠡᠨᠡᠬᠦ ᠭᠤᠣᠯ ᠰᠢᠵᠢᠮ ᠢ ᠴᠢᠩᠭ᠎ᠠ ᠠᠳᠬᠤᠵᠤ᠂ ᠦᠨᠳᠦᠰᠦᠲᠡᠨ ᠤ ᠪᠦᠯᠬᠦᠮᠳᠡᠯ ᠤᠨ ᠰᠣᠳᠣᠨ ᠫᠷᠣᠭ᠍ᠷᠠᠮ ᠢ ᠲᠠᠰᠤᠷᠠᠯᠳᠡ | ᠦᠭᠡᠢ ᠦᠢᠯᠡᠳᠦᠨ ᠨᠠᠪᠲᠠᠷᠡᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠲᠡᠪᠰᠢᠯᠳᠡ ᠶᠢᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ ᠪᠠᠶᠢᠨ᠎ᠠ᠃ | ᠡᠳᠦᠷ ᠪᠦᠷᠢ ᠶᠢᠨ ᠦᠳᠡ ᠶᠢᠨ 12 ᠴᠠᠭ 15 ᠮᠢᠨᠦ᠋ᠲ ᠲᠤ᠂ FM95.8 ᠵᠠᠮ ᠬᠠᠷᠢᠯᠴᠠᠭᠠᠨ ᠤ ᠷᠠᠳᠢᠣ᠋ ᠶᠢᠨ ︽ᠰᠡᠳᠬᠢᠯ ᠢᠶᠠᠨ ᠨᠢᠭᠡᠳᠬᠡᠨ ᠬᠦᠰᠡᠯ | ᠵᠡᠭᠦᠳᠦ ᠪᠠᠨ ᠲᠡᠷᠭᠡᠯᠰᠢᠭᠦᠯᠦᠶ᠎ᠡ︾ ᠭᠡᠬᠦ ᠫᠷᠣᠭ᠍ᠷᠠᠮ ᠨᠢ ᠲᠣᠭᠲᠠᠭᠰᠠᠨ ᠴᠠᠭ ᠲᠠᠭᠠᠨ ᠰᠣᠨᠣᠰᠤᠭᠴᠢ ᠤᠯᠠᠨ ᠲᠠᠢ ᠪᠠᠨ ᠵᠣᠯᠭᠠᠳᠠᠭ᠂ ᠲᠣᠰ ᠫᠷᠣᠭ᠍ᠷᠠᠮ ᠢ 2022 ᠣᠨ ᠤ | 5 ᠰᠠᠷ᠎ᠠ ᠳᠤ ᠡᠬᠢᠯᠡᠨ ᠨᠠᠪᠲᠠᠷᠡᠭᠦᠯᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠠᠭᠤᠯᠭ᠎ᠠ ᠶᠢ | ᠰᠣᠨᠣᠰᠤᠭᠴᠢᠳ ᠤᠨ ᠳᠤᠷ᠎ᠠ ᠰᠣᠨᠢᠷᠬᠠᠯ ᠲᠠᠢ ᠤᠶᠠᠯᠳᠤᠭᠤᠯᠤᠨ᠂ ︽ᠰᠢ ᠶᠢᠨ ᠫᠢᠩ ᠶᠡᠷᠦᠩᠬᠡᠢ ᠱᠦᠵᠢ ᠶᠢᠨ ᠶᠠᠷᠢᠵᠤ ᠥᠩᠭᠡᠷᠡᠭᠰᠡᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠥᠯᠢᠭᠡᠷ︾ ᠭᠡᠬᠦ ᠲᠤᠰᠬᠠᠢ ᠪᠤᠯᠤᠩ ᠭᠠᠷᠭᠠᠵᠤ᠂ ᠰᠣᠨᠣᠰᠤᠭᠴᠢᠳ ᠤᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ | ᠮᠢᠨᠤ ᠦᠵᠡᠬᠦ ᠪᠠᠷ ᠡᠨᠡ ᠫᠷᠣᠭ᠍ᠷᠠᠮ ᠢ ᠨᠡᠯᠢᠶᠡᠳ ᠰᠠᠶᠢᠨ ᠡᠷᠬᠢᠯᠡᠵᠤ ᠪᠠᠶᠢᠨ᠎ᠠ᠂ ᠫᠷᠣᠭ᠍ᠷᠠᠮ ᠠᠴᠠ ᠪᠠᠰᠠ ᠮᠠᠰᠢ ᠣᠯᠠᠨ ᠬᠡᠷᠡᠭᠴᠡᠭᠡ ᠲᠠᠢ ᠲᠦᠷᠦ ᠶᠢᠨ ᠪᠣᠳᠣᠯᠭ᠎ᠠ | ᠪᠠ ᠮᠡᠳᠡᠭᠡ ᠵᠠᠩᠭᠢ ᠶᠢ ᠣᠯᠵᠤ ᠮᠡᠳᠡᠭᠰᠡᠨ ᠪᠥᠭᠡᠳ ᠲᠡᠪᠢᠠ ᠵᠢᠷᠭᠤᠭᠠᠨ ᠦᠨᠳᠦᠰᠦᠲᠡᠨ ᠪᠣᠯ ᠨᠢᠭᠡ ᠭᠡᠷ ᠪᠦᠯᠢ ᠮᠥᠨ ᠭᠡᠳᠡᠭ ᠢ ᠪᠠᠰᠠ ᠨᠡᠩ ᠭᠦᠨᠵᠡᠭᠡᠢ ᠲᠠᠨᠢᠭᠰᠠᠨ | ᠭᠡᠵᠦ ᠰᠣᠨᠣᠰᠤᠭᠴᠢ ᠠᠴᠠ ᠬᠡᠯᠡᠵᠦ ᠪᠠᠶᠢᠯ᠎ᠠ᠃ | ᠪᠠᠶᠠᠨᠨᠠᠭᠤᠷ ᠤᠨ ᠷᠠᠳᠢᠣ᠋ ᠲᠧᠯᠸᠢᠰ ᠬᠤᠷᠢᠶᠠᠨ ᠤ ᠵᠠᠮ ᠬᠠᠷᠢᠯᠴᠠᠭᠠᠨ ᠤ ᠷᠠᠳᠢᠣ᠋ ᠨᠡᠪᠲᠡᠷᠡᠭᠦᠯᠭᠡ ᠶᠢᠨ ᠬᠥᠲᠥᠯᠥᠭᠴᠢ ᠳ᠋ᠤᠸᠠᠨ ᠢᠩ ᠤᠨ ᠬᠡᠯᠡᠬᠦ ᠪᠠᠷ᠂ ᠫᠷᠣᠭ᠍ᠷᠠᠮ | ᠨᠢ ᠤᠳᠤ ᠪᠣᠯᠲᠠᠯ᠎ᠠ ᠨᠢᠭᠡᠨᠲᠡ 200 ᠭᠠᠷᠤᠢ ᠬᠤᠭᠤᠴᠠᠭ᠎ᠠ ᠨᠠᠪᠲᠠᠷᠡᠭᠦᠯᠵᠦ᠂ ᠫᠷᠣᠭ᠍ᠷᠠᠮ ᠢᠶᠠᠷ ᠳᠠᠮᠵᠢᠭᠤᠯᠤᠨ ᠤᠯᠠᠨ ᠳᠤ ᠦᠨᠳᠦᠰᠦᠲᠡᠨ ᠤ ᠪᠦᠯᠬᠦᠮᠳᠡᠯ ᠤᠨ ᠲᠤᠬᠠᠢ | ᠬᠠᠮᠤᠭ ᠤᠨ ᠰᠢᠨ᠎ᠡ ᠲᠦᠷᠦ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠳᠠᠮᠵᠢᠭᠤᠯᠤᠨ ᠥᠭᠴᠡᠢ᠂ ᠬᠤᠶᠢᠰᠢᠳᠠ ᠪᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠣᠶᠢᠯᠠᠭᠠᠭᠳᠠᠬᠤᠨ ᠢ ᠨᠡᠩ ᠰᠠᠶᠢᠲᠤᠷ ᠳᠠᠮᠵᠢᠭᠤᠯᠵᠤ᠂ ᠤᠯᠠᠨ ᠲᠦᠮᠡᠨ ᠤ ᠳᠤᠮᠳᠠ ᠭᠦᠨᠵᠡᠭᠡᠶᠢᠷᠡᠨ᠂ ᠠᠮᠢᠳᠤᠷᠠᠯ ᠳᠤ ᠠᠭᠤᠰᠤᠯᠴᠠᠬᠤ ᠶᠢ ᠬᠦᠰᠡᠵᠦ ᠪᠠᠶᠢᠨ᠎ᠠ ᠭᠡᠵᠦ | ᠪᠠᠶᠢᠯ᠎ᠠ᠃ | ᠰᠤᠷᠪᠤᠯᠵᠢᠯᠠᠭᠴᠢ ᠶᠢ ᠵᠠᠮ ᠬᠠᠷᠢᠯᠴᠠᠭᠠᠨ ᠤ ᠷᠠᠳᠢᠣ᠋ ᠨᠡᠪᠲᠡᠷᠡᠭᠦᠯᠭᠡ ᠶᠢᠨ ᠳᠠᠭᠤ ᠰᠢᠩᠭᠡᠭᠡᠯᠲᠡ ᠶᠢᠨ ᠲᠠᠰᠤᠭ ᠲᠤ ᠣᠷᠣᠬᠤ ᠳᠤ᠂ ᠬᠥᠲᠥᠯᠥᠭᠴᠢ ᠠᠴᠠ ᠶᠠᠭ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠰᠢᠩᠭᠡᠬᠡᠨ ᠦᠢᠯᠡᠳᠴᠦ ᠪᠠᠶᠢᠪᠠ᠃ | ᠳᠠᠷᠠᠭ᠎ᠠ ᠪᠠᠷ ᠨᠢ᠂ ᠡᠲᠡᠭᠡᠷ ᠣᠯᠠᠨ ᠶᠠᠩᠵᠤ ᠶᠢᠨ ᠬᠡᠯᠪᠡᠷᠢ ᠮᠠᠶ᠋ᠢᠭ ᠲᠠᠢ᠂ ᠨᠠᠷᠢᠨ ᠨᠢᠮᠪᠠᠢ ᠦᠢᠯᠡᠳᠦᠭᠰᠡᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠨᠢ ᠴᠠᠬᠢᠯᠭᠠᠨ | ᠳᠣᠯᠭᠢᠶᠠᠨ ᠪᠠ ᠰᠦᠯᠵᠢᠶ᠎ᠡ ᠪᠠᠷ ᠳᠡᠮᠵᠢᠨ ᠤᠯᠠᠨ ᠲᠦᠮᠡᠨ ᠤ ᠳᠤᠮᠳᠠ ᠰᠠᠴᠤᠭᠳᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠣᠶᠢᠯᠠᠭᠠᠭᠳᠠᠬᠤᠨ ᠢ | ᠬᠥᠮᠥᠰ ᠤᠨ ᠰᠡᠳᠬᠢᠯ ᠳᠤ ᠬᠠᠳᠠᠩᠰᠢᠭᠤᠯᠬᠤ ᠪᠣᠯᠣᠨ᠎ᠠ᠃ | ᠵᠠᠮ ᠬᠠᠷᠢᠯᠴᠠᠭᠠᠨ ᠤ ᠷᠠᠳᠢᠣ᠋ ᠨᠡᠪᠲᠡᠷᠡᠭᠦᠯᠭᠡ ᠶᠢᠨ ᠶᠡᠭᠡ ᠭᠡᠷ ᠪᠦᠯᠢ ᠶᠢᠨ ᠪᠦᠷᠢᠯᠳᠦᠭᠦᠨ ᠨᠢ ᠤᠯᠠᠨ ᠦᠨᠳᠦᠰᠦᠲᠡᠨ ᠠᠴᠠ ᠪᠦᠷᠢᠯᠳᠦᠭᠰᠡᠨ ᠪᠠᠶᠢᠳᠠᠭ᠂ ᠤᠯᠠᠨ | ᠵᠢᠯ ᠤᠨ ᠲᠤᠷᠰᠢ᠂ ᠤᠯᠠᠨ ᠢᠶᠠᠷ ᠢᠶᠠᠨ ᠷᠠᠳᠢᠣ᠋ ᠨᠡᠪᠲᠡᠷᠡᠭᠦᠯᠭᠡ ᠨᠢ ᠤᠯᠠᠨ ᠵᠦᠢᠯ ᠤᠨ ᠠᠷᠭ᠎ᠠ ᠬᠡᠯᠪᠡᠷᠢ ᠶᠢ ᠭᠦᠢᠴᠡᠳ ᠠᠰᠢᠭᠯᠠᠵᠤ᠂ ᠦᠨᠳᠦᠰᠦᠲᠡᠨ ᠤ ᠪᠦᠯᠬᠦᠮᠳᠡᠯ ᠤᠨ | ᠠᠭᠤᠯᠭ᠎ᠠ ᠶᠢᠨ ᠤᠬᠠᠭᠤᠯᠭ᠎ᠠ᠂ ᠤᠯᠤᠰ ᠢᠶᠠᠨ ᠬᠠᠶᠢᠷᠠᠯᠠᠬᠤ ᠬᠥᠮᠦᠵᠢᠯ ᠪᠣᠯᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠤᠬᠠᠭᠤᠯᠭ᠎ᠠ ᠵᠡᠷᠭᠡ ᠠᠷᠠᠳ ᠤᠨ ᠰᠡᠳᠬᠢᠯ ᠢ ᠳᠤᠯᠠᠭᠠᠴᠠᠭᠤᠯᠬᠤ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠳᠤ ᠬᠦᠴᠦᠨ ᠨᠡᠮᠡᠷᠢᠯᠡᠭᠰᠡᠭᠡᠷ ᠢᠷᠡᠵᠡᠢ᠃ | ᠪᠠᠶᠠᠨᠨᠠᠭᠤᠷ ᠤᠨ ᠷᠠᠳᠢᠣ᠋ ᠲᠧᠯᠸᠢᠰ ᠬᠤᠷᠢᠶᠠᠨ ᠤ ᠵᠠᠮ ᠬᠠᠷᠢᠯᠴᠠᠭᠠᠨ ᠤ ᠷᠠᠳᠢᠣ᠋ ᠨᠡᠪᠲᠡᠷᠡᠭᠦᠯᠭᠡ ᠶᠢᠨ ᠶᠡᠷᠦᠩᠬᠡᠢ ᠬᠢᠨᠠᠭᠴᠢ ᠶᠠᠨ ᠮᠧᠶ ᠠᠴᠠ᠂ ᠲᠠᠷᠠᠭᠠᠴᠢ ᠶᠢᠨ | ᠠᠯᠬᠤᠮ ᠳᠤ᠂ ᠪᠢᠳᠡ ᠦᠷᠭᠦᠯᠵᠢᠯᠡᠨ ᠰᠦᠯᠵᠢᠶᠡᠨ ᠳᠡᠭᠡᠷ᠎ᠡ ᠮᠠᠨ ᠤ ᠫᠷᠣᠭ᠍ᠷᠠᠮ ᠢᠶᠠᠨ ᠨᠡᠶᠢᠲᠡᠯᠡᠵᠦ᠂ ᠨᠢᠭᠡ ᠪᠦᠯᠦᠭ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ | ᠨᠡᠶᠢᠲᠡᠯᠡᠬᠦ ᠶᠢᠨ ᠬᠠᠮᠲᠤ ᠪᠠᠰᠠ ᠨᠢᠭᠡ ᠪᠦᠯᠦᠭ ᠰᠢᠨ᠎ᠡ ᠵᠠᠭᠤᠴᠢᠯᠠᠭᠤᠷ ᠤᠨ ᠲᠠᠯ᠎ᠠ ᠶᠢᠨ ᠤᠬᠠᠭᠤᠯᠭ᠎ᠠ ᠵᠢᠴᠢ ᠰᠦᠯᠵᠢᠶᠡᠨ ᠭᠠᠳᠠᠨᠠᠬᠢ ᠠᠵᠢᠯᠯᠠᠭ᠎ᠠ ᠶᠢᠨ | ᠤᠬᠠᠭᠤᠯᠭ᠎ᠠ ᠶᠢ ᠨᠡᠮᠡᠵᠦ᠂ ᠠᠭᠤᠯᠭ᠎ᠠ ᠶᠢ ᠨᠠᠩ ᠪᠠᠶᠠᠯᠢᠭ᠂ ᠬᠡᠯᠪᠡᠷᠢ ᠶᠢ ᠴᠦ ᠨᠠᠩ ᠣᠯᠠᠨ ᠶᠠᠩᠵᠤ ᠶᠢᠨ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠲᠠᠯ᠎ᠠ ᠶᠢᠨ ᠤᠬᠠᠭᠤᠯᠭ᠎ᠠ ᠪᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠥᠰ ᠤᠨ ᠰᠡᠳᠬᠢᠯ ᠳᠤ | ᠬᠠᠳᠠᠩᠰᠢᠭᠤᠯᠤᠨ᠎ᠠ ᠭᠡᠵᠦ ᠪᠠᠶᠢᠯ᠎ᠠ᠃ | |