ᠭᠦᠭᠡᠬᠤᠲᠠ 2023 ᠣᠨ ᠤ ᠥᠨᠳᠥᠷ ᠳᠤᠮᠳᠠᠳᠤ ᠳᠤ ᠳᠠᠪᠰᠢᠬᠤ ᠰᠢᠯᠭᠠᠯᠲᠠ ᠶᠢᠨ ᠪᠡᠶ᠎ᠡ ᠶᠢᠨ ᠲᠠᠮᠢᠷ ᠤᠨ 1000 ᠮᠧᠲᠷ 800 ᠮᠧᠲᠷ ᠤᠨ ᠰᠢᠯᠭᠠᠯᠲᠠ ᠶᠢ ᠬᠠᠰᠤᠪᠠ
ᠨᠡᠶᠢᠲᠡᠯᠡᠭᠰᠡᠨ ᠴᠠᠭ᠄
2023/3/13
      ᠭᠦᠭᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠡᠶᠢᠲᠡᠯᠡᠭᠰᠡᠨ ᠢᠶᠠᠷ᠂ 2023 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠤᠨ ᠥᠨᠳᠥᠷ ᠳᠤᠮᠳᠠᠳᠤ ᠳᠤ ᠳᠠᠪᠰᠢᠬᠤ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠲᠥᠷᠥᠯ ᠵᠦᠢᠯ ᠳᠤ ᠲᠣᠬᠢᠷᠠᠭᠤᠯᠤᠯᠲᠠ ᠬᠢᠵᠦ᠂ ᠡᠷᠡᠭᠲᠡᠢ ᠰᠣᠷᠣᠬᠴᠢ ᠶᠢᠨ 1000 ᠮᠧᠲᠷ᠂ ᠡᠮᠡᠭᠲᠡᠢ ᠰᠣᠷᠣᠬᠴᠢ ᠶᠢᠨ 800 ᠮᠧᠲᠷ ᠤᠨ ᠰᠢᠯᠭᠠᠯᠲᠠ ᠶᠢᠨ ᠲᠥᠷᠥᠯ ᠵᠦᠢᠯ ᠢ ᠬᠠᠰᠤᠪᠠ᠃       ᠣᠶᠢᠯᠠᠭᠠᠭᠰᠠᠨ ᠢᠶᠠᠷ᠂ 2023 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠤᠨ ᠥᠨᠳᠥᠷ ᠳᠤᠮᠳᠠᠳᠤ ᠳᠤ ᠳᠠᠪᠰᠢᠬᠤ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠪᠦᠷᠢᠨ ᠬᠤᠪᠢ ᠨᠢ 40 ᠬᠤᠪᠢ ᠪᠠᠶᠢᠵᠤ᠂ ᠡᠷᠡᠭᠲᠡᠢ ᠰᠣᠷᠣᠬᠴᠢ ᠶᠢᠨ 1000 ᠮᠧᠲᠷ᠂ ᠡᠮᠡᠭᠲᠡᠢ ᠰᠣᠷᠣᠬᠴᠢ ᠶᠢᠨ 800 ᠮᠧᠲᠷ ᠤᠨ ᠰᠢᠯᠭᠠᠯᠲᠠ ᠶᠢᠨ ᠲᠥᠷᠥᠯ ᠵᠦᠢᠯ ᠢ ᠬᠠᠰᠤᠵᠤ᠂ ᠰᠢᠯᠭᠠᠭᠤᠯᠤᠭᠴᠢ ᠶᠢᠨ ᠲᠣᠰ ᠲᠥᠷᠥᠯ ᠵᠦᠢᠯ ᠤᠨ ᠬᠢᠷᠢ ᠪᠦᠲᠦᠮᠵᠢ ᠶᠢ ᠪᠦᠷᠢᠨ ᠬᠤᠪᠢ 20 ᠬᠤᠪᠢ ᠪᠠᠷ ᠶᠡᠷᠦᠩᠬᠡᠢ ᠬᠤᠪᠢ ᠳᠤᠨᠢ ᠪᠤᠳᠤᠵᠤ ᠣᠷᠣᠭᠤᠯᠤᠨ᠎ᠠ᠃ 2023 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠤᠨ ᠥᠨᠳᠥᠷ ᠳᠤᠮᠳᠠᠳᠤ ᠳᠤ ᠳᠠᠪᠰᠢᠬᠤ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠰᠢᠯᠭᠠᠯᠲᠠ ᠳᠤ ᠬᠤᠯᠠ ᠬᠠᠷᠠᠶᠢᠬᠤ ᠰᠢᠯᠭᠠᠯᠲᠠ ᠶᠢ ᠦᠯᠡᠳᠡᠭᠡᠵᠦ᠂ ᠲᠣᠰ ᠲᠥᠷᠥᠯ ᠤᠨ ᠪᠦᠷᠢᠨ ᠬᠤᠪᠢ ᠨᠢ 10 ᠪᠠᠶᠢᠵᠤ᠂ ᠪᠣᠳᠠᠲᠠᠢ ᠰᠢᠯᠭᠠᠯᠲᠠ ᠶᠢᠨ ᠬᠢᠷᠢ ᠪᠦᠲᠦᠮᠵᠢ ᠪᠠᠷ ᠨᠢ ᠶᠡᠷᠦᠩᠬᠡᠢ ᠬᠤᠪᠢ ᠳᠤ ᠪᠤᠳᠤᠵᠤ ᠣᠷᠣᠭᠤᠯᠤᠨ᠎ᠠ᠃       ᠡᠭᠦᠨ ᠠᠴᠠ ᠭᠠᠳᠠᠨ᠎ᠠ᠂ 2023 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠤᠨ ᠥᠨᠳᠥᠷ ᠳᠤᠮᠳᠠᠳᠤ ᠳᠤ ᠳᠠᠪᠰᠢᠬᠤ ᠰᠢᠯᠭᠠᠯᠲᠠ  ᠶᠢᠨ ᠪᠡᠶ᠎ᠡ ᠶᠢᠨ ᠲᠠᠮᠢᠷ ᠤᠨ ᠰᠢᠯᠭᠠᠯᠲᠠ ᠳᠤ 1 ᠮᠢᠨᠦ᠋ᠲ ᠤᠨ ᠳᠡᠭᠡᠰᠦ ᠦᠰᠦᠷᠭᠦ᠂ ᠲᠠᠩᠭᠠᠶᠢᠬᠤ ᠪᠤᠰᠬᠤ ︵ᠡᠮᠡᠭᠲᠡᠢ ᠰᠤᠷᠤᠬᠴᠢ︶᠂ ᠴᠤᠯᠤ ᠪᠥᠮᠪᠦᠭᠡ ︵ᠡᠷᠡᠭᠲᠡᠢ ᠰᠤᠷᠤᠬᠴᠢ︶ ᠵᠡᠷᠭᠡ ᠭᠤᠷᠪᠠᠨ ᠲᠦᠷᠦᠯ ᠠᠴᠠ ᠲᠠᠰᠢᠷᠠᠮ ᠢᠶᠠᠷ ᠨᠢᠭᠡ ᠲᠦᠷᠦᠯ ᠢ ᠰᠣᠩᠭᠤᠨ ᠰᠢᠯᠭᠠᠨ᠎ᠠ᠃ ᠲᠣᠰ ᠲᠥᠷᠥᠯ ᠤᠨ ᠪᠦᠷᠢᠨ ᠬᠤᠪᠢ 10 ᠬᠤᠪᠢ᠂ ᠪᠣᠳᠠᠲᠠᠢ ᠰᠢᠯᠭᠠᠯᠲᠠ ᠶᠢᠨ ᠬᠢᠷᠢ ᠪᠦᠲᠦᠮᠵᠢ ᠪᠠᠷ ᠶᠡᠷᠦᠩᠬᠡᠢ ᠬᠤᠪᠢ ᠳᠤ ᠪᠤᠳᠤᠵᠤ ᠣᠷᠣᠭᠤᠯᠤᠨ᠎ᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ