ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠶ᠎ᠠ᠂ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢ ᠰᠠᠶᠢᠲᠤᠷ ᠠᠰᠢᠭᠯᠠᠵᠤ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠲᠤᠳᠬᠠᠨ ᠲᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/12/25
      ᠮᠠᠨ ᠤ ᠬᠤᠳᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠤᠨ ᠬᠠᠷᠠᠯᠲᠠ ᠶᠢᠨ ᠲᠣᠭᠤᠷᠢᠨ ᠳᠤ᠂ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢ ᠵᠣᠬᠢᠰᠲᠠᠢ ᠬᠡᠷᠡᠭᠯᠡᠵᠦ᠂ ᠣᠨᠴᠠᠯᠢᠭᠲᠤ ᠠᠵᠤ ᠦᠢᠯᠡᠰ ᠢ ᠲᠡᠳᠬᠦᠨ ᠪᠤᠵᠠᠭᠠᠶᠢᠷᠠᠭᠤᠯᠬᠤ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ᠃       ᠣᠳᠣᠬᠠᠨ ᠳᠤ᠂ ᠬᠠᠩᠭᠢᠨ ᠬᠤᠶᠢᠲᠤ ᠬᠤᠰᠢᠭᠤᠨ ᠤ ᠮᠧᠩ ᠬᠠᠢ ᠪᠠᠯᠭᠠᠰᠤᠨ ᠤ ᠰᠢ ᠴᠢᠦᠢ ᠺᠧᠦ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠠᠵᠤ ᠦᠢᠯᠡᠰ ᠤᠨ ᠬᠦᠷᠢᠶᠡᠯᠡᠩ ᠤᠨ ᠭᠦᠵᠡᠯᠵᠡᠭᠡᠨ᠎ᠡ᠂ ᠲᠥᠪᠡᠳ ᠬᠠᠰᠢ ᠡᠯᠪᠡᠭ ᠬᠤᠷᠢᠶᠠᠯᠲᠠ ᠪᠠᠨ ᠤᠭᠲᠤᠨ ᠠᠪᠴᠢᠷᠠᠵᠤ᠂ ᠴᠢᠨᠠᠷ ᠰᠠᠶᠢᠲᠠᠢ ᠪᠣᠯᠬᠤᠷ ᠠᠯᠢ ᠡᠷᠲᠡ ᠠᠴᠠ ᠵᠠᠬᠢᠶᠠᠯᠠᠨ ᠳᠠᠭᠤᠰᠴᠤ᠂ ᠮᠦ ᠪᠦᠷᠢ ᠶᠢᠨ ᠦᠷ᠎ᠡ ᠠᠰᠢᠭ ᠨᠢ ᠲᠦᠮᠡᠨ ᠲᠥᠭᠦᠷᠢᠭ ᠣᠷᠴᠢᠮ ᠬᠦᠷᠴᠡᠢ᠃       ᠬᠠᠩᠭᠢᠨ ᠬᠤᠶᠢᠲᠤ ᠬᠤᠰᠢᠭᠤᠨ ᠤ ᠮᠧᠩ ᠬᠠᠢ ᠪᠠᠯᠭᠠᠰᠤᠨ ᠤ ᠰᠢ ᠴᠢᠦᠢ ᠺᠧᠦ ᠲᠣᠰᠬᠤᠨ ᠤ ᠠᠷᠠᠳ ᠶᠠᠩ ᠵᠢᠶᠠᠨ ᠪᠠᠩ ᠬᠡᠯᠡᠬᠦ ᠳᠡᠭᠡᠨ᠂ ᠲᠣᠰᠬᠤᠨ ᠠᠴᠠ ᠪᠠᠶᠢᠭᠤᠯᠤᠭᠰᠠᠨ ᠠᠵᠤ ᠦᠢᠯᠡᠰ ᠤᠨ ᠬᠦᠷᠢᠶᠡᠯᠡᠩ ᠢ ᠲᠣᠰ ᠬᠤᠷᠰᠢᠶᠠᠨ ᠤ ᠭᠡᠰᠢᠭᠦᠳ ᠲᠡᠭᠡᠨ ᠤᠷᠢᠳᠠᠪᠠᠷ ᠳᠠᠭᠠᠭᠠᠴᠢᠯᠠᠭᠤᠯᠤᠨ᠎ᠠ᠂ ᠪᠢᠳᠡ ᠣᠳᠣᠬᠠᠨ ᠤ ᠣᠷᠣᠯᠭ᠎ᠠ ᠳᠠᠭᠠᠨ ᠮᠠᠰᠢ ᠬᠠᠨᠤᠮᠵᠢᠲᠠᠶ ᠪᠠᠶᠢᠨ᠎ᠠ ᠭᠡᠵᠦ ᠪᠠᠶᠢᠯ᠎ᠠ᠃       2022 ᠣᠨ ᠳᠤ᠂ ᠰᠢ ᠴᠢᠦᠢ ᠺᠧᠦ ᠲᠣᠰᠬᠤᠨ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠨᠥᠬᠦᠪᠦᠷᠢ ᠪᠡᠯᠡ ᠮᠥᠩᠭᠦ ᠶᠢᠨ ᠳᠡᠮᠵᠢᠯᠭᠡ ᠪᠠᠷ ᠳᠠᠮᠵᠢᠭᠤᠯᠤᠨ᠂ 230 ᠮᠦ ᠭᠠᠵᠠᠷ ᠲᠠᠯᠠᠪᠠᠢ ᠲᠠᠢ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠨᠠᠮ ᠤᠨ ᠡᠭᠦᠷ + ᠰᠠᠭᠤᠷᠢᠨ ᠭᠠᠵᠠᠷ + ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠬᠥᠭᠵᠢᠯᠲᠡ ᠶᠢᠨ ᠵᠠᠭᠪᠤᠷ ᠶᠣᠰᠣᠭᠠᠷ᠂ ᠲᠦᠷᠢᠶᠡᠰᠦᠯᠡᠨ ᠡᠵᠡᠩᠨᠡᠬᠦ᠂ ᠬᠦᠯᠡᠮᠵᠢ ᠳᠤ ᠣᠷᠣᠵᠤ ᠬᠥᠯᠥᠰᠦᠨ ᠠᠵᠢᠯ ᠬᠢᠬᠦ ᠵᠡᠷᠭᠡ ᠠᠷᠭ᠎ᠠ ᠮᠠᠶ᠋ᠢᠭ ᠢᠶᠠᠷ 78 ᠡᠷᠦᠬᠡ ᠲᠣᠰᠬᠤᠨ ᠤ ᠠᠷᠠᠳ ᠢ ᠳᠠᠶᠢᠴᠢᠯᠠᠨ ᠲᠥᠬᠦᠭᠡᠷᠦᠮᠵᠢᠲᠦ ᠲᠠᠷᠢᠶᠠᠯᠠᠩ ᠳᠤ ᠣᠷᠣᠯᠴᠠᠭᠤᠯᠪᠠ᠃ ᠨᠢᠳᠤᠨᠤᠨ᠂ ᠬᠦᠷᠢᠶᠡᠯᠡᠩ ᠲᠣᠭᠤᠷᠢᠭ ᠤᠨ ᠦᠢᠯᠡᠳᠬᠦᠨ ᠤ ᠦᠷᠳᠡᠭ 300 ᠲᠦᠮᠡᠨ ᠲᠥᠭᠦᠷᠢᠭ ᠢ ᠳᠠᠪᠠᠵᠤ᠂ ᠲᠣᠰᠬᠤᠨ ᠤ ᠬᠠᠮᠲᠤ ᠶᠢᠨ ᠣᠷᠣᠯᠭ᠎ᠠ 40 ᠲᠦᠮᠡᠨ ᠲᠥᠭᠦᠷᠢᠭ ᠲᠤ ᠬᠦᠷᠴᠡᠢ᠃       ᠬᠠᠩᠭᠢᠨ ᠬᠤᠶᠢᠲᠤ ᠬᠤᠰᠢᠭᠤᠨ ᠤ ᠮᠧᠩ ᠬᠠᠢ ᠪᠠᠯᠭᠠᠰᠤᠨ ᠤ ᠰᠢ ᠴᠢᠦᠢ ᠺᠧᠦ ᠲᠣᠰᠬᠤᠨ ᠤ ᠨᠠᠮ ᠤᠨ ᠡᠭᠦᠷ ᠤᠨ ᠱᠦᠵᠢ ᠵᠠᠩ ᠵᠢᠶᠠᠨ ᠪᠢᠩ ᠬᠡᠯᠡᠬᠦ ᠳᠡᠭᠡᠨ᠂ ᠠᠵᠤ ᠦᠢᠯᠡᠰ ᠤᠨ ᠬᠦᠷᠢᠶᠡᠯᠡᠩ ᠢᠶᠠᠷ ᠳᠠᠮᠵᠢᠨ ᠮᠠᠨ ᠤ ᠲᠣᠰᠬᠤᠨ ᠤ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠨ᠎ᠡ᠂ ᠵᠠᠯᠭᠠᠭᠠᠳ ᠪᠢᠳᠡ ᠨᠠᠮ ᠤᠨ ᠡᠭᠦᠷ  ᠠᠴᠠ‌ᠳᠠᠭᠠᠭᠤᠯᠤᠨ ᠬᠤᠷᠰᠢᠶᠠᠵᠢᠯ ᠡᠷᠭᠢᠯᠡᠬᠦ ᠠᠷᠭ᠎ᠠ ᠶᠢ ᠬᠡᠷᠡᠭᠯᠡᠨ᠂ ᠬᠡᠪᠴᠢᠶᠡᠵᠢᠭᠰᠡᠨ ᠲᠠᠷᠢᠮᠠᠯ ᠢ ᠦᠷᠭᠦᠯᠵᠢᠯᠡᠨ ᠥᠷᠭᠡᠳᠬᠡᠵᠦ᠂ ᠲᠣᠰᠬᠤᠨ ᠤ ᠠᠷᠠᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠪᠠᠷ ᠪᠠᠶᠢᠨ᠎ᠠ ᠭᠡᠪᠡ᠃       ᠮᠠᠨ ᠤ ᠬᠤᠲᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠮᠥᠩᠭᠦ ᠶᠢ ᠢᠳᠡᠪᠬᠢᠲᠡᠢ ᠴᠢᠷᠮᠠᠶᠢᠨ ᠣᠯᠵᠤ᠂ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠭᠦᠯᠬᠦ ᠳᠤ ᠰᠠᠶᠢᠲᠤᠷ ᠬᠡᠷᠡᠭᠯᠡᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠦᠨᠡᠨ ᠬᠦ ᠥᠷᠭᠡᠳᠬᠡᠪᠡ᠃ ᠡᠨᠡ ᠵᠢᠯ᠂ ᠮᠠᠨ ᠤ ᠬᠤᠲᠠ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢ 4427 ᠲᠦᠮᠡᠨ ᠲᠥᠭᠦᠷᠢᠭ ᠣᠯᠵᠤ ᠂ 64 ᠲᠥᠷᠥᠯ ᠵᠦᠢᠯ ᠢ ᠲᠤᠬᠠᠢ ᠶᠢᠨ ᠵᠢᠯ ᠳᠤ ᠪᠦᠬᠦᠨ ᠢ ᠠᠵᠢᠯ ᠡᠬᠢᠯᠡᠭᠦᠯᠬᠦ ᠪᠠᠷ ᠲᠣᠬᠢᠷᠠᠭᠤᠯᠤᠨ ᠬᠡᠷᠡᠭᠵᠢᠭᠦᠯᠵᠦ᠂ ᠲᠥᠷᠥᠯ ᠵᠦᠢᠯ ᠨᠢ ᠪᠥᠬᠦ ᠬᠤᠲᠠ ᠶᠢᠨ 7 ᠬᠤᠰᠢᠭᠤ ᠰᠢᠶᠠᠨ ᠲᠣᠭᠤᠷᠢᠭ ᠤᠨ 32 ᠰᠤᠮᠤ ᠰᠢᠶᠠᠩ ᠪᠠᠯᠭᠠᠰᠤ ᠳᠤ ᠬᠤᠯᠪᠣᠭᠳᠠᠵᠠᠢ᠃ 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ