2023 ᠣᠨ ᠳᠤ ᠮᠠᠨ ᠤ ᠣᠷᠣᠨ ᠰᠤᠷᠤᠯᠭ᠎ᠠ ᠶᠢᠨ ᠲᠡᠳᠬᠦᠮᠵᠢ ᠶᠢᠨ ᠢᠲᠡᠭᠡᠮᠵᠢᠲᠦ ᠵᠢᠭᠡᠯᠡᠯᠭᠡ ᠶᠢ 14 ᠳ᠋ᠦᠩᠰᠢᠭᠤᠷ ᠲᠥᠭᠦᠷᠢᠭ ᠲᠠᠯᠪᠢᠪᠠ
ᠨᠡᠶᠢᠲᠡᠯᠡᠭᠰᠡᠨ ᠴᠠᠭ᠄
2023/12/27
      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠢ ᠣᠶᠤᠲᠠᠳ ᠤᠨ ᠰᠤᠷᠤᠯᠴᠠᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠲᠠ ᠠᠩᠬᠠᠷᠤᠨ ᠬᠠᠯᠠᠮᠵᠢᠯᠠᠵᠤ᠂ 2023 ᠣᠨ ᠤ ᠮᠠᠨ ᠤ ᠣᠷᠣᠨ ᠤ ᠰᠣᠷᠣᠬᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠢᠲᠡᠭᠡᠮᠵᠢᠲᠦ ᠵᠢᠭᠡᠯᠡᠯᠭᠡ ᠶᠢᠨ ᠠᠵᠢᠯ ᠢ ᠠᠮᠵᠢᠯᠲᠠ ᠲᠠᠢ ᠪᠡᠶᠡᠯᠡᠭᠦᠯᠵᠦ᠂ 13.34 ᠲᠦᠮᠡᠨ ᠰᠤᠷᠤᠬᠴᠢ ᠳᠤ 14.04 ᠳ᠋ᠦᠩᠰᠢᠭᠤᠷ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠲᠠᠯᠪᠢᠭᠰᠠᠨ ᠪᠠᠶᠢᠨ᠎ᠠ᠃      ︽ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠰᠤᠷᠭᠠᠨ ᠬᠥᠮᠦᠵᠢᠯ ᠤᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ ᠤᠨ ᠮᠡᠳᠡᠭᠳᠡᠯ︾ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2023 ᠣᠨ ᠠᠴᠠ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠮᠥᠩᠭᠦ ᠶᠢ ᠨᠡᠮᠡᠭᠳᠡᠭᠦᠯᠵᠦ ᠬᠦᠦ ᠮᠥᠩᠭᠦ ᠶᠢ ᠪᠠᠭᠤᠷᠠᠭᠤᠯᠪᠠ᠃ 2023 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ ᠠᠩᠭᠢ ᠶᠢᠨ ᠪᠠ ᠲᠤᠰᠬᠠᠢ ᠮᠡᠷᠭᠡᠵᠢᠯ ᠤᠨ ᠠᠩᠭᠢ ᠶᠢᠨ ᠰᠣᠷᠣᠬᠴᠢ ︵ᠬᠤᠶᠠᠳᠤᠭᠠᠷ ᠣᠶᠤᠲᠠᠨ ᠴᠣᠯᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠣᠷᠣᠬᠴᠢ᠂ ᠪᠡᠯᠡᠳᠬᠡᠯ ᠠᠩᠭᠢ ᠶᠢᠨ ᠰᠣᠷᠣᠬᠴᠢ ᠪᠠᠭᠲᠠᠨ᠎ᠠ︶ ᠶᠢᠨ ᠬᠥᠮᠥᠨ ᠪᠦᠷᠢ ᠶᠢᠨ ᠵᠢᠯ ᠪᠦᠷᠢ ᠭᠤᠶᠤᠴᠢᠯᠠᠬᠤ ᠵᠢᠭᠡᠯᠡᠯᠭᠡ ᠶᠢᠨ ᠵᠣᠭᠤᠰ ᠤᠨ ᠲᠤᠭ᠎ᠠ ᠶᠢ 12000 ᠲᠥᠭᠦᠷᠢᠭ ᠠᠴᠠ ᠬᠡᠲᠦᠷᠡᠭᠦᠯᠬᠦ ᠦᠭᠡᠢ ᠪᠠᠶᠢᠭᠰᠠᠨ ᠠᠴᠠ 16000 ᠲᠥᠭᠦᠷᠢᠭ ᠠᠴᠠ ᠬᠡᠲᠦᠷᠡᠭᠦᠯᠬᠦ ᠦᠭᠡᠢ ᠪᠣᠯᠭᠠᠨ ᠳᠡᠭᠡᠭᠰᠢᠯᠡᠭᠦᠯᠪᠡ; ᠪᠦᠬᠦᠯᠢ ᠡᠳᠦᠷ ᠤᠨ ᠳᠦᠷᠢᠮᠲᠦ ᠠᠰᠫᠢᠷᠠᠨᠲ ᠤᠨ ᠬᠥᠮᠥᠨ ᠨᠢᠭᠡᠪᠦᠷᠢ ᠶᠢᠨ ᠵᠢᠯ ᠳᠤ ᠭᠤᠶᠤᠴᠢᠯᠠᠬᠤ ᠵᠢᠭᠡᠯᠡᠯᠭᠡ ᠶᠢᠨ ᠵᠣᠭᠤᠰ ᠤᠨ ᠲᠤᠭ᠎ᠠ ᠶᠢ 16000 ᠲᠥᠭᠦᠷᠢᠭ ᠠᠴᠠ ᠬᠡᠲᠦᠷᠡᠭᠦᠯᠬᠦ ᠦᠭᠡᠢ ᠪᠠᠶᠢᠭᠰᠠᠨ ᠠᠴᠠ 20000 ᠲᠥᠭᠦᠷᠢᠭ ᠠᠴᠠ ᠬᠡᠲᠦᠷᠡᠭᠦᠯᠬᠦ ᠦᠭᠡᠢ ᠪᠣᠯᠭᠠᠨ ᠳᠡᠭᠡᠭᠰᠢᠯᠡᠭᠦᠯᠪᠡ᠃ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ 30 ᠰᠠᠭᠤᠷᠢ ᠴᠡᠭ ᠢᠶᠠᠷ ᠲᠣᠬᠢᠷᠠᠭᠤᠯᠤᠨ ᠬᠠᠰᠤᠵᠤ᠂ ᠠᠳᠠᠯᠢ ᠬᠤᠭᠤᠴᠠᠭᠠᠨ ᠤ ᠠᠳᠠᠯᠢ ᠲᠠᠰ ᠤᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ  ᠶᠢᠨ ᠬᠦᠦ ᠮᠥᠩᠭᠦ ᠶᠢᠨ ᠨᠣᠷᠮ᠎ᠠ ︵LPR︶ ᠠᠴᠠ 30 ᠰᠠᠭᠤᠷᠢ ᠴᠡᠭ ᠢᠶᠠᠷ ᠬᠠᠰᠤᠵᠤ᠂ 60 ᠰᠠᠭᠤᠷᠢ ᠴᠡᠭ ᠢᠶᠠᠷ ᠲᠣᠬᠢᠷᠠᠭᠤᠯᠤᠨ ᠪᠠᠭᠤᠷᠠᠭᠤᠯᠪᠠ᠃      ᠮᠠᠨ ᠤ ᠣᠷᠣᠨ 2023 ᠣᠨ ᠤ ᠬᠦᠦ ᠮᠥᠩᠭᠦ ᠶᠢ ᠬᠡᠯᠲᠦᠷᠢᠭᠦᠯᠬᠦ ᠵᠢᠴᠢ ᠡᠬᠡ ᠮᠥᠩᠭᠦ ᠶᠢ ᠬᠤᠶᠢᠰᠢᠯᠠᠭᠤᠯᠤᠨ ᠲᠥᠯᠥᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠪᠠ᠃ ᠪᠦᠭᠦ ᠵᠢᠯ ᠤᠨ ᠬᠦᠦ ᠮᠥᠩᠭᠦ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠪᠠᠷ  50.85 ᠲᠦᠮᠡᠨ ᠰᠤᠷᠤᠬᠴᠢ ︵ᠬᠥᠮᠥᠨ ᠤᠳᠠᠭ᠎ᠠ︶ ᠳᠤ ᠠᠰᠢᠭ ᠬᠦᠷᠲᠡᠭᠡᠵᠦ᠂ ᠬᠦᠦ ᠮᠥᠩᠭᠦ ᠶᠢ ᠬᠡᠯᠲᠦᠷᠢᠭᠦᠯᠦᠭᠰᠡᠨ ᠪᠦᠭᠦ ᠵᠣᠭᠤᠰ ᠤᠨ ᠲᠤᠭ᠎ᠠ ᠨᠢ 8915.63 ᠲᠦᠮᠡᠨ ᠲᠥᠭᠦᠷᠢᠭ ᠲᠤ ᠬᠦᠷᠴᠡᠢ᠃ ᠡᠬᠡ ᠮᠥᠩᠭᠦ ᠶᠢ ᠲᠥᠯᠥᠬᠦ ᠴᠠᠭ ᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠪᠠᠷ 1.15 ᠲᠦᠮᠡᠨ ᠰᠣᠷᠣᠬᠴᠢ ︵ᠬᠥᠮᠥᠨ ᠤᠳᠠᠭ᠎ᠠ︶ ᠳᠤ ᠠᠰᠢᠭ ᠬᠦᠷᠲᠡᠭᠡᠵᠦ᠂ ᠬᠤᠯᠪᠣᠭᠳᠠᠭᠰᠠᠨ ᠵᠣᠭᠤᠰ ᠤᠨ ᠲᠤᠭ᠎ᠠ ᠨᠢ 2876.39 ᠲᠦᠮᠡᠨ ᠲᠥᠭᠦᠷᠢᠭ ᠲᠤ ᠬᠦᠷᠴᠦ᠂ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠢ ᠲᠡᠭᠦᠰᠦᠭᠰᠡᠳ ᠤᠨ ᠠᠵᠢᠯ ᠣᠯᠬᠤ ᠳᠠᠷᠤᠯᠲᠠ ᠶᠢ ᠦᠨᠡᠨ ᠬᠦ ᠬᠥᠩᠭᠡᠷᠡᠭᠦᠯᠪᠡ᠃   
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ