ᠮᠠᠨ ᠤ ᠣᠷᠣᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠳᠤ ᠴᠢᠩᠭ᠎ᠠ ᠪᠠᠶᠢᠴᠠᠭᠠᠯᠲᠠ ᠬᠢᠵᠦ ᠪᠤᠢ
ᠨᠡᠶᠢᠲᠡᠯᠡᠭᠰᠡᠨ ᠴᠠᠭ᠄
2023/3/13
      ᠬᠠᠪᠤᠷ ᠤᠨ ᠤᠯᠠᠷᠢᠯ ᠤᠨ ᠰᠤᠷᠭᠠᠭᠤᠯᠢ ᠡᠭᠢᠯᠡᠭᠦ ᠶᠢ ᠳᠠᠭᠠᠯᠳᠤᠨ᠂ ᠪᠦᠭᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠡᠶᠢᠲᠡ 207 ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ᠂ 318 ᠰᠤᠷᠤᠬᠴᠢ ᠶᠢᠨ ᠦᠳᠡ ᠶᠢᠨ ᠠᠮᠠᠷᠠᠯᠲᠠ ᠶᠢᠨ ᠭᠠᠵᠠᠷ᠂ 525 ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠢᠳᠡᠭᠡᠨ ᠤᠮᠳᠠᠭᠠᠨ ᠤ ᠨᠢᠭᠡᠴᠢ ᠳᠤ ᠪᠠᠶᠢᠴᠠᠭᠠᠯᠲᠠ ᠬᠢᠵᠦ᠂ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠢ 447 ᠬᠤᠪᠢ ᠪᠠᠭᠤᠯᠭᠠᠪᠠ᠃       ᠡᠨᠡ ᠵᠢᠯ ᠤᠨ ᠬᠠᠪᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠪᠤᠳᠤᠯᠢᠶᠠᠨᠲᠤ ᠴᠢᠨᠠᠷ ᠪᠠ ᠣᠨᠴᠠᠭᠠᠶ ᠴᠢᠨᠠᠷ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠭᠡᠳ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ ᠬᠠᠮᠲᠤᠷᠠᠨ ︽2023 ᠣᠨ ᠤ ᠬᠠᠪᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠦᠭᠦ ᠣᠷᠣᠨ ᠤ ᠬᠠᠪᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠥᠲᠥᠯᠥᠨ ᠵᠢᠯᠤᠭᠤᠳᠬᠤ ᠡᠷᠴᠢᠮ ᠢᠶᠠᠨ ᠴᠢᠨᠠᠭᠰᠢᠳᠠ ᠴᠢᠩᠭᠠᠳᠬᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠰᠤᠷᠭᠠᠭᠤᠯᠢ ᠶᠢᠨ ᠭᠠᠳᠠᠨᠠᠬᠢ ᠬᠤᠭᠤᠯᠠ ᠬᠠᠩᠭᠠᠬᠤ ᠨᠢᠭᠡᠴᠢ ᠪᠣᠯᠣᠨ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ  ᠪᠠᠨ ᠴᠢᠩᠭ᠎ᠠ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ᠂ ᠬᠤᠭᠤᠯᠠᠨ ᠭᠡᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠢᠳᠡᠭᠡᠨ ᠤ ᠲᠦᠭᠦᠬᠡᠢ ᠡᠳ᠋ ᠤᠨ ᠡᠬᠢ ᠰᠤᠷᠪᠤᠯᠵᠢ ᠶᠢᠨ ᠪᠠᠶᠢᠴᠠᠭᠠᠯᠲᠠ᠂ ᠢᠳᠡᠭᠡᠨ ᠤ ᠨᠡᠮᠡᠯᠲᠡ ᠡᠳ᠋ ᠤᠨ ᠬᠠᠮᠢᠶᠠᠷᠤᠯᠲᠠ᠂ ᠲᠥᠬᠦᠭᠡᠷᠦᠮᠵᠢ ᠶᠢᠨ ᠡᠷᠭᠢᠯᠲᠡ᠂ ᠡᠳ᠋ᠰᠢᠭᠦᠯᠦᠨ ᠪᠤᠯᠪᠠᠰᠤᠷᠠᠭᠤᠯᠬᠤ ᠶᠠᠪᠤᠴᠠ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ᠂ ᠠᠵᠢᠯᠲᠠᠳ ᠤᠨ ᠪᠡᠶ᠎ᠡ  ᠶᠢᠨ ᠡᠷᠡᠭᠦᠯ ᠮᠡᠨᠳᠦ ᠵᠡᠷᠭᠡ ᠲᠠᠯ᠎ᠠ ᠠᠴᠠ ᠭᠠᠷᠳᠠᠨ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠤᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠪᠦᠭᠦ ᠲᠠᠯ᠎ᠠ ᠪᠠᠷ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠬᠦᠨᠳᠦ ᠶᠡᠭᠡ ᠬᠡᠷᠡᠭ ᠭᠠᠷᠬᠤ ᠶᠢ ᠴᠢᠩᠭ᠎ᠠ ᠰᠡᠷᠭᠡᠶᠢᠯᠡᠨ᠂ ᠥᠪᠡᠷ ᠢ ᠪᠠᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠢᠳᠡᠭᠡᠨ ᠤ ᠠᠮᠤᠷ ᠲᠦᠪᠰᠢᠨ ᠤ ᠠᠰᠠᠭᠤᠳᠠᠯ ᠳᠤ ᠦᠳᠲᠡᠷ ᠲᠦᠷᠭᠡᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠴᠠᠭ ᠲᠤᠬᠠᠢ ᠳᠤᠨᠢ ᠳᠠᠭᠢᠨ ᠬᠠᠷᠭᠤᠭᠤᠯᠤᠨ ᠬᠢᠨᠠᠬᠤ ᠬᠡᠷᠡᠭᠲᠡᠢ ᠭᠡᠵᠦ ᠱᠠᠭᠠᠷᠳᠠᠪᠠ᠃       ᠣᠶᠢᠯᠠᠭᠠᠭᠰᠠᠨ ᠢᠶᠠᠷ᠂ ᠲᠣᠰ ᠠᠵᠢᠯᠯᠠᠭ᠎ᠠ 2 ᠰᠠᠷ᠎ᠠ ᠶᠢᠨ 15 ᠤ ᠡᠳᠦᠷ ᠠᠴᠠ ᠡᠬᠢᠯᠡᠵᠦ᠂ 4 ᠰᠠᠷ᠎ᠠ ᠶᠢᠨ 20 ᠤ ᠡᠳᠦᠷ ᠪᠤᠯᠲᠠᠯ᠎ᠠ ᠶᠠᠪᠤᠭᠳᠠᠨ᠎ᠠ᠃ ᠪᠦᠭᠦ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠰᠠᠭᠤᠳᠠᠯ ᠳᠤ ᠥᠴᠥᠬᠡᠨ ᠴᠦ ᠢᠯᠳᠠᠷ ᠬᠠᠶᠠᠬᠤ ᠦᠭᠡᠢ ᠣᠪᠣᠷ ᠢ ᠦᠷᠭᠦᠯᠵᠢᠯᠡᠨ ᠪᠠᠷᠢᠮᠲᠠᠯᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠴᠢᠩᠭ᠎ᠠ ᠪᠠᠶᠢᠴᠠᠭᠠᠨ ᠬᠠᠮᠢᠶᠠᠷᠴᠤ ᠪᠠᠶᠢᠨ᠎ᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ