︽ᠦᠶᠤᠸᠠᠨ ᠰᠢᠶᠠᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2023/12/29
      ᠨᠢᠭᠡ᠂ ︽ᠪᠡᠯᠡᠳᠬᠡᠯ ᠲᠥᠰᠥᠯ︾ ᠢ ᠨᠡᠶᠢᠲᠡᠯᠡᠭᠰᠡᠨ ᠠᠬᠤᠢ ᠪᠠᠶᠢᠳᠠᠯ       ︵ᠨᠢᠭᠡ︶ ᠪᠢᠴᠢᠭ ᠮᠠᠲ᠋ᠧᠷᠢᠶᠠᠯ ᠨᠡᠶᠢᠲᠡᠯᠡᠭᠰᠡᠨ ᠰᠢᠯᠲᠠᠭᠠᠨ᠄ ᠰᠢᠶᠠᠨ ᠤ ᠬᠡᠪᠴᠢᠶᠡᠨ ᠳᠤ ᠡᠩ ᠤᠨ ᠴᠢᠨᠠᠷᠲᠠᠢ ᠭᠡᠨᠡᠳᠲᠡ ᠶᠢᠨ ᠬᠡᠷᠡᠭ ᠡᠭᠦᠰᠴᠦ ᠮᠡᠳᠡᠬᠦ ᠪᠠᠶᠢᠳᠠᠯ ᠳᠤ ᠴᠢᠭᠯᠡᠭᠦᠯᠦᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠪᠠ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠳᠤ ᠤᠷᠢᠳᠴᠢᠯᠠᠨ ᠭᠠᠷᠭᠠᠭᠰᠠᠨ ᠨᠠᠷᠢᠨ ᠨᠢᠭᠲᠠ ᠲᠣᠬᠢᠷᠠᠭᠤᠯᠤᠯᠲᠠ ᠪᠣᠯ ᠴᠠᠭ ᠲᠤᠬᠠᠢ ᠳᠤᠨᠢ᠂ ᠡᠮᠬᠢ ᠵᠢᠷᠤᠮ ᠲᠠᠢ ᠪᠠ ᠪᠦᠲᠦᠮᠵᠢᠲᠡᠶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢᠨ ᠠᠵᠢᠯᠯᠠᠭᠠᠨ ᠤ ᠵᠦᠭᠯᠡᠭᠦᠷ ᠪᠣᠯᠣᠨ᠎ᠠ᠃ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠪᠡᠯ ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠭᠤᠷᠪᠠᠨ ᠵᠢᠯ ᠳᠤ ᠨᠢᠭᠡ ᠤᠳᠠᠭ᠎ᠠ ᠵᠠᠰᠠᠪᠤᠷᠢᠯᠠᠨ ᠲᠣᠭᠲᠠᠭᠠᠬᠤ ᠬᠡᠷᠡᠭᠲᠡᠢ ᠂ ︽ ᠦᠶᠤᠸᠠᠨ ᠰᠢᠶᠠᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ︾ ᠢ 2020 ᠣᠨ ᠳᠤ ᠳᠡᠭᠡᠷ᠎ᠡ ᠤᠳᠠᠭ᠎ᠠ ᠵᠠᠰᠠᠪᠤᠷᠢᠯᠠᠨ ᠲᠣᠭᠲᠠᠭᠠᠬᠤ ᠬᠡᠷᠡᠭᠲᠡᠢ ᠃       ︵ᠬᠤᠶᠠᠷ︶ ᠨᠡᠶᠢᠲᠡᠯᠡᠭᠰᠡᠨ ᠪᠢᠴᠢᠭ ᠮᠠᠲᠸᠷᠢᠶᠠᠯ ᠤᠨ ᠦᠨᠳᠦᠰᠦᠯᠡᠯ ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ ︾ ᠂ ︽ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ  ᠤᠨ ᠬᠠᠮᠢᠶᠠᠷᠤᠯᠲᠠ ᠶᠢᠨ ᠠᠷᠭ᠎ᠠ ︾ ᠂ ︽ ᠤᠯᠤᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠥᠯ ︾ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠦ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠥᠯ ︾ ᠂ ︽ ᠪᠠᠶᠠᠨᠨᠠᠭᠤᠷ ᠬᠤᠳᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠥᠯ ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠵᠢᠷᠤᠮᠵᠢᠯ ᠦᠨ ᠴᠢᠨᠠᠷᠲᠠᠢ ᠪᠢᠴᠢᠭ ᠮᠠᠲᠸᠷᠢᠶᠠᠯ  ᠢᠶᠠᠷ ᠦᠨᠳᠦᠰᠦᠯᠡᠯ ᠪᠣᠯᠭᠠᠨ᠎ᠠ ᠃      ᠬᠤᠶᠠᠷ᠂ ︽ᠪᠡᠯᠡᠳᠬᠡᠯ ᠲᠥᠰᠥᠯ︾ ᠢ ᠨᠡᠶᠢᠲᠡᠯᠡᠭᠰᠡᠨ ᠵᠣᠷᠢᠯᠭ᠎ᠠ ᠪᠠ ᠠᠴᠢ ᠬᠤᠯᠪᠣᠭᠳᠠᠯ      ︵ ᠨᠢᠭᠡ ︶ ᠵᠣᠷᠢᠯᠭ᠎ᠠ ᠄ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠪᠠ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ  ᠶᠢ ᠪᠦᠬᠦ ᠲᠠᠯ᠎ᠠ  ᠪᠠᠷ ᠳᠡᠭᠡᠭᠰᠢᠯᠡᠭᠦᠯᠬᠦ ᠶᠢᠨ ᠲᠥᠯᠥᠭᠡ᠂ ᠡᠯ᠎ᠡ ᠲᠦᠷᠦᠯ ᠤᠨ ᠭᠡᠨᠡᠳᠲᠡ ᠶᠢᠨ ᠬᠡᠷᠡᠭ ᠤᠨ ᠬᠤᠣᠷ ᠬᠥᠨᠥᠭᠡᠯ ᠢ ᠪᠦᠲᠦᠮᠵᠢᠲᠡᠶ ᠪᠠᠷ ᠤᠷᠢᠳᠴᠢᠯᠠᠨ ᠰᠡᠷᠭᠡᠶᠢᠯᠡᠵᠦ ᠂ ᠴᠠᠭ ᠲᠤᠬᠠᠢ ᠳᠤᠨᠢ ᠬᠢᠵᠠᠭᠠᠷᠯᠠᠬᠤ ᠪᠠ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠵᠤ ᠂ ᠠᠷᠠᠳ ᠲᠦᠮᠡᠨ ᠤ ᠠᠮᠢ ᠨᠠᠰᠤ ᠂ ᠡᠳ᠋ ᠬᠥᠷᠥᠩᠭᠡ ᠶᠢᠨ ᠠᠮᠤᠷ ᠲᠦᠪᠰᠢᠨ ᠂ ᠨᠡᠶᠢᠭᠡᠮ ᠤᠨ ᠤᠯᠠᠨ ᠨᠡᠶᠢᠲᠡ ᠶᠢᠨ ᠠᠮᠤᠷ ᠲᠦᠪᠰᠢᠨ ᠪᠠ ᠠᠮᠢ ᠠᠬᠤᠢ ᠶᠢᠨ ᠣᠷᠴᠢᠨ ᠨᠥᠬᠦᠴᠡᠯ ᠤᠨ ᠠᠮᠤᠷ ᠲᠦᠪᠰᠢᠨ ᠢ ᠪᠠᠲᠤᠯᠠᠵᠤ ᠂ ᠵᠣᠬᠢᠶᠠᠨ ᠪᠠᠶᠢᠭᠤᠯᠵᠤ ᠵᠢᠯᠤᠭᠤᠳᠬᠤ ᠨᠢ ᠨᠢᠭᠡᠳᠦᠯᠲᠡᠢ ᠂ ᠬᠤᠯᠪᠤᠭᠠᠯᠠᠨ ᠬᠥᠳᠡᠯᠦᠯᠴᠡᠬᠦ ᠲᠣᠭᠲᠠᠴᠠ ᠨᠢ ᠡᠮᠬᠢ ᠵᠢᠷᠤᠮ ᠲᠠᠢ ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ ᠰᠢᠨᠵᠢᠯᠡᠬᠦ ᠤᠬᠠᠭᠠᠨᠴᠢ ᠪᠥᠭᠡᠳ ᠵᠥᠪ ᠣᠨᠣᠪᠴᠢᠲᠠᠶ ᠂ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠨᠢ ᠥᠨᠳᠥᠷ ᠪᠦᠲᠦᠮᠵᠢᠲᠡᠶ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ ᠃      ︵ᠬᠤᠶᠠᠷ︶ ᠠᠴᠢ ᠬᠤᠯᠪᠣᠭᠳᠠᠯ᠄ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠪᠠ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠬᠤᠣᠷ ᠬᠥᠨᠥᠭᠡᠯ ᠢ ᠪᠦᠲᠦᠮᠵᠢᠲᠡᠶ ᠤᠷᠢᠳᠴᠢᠯᠠᠨ ᠰᠡᠷᠭᠡᠶᠢᠯᠡᠵᠦ᠂ ᠴᠠᠭ ᠲᠤᠬᠠᠢ ᠳᠤᠨᠢ ᠡᠵᠡᠮᠳᠡᠬᠦ ᠪᠠ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠵᠤ᠂ ᠠᠷᠠᠳ ᠲᠦᠮᠡᠨ ᠤ ᠠᠮᠢ ᠨᠠᠰᠤ᠂ ᠡᠳ᠋ ᠬᠥᠷᠥᠩᠭᠡ ᠶᠢᠨ ᠠᠮᠤᠷ ᠲᠦᠪᠰᠢᠨ᠂ ᠨᠡᠶᠢᠭᠡᠮ ᠤᠨ ᠣᠯᠠᠨ ᠨᠡᠶᠢᠲᠡ ᠶᠢᠨ ᠠᠮᠤᠷ ᠲᠦᠪᠰᠢᠨ ᠪᠠ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠪᠠᠲᠤᠯᠠᠨ᠎ᠠ᠃      ᠭᠤᠷᠪᠠ ᠂ ︽ ᠪᠡᠯᠡᠳᠬᠡᠯ ᠲᠥᠰᠥᠯ ︾ ᠢ ᠭᠦᠢᠴᠡᠳᠬᠡᠬᠦ ᠬᠤᠯᠪᠣᠭᠳᠠᠯ ᠪᠦᠬᠦᠢ ᠱᠠᠭᠠᠷᠳᠠᠯᠭ᠎ᠠ      ᠨᠢᠭᠡ ᠳᠤ ᠂ ᠭᠦᠢᠴᠡᠳᠬᠡᠬᠦ ᠬᠦᠷᠢᠶ᠎ᠡ ᠬᠡᠪᠴᠢᠶ᠎ᠡ ᠨᠢ ᠦᠶᠤᠸᠠᠨ ᠰᠢᠶᠠᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠳᠣᠲᠣᠷ᠎ᠠ ᠪᠣᠯᠣᠨ᠎ᠠ ᠃ ᠬᠤᠶᠠᠷ ᠲᠤ ᠂ ︽ᠪᠡᠯᠡᠳᠬᠡᠯ ᠲᠥᠰᠥᠯ ︾  ᠳᠤ ᠵᠠᠰᠠᠪᠤᠷᠢ ᠣᠷᠣᠭᠤᠯᠬᠤ ᠳᠠᠭᠠᠨ ᠲᠦᠷᠦ ᠶᠢᠨ ᠶᠠᠪᠤᠳᠠᠯ ᠤᠨ ᠬᠤᠷᠢᠶᠠᠨ ᠤ ︽ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ ︾ ᠶᠢᠨ ᠶᠣᠰᠣᠭᠠᠷ ᠬᠡᠷᠡᠭᠵᠢᠭᠦᠯᠪᠡ ᠃      ᠳᠥᠷᠪᠡ᠂ ᠵᠠᠩᠭᠢᠯᠠᠭ᠎ᠠ ᠶᠢᠨ ᠦᠭᠡ ᠶᠢᠨ ᠲᠠᠶᠢᠯᠪᠤᠷᠢ᠄      ᠲᠤᠰ ᠪᠡᠯᠡᠳᠬᠡᠯ ᠲᠥᠰᠥᠯ ᠳᠤ ᠬᠡᠯᠡᠵᠦ ᠪᠠᠶᠢᠭ᠎ᠠ ᠪᠣᠯ ᠭᠡᠨᠡᠳᠲᠡ ᠪᠠᠷ ᠡᠭᠦᠰᠦᠭᠰᠡᠨ ᠂ ᠬᠦᠨᠳᠦ ᠶᠡᠭᠡ ᠬᠥᠮᠥᠨ ᠬᠠᠷ᠎ᠠ ᠦᠬᠦᠵᠦ ᠰᠢᠷᠬᠠᠲᠤᠭᠰᠠᠨ ᠂ ᠡᠳ᠋ ᠬᠥᠷᠥᠩᠭᠡ ᠬᠤᠬᠢᠷᠠᠭᠰᠠᠨ ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠪᠠ ᠨᠡᠶᠢᠭᠡᠮ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠤᠭᠰᠠᠨ ᠂ ᠤᠯᠠᠨ ᠨᠡᠶᠢᠲᠡ ᠶᠢᠨ ᠠᠮᠤᠷ ᠲᠦᠪᠰᠢᠨ ᠳᠤ ᠠᠶᠤᠯ ᠬᠥᠨᠥᠭᠡᠯ ᠤᠴᠠᠷᠠᠭᠤᠯᠤᠭᠰᠠᠨ ᠪᠤᠶᠤ ᠤᠴᠠᠷᠠᠭᠤᠯᠵᠤ ᠮᠡᠳᠡᠬᠦ ᠪᠠᠴᠢᠮ ᠬᠡᠷᠡᠭ ᠢ ᠵᠢᠭᠠᠵᠤ ᠪᠠᠶᠢᠨ᠎ᠠ ᠃      ᠭᠡᠨᠡᠳᠲᠡ ᠶᠢᠨ ᠬᠡᠷᠡᠭ ᠤᠨ ᠡᠭᠦᠰᠦᠭᠰᠡᠨ ᠶᠠᠪᠤᠴᠠ ᠂ ᠰᠢᠨᠵᠢ ᠴᠢᠨᠠᠷ ᠪᠠ ᠵᠢᠮ᠎ᠡ ᠶᠣᠰᠣ ᠶᠢ ᠦᠨᠳᠦᠰᠦᠯᠡᠨ᠂ ᠭᠡᠨᠡᠳᠲᠡ ᠶᠢᠨ ᠬᠡᠷᠡᠭ ᠢ ᠭᠤᠣᠯᠳᠠᠭᠤ ᠳᠣᠣᠷᠠᠬᠢ ᠮᠡᠲᠦ ᠲᠦᠷᠪᠡᠨ ᠲᠦᠷᠦᠯ ᠳᠤ ᠬᠤᠪᠢᠶᠠᠨ᠎ᠠ ᠄       ⑴ᠪᠠᠶᠢᠭᠠᠯᠢ ᠶᠢᠨ ᠭᠠᠮᠰᠢᠭ ᠃ ᠡᠭᠦᠨ ᠳᠤ ᠭᠤᠣᠯᠳᠠᠭᠤ ᠤᠰᠤ ᠭᠠᠩ ᠤᠨ ᠭᠠᠮᠰᠢᠭ᠂ ᠴᠠᠭ ᠠᠭᠤᠷ ᠤᠨ ᠭᠠᠮᠰᠢᠭ ᠂ ᠭᠠᠵᠠᠷ ᠬᠥᠳᠡᠯᠦᠯᠲᠡ ᠶᠢᠨ ᠭᠠᠮᠰᠢᠭ᠂ ᠭᠠᠵᠠᠷ ᠤᠨ ᠭᠠᠮᠰᠢᠭ ᠂ ᠠᠮᠢᠳᠤ ᠪᠣᠳᠠᠰ ᠤᠨ ᠭᠠᠮᠰᠢᠭ ᠪᠠ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠵᠡᠷᠭᠡ ᠪᠠᠭᠲᠠᠨ᠎ᠠ ᠃      ︵2︶ ᠡ᠊ᠨᠳᠡᠯ ᠤᠨ ᠭᠠᠢ ᠭᠠᠮᠰᠢᠭ ᠃ ᠡᠭᠦᠨ ᠳᠤ ᠭᠤᠣᠯᠳᠠᠭᠤ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ ᠵᠡᠷᠭᠡ ᠠᠵᠤ ᠠᠬᠤᠶᠢᠯᠠᠯ ᠤᠨ ᠡᠯ᠎ᠡ ᠵᠦᠢᠯ ᠤᠨ ᠠᠶᠤᠯᠭᠦᠢ ᠶᠢᠨ ᠡ᠊ᠨᠳᠡᠯ ᠂ ᠵᠠᠮ ᠲᠡᠭᠡᠭᠡᠪᠦᠷᠢ ᠶᠢᠨ ᠡ᠊ᠨᠳᠡᠯ ᠂ ᠤᠯᠠᠨ ᠨᠡᠶᠢᠲᠡ ᠶᠢᠨ ᠲᠥᠬᠦᠭᠡᠷᠦᠮᠵᠢ ᠪᠠ ᠲᠥᠬᠦᠭᠡᠷᠦᠮᠵᠢ ᠶᠢᠨ ᠡ᠊ᠨᠳᠡᠯ ᠂ ᠰᠠᠴᠤᠷᠠᠭ ᠤᠨ ᠡ᠊ᠨᠳᠡᠯ ᠂ ᠣᠷᠴᠢᠨ ᠠᠬᠤᠢ ᠶᠢᠨ ᠪᠣᠬᠢᠷᠲᠤᠯ ᠪᠠ ᠠᠮᠢ ᠠᠬᠤᠢ ᠶᠢᠨ ᠡᠪᠳᠡᠭᠳᠡᠯ ᠤᠨ ᠬᠡᠷᠡᠭ ᠪᠠᠭᠲᠠᠨ᠎ᠠ ᠃      ︵3︶ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠃ ᠡᠭᠦᠨ ᠳᠤ ᠭᠤᠣᠯᠳᠠᠭᠤ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠂ ᠰᠢᠯᠲᠠᠭᠠᠨ ᠨᠢ ᠲᠣᠳᠣᠷᠬᠠᠢ ᠦᠭᠡᠢ ᠬᠠᠮᠲᠤᠯᠢᠭ ᠤᠨ ᠴᠢᠨᠠᠷᠲᠠᠢ ᠡᠪᠡᠳᠴᠢᠨ ᠂ ᠢᠳᠡᠭᠡᠨ ᠤ ᠠᠮᠤᠷ ᠲᠦᠪᠰᠢᠨ ᠪᠠ ᠠᠵᠢᠯ ᠮᠡᠷᠭᠡᠵᠢᠯ ᠤᠨ ᠬᠤᠣᠷ ᠬᠥᠨᠥᠭᠡᠯ ᠂ ᠠᠮᠢᠲᠠᠨ ᠤ ᠬᠢᠵᠢᠭ ᠤᠨ ᠪᠠᠶᠢᠳᠠᠯ ᠵᠢᠴᠢ ᠤᠯᠠᠨ ᠨᠡᠶᠢᠲᠡ ᠶᠢᠨ ᠡᠷᠡᠭᠦᠯ ᠮᠡᠨᠳᠤ ᠪᠠ ᠠᠮᠢ ᠨᠠᠰᠤᠨ ᠤ ᠠᠮᠤᠷ ᠲᠦᠪᠰᠢᠨ ᠢ ᠬᠦᠨᠳᠦ ᠨᠣᠴᠢᠲᠠᠢ ᠨᠥᠯᠥᠭᠡᠯᠡᠭᠰᠡᠨ ᠪᠤᠰᠤᠳ ᠬᠡᠷᠡᠭ ᠪᠠᠭᠲᠠᠨ᠎ᠠ ᠃       ︵4︶ ᠨᠡᠶᠢᠭᠡᠮ ᠤᠨ ᠠᠮᠤᠷ ᠲᠦᠪᠰᠢᠨ ᠤ ᠬᠡᠷᠡᠭ ᠃ ᠡᠭᠦᠨ ᠳᠤ ᠭᠤᠣᠯᠳᠠᠭᠤ ᠰᠦᠷᠳᠡᠭᠦᠯᠦᠯ ᠤᠨ ᠳᠠᠭᠠᠷᠢᠯᠲᠠ ᠶᠢᠨ ᠬᠡᠷᠡᠭ᠂ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠂ ᠠᠵᠤ ᠠᠬᠤᠢ ᠶᠢᠨ ᠠᠮᠤᠷ ᠲᠦᠪᠰᠢᠨ ᠤ ᠬᠡᠷᠡᠭ ᠂ ᠭᠠᠳᠠᠭᠠᠳᠤ ᠲᠠᠢ ᠬᠤᠯᠪᠣᠭᠳᠠᠭᠰᠠᠨ ᠭᠡᠨᠡᠳᠲᠡ ᠶᠢᠨ ᠬᠡᠷᠡᠭ ᠪᠠ ᠬᠠᠮᠲᠤᠯᠢᠭ ᠤᠨ ᠴᠢᠨᠠᠷᠲᠠᠢ ᠬᠡᠷᠡᠭ ᠵᠡᠷᠭᠡ ᠪᠠᠭᠲᠠᠨ᠎ᠠ ᠃   
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ