ᠲᠢᠶᠠᠨᠵᠢᠲᠠᠢ ᠪᠠᠯᠭᠠᠰᠤ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠢ ᠦᠪᠡᠳᠡᠭᠰᠢ ᠶᠡᠬᠡ ᠪᠡᠷ ᠬᠢᠪᠠ
ᠨᠡᠶᠢᠲᠡᠯᠡᠭᠰᠡᠨ ᠴᠠᠭ᠄
2023/3/24
      3 ᠰᠠᠷ᠎ᠠ ᠶᠢᠨ 18 ᠤ ᠡᠳᠦᠷ ᠂ ᠲᠢᠶᠠᠨᠵᠢᠲᠠᠢ ᠪᠠᠯᠭᠠᠰᠤ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠢ ᠬᠤᠷᠠᠯᠳᠤᠵᠦ᠂ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠬᠥᠰᠢᠭᠡ ᠪᠠᠨ ᠰᠡᠬᠦᠪᠡ ᠃ ᠡᠯ᠎ᠡ ᠠᠵᠢᠯ ᠲᠦᠷᠦᠯ ᠂ ᠡᠯ᠎ᠡ ᠹᠷᠣᠨᠲ ᠠᠴᠠ ᠢᠷᠡᠭᠰᠡᠨ ᠲᠥᠯᠥᠭᠡᠯᠡᠭᠴᠢ ᠪᠣᠯᠣᠨ ᠰᠤᠯᠠ ᠣᠷᠣᠯᠴᠠᠭᠰᠠᠳ ᠨᠡᠶᠢᠳᠡ 82 ᠬᠥᠮᠥᠨ ᠪᠠᠢᠵᠦ᠂ ᠲᠢᠶᠠᠨᠵᠢᠲᠠᠢ ᠪᠠᠯᠭᠠᠰᠤ ᠶᠢᠨ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤᠪᠠᠷ ᠵᠥᠪᠯᠡᠵᠦ ᠂ ᠲᠢᠶᠠᠨᠵᠢᠲᠠᠢ ᠪᠠᠯᠭᠠᠰᠤ ᠶᠢᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠬᠠᠮᠲᠤᠪᠠᠷ ᠵᠢᠷᠤᠭᠯᠠᠪᠠ ᠃

微信图片_20230324101124.png

      ᠵᠠᠩ ᠯᠢ ᠵᠢᠶᠦ᠋ᠨ ᠨᠥᠬᠦᠷ ᠲᠢᠶᠠᠨᠵᠢᠲᠠᠢ ᠪᠠᠯᠭᠠᠰᠤ ᠶᠢᠨ ᠵᠠᠰᠠᠭ ᠤᠨ ᠣᠷᠳᠣᠨ ᠢ ᠲᠥᠯᠥᠭᠡᠯᠡᠨ ︽ 

ᠲᠢᠶᠠᠨᠵᠢᠲᠠᠢ ᠪᠠᠯᠭᠠᠰᠤ ᠶᠢᠨ 2022 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠬᠢᠵᠦ᠂ ᠢᠯᠡᠳᠬᠡᠯ ᠳᠤ ᠠᠵᠤ

ᠠᠬᠤᠢ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠤᠨ ᠪᠣᠳᠠᠲᠤ ᠪᠠᠢᠲᠠᠯ᠎ ᠂ ᠦᠨᠳᠦᠰᠦᠨ

ᠱᠠᠲᠤᠨ ᠤ ᠵᠠᠰᠠᠯᠲᠠ ᠵᠡᠷᠭᠡ ᠳᠥᠷᠪᠡᠨ ᠲᠠᠯ᠎ᠠ ᠠᠴᠠ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠪᠥᠬᠦ ᠲᠠᠯ᠎ᠠ ᠪᠠᠷ ᠰᠢᠰᠲ᠋ᠧᠮ ᠲᠠᠢ ᠳ᠋ᠦᠩᠨᠡᠭᠰᠡᠨ ᠪᠠᠶᠢᠨ᠎ᠠ᠃ ᠴᠢᠨᠠᠷ

ᠰᠠᠶᠢᠲᠠᠢ ᠬᠥᠭᠵᠢᠯᠲᠡ ᠶᠢᠨ ︽ ᠨᠢᠭᠡ ᠭᠤᠣᠯ ᠱᠤᠭᠤᠮ ︾  ᠢ ᠴᠢᠩᠭ᠎ᠠ ᠡᠵᠡᠮᠳᠡᠬᠦ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ

ᠲᠤᠰᠢᠶᠠᠭᠰᠠᠨ ︽ᠲᠠᠪᠤᠨ ᠶᠡᠭᠡ ᠡᠭᠦᠷᠭᠡ ︾  ᠳᠤ ᠠᠩᠬᠠᠷᠤᠯ ᠢᠶᠠᠨ ᠲᠥᠪᠯᠡᠷᠡᠭᠦᠯᠬᠦ ᠂ ︽ᠭᠤᠷᠪᠠᠨ ᠵᠠᠩᠭᠢᠯᠠᠭ᠎ᠠ ︾  ᠳᠤ ᠬᠦᠴᠦ ᠪᠠᠨ ᠲᠥᠪᠯᠡᠷᠡᠭᠦᠯᠬᠦ ᠂ ︽ᠲᠠᠪᠤᠨ

ᠭᠤᠣᠯᠳᠠᠯᠭ᠎ᠠ ︾  ᠶᠢ ᠰᠠᠶᠢᠲᠤᠷ ᠠᠳᠬᠤᠬᠤ ᠵᠡᠷᠭᠡ ᠲᠦᠷᠪᠡᠨ ᠲᠠᠯ᠎ᠠ ᠠᠴᠠ ᠡᠭᠦᠰᠴᠦ ᠂  ᠲᠢᠶᠠᠨᠵᠢᠲᠠᠢ ᠪᠠᠯᠭᠠᠰᠤ ᠶᠢᠨ 2023 ᠣᠨ ᠤ

ᠠᠵᠢᠯ ᠤᠨ ᠡᠭᠦᠷᠭᠡ ᠶᠢ ᠲᠣᠬᠢᠷᠠᠭᠤᠯᠤᠨ ᠪᠠᠢᠷᠢᠯᠠᠭᠤᠯᠪᠠ᠃

 

微信图片_20230324101128.png

      ᠾᠸ ᠷᠦᠢ ᠴᠢᠨ ᠲᠢᠶᠠᠨᠵᠢᠲᠠᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ

ᠪᠦᠯᠬᠦᠮ ᠢ ᠲᠥᠯᠥᠭᠡᠯᠡᠨ ︽ ᠲᠢᠶᠠᠨᠵᠢᠲᠠᠢ ᠪᠠᠯᠭᠠᠰᠤᠨ ᠤ 2022 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ ︾ ᠬᠢᠪᠡ ᠂

ᠢᠯᠡᠳᠬᠡᠯ ᠳᠤ ᠵᠢᠭᠠᠵᠦ ᠭᠠᠷᠭᠠᠭᠰᠠᠨ ᠨᠢ᠂ 2022 ᠣᠨ ᠳᠤ ᠂ ᠲᠢᠶᠠᠨᠵᠢᠲᠠᠢ ᠪᠠᠯᠭᠠᠰᠤᠨ ᠤ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠦᠬᠦ ᠪᠠᠯᠭᠠᠰᠤᠨ ᠤ ᠠᠵᠤ ᠠᠬᠤᠢ ᠶᠢᠨ ᠬᠥᠭᠵᠢᠯᠲᠡ ᠪᠣᠯᠣᠨ ᠨᠡᠶᠢᠭᠡᠮ ᠤᠨ ᠲᠣᠭᠲᠠᠭᠤᠨ ᠢ ᠠᠬᠢᠭᠤᠯᠬᠤ ᠳᠤ

ᠢᠳᠡᠪᠬᠢᠲᠡᠢ ᠦᠢᠯᠡᠳᠦᠯ ᠦᠵᠡᠭᠦᠯᠵᠡᠢ ᠭᠡᠪᠡ᠃ ᠢᠯᠠᠩᠭᠤᠶ᠎ᠠ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ

ᠳᠡᠭᠡᠭᠰᠢᠯᠡᠭᠦᠯᠬᠦ ᠂ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠪᠠᠶᠢᠴᠠᠭᠠᠨ ᠦᠵᠡᠭᠦᠯᠬᠦ ᠂ ᠵᠥᠪᠯᠡᠯᠭᠡ ᠶᠢ ᠰᠢᠢᠳᠪᠦᠷᠢᠯᠡᠬᠦ ᠶᠢ ᠰᠢᠪᠠᠳᠠᠬᠤ᠂ ᠬᠠᠤᠯᠢ ᠶᠣᠰᠣᠭᠠᠷ ᠬᠢᠨᠠᠯᠲᠠ

ᠲᠠᠯᠪᠢᠬᠤ ᠵᠡᠷᠭᠡ ᠲᠠᠯ᠎ᠠ ᠪᠠᠷ ᠰᠢᠨ᠎ᠡ ᠠᠮᠵᠢᠯᠲᠠ ᠪᠦᠲᠦᠮᠵᠢ ᠣᠯᠵᠤ ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ ᠂ ᠰᠢᠨ᠎ᠡ ᠬᠠᠭᠤᠳᠠᠰᠤ ᠶᠢ ᠪᠢᠴᠢᠭᠯᠡᠭᠰᠡᠨ

ᠪᠠᠶᠢᠨ᠎ᠠ ᠃ 2023 ᠣᠨ ᠳᠤ ᠂ ᠲᠢᠶᠠᠨᠵᠢᠲᠠᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠦᠨᠡᠨ ᠢ

ᠪᠠᠷᠢᠮᠲᠠᠯᠠᠨ ᠪᠣᠳᠠᠲᠠᠢ ᠶᠢ ᠡᠷᠬᠢᠮᠯᠡᠵᠦ ᠂ ᠢᠳᠡᠪᠬᠢᠲᠡᠢ ᠠᠵᠢᠯᠯᠠᠵᠤ ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂ ᠰᠠᠨᠠᠯ ᠵᠥᠪᠯᠡᠯᠭᠡ ᠳᠤᠷᠠᠳᠤᠨ

ᠠᠷᠭ᠎ᠠ ᠤᠬᠠᠭᠠᠨ ᠭᠠᠷᠭᠠᠵᠤ ᠂ ᠠᠮᠤ ᠪᠤᠳᠠᠭ᠎ᠠ ᠲᠠᠷᠢᠬᠤ ᠡᠭᠦᠷᠭᠡ ᠶᠢ ᠬᠦᠴᠦ ᠪᠠᠨ ᠬᠠᠮᠲᠤᠳᠬᠠᠨ ᠠᠬᠢᠭᠤᠯᠵᠤ ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ

ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠪᠠ ᠠᠵᠤ ᠠᠬᠤᠢ

ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠂ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ 

ᠲᠢᠶᠠᠨᠵᠢᠲᠠᠢ ᠶᠢ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠣᠯᠣᠨ᠎ᠠ ᠃

微信图片_20230324101131.png

      ᠮᠠ ᠯᠢ ᠫᠢᠩ ︽2022 ᠣᠨ ᠤ ᠲᠢᠶᠠᠨᠵᠢᠲᠠᠢ ᠪᠠᠯᠭᠠᠰᠤᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ

ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ︾ ᠪᠠ ︽2023 ᠣᠨ ᠤ ᠲᠢᠶᠠᠨᠵᠢᠲᠠᠢ ᠪᠠᠯᠭᠠᠰᠤᠨ ᠤ ᠵᠠᠰᠠᠭ ᠤᠨ

ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠥᠷᠥᠯ ᠵᠦᠢᠯ ᠤᠨ ᠪᠦᠷᠢᠯᠳᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︾

ᠬᠢᠪᠡ᠃

微信图片_20230324101134.png

      ᠲᠡᠷᠢᠭᠦᠯᠡᠭᠴᠢᠳ ᠤᠨ ᠪᠦᠯᠬᠦᠮ ᠪᠣᠯᠣᠨ ᠡᠯ᠎ᠡ ᠲᠥᠯᠥᠭᠡᠯᠡᠭᠴᠢᠳ ᠤᠨ ᠪᠦᠯᠬᠦᠮ ᠬᠠᠯᠠᠭᠤᠨ ᠢᠶᠠᠷ ᠶᠠᠷᠢᠯᠴᠠᠪᠠ ᠃

微信图片_20230324101137.jpg

微信图片_20230324101140.jpg

      ᠬᠤᠷᠠᠯ ᠠᠴᠠ 2022 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠪᠢᠯᠧᠲ ᠥᠭᠬᠦ ᠲᠦᠷᠦᠯ ᠵᠦᠢᠯ ᠢ

ᠪᠡᠶᠡᠯᠡᠭᠦᠯᠦᠭᠰᠡᠨ ᠪᠠᠶᠢᠳᠠᠯ ᠤᠨ ᠬᠠᠨᠤᠮᠵᠢ ᠶᠢᠨ ᠬᠡᠮᠵᠢᠶ᠎ᠡ ᠂ ᠪᠠᠯᠭᠠᠰᠤᠨ ᠳᠤ ᠰᠠᠭᠤᠭ᠎ᠠ ᠨᠢᠭᠡᠴᠡ ᠶᠢᠨ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠵᠦ ᠂ 2023

ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠦᠷᠦᠯ ᠵᠦᠢᠯ ᠢ ᠪᠢᠯᠧᠲ ᠥᠭᠴᠦ ᠪᠠᠲᠤᠯᠠᠵᠤ ᠂

ᠲᠢᠶᠠᠨᠵᠢᠲᠠᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢ ᠰᠣᠩᠭᠤᠪᠠ ᠃

微信图片_20230324101143.png

      ᠰᠢᠨ᠎ᠡ ᠪᠠᠷ ᠰᠣᠩᠭᠤᠭᠳᠠᠭᠰᠠᠨ ᠲᠢᠶᠠᠨᠵᠢᠲᠠᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠱᠤᠸᠠᠢ

ᠦᠨᠳᠦᠰᠦᠨ ᠬᠠᠤᠯᠢ ᠳᠤ ᠲᠠᠩᠭᠠᠷᠢᠭᠯᠠᠭᠰᠠᠨ ᠪᠥᠭᠡᠳ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠲᠡᠷᠡ ᠢᠯᠡᠷᠬᠡᠢᠯᠡᠭᠰᠡᠨ

ᠨᠢ᠄ ᠲᠢᠶᠠᠨᠵᠢᠲᠠᠢ ᠪᠠᠯᠭᠠᠰᠤᠨ ᠳᠤ ᠢᠷᠡᠭᠡᠳ ᠵᠢᠯ ᠭᠠᠷᠤᠢ ᠶᠢᠨ ᠬᠤᠭᠤᠴᠠᠭᠠᠨ ᠳᠤ ᠂ ᠲᠢᠶᠠᠨᠵᠢᠲᠠᠢ ᠪᠠᠯᠭᠠᠰᠤᠨ ᠤ ᠬᠠᠯᠠᠭᠤᠮᠰᠤᠭ ᠦᠨᠡᠨᠴᠢ ᠰᠢᠳᠤᠷᠭᠤ ᠂

ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠵᠢᠴᠢ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ ᠰᠤᠷᠲᠠᠯ ᠪᠣᠯᠣᠨ ᠵᠣᠷᠢᠭ ᠰᠠᠨᠠᠭ᠎ᠠ ᠶᠢ ᠭᠦᠨᠵᠡᠭᠡᠢ

ᠣᠶᠢᠯᠠᠭᠠᠪᠠ ᠃ ᠡᠨᠡ ᠭᠠᠵᠠᠷ ᠪᠣᠯ ᠬᠦᠰᠡᠯ ᠡᠷᠡᠮᠡᠯᠵᠡᠯ ᠢᠶᠠᠷ ᠪᠢᠯᠬᠠᠭᠰᠠᠨ ᠬᠠᠯᠠᠭᠤᠨ ᠬᠥᠷᠥᠰᠥ ᠮᠥᠨ ᠂ ᠡᠶᠢᠮᠦᠷᠬᠦ ᠣᠷᠴᠢᠨ ᠲᠣᠭᠤᠷᠢᠨ ᠳᠤ ᠠᠵᠢᠯᠯᠠᠵᠤ

ᠰᠤᠷᠤᠯᠴᠠᠵᠤ ᠴᠢᠳᠠᠭᠰᠠᠨ ᠳᠠᠭᠠᠨ ᠲᠤᠶᠢᠯ ᠤᠨ ᠠᠵᠠ ᠵᠠᠪᠰᠢᠶᠠᠨ ᠲᠠᠢ ᠰᠠᠨᠠᠭᠳᠠᠵᠤ ᠪᠠᠶᠢᠨ᠎ᠠ ᠃ ᠬᠤᠶᠢᠰᠢᠳᠠ ᠶᠢᠨ ᠠᠵᠢᠯ ᠤᠨ ᠳᠤᠮᠳᠠ ᠪᠠᠨ ᠪᠠᠯᠭᠠᠰᠤᠨ ᠤ ᠨᠠᠮ ᠤᠨ

ᠬᠤᠷᠢᠶ᠎ᠠ᠂ ᠵᠠᠰᠠᠭ ᠤᠨ ᠣᠷᠳᠣᠨ ᠤ ᠠᠯᠬᠤᠮ  ᠢ ᠰᠠᠯᠤᠯ ᠦᠭᠡᠢ ᠳᠠᠭᠠᠵᠤ᠂ ᠴᠥᠬᠦᠷᠡᠰᠢ ᠦᠭᠡᠢ ᠪᠠᠷ ᠰᠤᠷᠤᠯᠴᠠᠯᠭ᠎ᠠ ᠪᠠᠨ ᠴᠢᠩᠭᠠᠳᠬᠠᠵᠤ᠂ ᠡᠭᠦᠷᠭᠡ

ᠬᠠᠷᠢᠭᠤᠴᠠᠯᠭ᠎ᠠ ᠪᠠᠨ ᠭᠦᠢᠴᠡᠳᠬᠡᠨ ᠪᠣᠳᠠᠲᠠᠢ ᠠᠵᠢᠯ ᠬᠢᠵᠦ᠂ ᠠᠷᠢᠭᠤᠨ ᠴᠢᠬᠡᠴᠢ ᠪᠠᠷ ᠲᠥᠪ ᠰᠤᠷᠲᠠᠯ  ᠢ ᠡᠷᠬᠢᠮᠯᠡᠨ᠂ ᠦᠨᠡᠨ ᠰᠡᠳᠬᠢᠯ ᠠᠴᠠ ᠪᠠᠨ ᠪᠦᠯᠬᠦᠮᠳᠡᠵᠦ

ᠬᠥᠭᠵᠢᠯᠲᠡ ᠪᠠᠨ ᠠᠬᠢᠭᠤᠯᠬᠤ ᠬᠡᠷᠡᠭᠲᠡᠢ ᠭᠡᠪᠡ ᠃

微信图片_20230324101146.jpg

      ᠬᠤᠷᠠᠯ ᠤᠨ ᠡᠴᠦᠰ ᠲᠤ᠂ ᠵᠠᠩ ᠢ ᠹᠧᠢ ᠲᠢᠶᠠᠨᠵᠢᠲᠠᠢ ᠪᠠᠯᠭᠠᠰᠤᠨ ᠤ ᠨᠠᠮ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠤᠨ

ᠲᠡᠭᠦᠰ ᠠᠮᠵᠢᠯᠲᠠ ᠣᠯᠣᠭᠰᠠᠨ ᠳᠤ ᠬᠠᠯᠠᠭᠤᠨ ᠪᠠᠶᠠᠷ ᠬᠦᠷᠭᠡᠪᠡ᠃ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠭᠰᠡᠨ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠤ ᠴᠢᠩ ᠰᠡᠳᠬᠢᠯ ᠤᠨ ᠲᠠᠯᠠᠷᠬᠠᠯ ᠵᠶ᠋ᠠᠨᠡᠭᠦᠨ ᠤ ᠬᠠᠮᠲᠤ ᠳ᠋ᠦᠩᠨᠡᠯᠲᠡ ᠶᠢᠨ ᠶᠠᠷᠢᠶ᠎ᠠ ᠲᠠᠯᠪᠢᠪᠠ ᠃ ᠲᠡᠷᠡ

ᠠᠳᠡ ᠰᠠᠭᠤᠭ᠎ᠠ ᠲᠥᠯᠥᠭᠡᠯᠡᠭᠴᠢᠳ ᠲᠤ ᠭᠤᠷᠪᠠᠨ ᠰᠠᠨᠠᠯ ᠳᠤᠷᠠᠳᠴᠤ᠂ ᠨᠢᠭᠡ ᠳᠤ ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠂ ᠨᠠᠮ ᠤᠨ

ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠶᠢ ᠴᠢᠩᠭᠠᠳᠬᠠᠬᠤ ᠲᠠᠯ᠎ᠠ ᠪᠠᠷ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠬᠦ ᠬᠡᠷᠡᠭᠲᠡᠢ ᠃ ᠬᠤᠶᠠᠷ ᠲᠤ᠂ 

ᠰᠠᠨᠠᠭᠠᠴᠢᠯᠠᠭ᠎ᠠ ᠲᠠᠢ ᠪᠠᠷ ᠠᠵᠢᠯᠯᠠᠬᠤ ᠶᠢ ᠪᠠᠷᠢᠮᠲᠠᠯᠠᠵᠤ ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠃

 ᠭᠤᠷᠪᠠ ᠳᠤ ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ ᠂ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ

ᠭᠠᠷᠭᠠᠬᠤ ᠬᠡᠷᠡᠭᠲᠡᠢ ᠃ ᠲᠡᠷᠡ ᠢᠯᠡᠷᠬᠡᠶᠢᠯᠡᠬᠦ ᠳᠡᠭᠡᠨ᠂ ᠲᠢᠶᠠᠨᠵᠢᠲᠠᠢ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠨᠢ ᠪᠥᠬᠦ ᠤᠳᠤᠷᠢᠳᠬᠤ

ᠺᠠᠳ᠋ᠷ᠂ ᠪᠥᠬᠦ ᠲᠥᠯᠥᠭᠡᠯᠡᠭᠴᠢ᠂ ᠪᠥᠬᠦ ᠪᠠᠯᠭᠠᠰᠤᠨ ᠤ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠳᠤ ᠲᠦᠰᠢᠭᠯᠡᠨ᠎ᠡ᠂ ᠵᠠᠯᠭᠠᠭᠠᠳ 

ᠲᠢᠶᠠᠨᠵᠢᠲᠠᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂

ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠢ ᠠᠬᠢᠭᠤᠯᠵᠤ ᠂ ᠠᠮᠤ ᠪᠤᠳᠠᠭ᠎ᠠ ᠲᠠᠷᠢᠬᠤ ᠡᠭᠦᠷᠭᠡ ᠶᠢ ᠪᠦᠬᠦ ᠬᠦᠴᠦᠨ ᠢᠶᠠᠷ ᠠᠬᠢᠭᠤᠯᠵᠤ᠂ ᠠᠷᠠᠯᠵᠢᠶᠠᠴᠢᠨ ᠤᠷᠢᠵᠤ

ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ

ᠴᠢᠷᠮᠠᠶᠢᠨ ᠳᠡᠭᠡᠭᠰᠢᠯᠡᠭᠦᠯᠵᠦ ᠂ ᠠᠮᠤᠷ ᠠᠮᠤᠭᠤᠯᠠᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠣᠯᠭᠤᠮᠵᠢᠲᠠᠢ ᠠᠬᠢᠭᠤᠯᠵᠤ ᠂ ᠭᠠᠵᠠᠷ ᠣᠷᠣᠨ ᠤ ᠠᠮᠢ

ᠠᠬᠤᠢ ᠶᠢᠨ ᠣᠷᠴᠢᠨ ᠲᠣᠭᠤᠷᠢᠨ ᠢ ᠡᠷᠡᠰ ᠬᠠᠮᠠᠭᠠᠯᠠᠵᠤ ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠵᠠᠰᠠᠭ ᠤᠨ ᠣᠷᠳᠣᠨ ᠢ ᠪᠠᠶᠢᠭᠤᠯᠵᠤ ᠂ 

ᠲᠢᠶᠠᠨᠵᠢᠲᠠᠢ ᠪᠠᠯᠭᠠᠰᠤ ᠶᠢᠨ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ ︕

微信图片_20230324101149.png

 

ᠢᠷᠡᠯᠲᠡ᠄ ᠲᠤᠰ ᠰᠦᠯᠵᠢᠶ᠎ᠡ