ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠡᠷᠴᠢ ᠵᠣᠷᠢᠭ ᠢᠶᠠᠨ ᠬᠥᠪᠴᠢᠯᠡᠨ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠶᠢᠨ | ᠰᠢᠨ᠎ᠡ ᠬᠠᠭᠤᠳᠠᠰᠤ ᠶᠢ ᠪᠢᠴᠢᠭᠯᠡᠶ᠎ᠡ | ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠢ ᠬᠤᠸᠠ ᠶᠢ ᠰᠤᠷᠪᠤᠯᠵᠢᠯᠠᠭᠰᠠᠨ ᠨᠢ | ᠣᠶᠢᠷ᠎ᠠ ᠳᠤ᠂ ᠰᠤᠷᠪᠤᠯᠵᠢᠯᠠᠭᠴᠢ ᠰᠢ ᠶᠢᠨ ᠫᠢᠩ ᠬᠤᠲᠠ ᠶᠢᠨ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ | ᠬᠢᠨᠠᠨ ᠶᠠᠷᠢᠯᠴᠠᠬᠤ ᠳᠤ ᠣᠷᠣᠯᠴᠠᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠰᠡᠳᠬᠢᠴᠡ ᠠᠷᠭ᠎ᠠ | ᠬᠡᠮᠵᠢᠶ᠎ᠡ ᠶᠢᠨ ᠲᠤᠬᠠᠢ ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠢ ᠬᠤᠸᠠ ᠶᠢ ᠰᠤᠷᠪᠤᠯᠵᠢᠯᠠᠪᠠ᠃ | ︽ᠰᠢ ᠶᠢᠨ ᠫᠢᠩ ᠶᠡᠷᠦᠩᠬᠡᠢ ᠱᠦᠵᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠠᠪᠤᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠣᠷᠤᠯᠴᠠᠬᠤ ᠳᠠᠭᠠᠨ ᠰᠢᠨ᠎ᠡ | ᠴᠠᠭ ᠦᠶ᠎ᠡ ᠶᠢᠨ ᠨᠠᠮ ᠪᠣᠯᠣᠨ ᠠᠷᠠᠳ ᠲᠦᠮᠡᠨ ᠤ ᠡᠷᠡᠯᠬᠡᠭᠯᠡᠨ ᠤᠷᠤᠭᠰᠢᠯᠠᠭᠰᠠᠨ ᠥᠩᠭᠡᠷᠡᠯᠲᠡ ᠶᠢᠨ ᠢᠯᠡᠷᠡᠭᠦᠯᠦᠭᠰᠡᠨ ᠴᠢᠬᠤᠯᠠ ᠲᠠᠨᠢᠯᠲᠠ ᠶᠢ ᠭᠦᠨᠵᠡᠭᠡᠢ | ᠳ᠋ᠦᠩᠨᠡᠵᠦ᠂ ᠪᠦᠬᠦ ᠲᠠᠯ᠎ᠠ ᠪᠣᠯᠣᠨ ᠠᠯᠤᠰ ᠬᠡᠳᠤ ᠶᠢᠨ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ | ᠪᠢᠳᠡᠨ ᠤ ᠰᠢᠨ᠎ᠡ ᠬᠥᠭᠵᠢᠯᠲᠡ ᠶᠢᠨ ᠱᠠᠲᠤᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠪᠣᠯᠣᠨ ᠠᠵᠢᠯᠯᠠᠭᠠᠨ ᠤ ᠵᠦᠭᠯᠡᠭᠦᠷ | ᠬᠠᠩᠭᠠᠵᠠᠢ︾᠃ ᠾᠧ ᠸᠧᠢ ᠬᠤᠸᠠ ᠢᠯᠡᠷᠬᠡᠶᠢᠯᠡᠬᠦ ᠳᠡᠭᠡᠨ᠂ ᠪᠠᠶᠠᠨᠨᠠᠭᠤᠷ ᠬᠤᠲᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ | ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ︽ᠬᠤᠶᠠᠷ ᠢ ᠲᠣᠭᠲᠠᠭᠠᠬᠤ︾ ᠶᠢᠨ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ | ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠣᠭᠲᠠᠭᠤᠨ ᠡᠷᠡᠭᠦᠯ ᠠᠵᠤ ᠠᠬᠤᠢ ᠶᠢᠨ ᠣᠷᠴᠢᠨ | ᠲᠣᠭᠤᠷᠢᠨ᠂ ᠲᠦᠷᠦ ᠲᠦᠪᠰᠢᠨ ᠠᠷᠠᠳ ᠠᠮᠤᠭᠤᠯᠠᠩ ᠨᠡᠶᠢᠭᠡᠮ ᠤᠨ ᠣᠷᠴᠢᠨ ᠲᠣᠭᠤᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ | ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ | ᠯᠠᠪᠳᠠᠭᠤᠨ ᠪᠠᠲᠤᠲᠠᠢ ᠦᠷ᠎ᠡ ᠪᠦᠲᠦᠮᠵᠢ ᠪᠠᠷ ︽ᠬᠤᠶᠠᠷ ᠬᠠᠮᠠᠭᠠᠯᠠᠯᠲᠠ︾ ᠶᠢ ᠦᠢᠯᠡᠳᠦᠯᠭᠡᠵᠢᠭᠦᠯᠬᠦ ᠬᠡᠷᠡᠭᠲᠡᠢ᠃ | ᠨᠢᠭᠡ ᠳᠤ᠂ ︽ᠲᠠᠪᠤᠨ ᠵᠠᠪᠠᠯ ᠶᠠᠪᠤᠬᠤ ᠵᠠᠮ︾ ᠢ ᠡᠷᠡᠰ ᠪᠠᠲᠤ ᠰᠠᠶᠢᠲᠤᠷ ᠵᠠᠮᠨᠠᠵᠤ᠂ ᠢᠮᠠᠭᠲᠠ ᠰᠢ ᠶᠢᠨ ᠫᠢᠩ ᠶᠡᠷᠦᠩᠬᠡᠢ ᠱᠦᠵᠢ ᠶᠢᠨ | ᠵᠢᠭᠠᠭᠰᠠᠨ ᠴᠢᠭᠯᠡᠯ ᠢᠶᠠᠷ ᠡᠷᠡᠯᠬᠡᠭᠯᠡᠨ ᠤᠷᠤᠭᠰᠢᠯᠠᠬᠤ ᠬᠡᠷᠡᠭᠲᠡᠢ᠃ ︽ᠲᠠᠪᠤᠨ ᠵᠠᠪᠠᠯ ᠶᠠᠪᠤᠬᠤ ᠵᠠᠮ︾ ᠪᠣᠯ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠪᠠᠶᠠᠯᠢᠭᠵᠢᠯ ᠪᠠ ᠬᠥᠭᠵᠢᠯᠲᠡ ᠪᠣᠯᠣᠨ᠎ᠠ᠂ ᠮᠥᠨᠴᠦ ᠪᠢᠳᠡᠨ ᠤ ᠢᠷᠡᠭᠡᠳᠦᠢ ᠳᠤ | ᠦᠷᠭᠦᠯᠵᠢᠯᠡᠨ ᠠᠮᠵᠢᠯᠲᠠ ᠣᠯᠬᠤ ᠶᠢᠨ ᠭᠦ᠋ᠨ ᠤ ᠨᠢᠭᠤᠴᠠ ᠲᠡᠮᠳᠡᠭ ᠪᠣᠯᠣᠨ᠎ᠠ᠃ ︽ᠲᠠᠪᠤᠨ ᠵᠠᠪᠠᠯ ᠶᠠᠪᠤᠬᠤ ᠵᠠᠮ︾ ᠤᠨ ᠪᠠᠶᠠᠯᠢᠭ ᠠᠭᠤᠯᠤᠭᠳᠠᠬᠤᠨ ᠪᠠ | ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠵᠣᠷᠢᠭ ᠰᠠᠨᠠᠭ᠎ᠠ ᠪᠠᠨ ᠥᠯᠥ ᠥᠭᠡᠷᠡᠴᠢᠯᠡᠬᠦ᠂ ᠵᠠᠮ ᠢᠶᠠᠨ ᠥᠯᠥ ᠬᠤᠪᠢᠷᠠᠭᠤᠯᠬᠤ ᠢᠲᠡᠭᠡᠯ | ᠵᠣᠷᠢᠭ ᠢᠶᠠᠨ ᠦᠨᠡᠨᠬᠦ ᠴᠢᠩᠭᠠᠷᠠᠭᠤᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ | ᠠᠵᠤ ᠦᠢᠯᠡᠰ ᠤᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ | ᠰᠠᠶᠢᠲᠤᠷ ᠭᠦᠢᠴᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠪᠠᠷ ᠠᠬᠢᠭᠤᠯᠤᠨ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ | ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ᠂ ᠣᠳᠣᠬᠢᠴᠢᠯᠠᠭᠰᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠪᠠᠶᠠᠨᠨᠠᠭᠤᠷ ᠤᠨ ᠬᠦᠴᠦᠨ | ᠴᠢᠳᠠᠯ ᠢᠶᠠᠨ ᠡᠷᠭᠦᠬᠦ ᠬᠡᠷᠡᠭᠲᠡᠢ᠃ | ᠬᠤᠶᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠭᠡᠬᠦ ᠡᠨᠡ ᠬᠦ ᠭᠤᠣᠯ ᠰᠢᠵᠢᠮ ᠢ ᠪᠠᠲᠤ ᠪᠠᠬᠢ ᠪᠤᠢ ᠪᠣᠯᠭᠠᠵᠤ᠂ | ᠦᠨᠳᠦᠰᠦᠲᠡᠨ ᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠤᠨ᠎ᠠ᠃ ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠣᠯᠣᠨ | ᠴᠢᠩ ᠰᠡᠳᠬᠢᠯ ᠤᠨ ᠰᠤᠷᠭᠠᠯ ᠢ ᠴᠠᠭ ᠢᠮᠠᠭᠲᠠ ᠪᠠᠲᠤ ᠴᠡᠭᠡᠵᠢᠯᠡᠵᠦ᠂ ᠨᠠᠮ ᠤᠨ ᠦᠨᠳᠦᠰᠦᠲᠡᠨ ᠤ ᠤᠨᠤᠯ ᠪᠣᠯᠣᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ | ᠪᠦᠬᠦ ᠲᠠᠯ᠎ᠠ ᠪᠠᠷ ᠲᠤᠤᠱᠯᠠᠭᠤᠯᠵᠤ᠂ ᠤᠬᠠᠮᠰᠠᠷ ᠠᠴᠠ ᠪᠠᠨ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠠᠴᠠ ᠠᠰᠠᠭᠤᠳᠠᠯ ᠢ ᠪᠣᠳᠣᠯᠬᠢᠯᠠᠵᠤ᠂ | ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠠᠵᠢᠯ ᠢ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠳᠤ ᠠᠰᠢᠭᠲᠠᠢ ᠠᠵᠢᠯ ᠢ ᠢᠯᠡᠭᠦᠬᠡᠨ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠳᠤ ᠠᠰᠢᠭ ᠦᠭᠡᠢ ᠶᠠᠪᠤᠳᠠᠯ ᠢ ᠶᠠᠭᠠᠬᠢᠭᠰᠠᠨ ᠴᠤ ᠬᠢᠬᠦ ᠦᠭᠡᠢ ᠪᠠᠶᠢᠬᠤ ᠬᠡᠷᠡᠭᠲᠡᠢ᠃ ᠡᠩ ᠤᠨ ᠦᠶ᠎ᠡ ᠳᠤ᠂ ᠰᠡᠳᠬᠢᠯ ᠢᠶᠠᠨ ᠰᠣᠯᠢᠯᠴᠠᠬᠤ ᠶᠢ | ᠴᠢᠬᠤᠯᠠᠴᠢᠯᠠᠵᠤ᠂ ᠠᠵᠢᠯᠯᠠᠭ᠎ᠠ ᠶᠢ ᠴᠢᠬᠤᠯᠠᠴᠢᠯᠠᠵᠤ᠂ ᠦᠨᠳᠦᠰᠦᠨ ᠱᠠᠲᠤᠨ ᠳᠤ ᠪᠠᠶᠢᠬᠤ ᠶᠢ ᠴᠢᠬᠤᠯᠠᠴᠢᠯᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠮᠦᠵᠢᠯ ᠢ ᠢᠯᠡ ᠪᠥᠭᠡᠳ ᠲᠥᠷᠥᠭᠳᠡᠯ ᠲᠠᠢ ᠪᠥᠭᠡᠳ ᠪᠦᠲᠦᠮᠵᠢᠲᠡᠶ ᠪᠠᠷ ᠰᠠᠶᠢᠲᠤᠷ ᠥᠷᠨᠢᠭᠦᠯᠬᠦ ᠶᠢ ᠪᠠᠷᠢᠮᠲᠠᠯᠠᠨ᠎ᠠ᠃ ᠪᠠᠶᠠᠨᠨᠠᠭᠤᠷ ᠤᠨ ᠦᠨᠳᠦᠰᠦᠲᠡᠨ ᠨᠦᠭᠦᠳ | ᠪᠦᠯᠬᠦᠮᠳᠡᠨ ᠲᠡᠮᠡᠴᠡᠵᠦ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠭᠰᠠᠨ ᠲᠡᠦᠬᠡ ᠶᠢᠨ ᠪᠣᠳᠠᠲᠤ ᠬᠡᠷᠡᠭ ᠢ ᠭᠦᠨᠵᠡᠭᠡᠢ ᠠᠭᠤᠳᠠᠯᠯᠠᠨ᠂ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠵᠥᠪ ᠣᠨᠣᠪᠴᠢᠲᠠᠶ ᠤᠯᠤᠰ ᠤᠨ ᠦᠵᠡᠯᠲᠡ᠂ | ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠠᠬᠢ ᠪᠤᠢ ᠪᠣᠯᠭᠠᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠲᠡᠦᠬᠡ ᠰᠣᠶᠣᠯ ᠤᠨ ᠤᠬᠠᠭᠤᠯᠭ᠎ᠠ | ᠬᠥᠮᠦᠵᠢᠯ᠂ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠳᠠ ᠶᠢᠨ ᠪᠡᠯᠭᠡ ᠲᠡᠮᠳᠡᠭ ᠤᠨ ᠴᠢᠨᠠᠷᠲᠠᠢ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ᠂ ᠵᠢᠭᠤᠯᠴᠢᠯᠠᠯ ᠤᠨ ᠦᠵᠡᠮᠵᠢ ᠶᠢᠨ ᠦᠵᠡᠭᠦᠯᠦᠯᠭᠡ ᠵᠡᠷᠭᠡ ᠲᠠᠯ᠎ᠠ ᠳᠤ ᠨᠠᠷᠢᠨ ᠨᠢᠭᠲᠠ ᠢᠯᠡᠷᠡᠭᠦᠯᠵᠦ᠂ ᠦᠨᠳᠦᠰᠦᠲᠡᠨ ᠨᠦᠭᠦᠳ ᠤᠨ | ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ | ᠪᠦᠲᠦᠮᠵᠢᠲᠡᠢ ᠰᠡᠷᠭᠡᠶᠢᠯᠡᠵᠦ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠡᠭᠦᠷᠢᠳᠡ ᠴᠡᠴᠡᠭᠯᠡᠭᠦᠯᠦᠨ ᠬᠥᠭᠵᠢᠭᠦᠯᠵᠦ᠂ ᠬᠢᠯᠢ ᠬᠢᠵᠠᠭᠠᠷ ᠤᠨ ᠠᠮᠤᠷ ᠲᠣᠭᠲᠠᠭᠤᠨ ᠢ | ᠡᠭᠦᠷᠢᠳᠡ ᠪᠠᠬᠢᠵᠢᠭᠦᠯᠦᠨ᠎ᠡ᠃ | ᠭᠤᠷᠪᠠ ᠳᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠭᠯᠡᠯ ᠢ ᠬᠠᠷᠠᠭᠠᠯᠠᠨ᠂ ᠲᠣᠭᠲᠠᠭᠤᠨ ᠪᠠᠶᠢᠯᠭᠠᠬᠤ ᠶᠢ | ᠲᠡᠷᠢᠭᠦᠨ ᠳᠤ ᠲᠠᠯᠪᠢᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ᠃ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠣᠳᠣ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠲᠤᠬᠠᠢ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢ | ᠭᠦᠨᠵᠡᠭᠡᠢ ᠲᠤᠤᠱᠯᠠᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠵᠢᠯᠣᠭᠤᠳᠤᠮᠵᠢ ᠪᠣᠯᠭᠠᠵᠤ᠂ ᠣᠳᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠪᠠᠭᠲᠠᠭᠠᠮᠵᠢ ᠶᠢ ᠥᠷᠭᠡᠳᠬᠡᠨ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ | ᠣᠷᠣᠯᠭ᠎ᠠ ᠶᠢ ᠠᠭᠤᠰᠤᠯᠴᠠᠭᠤᠯᠤᠨ ᠨᠡᠮᠡᠭᠳᠡᠭᠦᠯᠬᠦ ᠭᠤᠷᠪᠠᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ | ᠣᠳᠣᠬᠢᠴᠢᠯᠠᠭᠰᠠᠨ ᠥᠭᠡᠷᠡᠴᠢᠯᠡᠯᠲᠡ ᠶᠢ ᠲᠦᠷᠭᠡᠳᠬᠡᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠬᠡᠷᠡᠭᠵᠢᠭᠦᠯᠵᠦ᠂ | ᠤᠯᠤᠰ ᠤᠨ ᠲᠠᠷᠢᠶᠠᠯᠠᠩ ᠥᠨᠳᠥᠷ ᠣᠷᠣᠨ ᠤ ᠵᠥᠪᠰᠢᠶᠡᠷᠡᠯ ᠣᠯᠣᠭᠰᠠᠨ ᠪᠦᠲᠦᠭᠡᠨ ᠪᠠᠶᠢᠭᠤᠯᠤᠯᠲᠠ ᠪᠠ ᠦᠷ᠎ᠡ ᠡᠳ᠋ ᠤᠨ ᠭᠧᠨ ᠤ ᠬᠥᠮᠥᠷᠭᠡ ᠶᠢ ᠲᠠᠰ | ᠳᠡᠪᠰᠢᠭᠦᠯᠬᠦ ᠪᠠᠷ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠳᠠᠪᠠᠭᠤᠯᠢᠭ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠬᠠᠲᠤᠨ ᠭᠤᠣᠯ ᠤᠨ | ᠰᠠᠪᠠ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠥᠪᠯᠡᠷᠡᠭᠰᠡᠨ ᠣᠷᠣᠨ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠥᠯᠢᠭᠡᠷ ᠳᠠᠭᠤᠷᠢᠶᠠᠯ ᠣᠷᠣᠨ ᠢ ᠴᠢᠷᠮᠠᠶᠢᠨ ᠪᠠᠶᠢᠭᠤᠯᠤᠨ᠎ᠠ᠃ ᠶᠡᠷᠦᠩᠬᠡᠢ ᠱᠦᠵᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠣᠷᠭᠢᠯ ᠳᠤ | ᠬᠦᠷᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠰᠠᠭᠠᠷᠮᠠᠭᠵᠢᠬᠤ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠰᠢᠰᠲ᠋ᠥᠮ ᠤᠨ ᠦᠵᠡᠯᠲᠡ ᠪᠠᠨ ᠴᠢᠩᠭᠠᠳᠬᠠᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠳᠤᠯ ᠢ ᠪᠠᠭᠠᠰᠬᠠᠬᠤ᠂ ᠪᠣᠬᠢᠷᠳᠤᠯ ᠦᠭᠡᠢ ᠶᠢ ᠥᠷᠭᠡᠳᠬᠡᠬᠦ᠂ | ᠨᠡᠮᠡᠭᠳᠡᠯ ᠢ ᠵᠣᠬᠢᠴᠠᠭᠤᠯᠤᠨ ᠠᠬᠢᠭᠤᠯᠬᠤ ᠶᠢ ᠪᠠᠷᠢᠮᠲᠠᠯᠠᠵᠤ᠂ ︽ᠬᠤᠶᠠᠷ ᠰᠠᠭᠤᠷᠢᠨ︾ ︽ᠲᠦᠷᠪᠡᠨ ᠪᠦᠯᠦᠭᠯᠡᠯ︾ ᠢ ᠪᠠᠶᠢᠭᠤᠯᠬᠤ ᠪᠠᠷ ᠭᠤᠣᠯ ᠰᠢᠪᠲᠤᠯᠬᠤ ᠴᠢᠭᠯᠡᠯ | ᠪᠣᠯᠭᠠᠵᠤ᠂ ᠰᠢᠨ᠎ᠡ ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ | ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠲᠦᠷᠭᠡᠳᠬᠡᠵᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠪᠣᠬᠢᠷᠳᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠲᠠᠯ᠎ᠠ ᠪᠠᠷ ᠦᠨᠡᠨ ᠪᠣᠳᠠᠲᠠᠢ ᠠᠯᠬᠤᠮ ᠢ ᠠᠯᠬᠤᠬᠤ ᠪᠠᠷ ᠴᠢᠷᠮᠠᠶᠢᠨ᠎ᠠ᠃ | ᠳᠥᠷᠪᠡ ᠳᠤ᠂ ᠠᠷᠠᠳ ᠲᠦᠮᠡᠨ ᠳᠤ ᠪᠤᠶᠠᠨ ᠦᠢᠯᠡᠳᠬᠦ ᠶᠢ ᠢᠮᠠᠭᠲᠠ ᠬᠠᠮᠤᠭ ᠤᠨ ᠴᠢᠬᠤᠯᠠ ᠠᠵᠢᠯ ᠤᠨ ᠪᠦᠲᠦᠮᠵᠢ ᠪᠣᠯᠭᠠᠵᠤ᠂ ᠠᠷᠠᠳ | ᠤᠯᠠᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠬᠦᠴᠦᠨ ᠢᠶᠠᠨ ᠲᠥᠪᠯᠡᠷᠡᠭᠦᠯᠦᠨ ᠲᠦᠭᠡᠮᠡᠯ ᠬᠠᠷᠠᠭᠠᠯᠵᠠᠯ ᠤᠨ | ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠰᠠᠶᠢᠲᠤᠷ ᠬᠢᠵᠦ᠂ ᠬᠦᠴᠢᠷᠳᠡᠯᠲᠡᠢ | ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠠᠵᠢᠯ ᠢ ᠴᠥᠬᠦᠷᠡᠰᠢ ᠦᠭᠡᠢ | ᠴᠢᠩᠭ᠎ᠠ ᠠᠳᠬᠤᠨ ᠨᠠᠷᠢᠨ ᠠᠳᠬᠤᠵᠤ᠂ ᠪᠣᠭᠤᠮᠲᠠ ᠶᠢᠨ ᠰᠡᠷᠭᠡᠶᠢᠯᠡᠨ ᠡᠵᠡᠮᠳᠡᠬᠦ ᠭᠤᠷᠪᠠᠨ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ | ᠪᠠᠬᠢᠵᠢᠭᠦᠯᠵᠦ᠂ ᠬᠢᠵᠢᠭ ᠤᠨ ᠪᠠᠶᠢᠳᠠᠯ ᠤᠨ ᠬᠡᠪᠴᠢᠶᠡᠵᠢᠯ ᠤᠨ ᠴᠢᠨᠠᠷᠲᠠᠢ ᠳᠠᠬᠢᠨ ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠵᠤ᠂ ᠠᠷᠠᠳ ᠤᠯᠠᠨ ᠤ | ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠎ᠠ᠃ ᠠᠶᠤᠯᠭᠦᠢ ᠦᠢᠯᠡᠳᠪᠦᠷᠢᠯᠡᠯ ᠤᠨ | ᠲᠤᠰᠬᠠᠢ ᠴᠡᠭᠴᠡᠯᠡᠨ ᠵᠠᠰᠠᠯᠲᠠ ᠶᠢ ᠯᠠᠪᠳᠠᠭᠤᠨ ᠢᠶᠠᠷ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠ ᠤᠯᠠᠨ ᠲᠦᠮᠡᠨ ᠤ ᠵᠠᠬᠢᠳᠠᠯ | ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠶᠢ ᠪᠠᠶᠢᠩᠭᠤᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠬᠤ ᠠᠵᠢᠯ ᠢ ᠴᠢᠩᠭ᠎ᠠ | ᠨᠢᠮᠪᠠᠢ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ᠃ | ᠲᠠᠪᠤ ᠳᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠵᠤ᠂ | ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠬᠡᠵᠢᠶᠡᠳᠡ ᠵᠠᠮ ᠵᠠᠭᠤᠷ᠎ᠠ ᠪᠠᠨ ᠰᠡᠷᠭᠡᠭ ᠪᠠᠶᠢᠬᠤ ᠪᠠ | ᠡᠷᠡᠰ ᠪᠠᠲᠤ ᠪᠠᠶᠢᠬᠤ ᠶᠢ ᠢᠮᠠᠭᠲᠠ ᠪᠠᠲᠤᠯᠠᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ | ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠭ᠎ᠠ ᠪᠣᠳᠠᠲᠠᠢ ᠪᠠᠷ ᠰᠠᠶᠢᠲᠤᠷ ᠠᠳᠬᠤᠵᠤ᠂ ︽ᠳᠥᠷᠪᠡᠨ ᠰᠤᠷᠲᠠᠯ︾ ᠢ ᠴᠥᠬᠦᠷᠡᠰᠢ | ᠦᠭᠡᠢ ᠵᠠᠯᠠᠷᠠᠭᠤᠯᠤᠨ ᠵᠠᠰᠠᠵᠤ᠂ ᠢᠯᠵᠠᠷᠠᠯ ᠢ ᠵᠠᠯᠬᠠᠭᠠᠨ ᠰᠢᠢᠳᠬᠡᠵᠦ᠂ ᠬᠢᠨᠠᠯᠲᠠ ᠲᠠᠯᠪᠢᠬᠤ ᠪᠠᠨ ᠴᠢᠩᠭᠠᠳᠬᠠᠨ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ | ᠰᠢᠨ᠎ᠡ ᠵᠢᠳᠬᠦᠯ ᠴᠢᠷᠮᠠᠶᠢᠯᠭ᠎ᠠ ᠪᠠᠷ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠣᠯᠬᠤ ᠶᠢ ᠬᠥᠲᠥᠯᠥᠨ | ᠳᠠᠭᠠᠭᠤᠯᠬᠤ ᠪᠠ ᠪᠠᠲᠤᠯᠠᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠺᠠᠳ᠋ᠷ ᠤᠨ | ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠬᠦ᠂ ᠠᠵᠢᠯ ᠤᠨ ᠰᠤᠷᠲᠠᠯ ᠢ ᠶᠡᠭᠡ ᠪᠠᠷ ᠬᠤᠪᠢᠷᠠᠭᠤᠯᠬᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠶᠡᠭᠡ ᠪᠠᠷ ᠲᠦᠷᠭᠡᠳᠬᠡᠬᠦ᠂ | ᠬᠥᠭᠵᠢᠯᠲᠡ ᠶᠢᠨ ᠬᠦᠴᠦᠨ ᠢ ᠶᠡᠭᠡ ᠪᠠᠷ ᠲᠥᠪᠯᠡᠷᠡᠭᠦᠯᠬᠦ᠂ ᠡᠵᠡᠩᠨᠡᠯᠲᠡ ᠶᠢᠨ ᠣᠷᠴᠢᠨ ᠲᠣᠭᠤᠷᠢᠨ ᠢ ᠶᠡᠭᠡ ᠪᠠᠷ ᠰᠠᠶᠢᠵᠢᠷᠠᠭᠤᠯᠬᠤ ︽ᠲᠠᠪᠤᠨ ᠶᠡᠭᠡ ᠠᠵᠢᠯᠯᠠᠭ᠎ᠠ︾ | ᠶᠢ ᠭᠦᠨᠵᠡᠭᠡᠢ ᠥᠷᠨᠢᠭᠦᠯᠵᠦ᠂ ᠺᠠᠳ᠋ᠷ ᠤᠨ ᠡᠩᠨᠡᠭᠡ ᠶᠢᠨ ᠴᠤᠭ ᠰᠦᠯᠳᠡ ᠶᠢ ᠪᠥᠬᠦ ᠲᠠᠯ᠎ᠠ ᠪᠠᠷ ᠬᠥᠭᠵᠢᠭᠡᠨ ᠪᠠᠳᠠᠷᠠᠭᠤᠯᠵᠤ᠂ ᠡᠯ᠎ᠡ ᠵᠦᠢᠯ ᠤᠨ | ᠡᠭᠦᠷᠭᠡ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠦᠰᠡᠯ | ᠡᠷᠡᠮᠡᠯᠵᠡᠯ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠵᠢᠯ ᠤᠨ ᠱᠠᠭᠠᠷᠳᠠᠯᠭ᠎ᠠ ᠶᠢ ᠦᠨᠡᠨᠬᠦ ᠪᠠᠶᠠᠨᠨᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠰᠢᠯᠢᠳᠡᠭ | ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃ |