ᠦᠶᠤᠸᠠᠨ ᠰᠢᠶᠠᠨ ᠤ 2022 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ
ᠨᠡᠶᠢᠲᠡᠯᠡᠭᠰᠡᠨ ᠴᠠᠭ᠄
2023/2/21
      2022 ᠣᠨ ᠳᠤ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠶᠠᠨ ᠤ ᠵᠠᠰᠠᠭ ᠤᠨ ᠣᠷᠳᠣᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ  ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠰᠢᠶᠠᠨ ᠤ ᠨᠠᠮ ᠤᠨ ᠬᠤᠷᠢᠶ᠎ᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠤᠬᠠᠢ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃      ᠨᠢᠭᠡ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ      ︵ᠨᠢᠭᠡ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ      ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠣᠯ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢᠨ ᠴᠢᠬᠤᠯᠠ ᠭᠤᠭᠴᠤᠭ᠎ᠠ ᠮᠥᠨ᠂ ᠵᠠᠰᠠᠭ ᠵᠠᠬᠢᠷᠭᠠᠨ ᠤ ᠡᠷᠬᠡ ᠶᠢ ᠵᠢᠷᠤᠮᠵᠢᠭᠤᠯᠤᠨ ᠬᠢᠵᠠᠭᠠᠷᠯᠠᠬᠤ᠂ ᠬᠥᠮᠥᠨ ᠤ ᠡᠷᠬᠡ ᠶᠢ ᠬᠦᠨᠳᠦᠳᠬᠡᠨ ᠪᠠᠲᠤᠯᠠᠬᠤ᠂ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ ᠤᠯᠤᠰ ᠣᠷᠣᠨ ᠤ ᠥᠨᠢ ᠤᠳᠠᠭᠠᠨ ᠤ ᠠᠮᠤᠷ ᠲᠦᠪᠰᠢᠨ ᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠲᠠᠯ᠎ᠠ ᠪᠠᠷ ᠪᠠᠶᠢᠷᠢᠯᠠᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠶᠢᠨ ᠦᠶᠤᠸᠠᠨ ᠰᠢᠶᠠᠨ ᠤ ᠵᠠᠰᠠᠭ ᠤᠨ ᠣᠷᠳᠣᠨ ᠨᠢ ᠰᠢᠶᠠᠨ ᠤ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠰᠢᠶᠠᠨ ᠤ ᠳᠡᠳ᠋ ᠳᠠᠷᠤᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠢᠶᠠᠷ ᠪᠦᠷᠢᠯᠳᠦᠭᠦᠨ ᠪᠣᠯᠭᠠᠭᠰᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠠᠤᠯᠢ ᠴᠠᠭᠠᠵᠠ ᠶᠢᠨ ᠲᠣᠪᠴᠢᠶ᠎ᠠ ᠳᠤ ᠭᠠᠷᠭᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠳᠦᠷ ᠲᠤᠳᠤᠮ ᠤᠨ ᠬᠡᠷᠡᠭ ᠶᠠᠪᠤᠳᠠᠯ ᠢ ᠬᠠᠷᠢᠭᠤᠴᠠᠭᠤᠯᠪᠠ᠃      ︵ᠬᠤᠶᠠᠷ︶ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ      ᠡᠨᠡ ᠵᠢᠯ ᠤᠨ 2 ᠰᠠᠷ᠎ᠠ ᠠᠴᠠ 3 ᠰᠠᠷ᠎ᠠ ᠶᠢᠨ ᠰᠡᠭᠦᠯᠴᠢ ᠪᠣᠯᠲᠠᠯ᠎ᠠ ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ︽ᠬᠤᠷᠢᠳᠤᠭᠠᠷ ᠶᠡᠭᠡ ᠬᠤᠷᠠᠯ ᠢ ᠤᠭᠲᠤᠬᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ︾ ᠶᠡᠭᠡ ᠶᠠᠷᠢᠯᠴᠠᠬᠤ ᠠᠵᠢᠯᠯᠠᠭ᠎ᠠ ᠥᠷᠨᠢᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ 529 ᠺᠠᠳ᠋ᠷ ᠪᠦᠬᠦ ᠠᠵᠢᠯᠲᠠᠳ ᠢ ᠣᠷᠣᠯᠴᠠᠭᠤᠯᠬᠤ᠂ ᠲᠥᠪᠯᠡᠷᠡᠭᠦᠯᠦᠨ ᠰᠤᠷᠤᠯᠴᠠᠬᠤ᠂ ᠰᠤᠳᠤᠯᠤᠨ ᠶᠠᠷᠢᠯᠴᠠᠵᠤ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠭᠤᠷᠪᠠᠨ ᠱᠠᠲᠤ ᠦᠶ᠎ᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ᠨᠢᠭᠡ ᠳᠤ᠂ ︽ᠶᠡᠬᠡᠪᠡᠷ ᠶᠠᠷᠢᠯᠴᠠᠬᠤ ᠠᠵᠢᠯᠯᠠᠭ᠎ᠠ︾ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ︽ᠨᠢᠭᠡᠳᠦᠭᠡᠷ ᠭᠠᠷ︾ ᠤᠨ ᠢᠨᠵᠧᠨᠧᠷᠢᠩ ᠪᠣᠯᠭᠠᠨ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠡᠯ᠎ᠡ ᠤᠯᠤᠰ ᠲᠦᠷᠦ ᠬᠠᠤᠯᠢ ᠴᠠᠭᠠᠵᠠ ᠶᠢᠨ ᠨᠢᠭᠡᠴᠢ ᠳᠤ ᠴᠥᠮ ︽ᠱᠦᠵᠢ︾ ᠬᠠᠷᠢᠭᠤᠴᠠᠬᠤ᠂ ᠲᠤᠰᠬᠠᠢ ᠠᠩᠭᠢ ᠪᠠᠷ ᠠᠵᠢᠯᠯᠠᠭᠤᠯᠬᠤ ᠳᠦᠷᠢᠮ ᠢ ᠬᠡᠷᠡᠭᠵᠢᠭᠦᠯᠪᠡ᠃ ᠬᠤᠶᠠᠷ ᠲᠤ ᠂ ᠰᠠᠯᠠᠭ᠎ᠠ ᠶᠢᠨ ᠲᠡᠰ ᠤᠨ ᠺᠠᠳ᠋ᠷ ᠤᠨ ︽ᠶᠡᠭᠡ ᠰᠤᠷᠤᠯᠴᠠᠯᠭ᠎ᠠ︾᠂ ᠡᠩ ᠤᠨ ᠨᠠᠮ ᠤᠨ ᠭᠡᠰᠢᠭᠦᠨ ᠤ ︽ᠶᠡᠭᠡ ᠡᠭᠡᠯᠵᠢᠯᠡᠨ ᠪᠣᠯᠪᠠᠰᠤᠷᠠᠭᠤᠯᠬᠤ︾᠂ ᠡᠮᠦᠨ᠎ᠡ ᠹᠷᠣᠨᠲ ᠤᠨ ᠺᠠᠳ᠋ᠷ ᠴᠠᠭᠳᠠᠭ᠎ᠠ ᠶᠢᠨ ︽ᠶᠡᠭᠡ ᠪᠣᠯᠪᠠᠰᠤᠷᠠᠯ︾ ᠤᠨ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠡᠯ᠎ᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ︽ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾᠂ ︽ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠴᠢᠨᠠᠭᠰᠢᠳᠠ ᠰᠢᠯᠢᠳᠡᠭᠵᠢᠭᠦᠯᠬᠦ ᠲᠤᠬᠠᠢ ᠲᠣᠭᠲᠠᠭᠠᠯ︾ ᠵᠡᠷᠭᠡ ᠬᠠᠤᠯᠢ ᠲᠣᠭᠲᠠᠭᠠᠯ ᠪᠣᠯᠣᠨ ᠲᠦᠷᠦ ᠶᠢᠨ ᠪᠣᠳᠣᠯᠭ᠎ᠠ ᠶᠢᠨ ᠪᠢᠴᠢᠭ ᠮᠠᠲ᠋ᠥᠷᠢᠶᠠᠯ ᠢ ᠭᠦᠨᠵᠡᠭᠡᠢ ᠰᠤᠷᠤᠯᠴᠠᠭᠤᠯᠤᠨ᠎ᠠ᠃ ᠭᠤᠷᠪᠠ ᠳᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠨ ᠮᠡᠳᠡᠭᠳᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠭᠤᠣᠯᠳᠠᠯᠭ᠎ᠠ ᠪᠣᠯᠭᠠᠨ᠂ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠰᠤᠷᠤᠯᠴᠠᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠬᠦ ᠶᠢ ᠢᠳᠡᠪᠬᠢᠲᠡᠢ ᠥᠷᠨᠢᠭᠦᠯᠦᠨ᠎ᠡ᠃ ᠡᠯ᠎ᠡ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠬᠢᠨ ᠲᠤᠰ ᠰᠢᠶᠠᠨ ᠤ ᠪᠠᠨ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠭᠰᠡᠨ ᠵᠥᠪ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ 3 ᠬᠤᠪᠢ ᠡᠮᠬᠢᠯᠡᠵᠦ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠡᠪᠳᠡᠭᠰᠡᠨ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ 1 ᠬᠤᠪᠢ ᠡᠮᠬᠢᠯᠡᠵᠦ᠂ ᠴᠡᠭ ᠢᠶᠠᠷ ᠨᠡᠶᠢᠳᠡᠮ ᠢ ᠳᠠᠶᠢᠴᠢᠯᠠᠵᠤ ᠦᠶᠤᠸᠠᠨ ᠰᠢᠶᠠᠨ ᠤ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠤ ᠲᠦᠪᠰᠢᠨ ᠢ ᠳᠡᠭᠡᠭᠰᠢᠯᠡᠭᠦᠯᠪᠡ᠃      ︵ᠭᠤᠷᠪᠠ︶ ᠲᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ      ᠨᠢᠭᠡ ᠳᠤ᠂ ︽ ᠮᠥᠩᠬᠡ ᠰᠤᠪᠠᠭ ·  ᠲᠦᠷᠭᠡᠨ ᠭᠦᠢᠴᠡᠳᠬᠡᠬᠦ ︾ ᠤᠨ ᠠᠵᠢᠯ ᠢ ᠰᠢᠯᠢᠳᠡᠭᠵᠢᠭᠦᠯᠵᠦ᠂ ︽ ᠮᠥᠩᠬᠡ ᠰᠤᠪᠠᠭ ︾ ᠤᠨ APP ᠶᠢ ᠶᠡᠬᠡᠪᠡᠷ ᠳᠡᠯᠭᠡᠷᠡᠭᠦᠯᠦᠨ ᠬᠡᠷᠡᠭᠯᠡᠨ᠎ᠡ᠃ ᠣᠳᠣᠬᠠᠨ ᠳᠤ ᠦᠶᠤᠸᠠᠨ ᠰᠢᠶᠠᠨ ᠨᠢᠭᠡᠨᠲᠡ 33 ᠣᠨᠴᠠᠯᠢᠭᠲᠤ ᠬᠡᠷᠡᠭᠯᠡᠭᠡᠨ ᠤ ︽ᠮᠥᠩᠬᠡ ᠰᠤᠪᠠᠭ ︾ ᠤᠨ APP ᠶᠢ ᠵᠠᠯᠭᠠᠨ ᠣᠷᠣᠭᠤᠯᠵᠤ᠂ ᠨᠡᠶᠢᠲᠡ 401.58 ᠲᠦᠮᠡᠨ ᠬᠥᠮᠥᠨ ᠤᠳᠠᠭ᠎ᠠ ᠳᠤ ᠠᠶᠢᠯᠴᠢᠯᠠᠵᠠᠢ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠶᠡᠬᠡᠪᠡᠷ ᠬᠥᠭᠵᠢᠭᠦᠯᠵᠦ᠂ ︽ᠨᠢᠭᠡ ᠤᠴᠢᠷ ᠢ ᠨᠢᠭᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ︽ ᠮᠥᠩᠬᠡ ᠰᠤᠪᠠᠭ · ᠨᠢᠭᠡ ᠤᠳᠠᠭ᠎ᠠ ᠳᠤ ᠭᠦᠢᠴᠡᠳᠬᠡᠬᠦ︾ 105 ᠵᠦᠢᠯ ᠢ ᠡᠮᠬᠢᠯᠡᠨ ᠳᠢᠭᠯᠡᠵᠦ᠂ ᠡᠭᠦᠨ ᠤ ᠳᠣᠲᠣᠷᠠᠬᠢ 26 ᠵᠦᠢᠯ ᠤᠨ ︽ ᠮᠥᠩᠬᠡ ᠰᠤᠪᠠᠭ · ᠨᠢᠭᠡ ᠤᠳᠠᠭ᠎ᠠ ᠳᠤ ᠭᠦᠢᠴᠡᠳᠬᠡᠬᠦ︾ ᠵᠦᠢᠯᠡᠰ ᠢ ᠰᠤᠮᠤ ᠪᠠᠯᠭᠠᠰᠤᠨ ᠳᠤ ᠬᠦᠷᠲᠡᠯ᠎ᠡ ᠦᠷᠭᠦᠯᠵᠢᠯᠡᠭᠦᠯᠦᠨ ᠭᠦᠢᠴᠡᠳᠬᠡᠵᠦ᠂ ᠪᠥᠬᠦ ᠰᠢᠶᠠᠨ ᠢᠶᠠᠷ ᠢᠶᠠᠨ ᠨᠡᠶᠢᠲᠡ 18347 ᠵᠦᠢᠯ ᠢ ᠭᠦᠢᠴᠡᠳᠬᠡᠪᠡ᠃ ᠬᠤᠶᠠᠷ ᠲᠤ ᠡᠯᠧᠺᠲᠷᠣᠨ ᠲᠠᠮᠠᠭ᠎ᠠ᠂ ᠡᠯᠧᠺᠲᠷᠣᠨ ᠭᠠᠷ ᠤᠨ ᠦᠰᠦᠭ  ᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠣᠳᠣᠬᠠᠨ ᠳᠤ ᠰᠢᠶᠠᠨ ᠤ ᠲᠣᠰ ᠱᠠᠲᠤᠨ ᠤ ᠬᠢᠨ ᠨᠡᠶᠢᠲᠡ 49 ᠡᠯᠧᠺᠲᠷᠣᠨ ᠭᠡᠷᠡᠴᠢ ᠦᠨᠡᠮᠯᠡᠯ  ᠢ ᠲᠠᠨᠢᠵᠤ᠂ 26 ᠲᠦᠮᠡᠨ ᠬᠤᠪᠢ ᠭᠠᠷ ᠤᠨ ᠥᠰᠥᠭ ᠵᠢᠷᠤᠵᠤ ᠲᠠᠮᠠᠭ᠎ᠠ ᠳᠠᠷᠤᠭᠰᠠᠨ ᠪᠠᠶᠢᠨ᠎ᠠ᠃ ᠭᠤᠷᠪᠠ ᠳᠤ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠠᠵᠢᠯ ᠢ ᠦᠷᠭᠦᠯᠵᠢᠯᠡᠨ ᠠᠬᠢᠭᠤᠯᠵᠤ᠂ 32 ᠨᠢᠭᠡᠴᠡ ᠶᠢ ᠪᠠᠭᠲᠠᠭᠠᠭᠰᠠᠨ 28 ᠬᠥᠮᠥᠨ ᠢᠶᠠᠷ ᠬᠠᠪᠰᠤᠷᠤᠨ ᠭᠦᠢᠴᠡᠳᠬᠡᠬᠦ ᠡᠩᠨᠡᠭᠡ ᠶᠢ ᠪᠦᠷᠢᠯᠳᠦᠭᠦᠯᠵᠦ᠂ 30 ᠵᠦᠢᠯ ᠤᠨ ᠴᠢᠬᠤᠯᠠ ᠶᠡᠭᠡ ᠲᠥᠷᠥᠯ ᠵᠦᠢᠯ ᠢ ᠮᠥᠷᠳᠡᠨ ᠦᠢᠯᠡᠴᠢᠯᠡᠵᠦ᠂ ᠨᠡᠶᠢᠲᠡ 46 ᠠᠵᠤ ᠠᠬᠤᠶᠢᠯᠠᠯ ᠳᠤ 116 ᠬᠠᠪᠰᠤᠷᠤᠨ ᠭᠦᠢᠴᠡᠳᠬᠡᠬᠦ ᠵᠦᠢᠯᠡᠰ ᠢ ᠭᠦᠢᠴᠡᠳᠬᠡᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ︽ᠨᠢᠭᠡᠳᠦᠭᠡᠷ ᠨᠣᠮᠧᠷᠲᠤ ᠳᠠᠭᠠᠵᠤ ᠬᠢᠬᠦ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠰᠢᠢᠳᠪᠦᠷᠢᠯᠡᠬᠦ︾ ᠶᠢ ᠬᠡᠷᠡᠭᠵᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠠᠢ ᠬᠤᠯᠪᠤᠭᠠᠯᠠᠨ ᠬᠥᠳᠡᠯᠦᠯᠴᠡᠬᠦ ᠪᠠᠷ ᠳᠠᠮᠵᠢᠭᠤᠯᠤᠨ᠂ ᠲᠠᠷᠬᠠᠭᠠᠬᠤ ᠳᠤ ᠪᠡᠷᠬᠡᠲᠡᠢ᠂ ᠬᠠᠷᠢᠯᠴᠠᠨ ᠲᠦᠯᠬᠢᠯᠴᠡᠬᠦ ᠵᠡᠷᠭᠡ 28 ᠠᠵᠢᠯ ᠤᠨ ᠬᠠᠭᠤᠳᠠᠰᠤ ᠶᠢ ᠰᠢᠪᠠᠳᠠᠨ ᠰᠢᠢᠳᠪᠦᠷᠢᠯᠡᠭᠦᠯᠪᠡ᠃ ᠳᠥᠷᠪᠡ ᠳᠤ᠂ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠰᠢᠶᠠᠨ ᠤ ᠳᠣᠲᠣᠷᠠᠬᠢ 30 ᠠᠵᠤ ᠠᠬᠤᠶᠢᠯᠠᠯ ᠲᠠᠢ ᠬᠠᠷᠢᠯᠴᠠᠨ ᠦᠢᠯᠡᠴᠢᠯᠡᠵᠦ᠂ 36 ᠵᠦᠢᠯ ᠤᠨ ᠦᠢᠯᠡᠴᠢᠯᠡᠭᠡᠨ ᠤ ᠬᠡᠷᠡᠭᠴᠡᠭᠡ ᠶᠢ ᠨᠢᠭᠤᠷᠳᠠᠨ ᠴᠤᠭᠯᠠᠭᠤᠯᠵᠤ᠂ 34 ᠵᠦᠢᠯ ᠤᠨ ᠬᠠᠤᠯᠢ ᠴᠠᠭᠠᠵᠠ ᠶᠢᠨ ᠰᠠᠨᠠᠭᠤᠯᠭ᠎ᠠ ᠶᠢ ᠦᠨᠡᠨ ᠪᠣᠳᠠᠲᠠᠢ ᠪᠠᠷ ᠳᠤᠷᠠᠳᠤᠨ ᠭᠠᠷᠭᠠᠭᠰᠠᠨ ᠪᠠ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃      ︵ᠳᠥᠷᠪᠡ︶ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠲᠦᠪᠰᠢᠨ ᠢ ᠤᠯᠠᠮ ᠨᠢᠭᠡ ᠠᠯᠬᠤᠮ      ᠨᠢᠭᠡ ᠳᠤ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ︾ ᠤᠨ ᠲᠣᠭᠲᠠᠭᠠᠯ ᠢ ᠴᠢᠩᠭ᠎ᠠ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠢ ᠪᠠᠲᠤᠯᠠᠨ᠎ᠠ᠃ ᠬᠠᠤᠯᠢ ᠪᠠᠷᠢᠬᠤ᠂ ᠬᠢᠨᠠᠨ ᠪᠤᠳᠤᠬᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠲᠣᠭᠲᠠᠮᠠᠯ ᠰᠤᠯᠠ ᠣᠷᠤᠯᠴᠠᠬᠤ ᠶᠢ ᠲᠣᠳᠣᠷᠬᠠᠶᠢᠯᠠᠵᠤ᠂ ᠵᠠᠰᠠᠭ ᠤᠨ ᠣᠷᠳᠣᠨ ᠤ ᠠᠵᠢᠯ ᠤᠨ ᠳᠦᠷᠢᠮᠵᠢᠬᠦ᠂ ᠵᠢᠷᠤᠮᠵᠢᠬᠤ᠂ ᠬᠠᠤᠯᠢ ᠪᠠᠷ ᠵᠠᠰᠠᠬᠤ ᠶᠢ ᠠᠬᠢᠭᠤᠯᠤᠨ᠎ᠠ᠃ ᠬᠤᠶᠠᠷ ᠲᠤ᠂ ᠬᠠᠤᠯᠢ ᠴᠠᠭᠠᠵᠠ ᠶᠢᠨ ᠵᠥᠪᠯᠡᠭᠴᠢ ᠪᠠ ᠠᠯᠪᠠᠨ ᠲᠤᠰᠢᠶᠠᠯᠲᠤ ᠬᠠᠤᠯᠢᠴᠢ ᠶᠢᠨ ᠳᠦᠷᠢᠮ ᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠪᠦᠯᠬᠦᠮ ᠢ ᠤᠷᠢᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠴᠢᠬᠤᠯᠠ ᠶᠡᠭᠡ ᠭᠡᠷ᠎ᠡ᠂ ᠴᠢᠬᠤᠯᠠ ᠬᠡᠯᠡᠯᠴᠡᠭᠡᠷ ᠤᠨ ᠬᠠᠤᠯᠢ ᠶᠣᠰᠣᠨ ᠤ ᠬᠢᠨᠠᠨ ᠪᠠᠶᠢᠴᠠᠭᠠᠯᠲᠠ ᠳᠤᠮᠳᠠ ᠬᠠᠤᠯᠢ ᠴᠠᠭᠠᠵᠠ ᠶᠢᠨ ᠵᠥᠪᠯᠡᠭᠴᠢ ᠶᠢᠨ ᠰᠠᠨᠠᠯ ᠰᠠᠨᠠᠭᠤᠯᠭ᠎ᠠ ᠶᠢ ᠰᠣᠨᠣᠰᠴᠤ᠂ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠠᠵᠢᠯ ᠳᠤ ᠣᠷᠣᠯᠴᠠᠨ᠎ᠠ᠃ ᠭᠤᠷᠪᠠ ᠳᠤ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠯᠠᠪᠳᠠᠭᠤᠨ ᠪᠠᠲᠤᠲᠠᠶᠣᠳᠣᠬᠠᠨ ᠪᠣᠯᠲᠠᠯ᠎ᠠ᠂ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠲᠣᠭᠲᠠᠭᠠᠨ ᠲᠠᠷᠬᠠᠭᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠨᠡᠶᠢᠲᠡ 5 ᠬᠤᠪᠢ ᠬᠢᠨᠠᠨ ᠬᠠᠷᠭᠤᠭᠤᠯᠵᠤ᠂ ᠵᠢᠭᠠᠪᠤᠷᠢ ᠠᠪᠬᠤ ᠲᠥᠷᠥᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ 18 ᠬᠤᠪᠢ ᠬᠢᠨᠠᠨ ᠪᠠᠶᠢᠴᠠᠭᠠᠵᠤ᠂ ︽ᠮᠠᠲ᠋ᠧᠷᠢᠶᠠᠯ ᠪᠠᠶᠢᠪᠠᠯ ᠵᠠᠪᠠᠯ ᠪᠡᠯᠡᠳᠬᠡᠬᠦ᠂ ᠪᠡᠯᠡᠳᠬᠡᠯ ᠪᠠᠶᠢᠪᠠᠯ ᠵᠠᠪᠠᠯ ᠬᠢᠨᠠᠬᠤ︾ ᠶᠢ ᠪᠡᠶᠡᠯᠡᠭᠦᠯᠵᠦ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠢ ᠴᠢᠩᠭᠠᠳᠬᠠᠪᠠ᠃ ᠳᠥᠷᠪᠡ ᠳᠤ᠂ ᠬᠠᠤᠯᠢ ᠬᠡᠷᠡᠭᠵᠢᠭᠦᠯᠬᠦ ᠪᠡᠶᠡᠴᠢ ᠴᠣᠭᠴᠠ ᠶᠢ ᠬᠠᠤᠯᠢ ᠶᠣᠰᠣᠭᠠᠷ ᠢᠯᠭᠠᠷᠠᠭᠤᠯᠤᠨ ᠲᠢᠭᠯᠡᠵᠦ ᠨᠡᠶᠢᠲᠡᠯᠡᠨ᠎ᠡ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ 49 ᠬᠠᠤᠯᠢ ᠬᠡᠷᠡᠭᠵᠢᠭᠦᠯᠬᠦ ᠪᠡᠶᠡᠴᠢ ᠴᠣᠭᠴᠠ ᠶᠢ ᠢᠯᠭᠠᠷᠠᠭᠤᠯᠤᠨ ᠲᠢᠭᠯᠡᠭᠰᠡᠨ ᠪᠥᠭᠡᠳ ᠨᠡᠶᠢᠲᠡᠯᠡᠪᠡ᠃      ︵ᠲᠠᠪᠤ︶ ᠵᠢᠷᠤᠮᠵᠢᠯ ᠲᠠᠢ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ      ᠨᠢᠭᠡ ᠳᠤ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠶᠢ ᠥᠷᠨᠢᠭᠦᠯᠦᠨ᠎ᠡ᠃ ︽ᠦᠶᠤᠸᠠᠨ ᠰᠢᠶᠠᠨ ᠤ ᠪᠠᠭᠲᠠᠭᠠᠮᠵᠢᠲᠠᠢ ᠪᠣᠯᠭᠤᠮᠵᠢᠲᠠᠢ ᠵᠥᠭᠡᠯᠡᠨ ᠴᠢᠨᠠᠷᠲᠠᠢ ᠬᠠᠤᠯᠢ ᠬᠡᠷᠡᠭᠵᠢᠭᠦᠯᠬᠦ ᠠᠵᠢᠯ ᠢ ᠬᠡᠷᠡᠭᠵᠢᠭᠦᠯᠬᠦ ᠲᠤᠬᠠᠢ ᠬᠡᠷᠡᠭᠵᠢᠭᠦᠯᠬᠦ ᠰᠠᠨᠠᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠡ ᠶᠢ ᠬᠥᠲᠥᠯᠥᠨ ᠵᠢᠯᠤᠭᠤᠳᠴᠤ ᠪᠠᠶᠢᠭᠠᠳ ᠪᠠᠭᠲᠠᠭᠠᠮᠵᠢᠲᠠᠢ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢᠨ ᠣᠪᠣᠷ ᠢᠶᠠᠷ ᠰᠡᠷᠡᠮᠵᠢᠯᠡᠭᠦᠯᠦᠨ ᠶᠣᠰᠣ ᠶᠠᠷᠢᠬᠤ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠵᠡᠷᠭᠡ ᠵᠥᠭᠡᠯᠡᠨ ᠴᠢᠨᠠᠷᠲᠠᠢ ᠬᠠᠤᠯᠢ ᠬᠡᠷᠡᠭᠵᠢᠭᠦᠯᠬᠦ ᠠᠷᠭ᠎ᠠ ᠬᠡᠯᠪᠡᠷᠢ ᠪᠠᠷ ᠠᠵᠢᠯ ᠢᠶᠠᠨ ᠥᠷᠨᠢᠭᠦᠯᠪᠡ᠃ ︽ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠠᠤᠯᠢ︾ ᠶᠢ ᠰᠤᠷᠤᠯᠴᠠᠵᠤ ᠤᠬᠠᠭᠤᠯᠬᠤ ᠠᠵᠢᠯ ᠢ ᠥᠷᠨᠢᠭᠦᠯᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠠᠤᠯᠢ ᠶᠢ ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠬᠦ ᠠᠵᠢᠯᠲᠠᠨ ᠪᠠ ᠬᠠᠤᠯᠢ ᠬᠡᠷᠡᠭᠵᠢᠭᠦᠯᠬᠦ ᠦᠨᠡᠮᠯᠡᠯ ᠢ ᠰᠢᠨ᠎ᠡ ᠪᠠᠷ ᠭᠤᠶᠤᠴᠢᠯᠠᠨ ᠠᠪᠤᠭᠰᠠᠨ ᠬᠥᠮᠥᠰ ᠤᠨ ᠵᠠᠪᠠᠯ ᠰᠤᠷᠬᠤ ᠠᠭᠤᠯᠭ᠎ᠠ ᠳᠤ ᠭᠤᠣᠯᠳᠠᠯᠭ᠎ᠠ ᠲᠠᠢ ᠵᠢᠭᠰᠠᠭᠠᠨ ᠣᠷᠣᠭᠤᠯᠵᠤ᠂ ᠠᠵᠢᠯᠲᠠᠨ ᠢ ᠪᠦᠬᠦᠨ ᠢ ᠬᠠᠮᠤᠷᠬᠤ᠂ ᠶᠠᠪᠤᠴᠠ ᠶᠢ ᠪᠦᠬᠦᠨ ᠢ ᠣᠷᠣᠯᠴᠠᠭᠤᠯᠬᠤ ᠶᠢ ᠪᠡᠶᠡᠯᠡᠭᠦᠯᠵᠦ᠂ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠂ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠶᠠᠷ ᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢ ᠴᠢᠨᠠᠷ ᠰᠠᠶᠢᠲᠠᠢ ᠪᠡᠶᠡᠯᠡᠭᠦᠯᠵᠦ᠂ ᠬᠤᠳᠠ ᠶᠢᠨ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠬᠤᠳᠠ ᠶᠢ ᠵᠠᠰᠠᠬᠤ ᠵᠥᠪᠯᠡᠯ ᠤᠨ ᠨᠢᠭᠡᠳᠦᠯᠲᠡᠢ ᠪᠠᠶᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ᠂ ᠮᠠᠨ ᠤ ᠰᠢᠶᠠᠨ ᠤ ᠨᠡᠶᠢᠳᠡ 46 ᠨᠢᠭᠡᠴᠡ ᠲᠤᠰᠬᠠᠢ ᠠᠵᠢᠯᠯᠠᠭ᠎ᠠ ᠳᠤ ᠣᠷᠣᠯᠴᠠᠵᠤ᠂ 775 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠳᠤ ᠬᠤᠯᠪᠣᠭᠳᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢ ᠪᠦᠬᠦᠨ ᠢ ᠪᠦᠷᠬᠦᠬᠦᠯᠬᠦ ᠶᠢ ᠦᠨᠳᠦᠰᠦᠨ ᠳᠡᠭᠡᠨ ᠪᠡᠶᠡᠯᠡᠭᠦᠯᠪᠡ᠃ ᠤᠯᠤᠰ ᠲᠦᠷᠦ ᠶᠢᠨ ᠤᠨᠤᠯ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠥᠪᠯᠡᠷᠡᠩᠭᠦᠢ ᠰᠤᠷᠤᠯᠴᠠᠯᠭ᠎ᠠ ᠶᠢ 80 ᠭᠠᠷᠤᠢ ᠤᠳᠠᠭ᠎ᠠ ᠥᠷᠨᠢᠭᠦᠯᠵᠦ᠂ ᠰᠡᠷᠡᠮᠵᠢᠯᠡᠭᠦᠯᠬᠦ ᠬᠥᠮᠦᠵᠢᠯ ᠢ 46 ᠤᠳᠠᠭ᠎ᠠ ᠥᠷᠨᠢᠭᠦᠯᠵᠦ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠶᠢ 37 ᠤᠳᠠᠭ᠎ᠠ ᠥᠷᠨᠢᠭᠦᠯᠪᠡ᠃ ᠲᠤᠰᠬᠠᠢ ᠠᠵᠢᠯᠯᠠᠭ᠎ᠠ ᠶᠢᠨ ᠬᠤᠭᠤᠴᠠᠭᠠᠨ ᠳᠤ᠂ ᠨᠡᠶᠢᠲᠡ 23 ᠰᠦᠪᠡᠭᠴᠢ ︵ᠡᠭᠦᠨ ᠳᠤ ᠵᠠᠬᠢᠳᠠᠯ ᠰᠣᠷᠪᠤᠯᠵᠢᠯᠠᠭ᠎ᠠ ᠶᠢᠨ ᠰᠠᠯᠠᠭ᠎ᠠ ᠮᠥᠴᠢᠷ ᠠᠴᠠ 4 ᠰᠦᠪᠡᠭᠴᠢ ᠴᠤᠭᠯᠠᠭᠤᠯᠵᠤ᠂ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠭᠤᠨ ᠤᠲᠠᠰᠤ ᠪᠠᠷ 18 ᠰᠦᠪᠡᠭᠴᠢ ᠴᠤᠭᠯᠠᠭᠤᠯᠵᠤ᠂ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠵᠠᠬᠢᠳᠠᠯ 1 ᠪᠤᠶ︶  ᠶᠢ ᠵᠢᠭᠰᠠᠭᠠᠨ ᠪᠠᠶᠢᠴᠠᠭᠠᠵᠤ ᠡᠯᠰᠡᠨ ᠴᠤᠭᠯᠠᠭᠤᠯᠪᠠ᠂ ᠡᠭᠦᠨ ᠳᠤ ᠵᠠᠬᠢᠳᠠᠯ ᠰᠣᠷᠪᠤᠯᠵᠢᠯᠠᠭ᠎ᠠ ᠶᠢᠨ ᠰᠠᠯᠠᠭ᠎ᠠ ᠮᠥᠴᠢᠷ ᠠᠴᠠ 4 ᠰᠦᠪᠡᠭᠴᠢ ᠴᠤᠭᠯᠠᠭᠤᠯᠵᠤ᠂ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠭᠤᠨ ᠤᠲᠠᠰᠤ ᠪᠠᠷ 18 ᠰᠦᠪᠡᠭᠴᠢ ᠴᠤᠭᠯᠠᠭᠤᠯᠵᠤ᠂ ᠲᠤᠰᠬᠠᠢ ᠠᠵᠢᠯᠯᠠᠭ᠎ᠠ ᠶᠢᠨ ᠠᠯᠪᠠᠨ ᠭᠡᠷ ᠤᠨ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠲᠤᠰᠬᠠᠢ ᠠᠩᠭᠢ ᠪᠠ ᠠᠩᠬ᠎ᠠ ᠬᠢᠨᠠᠬᠤ ᠳᠤᠭᠤᠶᠢᠯᠠᠩ ᠤᠨ ᠰᠤᠳᠤᠯᠤᠨ ᠮᠠᠭᠠᠳᠯᠠᠬᠤ ᠪᠠᠷ ᠳᠡᠮᠵᠢᠨ᠂ ᠰᠦᠪᠡᠭᠴᠢ ᠶᠢᠨ ᠡᠬᠡ ᠲᠠᠩᠰᠠᠨ ᠳᠤ 19 ᠵᠤᠷᠪᠤᠰ ᠵᠢᠭᠰᠠᠭᠠᠨ ᠣᠷᠣᠭᠤᠯᠵᠤ᠂ ᠪᠥᠬᠦ ᠴᠢᠭ᠋ ᠠᠴᠠ ᠴᠢᠭ᠋ ᠲᠤ ᠴᠢᠭᠯᠡᠭᠦᠯᠦᠨ ᠡᠯ᠎ᠡ ᠬᠠᠤᠯᠢ ᠬᠡᠷᠡᠭᠵᠢᠭᠦᠯᠬᠦ ᠨᠢᠭᠡᠴᠡ ᠳᠤ ᠰᠢᠮᠳᠠᠭᠤᠯᠤᠨ ᠰᠢᠢᠳᠪᠦᠷᠢᠯᠡᠭᠦᠯᠬᠦ ᠵᠠᠬᠢᠳᠠᠯ ︵ᠭᠦᠢᠴᠡᠳᠬᠡᠬᠦ ᠬᠤᠭᠤᠴᠠᠭᠠᠨ ᠳᠠᠬᠢ ᠠᠰᠠᠭᠤᠳᠠᠯ ᠤᠨ ᠰᠦᠪᠡᠭᠴᠢ ᠳᠤ ᠬᠠᠨᠳᠤᠭᠤᠯᠤᠨ᠎ᠠ︶ ᠪᠤᠶᠤ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠶᠢᠨ ᠪᠢᠴᠢᠭ ᠪᠠᠭᠤᠯᠭᠠᠵᠤ᠂ ᠴᠡᠭᠴᠡᠯᠡᠨ ᠰᠠᠶᠢᠵᠢᠷᠠᠭᠤᠯᠬᠤ ᠪᠠᠷ ᠳᠡᠭᠡᠭᠰᠢᠯᠡᠭᠦᠯᠬᠦ ᠶᠢ ᠠᠬᠢᠭᠤᠯᠤᠨ᠂ ᠲᠤᠰᠬᠠᠢ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠠᠬᠢᠭᠤᠯᠤᠨ᠎ᠠ᠃      ︵ᠵᠢᠷᠭᠤᠭ᠎ᠠ︶ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ      ᠨᠢᠭᠡ ᠳᠤ᠂ ︽ᠨᠢᠭᠡ ᠰᠦᠯᠵᠢᠶ᠎ᠡ ᠶᠢ ᠨᠢᠭᠡᠳᠦᠯᠲᠡᠢ ᠲᠥᠯᠥᠪᠵᠢᠭᠦᠯᠬᠦ᠂ ᠣᠯᠠᠨ ᠰᠦᠯᠵᠢᠶ᠎ᠡ ᠶᠢ ᠠᠭᠤᠰᠤᠯᠴᠠᠭᠤᠯᠬᠤ︾ ︽ᠲᠤᠤᠷᠴᠢᠯᠠᠯ + ᠪᠢᠴᠢᠯ ᠵᠠᠰᠠᠯᠲᠠ ︾ ᠶᠢᠨ ᠵᠠᠭᠪᠤᠷ ᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠨ ᠱᠠᠲᠤᠨ ᠤ ᠶᠡᠷᠦᠩᠬᠡᠶᠢᠯᠡᠨ ᠵᠠᠰᠠᠬᠤ ᠲᠥᠪ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂ ᠠᠮᠤᠷ ᠲᠦᠪᠰᠢᠨ ᠤ ᠠᠯᠪᠠᠨ ᠭᠡᠷ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠵᠡᠷᠭᠡ ᠡᠯ᠎ᠡ ᠲᠦᠷᠦᠯ ᠤᠨ ᠬᠡᠷᠡᠭ ᠶᠠᠪᠤᠳᠠᠯ ᠢ ᠨᠡᠶᠢᠳᠬᠡᠵᠦ ︽ᠨᠢᠭᠡ ᠰᠦᠯᠵᠢᠶ᠎ᠡ︾ ᠪᠣᠯᠭᠠᠵᠤ᠂ ᠲᠦᠷᠪᠡᠨ ᠱᠠᠲᠤᠨ ᠤ ᠰᠦᠯᠵᠢᠶ᠎ᠡ ᠶᠢ 1402 ᠲᠡᠭᠦᠯᠳᠡᠷᠵᠢᠭᠦᠯᠦᠨ ᠨᠠᠷᠢᠯᠢᠭᠵᠢᠭᠤᠯᠵᠤ᠂ ᠲᠤᠰᠬᠠᠢ ᠲᠤᠰᠢᠶᠠᠯ ᠤᠨ ᠪᠠ ᠲᠤᠰᠢᠶᠠᠯ ᠬᠠᠪᠰᠤᠷᠭᠠᠭᠰᠠᠨ ᠰᠦᠯᠵᠢᠶ᠎ᠡ ᠶᠢᠨ ᠠᠵᠢᠯᠲᠠᠨ ᠢ 1509 ᠲᠣᠬᠢᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢ ᠨᠡᠶᠢᠭᠡᠮᠴᠢᠯᠡᠬᠦ᠂ ᠪᠦᠬᠦ ᠠᠵᠢᠯᠳᠠᠨᠴᠢᠯᠠᠬᠤ᠂ ᠨᠠᠷᠢᠯᠢᠭᠵᠢᠭᠤᠯᠬᠤ ᠳᠤ ᠬᠦᠷᠴᠡᠢ᠃ ᠬᠤᠶᠠᠷ ᠲᠤ᠂ ︽ᠱᠦᠵᠢ ᠶᠢᠨ ᠲᠠᠪᠤᠨ ᠳᠠᠷᠤᠭ᠎ᠠ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯᠯᠠᠭ᠎ᠠ ᠶᠢ ᠥᠷᠨᠢᠭᠦᠯᠪᠡ᠃ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ᠂ ᠪᠠᠶᠢᠴᠠᠭᠠᠬᠤ ᠬᠤᠷᠢᠶᠠᠨ ᠤ ᠳᠠᠷᠤᠭ᠎ᠠ᠂ ᠰᠢᠭᠦᠬᠦ ᠬᠤᠷᠢᠶᠠᠨ ᠤ ᠳᠠᠷᠤᠭ᠎ᠠ᠂ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶᠠᠨ ᠤ ᠳᠠᠷᠤᠭ᠎ᠠ ᠪᠠᠷ ᠪᠦᠷᠢᠯᠳᠦᠭᠰᠡᠨ 6 ᠬᠥᠮᠥᠨ ᠤ ᠳᠤᠭᠤᠶᠢᠯᠠᠩ ᠡᠯ᠎ᠡ ᠰᠤᠮᠤ ᠪᠠᠯᠭᠠᠰᠤᠨ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ᠂ ᠬᠠᠷᠢᠭᠤ ᠮᠡᠳᠡᠭᠦᠯᠦᠯᠲᠡ ᠰᠣᠨᠣᠰᠬᠤ᠂ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠭᠠᠵᠠᠷ ᠤᠨ ᠵᠥᠷᠢᠴᠡᠯ ᠤᠨ ᠲᠠᠯᠳᠠ ᠭᠡᠮ᠂ ᠨᠡᠶᠢᠭᠡᠮ ᠤᠨ ᠬᠠᠮᠢᠶᠠᠷᠤᠯᠲᠠ ᠡᠵᠡᠮᠳᠡᠯ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠤᠬᠠᠢ ᠶᠢᠨ ᠲᠠᠯᠠᠪᠤᠷ ᠲᠤ ᠰᠢᠢᠳᠪᠦᠷᠢᠯᠡᠵᠦ ᠳᠡᠶᠢᠯᠬᠦ ᠠᠰᠠᠭᠤᠳᠠᠯ ᠢ ︽ᠱᠦᠵᠢ ᠶᠢᠨ ᠲᠠᠪᠤᠳᠤᠭᠠᠷ ᠳᠠᠷᠤᠭ᠎ᠠ︾ ᠲᠤᠬᠠᠢ ᠶᠢᠨ ᠲᠠᠯᠠᠪᠤᠷ ᠲᠤ ᠠᠵᠢᠯᠯᠠᠵᠤ ᠠᠰᠠᠭᠤᠳᠠᠯ ᠢ ᠬᠠᠪᠰᠤᠷᠤᠨ ᠰᠢᠢᠳᠪᠦᠷᠢᠯᠡᠪᠡ᠃ ᠭᠤᠷᠪᠠ ᠳᠤ᠂ ︽ᠪᠠᠭ᠎ᠠ ᠭᠤᠷᠪᠠ ᠶᠢ ᠭᠠᠴᠠᠭ᠎ᠠ ᠳᠤᠭᠤᠶᠢᠯᠠᠩ ᠳᠤ ᠳᠠᠪᠰᠢᠭᠤᠯᠬᠤ︾ ᠠᠵᠢᠯᠯᠠᠭ᠎ᠠ ᠶᠢ ᠭᠦᠨᠵᠡᠭᠡᠢ ᠠᠬᠢᠭᠤᠯᠬᠤ ᠬᠡᠷᠡᠭᠲᠡᠢ᠃ ᠡᠯ᠎ᠡ ᠰᠢᠶᠠᠩ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠳᠠᠷᠤᠭ᠎ᠠ᠂ ᠰᠢᠭᠦᠬᠦ ᠲᠢᠩᠬᠢᠮ ᠤᠨ ᠳᠠᠷᠤᠭ᠎ᠠ᠂ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠲᠣᠭᠲᠠᠭᠰᠠᠨ ᠴᠠᠭ ᠦᠭᠡᠢ ᠪᠠᠷ ᠭᠠᠴᠠᠭ᠎ᠠ ᠳᠤᠭᠤᠶᠢᠯᠠᠩ ᠳᠤ ᠣᠷᠣᠵᠤ᠂ ᠡᠯ᠎ᠡ ᠵᠦᠢᠯ ᠤᠨ ᠵᠥᠷᠢᠴᠡᠯ ᠵᠢᠭᠤᠷᠠᠯᠳᠤᠭᠠᠨ ᠢ ᠠᠷᠢᠯᠭᠠᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠤᠬᠠᠭᠤᠯᠬᠤ ᠵᠡᠷᠭᠡ ᠠᠵᠢᠯ ᠢ ᠲᠤᠬᠠᠢ ᠶᠢᠨ ᠲᠠᠯᠠᠪᠤᠷ ᠲᠤ ᠥᠷᠨᠢᠭᠦᠯᠵᠦ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ ᠡᠷᠬᠡ ᠠᠰᠢᠭ ᠢᠶᠠᠨ ᠪᠠᠲᠤᠯᠠᠬᠤ ᠵᠠᠮ ᠢ ᠰᠠᠭᠠᠳ ᠦᠭᠡᠢ ᠨᠡᠪᠲᠡᠷᠡᠭᠦᠯᠦᠨ ᠵᠢᠷᠤᠮᠵᠢᠭᠤᠯᠵᠤ᠂ ᠠᠷᠠᠳ ᠤᠯᠠᠨ ᠳᠤ ᠠᠰᠠᠭᠤᠳᠠᠯ ᠲᠤᠯᠭᠠᠷᠠᠪᠠᠯ ︽ᠬᠡᠯᠡᠯᠭᠡ ᠡᠷᠢᠵᠦ︾᠂ ᠵᠥᠷᠢᠴᠡᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨ ᠬᠦ ᠰᠢᠢᠳᠪᠦᠷᠢᠯᠡᠵᠦ᠂ ᠦᠨᠳᠦᠰᠦᠨ ᠱᠠᠲᠤᠨ ᠳᠤ ᠠᠷᠢᠯᠭᠠᠬᠤ ᠬᠡᠷᠡᠭᠲᠡᠢ᠃      ᠬᠤᠶᠠᠷ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ      ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠵᠣᠬᠢᠬᠤ ᠦᠷ᠎ᠡ ᠪᠦᠲᠦᠮᠵᠢ ᠣᠯᠣᠭᠰᠠᠨ ᠪᠣᠯᠪᠠᠴᠤ ᠮᠥᠨ ᠯᠡ ᠡᠳᠦᠢ ᠲᠡᠳᠦᠢ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ᠂ ᠨᠢᠭᠡ ᠳᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ᠂ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠮᠥᠨ ᠯᠡ ᠴᠢᠩᠭᠠᠳᠬᠠᠬᠤ ᠴᠢᠬᠤᠯᠠᠲᠠᠢ ᠪᠠᠶᠢᠨ᠎ᠠ᠃ ᠬᠤᠶᠠᠷ ᠲᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠨᠢ ᠵᠢᠷᠤᠮᠵᠢᠯ ᠦᠭᠡᠢ ᠪᠠᠶᠢᠨ᠎ᠠ᠃ ᠵᠠᠷᠢᠮ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠤ ᠲᠠᠷᠠᠭ᠎ᠠ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠰᠠᠶᠢᠲᠤᠷ ᠠᠳᠬᠤᠭᠰᠠᠨ ᠦᠭᠡᠢ ᠳᠤ ᠲᠣᠭᠠᠴᠠᠭᠳᠠᠬᠤ ᠡᠰᠡᠬᠦ ᠨᠢ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠲᠣᠩᠭᠤᠷᠠᠭᠤᠯᠬᠤ ᠳᠤ ᠬᠦᠷᠦᠭᠦᠯᠳᠡᠭ᠃ ᠭᠤᠷᠪᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠤ ᠬᠡᠪ ᠴᠢᠨᠠᠷ ᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠣᠳᠣᠬᠠᠨ ᠳᠤ ᠬᠠᠤᠯᠢ ᠪᠠᠷ ᠵᠠᠰᠠᠬᠤ ᠡᠩᠨᠡᠭᠡᠨ ᠤ ᠪᠠᠶᠢᠭᠤᠯᠤᠯᠲᠠ ᠶᠢᠨ ᠳᠤᠮᠳᠠ ᠠᠵᠢᠯᠲᠠᠨ ᠤ ᠬᠦᠴᠦᠨ ᠬᠦᠷᠦᠯᠴᠡᠬᠦ ᠦᠭᠡᠢ ᠮᠥᠷᠲᠡᠭᠡᠨ ᠲᠤᠰᠬᠠᠢ ᠮᠡᠷᠭᠡᠵᠢᠯ ᠤᠨ ᠠᠵᠢᠯᠲᠠᠨ ᠲᠤᠲᠠᠭᠳᠠᠵᠤ ᠂ ᠰᠢᠨ᠎ᠡ ᠪᠠᠶᠢᠳᠠᠯ ᠤᠨ ᠳᠣᠣᠷᠠᠬᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠠᠷᠠᠯᠲᠠ ᠡᠭᠦᠷᠭᠡ ᠲᠠᠢ ᠵᠣᠬᠢᠴᠠᠬᠤ ᠦᠭᠡᠢ ᠪᠠᠶᠢᠨ᠎ᠠ᠃ ᠳᠥᠷᠪᠡ ᠳᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠨᠢ ᠬᠠᠨᠳᠤᠯᠭᠠᠲᠤ ᠴᠢᠨᠠᠷ ᠢᠶᠠᠷ ᠳᠤᠲᠠᠮᠠᠭ ᠪᠠᠶᠢᠵᠤ᠂ ᠲᠠᠩ ᠴᠤᠯᠭᠤᠢ ︽ᠴᠢ ᠶᠠᠷᠢᠪᠠᠯ ᠪᠢ ᠰᠣᠨᠣᠰᠤᠨ᠎ᠠ︾᠂ ᠤᠬᠠᠭᠤᠯᠭ᠎ᠠ ᠶᠢᠨ ᠮᠠᠲᠧᠷᠢᠶᠠᠯ ᠲᠠᠷᠬᠠᠭᠠᠬᠤ᠂ ᠬᠥᠨᠳᠡᠯᠡᠨ ᠪᠢᠴᠢᠭᠡᠰᠦ ᠲᠠᠲᠠᠬᠤ ᠵᠡᠷᠭᠡ ᠬᠡᠯᠪᠡᠷᠢ ᠤᠯᠠᠨ ᠪᠠᠶᠢᠵᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠠᠷᠭ᠎ᠠ ᠬᠡᠯᠪᠡᠷᠢ ᠤᠯᠠᠨ ᠪᠢᠰᠢ ᠪᠠᠶᠢᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠦᠷ᠎ᠡ ᠪᠦᠲᠦᠮᠵᠢ ᠶᠡᠬᠡᠪᠡᠷ ᠪᠠᠭᠤᠷᠠᠵᠠᠢ᠃      ᠭᠤᠷᠪᠠ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠠᠵᠢᠯ ᠤᠨ ᠲᠥᠯᠥᠪᠯᠡᠭᠡ      ᠲᠠᠷᠠᠭᠠᠴᠢ ᠶᠢᠨ ᠠᠯᠬᠤᠮ ᠳᠤ᠂ ᠰᠢ ᠶᠢᠨ ᠫᠢᠩ  ᠤᠨ ᠬᠠᠤᠯᠢᠵᠢᠯ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠤᠯᠢᠵᠢᠯ ᠤᠨ ᠪᠠᠶᠢᠭᠤᠯᠤᠯᠲᠠ ᠶᠢᠨ ︽ᠬᠤᠶᠠᠷ ᠲᠥᠯᠦᠪᠵᠢᠭᠦᠯᠭᠡ ᠬᠤᠶᠠᠷ ᠬᠥᠲᠥᠯᠪᠦᠷᠢ︾ ᠶᠢ ᠡᠷᠡᠰ ᠬᠡᠷᠡᠭᠵᠢᠭᠦᠯᠵᠦ᠂ ᠬᠠᠤᠯᠢᠵᠢᠯ ᠤᠨ ᠰᠡᠳᠬᠢᠬᠦᠢ᠂ ᠬᠠᠤᠯᠢᠵᠢᠯ ᠤᠨ ᠠᠷᠭ᠎ᠠ ᠬᠡᠯᠪᠡᠷᠢ ᠪᠠᠷ ᠥᠭᠡᠷᠡᠴᠢᠯᠡᠯᠲᠡ ᠬᠥᠭᠵᠢᠯᠲᠡ ᠶᠢ ᠬᠥᠲᠥᠯᠥᠨ ᠳᠠᠭᠠᠭᠤᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠤᠨ᠎ᠠ᠃ ᠨᠢᠭᠡ ᠳᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯᠳᠤᠭᠠᠨ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ  ᠳᠤᠨᠢ ᠪᠠᠶᠢᠷᠢᠯᠠᠭᠤᠯᠤᠨ᠎ᠠ᠃ ᠬᠤᠶᠠᠷ ᠲᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠣᠳᠠᠲᠠᠶᠢᠵᠢᠭᠤᠯᠵᠤ᠂ ᠬᠢᠨᠠᠨ ᠰᠢᠯᠭᠠᠬᠤ ᠪᠠ ᠰᠢᠪᠠᠳᠠᠨ ᠪᠠᠶᠢᠴᠠᠭᠠᠬᠤ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠲᠦᠯᠬᠢᠨ ᠠᠬᠢᠭᠤᠯᠤᠨ᠎ᠠ᠃ ᠭᠤᠷᠪᠠ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠳᠦᠷᠢᠮ︾ ᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠣᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ︾ ᠪᠠ ︽ᠬᠠᠤᠯᠢ ᠶᠢᠨ ᠶᠠᠪᠤᠳᠠᠯ ᠢ ᠨᠡᠪᠲᠡᠷᠡᠭᠦᠯᠬᠦ︾ ᠣᠶᠤᠨᠲᠤ ᠬᠠᠤᠯᠢ ᠬᠡᠷᠡᠭᠵᠢᠭᠦᠯᠬᠦ ᠦᠵᠦᠭᠦᠷ ᠤᠨ ᠴᠢᠳᠠᠮᠵᠢ ᠶᠢ ᠥᠨᠳᠥᠷ ᠪᠦᠲᠦᠮᠵᠢᠲᠡᠶ ᠪᠠᠷ ᠠᠰᠢᠭᠯᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠰᠤᠷᠤᠯᠴᠠᠯᠭ᠎ᠠ ᠪᠣᠯᠪᠠᠰᠤᠷᠠᠭᠤᠯᠤᠯ ᠢ ᠴᠢᠩᠭᠠᠳᠬᠠᠨ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ ᠳᠥᠷᠪᠡ ᠳᠤ᠂ ᠬᠠᠤᠯᠢ ᠪᠠᠷ ᠵᠠᠰᠠᠬᠤ ᠴᠢᠳᠠᠪᠤᠷᠢᠲᠠᠨ ᠢ ᠬᠥᠮᠥᠵᠢᠭᠦᠯᠬᠦ ᠪᠠ ᠳᠡᠮᠵᠢᠬᠦ ᠡᠷᠴᠢᠮ ᠢ ᠴᠢᠩᠭᠠᠷᠠᠭᠤᠯᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠴᠢᠳᠠᠪᠤᠷᠢᠲᠠᠨ ᠤ ᠡᠩᠨᠡᠭᠡ ᠶᠢᠨ ᠬᠦᠴᠦᠨ ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠎ᠡ᠃
ᠢᠷᠡᠯᠲᠡ᠄ ᠲᠤᠰ ᠰᠦᠯᠵᠢᠶ᠎ᠡ