ᠪᠦᠭᠦ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2023/12/27
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 12 ᠰᠠᠯᠠᠭ᠎ᠠ ᠮᠥᠴᠢᠷ ᠲᠠᠢ ᠬᠠᠮᠲᠤᠷᠠᠨ ᠪᠦᠭᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠡᠬᠢᠯᠡᠭᠦᠯᠵᠦ᠂ ᠡᠨᠡ ᠵᠢᠯ ᠤᠨ ᠡᠴᠦᠰ ᠵᠢᠴᠢ ᠰᠢᠨ᠎ᠡ ᠨᠢᠭᠡ ᠵᠢᠯ ᠤᠨ ᠡᠬᠢᠨ ᠤ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠶᠠᠰᠤ ᠴᠢᠨᠠᠷ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠵᠡᠢ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠲᠤᠰᠬᠠᠢ ᠴᠡᠭᠴᠡᠯᠡᠨ ᠵᠠᠰᠠᠯᠲᠠ ᠨᠢ 12 ᠰᠠᠷ᠎ᠠ ᠶᠢᠨ ᠡᠬᠢ ᠠᠴᠠ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠪᠤᠯᠲᠠᠯ᠎ᠠ ᠦᠷᠭᠦᠯᠵᠢᠯᠡᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠰᠢᠰᠲ᠋ᠧᠮ ᠤᠨ ᠪᠠᠶᠢᠭᠤᠯᠤᠯᠲᠠ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠠᠮᠤᠷ ᠲᠦᠪᠰᠢᠨ ᠤ ᠶᠡᠷᠦᠩᠬᠡᠶᠢᠯᠡᠭᠰᠡᠨ ᠵᠠᠰᠠᠯᠲᠠ᠂ ᠰᠤᠷᠭᠠᠭᠤᠯᠢ ᠶᠢᠨ ᠬᠦᠷᠢᠶᠡᠨ ᠤ ᠪᠠᠶᠢᠩᠭᠤᠵᠢᠭᠰᠠᠨ ᠡᠷᠡᠭᠦᠯ ᠬᠠᠮᠠᠭᠠᠯᠠᠯ ᠬᠢᠵᠢᠭ ᠤᠨ ᠰᠡᠷᠭᠡᠶᠢᠯᠡᠯᠲᠡ ᠵᠡᠷᠭᠡ ᠭᠤᠣᠯᠳᠠᠯᠭ᠎ᠠ ᠲᠠᠢ ᠤᠶᠠᠯᠳᠤᠭᠤᠯᠤᠨ ᠶᠡᠷᠦᠩᠬᠡᠶᠢᠯᠡᠨ ᠴᠡᠭᠴᠡᠯᠡᠨ ᠵᠠᠰᠠᠬᠤ ᠪᠣᠯᠣᠨ᠎ᠠ᠃ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠳᠤ ᠰᠠᠶᠢᠲᠤᠷ ᠬᠠᠮᠵᠢᠯᠴᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠵᠥᠪᠯᠡᠯ ᠤᠨ ᠠᠯᠪᠠᠨ ᠭᠡᠷ ᠤᠨ ᠬᠢᠨ 4 ᠬᠢᠨᠠᠨ ᠵᠢᠯᠤᠭᠤᠳᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠠᠶᠢᠮᠠᠭ ᠬᠤᠲᠠ ᠶᠢᠨ ᠠᠷᠠᠳ ᠤᠨ ᠵᠠᠰᠠᠭ ᠤᠨ ᠣᠷᠳᠣᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠠᠴᠠ 12 ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠠᠶᠢᠮᠠᠭ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠠᠮᠤᠷ ᠲᠣᠭᠲᠠᠭᠤᠨ ᠤ ᠪᠠᠶᠢᠳᠠᠯ ᠳᠤ ᠲᠤᠰᠬᠠᠢ ᠪᠠᠶᠢᠴᠠᠭᠠᠯᠲᠠ ᠭᠢᠨ᠎ᠡ; ᠪᠦᠭᠦ ᠣᠷᠣᠨ ᠤ 58 ᠶᠡᠭᠡ ᠳᠡᠭᠡᠳᠦ ᠰᠤᠷᠭᠠᠭᠤᠯᠢ ᠰᠣᠯᠪᠢᠴᠠᠨ ᠬᠠᠷᠢᠯᠴᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ᠂ ᠡᠯ᠎ᠡ ᠭᠠᠵᠠᠷ ᠡᠯ᠎ᠡ ᠰᠤᠷᠭᠠᠭᠤᠯᠢ ᠶᠢᠨ ᠬᠢᠨ ᠠᠮᠤᠷ ᠲᠦᠪᠰᠢᠨ ᠤ ᠭᠡᠮ ᠰᠣᠭᠤᠭ ᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠶᠢᠨ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠬᠡᠷᠡᠭ ᠭᠠᠷᠬᠤ ᠠᠴᠠ ᠡᠮᠦᠨ᠎ᠡ ᠤᠷᠢᠳᠴᠢᠯᠠᠨ ᠰᠡᠷᠭᠡᠶᠢᠯᠡᠬᠦ ᠶᠢ ᠦᠨᠡᠨᠬᠦ ᠪᠡᠶᠡᠯᠡᠭᠦᠯᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠠᠭᠰᠢ ᠰᠤᠷᠤᠬᠴᠢᠳ ᠤᠨ ᠬᠤᠪᠢ ᠪᠡᠶ᠎ᠡ ᠶᠢᠨ ᠠᠮᠤᠷ ᠲᠦᠪᠰᠢᠨ ᠪᠠ ᠬᠡᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠳᠢᠭᠯᠢᠮ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃   
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ