ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠶ᠎ᠠ᠂ ︽ᠠᠷᠠᠳ ᠤᠨ ᠡᠳᠦᠷ ᠤᠨ ᠰᠣᠨᠢᠨ︾ ᠳᠡᠭᠡᠷ᠎ᠡ ᠨᠡᠶᠢᠲᠡᠯᠡᠭᠰᠡᠨ ︽ᠳ᠋ᠧᠩᠺᠸᠤ ᠰᠢᠶᠠᠨ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠵᠤ ᠨᠣᠭᠤᠭᠠᠷᠠᠭᠤᠯᠵᠤ ᠪᠠᠶᠠᠵᠢᠭᠤᠯᠬᠤ ᠶᠢ ᠵᠡᠷᠭᠡᠪᠡᠷ ᠬᠥᠭᠵᠢᠭᠦᠯᠬᠦ ᠶᠢ ᠴᠢᠷᠮᠠᠶᠢᠨ ᠪᠡᠶᠡᠯᠡᠭᠦᠯᠦᠶ᠎ᠡ︾ ᠭᠡᠰᠡᠨ ᠮᠡᠳᠡᠭᠡᠯᠡᠯ ᠨᠢ ᠤᠯᠠᠨ ᠤ ᠠᠩᠬᠠᠷᠤᠯ ᠳᠤ ᠬᠦᠷᠪᠡ
ᠨᠡᠶᠢᠲᠡᠯᠡᠭᠰᠡᠨ ᠴᠠᠭ᠄
2023/12/25
      12 ᠰᠠᠷ᠎ᠠ ᠶᠢᠨ 13 ᠤ ᠡᠳᠦᠷ᠂ ︽ᠠᠷᠠᠳ ᠤᠨ ᠡᠳᠦᠷ ᠤᠨ ᠰᠣᠨᠢᠨ︾᠂ ︽ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠵᠤ ᠨᠣᠭᠤᠭᠠᠷᠠᠭᠤᠯᠵᠤ ᠪᠠᠶᠠᠵᠢᠭᠤᠯᠬᠤ ᠶᠢ ᠵᠡᠷᠭᠡᠪᠡᠷ ᠬᠥᠭᠵᠢᠭᠦᠯᠬᠦ ᠶᠢ ᠴᠢᠷᠮᠠᠶᠢᠨ ᠪᠡᠶᠡᠯᠡᠭᠦᠯᠦᠶ᠎ᠡ︾ ᠭᠡᠬᠦ ᠰᠡᠳᠦᠪ ᠢᠶᠠᠷ ᠮᠠᠨ ᠤ ᠬᠤᠲᠠ ᠶᠢᠨ ᠳ᠋ᠧᠩᠺᠸᠤ ᠰᠢᠶᠠᠨ ᠤ ᠺᠠᠳ᠋ᠷ ᠤᠯᠠᠨ ᠲᠦᠮᠡᠨ ᠤ ᠬᠡᠳᠦᠨ ᠠᠷᠪᠠᠨ ᠵᠢᠯ ᠦᠷᠭᠦᠯᠵᠢᠯᠡᠨ ᠲᠡᠮᠡᠴᠡᠵᠦ᠂ ᠠᠮᠢ ᠠᠬᠤᠢ ᠶᠢᠨ ᠬᠠᠯᠬᠠᠪᠴᠢ ᠶᠢ ᠪᠠᠬᠢᠵᠢᠭᠦᠯᠦᠭᠰᠡᠨ ᠠᠮᠢᠳᠤᠯᠢᠭ ᠦᠢᠯᠡᠳᠦᠯᠭᠡ ᠶᠢ ᠮᠡᠳᠡᠭᠡᠯᠡᠪᠡ᠃       ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠳ᠋ᠧᠩᠺᠸᠤ ᠰᠢᠶᠠᠨ ᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠵᠤ᠂ ᠰᠠᠨᠠᠭᠠᠴᠢᠯᠠᠭ᠎ᠠ ᠠᠴᠠ ᠪᠠᠨ ᠠᠷᠭ᠎ᠠ ᠰᠦᠪᠡᠭᠴᠢᠯᠡᠵᠦ ᠪᠠᠶᠢᠭᠰᠠᠨ ᠠᠴᠠ ᠪᠠᠨ ᠬᠠᠲᠠᠭᠤᠵᠢᠯᠲᠠᠢ ᠪᠠᠷ ᠬᠠᠶᠢᠨ ᠰᠦᠪᠡᠭᠴᠢᠯᠡᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠳᠠᠬᠢᠨ ᠳᠠᠪᠲᠠᠨ ᠨᠥᠬᠦᠪᠦᠷᠢᠯᠡᠨ ᠲᠠᠷᠢᠵᠤ᠂ 10 ᠵᠢᠯ ᠤᠨ ᠬᠤᠭᠤᠴᠠᠭᠠᠨ ᠳᠤ ︽308 ᠭᠠᠵᠠᠷ ᠤᠨ ᠰᠠᠯᠬᠢ ᠬᠠᠯᠬᠠᠯᠠᠬᠤ ᠤᠢ ᠶᠢᠨ ᠪᠦᠰᠡ︾ ᠶᠢ ᠪᠠᠶᠢᠭᠤᠯᠪᠠ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠤᠷᠤᠭ ᠮᠣᠳᠣ ᠪᠠ ᠪᠣᠳᠠ ᠮᠣᠳᠣ ᠶᠢ ᠤᠶᠠᠯᠳᠤᠭᠤᠯᠤᠨ᠂ ᠴᠢᠬᠢ ᠮᠣᠳᠣ ᠳᠠᠷᠢᠵᠤ ᠣᠶᠢᠵᠢᠭᠤᠯᠬᠤ ᠰᠢᠨ᠎ᠡ ᠮᠡᠷᠭᠡᠵᠢᠯ ᠢ ᠳᠡᠯᠭᠡᠷᠡᠭᠦᠯᠦᠨ᠂ ︽ᠡᠯᠡᠰᠦ ᠤᠷᠤᠭᠰᠢ ᠨᠡᠭᠦᠳᠡᠯᠯᠡᠵᠦ ᠬᠥᠮᠥᠨ ᠤᠬᠤᠷᠢᠵᠤ︾ ᠪᠠᠶᠢᠭᠰᠠᠨ ᠢ ︽ᠨᠣᠭᠤᠭᠠᠷᠠᠭᠤᠯᠤᠯᠲᠠ ᠬᠢᠵᠦ ᠡᠯᠡᠰᠦ ᠶᠢ ᠲᠣᠭᠲᠠᠪᠤᠷᠢᠵᠢᠭᠤᠯᠬᠤ︾ ᠲᠡᠰᠢ ᠬᠤᠪᠢᠷᠠᠭᠤᠯᠤᠨ᠂ ᠤᠯᠠᠨ ᠲᠦᠮᠡᠨ ᠢ ᠵᠢᠯᠣᠭᠤᠳᠤᠨ ᠳᠠᠭᠠᠭᠤᠯᠵᠤ᠂ ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠶᠢᠵᠢᠭᠤᠯᠬᠤ᠂ ᠠᠮᠢ ᠠᠬᠤᠢ ᠪᠠᠷ ᠠᠷᠠᠳ ᠢ ᠪᠠᠶᠠᠵᠢᠭᠤᠯᠬᠤ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠥᠷᠭᠡᠨ ᠢᠶᠠᠷ ᠣᠷᠣᠯᠴᠠᠭᠤᠯᠤᠨ᠂ ᠳ᠋ᠧᠩᠺᠸᠤ ᠰᠢᠶᠠᠨ ᠤ ᠬᠡᠳᠦᠨ ᠠᠷᠪᠠᠨ ᠵᠢᠯ ᠤᠨ ᠲᠤᠷᠰᠢ᠂ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠵᠤ᠂ ︽ᠨᠣᠭᠤᠭᠠᠷᠠᠭᠤᠯᠵᠤ ᠪᠠᠶᠠᠵᠢᠭᠤᠯᠬᠤ ᠶᠢ ᠵᠡᠷᠭᠡᠪᠡᠷ ᠬᠥᠭᠵᠢᠭᠦᠯᠬᠦ ᠶᠢ ᠴᠢᠷᠮᠠᠶᠢᠨ ᠪᠡᠶᠡᠯᠡᠭᠦᠯᠦᠭᠰᠡᠨ︾ ᠥᠯᠢᠭᠡᠷ ᠢ ᠪᠣᠰᠤᠭ᠎ᠠ ᠴᠣᠭᠴᠠ ᠪᠠᠷ ᠳᠡᠯᠭᠡᠨ ᠦᠵᠡᠭᠦᠯᠪᠡ᠃       ᠰᠣᠨᠢᠨ ᠮᠡᠳᠡᠭᠡᠨ ᠳᠤ ᠡᠩ ᠤᠨ ᠣᠯᠠᠨ ᠲᠦᠮᠡᠨ ᠤᠯᠠᠭᠠᠨᠪᠤᠬ᠎ᠠ ᠶᠢᠨ ᠡᠯᠡᠰᠦᠨ ᠴᠥᠯ ᠳᠤ ᠲᠡᠭᠷᠢ ᠭᠠᠵᠠᠷ ᠲᠠᠢ ᠲᠡᠮᠡᠴᠡᠵᠦ᠂ ᠮᠣᠳᠣ ᠳᠠᠷᠢᠵᠤ ᠣᠶᠢᠵᠢᠭᠤᠯᠤᠨ᠂ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠵᠠᠭ ᠮᠣᠳᠣ ᠲᠠᠷᠢᠵᠤ᠂ ᠴᠠᠭᠠᠨ ᠭᠤᠶᠣᠣ ᠤᠷᠭᠤᠭᠤᠯᠤᠨ᠂᡽ ᠡᠯᠡᠰᠦᠨ ᠴᠥᠯ ᠤᠨ ᠵᠢᠭᠤᠯᠴᠢᠯᠠᠯ ᠢ ᠬᠥᠭᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠪᠤᠵᠠᠭᠠᠶᠢᠷᠠᠯ ᠢ ᠳᠠᠶᠢᠴᠢᠯᠠᠭᠰᠠᠨ ᠵᠡᠷᠭᠡ ᠠᠮᠢᠳᠤᠯᠢᠭ ᠥᠯᠢᠭᠡᠷ ᠨᠢ ᠳ᠋ᠧᠩᠺᠸᠤ ᠰᠢᠶᠠᠨ ᠤ ᠨᠡᠯᠦᠭᠡᠷ ᠶᠡᠭᠡ ᠡᠯᠡᠰᠦ ᠮᠠᠩᠬ᠎ᠠ ᠶᠢ ᠯᠤᠲᠤ ᠶᠡᠭᠡ ᠨᠣᠭᠤᠭᠠᠨ ᠪᠦᠷᠢᠳᠦ ᠪᠣᠯᠭᠠᠨ ᠬᠤᠪᠢᠷᠠᠭᠤᠯᠵᠤ᠂ ᠨᠡᠩ ᠴᠤ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠬᠦ ᠪᠠᠷ ᠲᠠᠮᠵᠢᠨ᠂ ᠠᠵᠤ ᠦᠢᠯᠡᠰ ᠢᠶᠠᠷ ᠡᠯᠡᠰᠦ ᠶᠢ ᠵᠠᠰᠠᠬᠤ᠂ ᠠᠮᠢ ᠠᠬᠤᠢ ᠪᠠᠷ ᠠᠷᠠᠳ ᠢ ᠪᠠᠶᠠᠵᠢᠭᠤᠯᠬᠤ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠳᠣᠯᠭᠢᠨ ᠠᠬᠢᠭᠤᠯᠵᠤ ᠪᠠᠶᠢᠭ᠎ᠠ ᠶᠢ ᠦᠨᠡᠨ ᠪᠣᠳᠠᠲᠠᠢ ᠮᠡᠳᠡᠭᠡᠯᠡᠭᠰᠡᠨ ᠪᠠᠶᠢᠨ᠎ᠠ᠃   
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ