ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠶ᠎ᠠ᠂ ᠤᠷᠠᠳ ᠤᠨ ᠬᠤᠶᠢᠲᠤ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ︽ᠪᠤᠶᠠᠨ ᠰᠠᠶᠢᠨ‌ᠳᠤᠷ᠎ᠠ ᠶᠢᠨ ᠦᠢᠯᠡᠴᠢᠯᠡᠭᠡᠨ ᠤ ᠠᠩᠭᠢ︾ ᠪᠠᠶᠢᠭᠤᠯᠤᠭᠳᠠᠭᠰᠠᠨ
ᠨᠡᠶᠢᠲᠡᠯᠡᠭᠰᠡᠨ ᠴᠠᠭ᠄
2023/12/25
      11 ᠰᠠᠷ᠎ᠠ  ᠶᠢᠨ 29 ᠤ ᠡᠳᠦᠷ᠂ ᠤᠷᠠᠳ ᠤᠨ ᠬᠤᠶᠢᠲᠤ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ︽ᠪᠤᠶᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾ ᠵᠢᠩᠬᠢᠨᠢ ᠪᠠᠷ ᠪᠠᠶᠢᠭᠤᠯᠤᠭᠳᠠᠵᠤ᠂ ᠤᠷᠠᠳ ᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ  ᠶᠢᠨ ᠵᠥᠪᠯᠡᠯ ᠠᠴᠠ ᠤᠯᠤᠰ ᠲᠥᠷᠥ ᠬᠠᠤᠯᠢ ᠴᠠᠭᠠᠵᠠ  ᠶᠢᠨ ᠰᠢᠰᠲ᠋ᠧᠮ ᠤᠨ ︽ᠪᠤᠶᠠᠨ ᠰᠠᠶᠢᠨ ᠳᠤᠷ᠎ᠠ  ᠶᠢᠨ ᠦᠢᠯᠡᠴᠢᠯᠡᠭᠡᠨ ᠤ ᠠᠩᠭᠢ︾ ᠶᠢᠨ ᠲᠥᠯᠥᠭᠡᠯᠡᠭᠴᠢ᠂ ︽ᠪᠦᠬᠦ ᠤᠯᠤᠰ ᠤᠨ ᠳᠣᠲᠣᠭᠠᠳᠤ  ᠶᠢ ᠬᠠᠮᠠᠭᠠᠯᠠᠬᠤ ᠰᠢᠰᠲ᠋ᠧᠮ ᠤᠨ ᠨᠢᠭᠡᠳᠦᠭᠡᠷ ᠳᠡᠰ ᠤᠨ ᠪᠠᠭᠠᠲᠤᠷ ᠵᠢᠱᠢᠶᠡᠴᠢ︾ ᠪᠤᠶᠠᠨᠳᠡᠯᠭᠡᠷ ᠨᠥᠬᠦᠷ ᠲᠤ ᠲᠤᠭ ᠭᠠᠷᠳᠠᠭᠤᠯᠪᠠ᠃       ᠣᠶᠢᠯᠠᠭᠠᠭᠰᠠᠨ ᠢᠶᠠᠷ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ︽ᠪᠤᠶᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾ ᠶᠢ ᠪᠠᠶᠢᠭᠤᠯᠬᠤ ᠪᠣᠯ ᠤᠷᠠᠳ ᠤᠨ ᠬᠤᠶᠢᠲᠤ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ 2023 ᠣᠨ ᠤ ᠠᠷᠪᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠢᠭᠡ ᠮᠥᠨ᠂ ᠮᠥᠨᠴᠦ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠪᠥᠬᠦ ᠬᠤᠰᠢᠭᠤᠨ ᠤ ᠠᠷᠠᠳ ᠲᠦᠮᠡᠨ ᠳᠤ ᠥᠭᠭᠦᠭᠰᠡᠨ ᠲᠥᠪ ᠴᠢᠩᠭ᠎ᠠ ᠠᠮᠠᠯᠠᠯᠲᠠ ᠮᠥᠨ᠃ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠠᠴᠠ ᠨᠢᠭᠡᠳᠦᠯᠲᠡᠢ ᠤᠳᠤᠷᠢᠳᠤᠨ ᠬᠠᠮᠢᠶᠠᠷᠴᠤ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠡᠯ᠎ᠡ ᠰᠠᠯᠠᠭ᠎ᠠ ᠮᠥᠴᠢᠷ ᠤᠨ ᠲᠤᠰᠬᠠᠢ ᠮᠡᠷᠭᠡᠵᠢᠯ ᠤᠨ ᠳᠠᠪᠠᠭᠤᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠠᠶᠤᠯ ᠭᠠᠮᠰᠢᠭ ᠠᠴᠠ ᠠᠪᠤᠷᠠᠬᠤ᠂ ᠠᠮᠤᠷ ᠲᠦᠪᠰᠢᠨ ᠤ ᠬᠥᠮᠦᠵᠢᠯ ᠬᠢᠬᠦ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠡᠳ᠋ ᠮᠥᠩᠭᠦ ᠪᠠᠷ ᠰᠤᠷᠤᠯᠭ᠎ᠠ ᠶᠢ ᠲᠡᠳᠬᠦᠬᠦ᠂ ᠠᠯᠪᠠᠨ ᠵᠢᠷᠤᠮ ᠤᠨ ᠮᠣᠳᠣ ᠳᠠᠷᠢᠬᠤ᠂ ᠨᠡᠶᠢᠭᠡᠮ ᠲᠣᠭᠤᠷᠢᠭ ᠤᠨ ᠦᠢᠯᠡᠴᠢᠯᠡᠭᠡ ᠵᠡᠷᠭᠡ ᠲᠠᠯ᠎ᠠ ᠪᠠᠷ ᠤᠯᠠᠨ ᠲᠠᠯ᠎ᠠ ᠶᠢᠨ ᠨᠡᠶᠢᠲᠡ ᠶᠢᠨ ᠦᠢᠯᠡᠴᠢᠯᠡᠭᠡ ᠶᠢ ᠢᠳᠡᠪᠬᠢᠲᠡᠢ ᠥᠷᠨᠢᠭᠦᠯᠬᠦ ᠪᠣᠯᠣᠨ᠎ᠠ᠃       ᠤᠷᠠᠳ ᠤᠨ ᠬᠤᠶᠢᠲᠤ ᠬᠤᠰᠢᠭᠤᠨ ᠤ ᠤᠯᠤᠰ ᠳᠦᠷᠦ ᠬᠠᠤᠯᠢ ᠴᠠᠭᠠᠵᠠ ᠶᠢᠨ ᠰᠢᠰᠲ᠋ᠧᠮ ᠤᠨ ︽ᠪᠤᠶᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾   ᠨᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠪᠠᠷ ᠨᠠᠮ ᠤᠨ ᠳᠦᠷᠦ ᠶᠢᠨ ᠪᠣᠳᠣᠯᠭ᠎ᠠ ᠶᠢ ᠤᠬᠠᠭᠤᠯᠬᠤ᠂ ᠤᠯᠠᠨ ᠲᠦᠮᠡᠨ ᠳᠤ ᠦᠢᠯᠡᠴᠢᠯᠡᠬᠦ᠂ ᠰᠤᠷᠭᠠᠨ ᠬᠥᠮᠦᠵᠢᠯ ᠳᠤ ᠦᠢᠯᠡᠴᠢᠯᠡᠬᠦ᠂ ᠠᠵᠤ ᠠᠬᠤᠶᠢᠯᠠᠯ ᠳᠤ ᠦᠢᠯᠡᠴᠢᠯᠡᠬᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠴᠢᠬᠤᠯᠠ ᠲᠠᠪᠴᠠᠩ ᠪᠣᠯᠭᠠᠵᠤ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠰᠠᠶᠢᠨ ᠰᠠᠶᠢᠬᠠᠨ ᠳᠦᠷᠢ ᠲᠥᠷᠬᠦ ᠶᠢ ᠪᠥᠬᠦ ᠲᠠᠯ᠎ᠠ ᠪᠠᠷ ᠱᠤᠭᠤᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠥᠯᠢᠭᠡᠷ ᠵᠢᠱᠢᠶ᠎ᠡ ᠦᠵᠡᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠪᠣᠯᠣᠨ᠎ᠠ᠃   
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ