ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠶ᠎ᠠ᠂ ᠤᠷᠠᠳ ᠤᠨ ᠬᠤᠶᠢᠲᠤ ᠬᠤᠰᠢᠭᠤ ᠮᠠᠯᠵᠢᠬᠤ ᠣᠷᠣᠨ  ᠢᠶᠠᠷ ᠭᠦᠨᠵᠡᠭᠡᠶᠢᠷᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠᠶᠢᠭ᠎ᠠ
ᠨᠡᠶᠢᠲᠡᠯᠡᠭᠰᠡᠨ ᠴᠠᠭ᠄
2023/12/25
      ᠤᠷᠠᠳ ᠤᠨ ᠬᠤᠶᠢᠲᠤ ᠬᠤᠰᠢᠭᠤᠨ ᠤ ᠬᠢᠨ ᠲᠦᠷᠦᠯ ᠲᠡᠮᠳᠡᠭ ᠡᠭᠦᠳᠬᠦ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠢᠭᠡᠨᠲᠡ ᠵᠣᠬᠢᠶᠠᠨ ᠪᠠᠶᠢᠭᠤᠯᠤᠭᠰᠠᠨ ︽ᠲᠡᠮᠡᠭᠡᠨ ᠨᠢᠷᠤᠭᠤᠨ ᠳᠠᠬᠢ ᠤᠬᠠᠭᠤᠯᠤᠨ ᠲᠠᠶᠢᠯᠪᠤᠷᠢᠯᠠᠬᠤ ᠠᠩᠭᠢ︾ ᠢᠶᠠᠨ ᠠᠰᠢᠭᠯᠠᠨ᠂ ᠲᠠᠯ᠎ᠠ ᠨᠤᠲᠤᠭ ᠤᠨ ᠮᠠᠯᠴᠢᠨ ᠠᠶᠢᠯ ᠳᠤ ᠭᠦᠨᠵᠡᠭᠡᠶᠢᠷᠡᠵᠦ᠂ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠮᠠᠯᠴᠢᠨ ᠲᠦᠮᠡᠨ ᠤ ᠦᠨᠳᠦᠰᠦᠨ ᠬᠠᠤᠯᠢ ᠶᠢᠨ ᠮᠡᠳᠡᠯᠭᠡ ᠶᠢᠨ ᠬᠢᠷᠢ ᠲᠦᠪᠰᠢᠨ ᠢ ᠲᠡᠭᠡᠭᠰᠢᠯᠡᠬᠦᠯᠵᠤ ᠪᠠᠶᠢᠨ᠎ᠠ᠃       ᠶᠡᠭᠡ ᠴᠠᠰᠤ ᠣᠷᠣᠵᠤ᠂ ᠥᠷᠭᠡᠨ ᠠᠭᠤᠳᠠᠮ ᠲᠠᠯ᠎ᠠ ᠨᠤᠲᠤᠭ ᠲᠤᠶᠢᠯ ᠤᠨ ᠬᠠᠬᠢᠷ ᠬᠦᠢᠲᠡᠨ᠂ ᠥᠷᠯᠥᠭᠡ ᠡᠷᠲᠡ᠂ ᠴᠤᠬᠠᠦ᠋ᠠᠲᠤᠷ ᠪᠠᠯᠭᠠᠰᠤ ᠶᠢᠨ ᠬᠠᠤᠯᠢ ᠴᠠᠭᠠᠵᠠ ᠶᠢᠨ ᠲᠠᠰᠤᠭ ᠤᠨ ᠳᠠᠷᠤᠭ᠎ᠠ ᠪᠠᠲᠤ ᠪᠣᠯᠣᠨ ︽ᠲᠡᠮᠡᠭᠡᠨ ᠨᠢᠷᠤᠭᠤᠨ ᠳᠠᠬᠢ ᠤᠬᠠᠭᠤᠯᠤᠨ ᠲᠠᠶᠢᠯᠪᠤᠷᠢᠯᠠᠬᠤ ᠠᠩᠭᠢ︾ ᠶᠢᠨ ᠭᠡᠰᠢᠭᠦᠳ ᠬᠢᠯᠢ ᠶᠢᠨ ᠱᠤᠭᠤᠮ ᠳᠡᠭᠡᠷᠡᠬᠢ ᠪᠠᠶᠠᠠᠨᠢᠷᠤᠭᠤ ᠭᠠᠴᠠᠭ᠎ᠠ ᠪᠣᠯᠣᠨ ᠴᠠᠭᠠᠬᠤᠪᠤᠭ᠎ᠠ ᠭᠠᠴᠠᠭ᠎ᠠ ᠳᠤ ᠬᠦᠷᠴᠦ᠂ ᠦᠨᠳᠦᠰᠦᠨ ᠬᠠᠤᠯᠢ ᠶᠢᠨ ᠭᠤᠣᠯ ᠠᠭᠤᠯᠭ᠎ᠠ ᠵᠢᠴᠢ ᠴᠢᠬᠤᠯᠠ ᠪᠠᠶᠢᠷᠢ ᠰᠠᠭᠤᠷᠢ ᠶᠢᠨ ᠲᠣᠭᠤᠷᠢᠨ ᠳᠤ᠂ ᠠᠵᠢᠯ ᠤᠨ ᠳᠤᠮᠳᠠ ᠲᠣᠬᠢᠶᠠᠯᠳᠤᠭᠰᠠᠨ ᠪᠣᠳᠠᠲᠠᠢ ᠵᠢᠱᠢᠶ᠎ᠡ ᠲᠠᠢ ᠤᠶᠠᠯᠳᠤᠭᠤᠯᠵᠤ᠂ ᠮᠠᠯᠴᠢᠨ ᠨᠥᠬᠦᠳ ᠲᠤ ᠤᠷᠤᠭ ᠭᠡᠷ ᠪᠦᠯᠢ᠂ ᠨᠠᠰᠤᠨ ᠳᠤ ᠦᠯᠦ ᠬᠦᠷᠦᠭᠰᠡᠳ ᠤᠨ ᠬᠠᠮᠠᠭᠠᠯᠠᠯᠲᠠ᠂ ᠠᠷᠠᠳ ᠤᠨ ᠬᠤᠭᠤᠷᠣᠨᠳᠣᠬᠢ ᠵᠢᠭᠡᠯᠡᠯᠭᠡ ᠵᠡᠷᠭᠡ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠤᠯᠠᠨ ᠲᠦᠮᠡᠨ ᠳᠤ ᠬᠠᠤᠯᠢ ᠴᠠᠭᠠᠵᠠ ᠶᠢᠨ ᠮᠡᠳᠡᠯᠭᠡ ᠶᠢ ᠨᠡᠩ ᠭᠦᠨᠵᠡᠭᠡᠢ ᠣᠶᠢᠯᠠᠭᠠᠭᠤᠯᠤᠭᠰᠠᠨ ᠪᠠᠶᠢᠨ᠎ᠠ᠃ ᠲᠤᠬᠠᠢ ᠶᠢᠨ ᠲᠠᠯᠠᠪᠠᠢ ᠳᠤ᠂ ᠮᠠᠯᠴᠢᠳ ᠪᠠᠰᠠ ᠬᠥᠷᠰᠢ ᠵᠡᠷᠭᠡᠯᠡᠳᠡᠭᠡ ᠶᠢᠨ ᠵᠠᠭᠠᠭ ᠬᠢᠵᠠᠭᠠᠷ ᠤᠨ ᠵᠢᠭᠤᠷᠠᠯᠳᠤᠭᠠᠨ ᠤ ᠬᠤᠯᠪᠣᠭᠳᠠᠯ ᠪᠦᠬᠦᠢ ᠠᠰᠠᠭᠤᠳᠠᠯ ᠢ ᠠᠰᠠᠭᠤᠨ ᠯᠠᠪᠯᠠᠵᠤ᠂ ᠤᠬᠠᠭᠤᠯᠤᠨ ᠲᠠᠶᠢᠯᠪᠤᠷᠢᠯᠠᠬᠤ ᠠᠩᠭᠢ ᠶᠢᠨ ᠭᠡᠰᠢᠭᠦᠳ ᠤᠯᠠᠨ ᠳᠤ ᠨᠠᠷᠢᠨ ᠨᠢᠮᠪᠠᠢ ᠬᠠᠷᠢᠭᠤᠯᠲᠠ ᠥᠭᠴᠦ᠂ ᠤᠯᠠᠨ ᠳᠤ ᠮᠠᠰᠢ ᠤᠯᠠᠨ ᠣᠯᠣᠯᠲᠠ ᠣᠯᠭᠤᠵᠠᠢ᠃ ᠮᠠᠯᠴᠢᠳ ᠲᠤ ᠬᠠᠤᠯᠢ ᠴᠠᠭᠠᠵᠠ ᠶᠢᠨ ᠮᠡᠳᠡᠯᠭᠡ ᠶᠢ ᠬᠦᠷᠭᠡᠬᠦ ᠶᠢᠨ ᠬᠠᠮᠲᠤ ᠮᠠᠯᠴᠢᠳ ᠤᠨ ᠬᠡᠷᠡᠭᠰᠡᠬᠦ ᠠᠮᠢᠳᠤᠷᠠᠯ ᠤᠨ ᠡᠳ᠋ ᠪᠣᠳᠠᠰ ᠢ ᠪᠠᠯᠭᠠᠰᠤᠨ ᠠᠴᠠ ᠠᠪᠴᠢᠷᠠᠨ ᠥᠭᠴᠦ᠂ ︽ᠲᠡᠮᠡᠭᠡᠨ ᠨᠢᠷᠤᠭᠤᠨ ᠳᠠᠬᠢ ᠤᠬᠠᠭᠤᠯᠤᠨ ᠲᠠᠶᠢᠯᠪᠤᠷᠢᠯᠠᠬᠤ ᠠᠩᠭᠢ︾ ᠶᠢᠨ ᠬᠦᠷᠴᠦ ᠢᠷᠡᠭᠰᠡᠨ ᠨᠢ ᠮᠠᠯᠴᠢᠳ ᠤᠨ ᠰᠡᠳᠬᠢᠯ ᠳᠤ ᠲᠤᠶᠢᠯ ᠤᠨ ᠬᠠᠯᠠᠭᠤᠨ ᠳᠤᠯᠠᠭᠠᠨ ᠰᠠᠨᠠᠭᠳᠠᠨ᠎ᠠ᠃       ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 2016 ᠣᠨ ᠳᠤ ᠤᠷᠠᠳ ᠤᠨ ᠬᠤᠶᠢᠲᠤ ᠬᠤᠰᠢᠭᠤᠨ ᠤ ᠴᠤᠬᠠᠦ᠋ᠠᠲᠤᠷ ᠪᠠᠯᠭᠠᠰᠤ ᠬᠠᠷᠢᠶᠠᠲᠤ ᠣᠷᠣᠨ ᠤ ᠪᠠᠨ ᠭᠠᠵᠠᠷ ᠨᠤᠲᠤᠭ ᠥᠷᠭᠡᠨ᠂ ᠬᠥᠮᠥᠨ ᠬᠠᠷ᠎ᠠ ᠲᠠᠷᠠᠬᠠᠢ ᠪᠠᠶᠢᠬᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠬᠤᠯᠪᠤᠭᠠᠯᠠᠨ᠂ ᠨᠢᠭᠡᠨ ᠰᠠᠯᠠᠭ᠎ᠠ ︽ᠲᠡᠮᠡᠭᠡᠨ ᠨᠢᠷᠤᠭᠤᠨ ᠳᠠᠬᠢ ᠤᠬᠠᠭᠤᠯᠤᠨ ᠲᠠᠶᠢᠯᠪᠤᠷᠢᠯᠠᠬᠤ ᠠᠩᠭᠢ︾ ᠪᠠᠶᠢᠭᠤᠯᠤᠭᠰᠠᠨ ᠪᠠᠶᠢᠨ᠎ᠠ᠃ ᠡᠨᠡᠬᠦ ᠤᠬᠠᠭᠤᠯᠤᠨ ᠲᠠᠶᠢᠯᠪᠤᠷᠢᠯᠠᠬᠤ ᠠᠩᠭᠢ ᠶᠢᠨ ᠬᠢᠨ ᠵᠢᠯ ᠲᠤᠷᠰᠢ ᠭᠤᠪᠢ ᠶᠢᠨ ᠲᠠᠯ᠎ᠠ ᠨᠤᠲᠤᠭ ᠲᠤ ᠢᠳᠡᠪᠬᠢᠲᠡᠢ ᠠᠵᠢᠯᠯᠠᠵᠤ᠂ ᠴᠢᠬᠤᠯᠠ ᠶᠡᠭᠡ ᠬᠤᠷᠠᠯ ᠤᠨ ᠳᠠᠷᠠᠭ᠎ᠠ ᠵᠢᠴᠢ ᠴᠢᠬᠤᠯᠠ ᠴᠠᠭ ᠬᠤᠭᠤᠴᠠᠭᠠᠨ ᠳᠤ ᠮᠠᠯᠴᠢᠨ ᠡᠷᠤᠭᠡ  ᠪᠠᠷ ᠭᠦᠨᠵᠡᠭᠡᠶᠢᠷᠡᠨ ᠤᠬᠠᠭᠤᠯᠭ᠎ᠠ ᠬᠢᠵᠦ᠂ ᠡᠨᠡ ᠵᠢᠯ ᠠᠴᠠ ᠣᠳᠣᠬᠠᠨ ᠪᠣᠯᠲᠠᠯ᠎ᠠ᠂ ᠤᠷᠠᠳ ᠤᠨ ᠬᠤᠶᠢᠲᠤ ᠬᠤᠰᠢᠭᠤᠨ ᠤ ︽ᠲᠡᠮᠡᠭᠡᠨ ᠨᠢᠷᠤᠭᠤᠨ ᠳᠠᠬᠢ ᠤᠬᠠᠭᠤᠯᠤᠨ ᠲᠠᠶᠢᠯᠪᠤᠷᠢᠯᠠᠬᠤ ᠠᠩᠭᠢ︾ ᠬᠢᠯᠢ ᠬᠢᠵᠠᠭᠠᠷ ᠤᠨ ᠮᠠᠯᠵᠢᠬᠤ ᠣᠷᠣᠨ ᠳᠤ ᠭᠦᠨᠵᠡᠭᠡᠶᠢᠷᠡᠭᠡᠳ ᠨᠢᠭᠡᠨᠲᠡ 40 ᠭᠠᠷᠤᠢ ᠤᠳᠠᠭ᠎ᠠ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠦᠭᠰᠡᠨ ᠪᠠᠶᠢᠨ᠎ᠠ᠃       ᠡᠳᠦᠷ ᠲᠤᠲᠤᠮ ᠤᠨ ᠬᠠᠤᠯᠢ ᠲᠦᠭᠡᠮᠡᠯᠵᠢᠭᠦᠯᠬᠦ ᠠᠵᠢᠯ ᠤᠨ ᠳᠤᠮᠳᠠ᠂ ᠤᠷᠠᠳ ᠤᠨ ᠬᠤᠶᠢᠲᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠪᠠᠰᠠ ᠮᠠᠯᠵᠢᠬᠤ ᠣᠷᠣᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠰᠢᠭᠤᠳ ᠨᠡᠪᠲᠡᠷᠡᠬᠦ ᠲᠡᠷᠭᠡ᠂ ᠬᠤᠲᠠ ᠲᠣᠭᠤᠷᠢᠭ ᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠲᠦᠷᠭᠡᠨ ᠬᠦᠷᠭᠡᠬᠦ ᠲᠤᠰᠬᠠᠢ ᠲᠡᠷᠭᠡ᠂ ᠬᠠᠤᠯᠢ ᠪᠠᠷ ᠵᠠᠰᠠᠬᠤ ᠤᠯᠠᠭᠠᠨᠮᠥ᠋ᠴᠢᠷ ᠤᠨ ᠲᠣᠭᠯᠠᠯᠲᠠ ᠵᠡᠷᠭᠡ ᠠᠷᠭ᠎ᠠ ᠬᠡᠯᠪᠡᠷᠢ ᠪᠠᠷ ᠤᠬᠠᠭᠤᠯᠭ᠎ᠠ ᠬᠥᠮᠦᠵᠢᠯ ᠥᠷᠨᠢᠭᠦᠯᠵᠦ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠵᠠᠢ᠃ 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ