ᠦᠶᠤᠸᠠᠨ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠪᠴᠢᠶ᠎ᠠ
ᠨᠡᠶᠢᠲᠡᠯᠡᠭᠰᠡᠨ ᠴᠠᠭ᠄
2023/3/24
      ᠨᠢᠭᠡ᠂ ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠬᠤᠯᠪᠣᠭᠳᠠᠯ ᠪᠦᠬᠦᠢ ᠬᠠᠤᠯᠢ ᠲᠣᠭᠲᠠᠭᠠᠯ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ᠂ ᠲᠥᠯᠦᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠪᠠ ᠣᠷᠣᠨ ᠨᠤᠲᠤᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠨᠠᠷᠢᠨ ᠨᠢᠮᠪᠠᠢ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠵᠢᠯᠣᠭᠤᠳᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠨᠡᠶᠢᠳᠡᠮ ᠠᠰᠢᠭ ᠬᠦᠷᠲᠡᠭᠡᠬᠦ᠂ ᠳᠥᠭᠦᠮ ᠳᠥᠲᠡ ᠪᠣᠯᠭᠠᠬᠤ ᠪᠠ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠳᠠᠰᠢ ᠤᠷᠲᠤᠳᠬᠠᠬᠤ ᠶᠢ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠭᠤᠷᠪᠠ ᠳᠤ᠂ ᠪᠦᠬᠦ ᠰᠢᠶᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠭᠤᠶᠤᠴᠢᠯᠠᠨ ᠮᠡᠳᠡᠭᠦᠯᠬᠦ ᠪᠠ ᠬᠡᠷᠡᠭᠵᠢᠭᠦᠯᠬᠦ ᠶᠢ ᠬᠠᠷᠢᠭᠤᠴᠠᠨ᠎ᠠ ᠃      ︵ᠬᠤᠶᠠᠷ︶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠴᠢᠭᠯᠡᠯᠲᠡ᠂ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢᠨ ᠲᠤᠬᠠᠢ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠯᠪᠠᠨ  ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠮᠢᠶᠠᠷᠬᠤ ᠪᠠ ᠡᠷᠭᠢᠯᠡᠬᠦ ᠶᠢ ᠰᠠᠯᠭᠠᠬᠤ ᠶᠢ ᠠᠬᠢᠭᠤᠯᠤᠨ᠂ ᠣᠲᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠵᠤ ᠬᠠᠩᠭᠠᠬᠤ ᠪᠡᠶᠡᠴᠢ ᠴᠣᠭᠴᠠ ᠶᠢ ᠣᠯᠠᠨ ᠡᠰᠢᠵᠢᠭᠦᠯᠬᠦ᠂ ᠪᠠᠷᠢᠵᠤ ᠬᠠᠩᠭᠠᠬᠤ ᠠᠷᠭ᠎ᠠ ᠮᠠᠶ᠋ᠢᠭ ᠢ ᠣᠯᠠᠨ ᠶᠠᠩᠵᠤᠴᠢᠯᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡ ᠪᠠ ᠡᠮ ᠤᠨ ᠵᠦᠢᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠬᠠᠡᠭᠭᠠᠪᠠ᠃      ︵ᠭᠤᠷᠪᠠ︶ ᠭᠡᠮᠰᠢᠬᠦ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠯᠦᠪᠵᠢᠭᠦᠯᠭᠡ ᠵᠢᠴᠢ ᠠᠷᠠᠳ ᠲᠦᠮᠡᠨ ᠤ ᠡᠷᠡᠭᠦᠯ ᠮᠡᠨᠳᠦ  ᠶᠢ ᠬᠦᠨᠳᠦ ᠨᠣᠴᠢᠲᠠᠢ ᠬᠤᠬᠢᠷᠠᠭᠤᠯᠤᠭᠰᠠᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠰᠤᠯᠭ᠎ᠠ ᠶᠢᠨ ᠠᠰᠠᠭᠤᠳᠠᠯ ᠢ ᠬᠠᠮᠢᠶᠠᠷᠬᠤ ᠠᠷᠭ᠎ᠠ ᠬᠡᠮᠵᠢᠶ᠎ᠡ  ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠡᠭᠡᠯᠢᠯᠡᠭᠡ ᠶᠢᠨ ᠲᠥᠯᠦᠪᠵᠢᠭᠦᠯᠭᠡ ᠶᠢ ᠬᠡᠷᠡᠭᠵᠢᠭᠦᠯᠵᠦ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠪᠠ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠲᠥᠯᠦᠪᠵᠢᠭᠦᠯᠭᠡ᠂ ᠲᠤᠰᠬᠠᠢ ᠵᠦᠢᠯ ᠤᠨ ᠪᠡᠯᠡᠳᠬᠡᠯ ᠲᠥᠰᠥᠯ ᠪᠠ ᠵᠢᠷᠤᠮᠵᠢᠭᠤᠯᠬᠤ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠡᠷᠭᠡᠶᠢᠯᠡᠨ ᠬᠢᠵᠠᠭᠠᠷᠯᠠᠬᠤ ᠪᠠ ᠤᠯᠠᠨ ᠨᠡᠶᠢᠲᠡ ᠶᠢᠨ ᠭᠡᠨᠡᠳᠲᠡ ᠶᠢᠨ ᠡᠯ᠎ᠡ ᠲᠦᠷᠦᠯ ᠤᠨ ᠬᠡᠷᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢ ᠵᠢᠭᠠᠨ ᠵᠢᠯᠣᠭᠤᠳᠤᠨ᠎ᠠ᠃ ᠪᠦᠬᠦ ᠰᠢᠶᠠᠨ ᠤ ︽ᠨᠠᠪᠴᠢᠨ ᠲᠠᠮᠠᠬᠢ ᠶᠢ ᠬᠢᠵᠠᠭᠠᠷᠯᠠᠬᠤ ᠪᠣᠷᠣ ᠲᠥᠯᠥᠪ ᠤᠨ ᠨᠡᠶᠢᠲᠡ ᠶᠢᠨ ᠭᠡᠷ᠎ᠡ︾ ᠶᠢᠨ ᠭᠡᠷ᠎ᠡ ᠶᠢ ᠭᠦᠢᠴᠡᠳᠬᠡᠬᠦ ᠠᠵᠢᠯ ᠢ ᠲᠦᠷᠦᠭᠦᠯᠡᠨ ᠬᠢᠨ᠎ᠡ᠃ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠵᠦ ᠦᠨᠡᠯᠡᠨ ᠵᠢᠱᠢᠬᠦ᠂ ᠤᠷᠢᠳᠴᠢᠯᠠᠨ ᠰᠡᠷᠡᠮᠵᠢᠯᠡᠭᠦᠯᠬᠦ ᠪᠠ ᠰᠣᠯᠢᠯᠴᠠᠬᠤ ᠠᠵᠢᠯ ᠢ ᠨᠠᠷᠢᠨ ᠨᠡᠬᠡᠮᠡᠯ ᠢᠶᠠᠷ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠠᠵᠤ ᠠᠬᠤᠶᠢᠯᠠᠯ ᠤᠨ ᠪᠠᠷᠢᠮᠵᠢᠶ᠎ᠠ ᠶᠢᠨ ᠪᠡᠯᠡᠳᠬᠡᠯ ᠨᠣᠭᠤᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠪᠠ ᠮᠥᠷᠳᠡᠨ ᠦᠨᠡᠯᠡᠬᠦ ᠠᠵᠢᠯ ᠢ ᠥᠷᠨᠢᠭᠦᠯᠦᠨ᠎ᠡ᠃      ︵ᠳᠥᠷᠪᠡ︶ ᠬᠥᠮᠥᠨ ᠠᠮᠠ ᠶᠢᠨ ᠨᠠᠰᠤᠵᠢᠯᠲᠠ ᠶᠢ ᠠᠷᠭᠠᠴᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠬᠤ ᠳᠤ ᠵᠣᠬᠢᠶᠠᠨ ᠪᠠᠶᠢᠭᠤᠯᠤᠨ ᠣᠷᠣᠯᠴᠠᠵᠤ᠂ ᠪᠥᠬᠦ ᠰᠢᠶᠠᠨ ᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠ ᠡᠮᠨᠡᠬᠦ ᠰᠤᠪᠢᠯᠠᠬᠤ ᠶᠢ ᠤᠶᠠᠯᠳᠤᠭᠤᠯᠬᠤ ᠠᠵᠢᠯ ᠢ ᠬᠠᠷᠢᠭᠤᠴᠠᠨ ᠠᠬᠢᠭᠤᠯᠤᠨ᠎ᠠ᠃ᠪᠦᠬᠦ ᠰᠢᠶᠠᠨ ᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ᠎ᠠ᠃      ︵ᠲᠠᠪᠤ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠲᠥᠷᠥ ᠶᠢᠨ ᠪᠣᠳᠣᠯᠭ᠎ᠠ ᠪᠠ ᠦᠨᠳᠦᠰᠦᠨ ᠡᠮ ᠤᠨ ᠵᠦᠢᠯ ᠤᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮ ᠤᠨ ᠵᠦᠢᠯ ᠤᠨ ᠬᠡᠷᠡᠭᠯᠡᠯᠲᠡ ᠶᠢ ᠬᠢᠨᠠᠨ ᠬᠡᠮᠵᠢᠬᠦ᠂ ᠡᠮᠴᠢᠯᠡᠭᠡᠨ ᠳᠤ ᠶᠡᠷᠦᠩᠬᠡᠶᠢᠯᠡᠨ ᠦᠨᠡᠯᠡᠬᠦ ᠪᠠ ᠲᠤᠲᠠᠭᠳᠠᠵᠤ ᠪᠠᠶᠢᠭ᠎ᠠ ᠡᠮ ᠤᠨ ᠲᠠᠯᠠᠰᠲᠤ ᠶᠢ ᠤᠷᠢᠳᠴᠢᠯᠠᠨ ᠰᠡᠷᠡᠮᠵᠢᠯᠡᠭᠦᠯᠬᠦ ᠶᠢ ᠥᠷᠨᠢᠭᠦᠯᠦᠨ᠎ᠡ᠃ᠡᠮᠨᠡᠯᠭᠡ ᠶᠢᠨ ᠬᠤᠷᠢᠶᠠᠨ ᠦ ᠡᠮ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠶᠢ ᠵᠢᠯᠣᠭᠤᠳᠤᠨ᠎ᠠ᠃      ︵ᠵᠢᠷᠭᠤᠭ᠎ᠠ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠠᠵᠢᠯ ᠢ ᠡᠭᠦᠷᠭᠡᠯᠡᠨ᠎ᠡ᠃ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠢᠳᠡᠪᠬᠢ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠤᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠡᠷᠡᠭᠦᠯ ᠬᠠᠮᠠᠭᠠᠯᠠᠯ ᠵᠡᠷᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠦᠬᠦ ᠰᠢᠶᠠᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠶᠡᠷᠦᠩᠬᠡᠶᠢᠯᠡᠭᠰᠡᠨ ᠬᠢᠨᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃      ︵ᠳᠣᠯᠤᠭ᠎ᠠ︶ ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ ᠦᠢᠯᠡᠴᠢᠯᠡᠭᠡᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠦᠨᠡᠯᠡᠯᠲᠡ ᠪᠠ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠵᠢᠴᠢ ᠡᠮᠴᠢᠯᠡᠭᠡᠨ ᠤ ᠦᠢᠯᠡᠴᠢᠯᠡᠭᠡ᠂ ᠡᠮᠴᠢᠯᠡᠭᠡᠨ ᠤ ᠮᠡᠷᠭᠡᠵᠢᠯ᠂ ᠡᠮᠴᠢᠯᠡᠭᠡᠨ ᠤ ᠶᠠᠰᠤ ᠴᠢᠨᠠᠷ᠂ ᠡᠮᠴᠢᠯᠡᠭᠡᠨ ᠤ ᠠᠮᠤᠷ ᠲᠦᠪᠰᠢᠨ ᠵᠢᠴᠢ ᠴᠢᠰᠤ ᠠᠪᠬᠤ ᠴᠢᠰᠤ ᠬᠠᠩᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠵᠢᠷᠤᠮᠵᠢᠯ᠂ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠡᠮᠴᠢᠯᠡᠭᠡᠨ ᠤ ᠦᠢᠯᠡᠴᠢᠯᠡᠭᠡᠨ ᠤ ᠵᠢᠷᠤᠮᠵᠢᠯ᠂ ᠪᠠᠷᠢᠮᠵᠢᠶ᠎ᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠠᠵᠢᠯ ᠡᠷᠭᠢᠯᠡᠬᠦ ᠳᠦᠷᠢᠮ ᠪᠠ ᠦᠢᠯᠡᠴᠢᠯᠡᠭᠡᠨ ᠤ ᠵᠢᠷᠤᠮᠵᠢᠯ ᠢ ᠨᠡᠬᠡᠮᠡᠯ ᠳᠤ ᠬᠡᠷᠡᠭᠵᠢᠭᠦᠯᠦᠨ᠎ᠡ᠃      ︵ᠨᠠᠢᠮᠠ︶ ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠬᠥᠮᠥᠨ ᠠᠮᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠥᠷᠨᠢᠭᠦᠯᠦᠨ᠂ ᠬᠥᠮᠥᠨ ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠭᠠᠷᠭᠠᠵᠤ᠂ ᠲᠥᠯᠥᠪᠯᠡᠭᠡᠲᠦ ᠦᠷᠡᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠶᠢᠰᠦ︶ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠥᠭᠵᠢᠯᠲᠡ ᠶᠢᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠦᠪᠡᠭᠴᠢᠯᠡᠨ ᠬᠡᠷᠡᠭᠵᠢᠭᠦᠯᠬᠦ ᠶᠢ ᠬᠠᠷᠢᠭᠤᠴᠠᠵᠤ᠂ ᠪᠥᠬᠦ ᠰᠢᠶᠠᠨ ᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠪᠠ ᠶᠡᠷᠦᠩᠬᠡᠢ ᠰᠠᠯᠠᠭᠠᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠵᠢᠯᠤᠭᠤᠳᠴᠤ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠢ ᠠᠳᠠᠯᠢ ᠲᠡᠭᠰᠢ ᠪᠣᠯᠭᠠᠬᠤ ᠶᠢ ᠠᠬᠢᠭᠤᠯᠤᠨ᠂ ᠦᠨᠳᠦᠰᠦᠨ ᠱᠠᠲᠤᠨ ᠤ ᠠᠵᠢᠯᠯᠠᠭᠠᠨ ᠤ ᠰᠢᠨ᠎ᠡ ᠲᠣᠭᠲᠠᠴᠠ ᠪᠠ ᠬᠥᠳᠡᠭᠡ ᠲᠣᠰᠬᠤᠨ ᠤ ᠡᠮᠴᠢ ᠶᠢᠨ ᠯᠢᠮᠪᠦ ᠶᠢᠨ ᠳᠦᠷᠢᠮ ᠢ ᠲᠡᠭᠦᠯᠳᠡᠷᠵᠢᠭᠦᠯᠦᠨ᠎ᠡ᠃      ︵ᠠᠷᠪᠠ︶ ᠮᠣᠩᠭᠤᠯ ᠬᠢᠲᠠᠳ ᠡᠮ ᠡᠮᠨᠡᠯᠭᠡ ᠶᠢᠨ ᠤᠷᠲᠤᠪᠲᠤᠷ ᠪᠠ ᠤᠷᠳᠦ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠶᠢ ᠵᠢᠯᠣᠭᠤᠳᠤᠨ ᠬᠡᠷᠡᠭᠵᠢᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠦᠨ ᠬᠥᠭᠵᠢᠯᠲᠡ ᠶᠢ ᠠᠬᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠪᠠᠷᠢᠮᠵᠢᠶᠠᠵᠢᠭᠤᠯᠬᠤ ᠪᠠ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠲᠤᠶᠢᠯᠬᠢᠠ ᠠᠬᠢᠭᠤᠯᠤᠨ᠎ᠠ᠃ᠮᠣᠩᠭᠤᠯ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠬᠥᠮᠥᠵᠢᠭᠦᠯᠬᠦ᠂ ᠪᠠᠭᠰᠢ ᠵᠠᠯᠭᠠᠮᠵᠢᠯᠠᠬᠤ ᠰᠤᠷᠭᠠᠨ ᠬᠥᠮᠦᠵᠢᠯ ᠤᠨ ᠠᠵᠢᠯ ᠢ ᠨᠢᠰᠦᠯᠭᠡᠨ ᠥᠷᠨᠢᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠪᠣᠯᠣᠨ ᠲᠣᠬᠢᠷᠠᠬᠤ ᠮᠡᠷᠭᠡᠵᠢᠯ ᠢ ᠳᠡᠯᠭᠡᠷᠡᠭᠦᠯᠦᠨ᠂ ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠦᠨ᠎ᠡ᠃ᠮᠣᠩᠭᠤᠯ ᠬᠢᠲᠠᠳ ᠡᠮ ᠤᠨ ᠡᠬᠢ ᠪᠠᠶᠠᠯᠢᠭ ᠤᠨ ᠨᠡᠶᠢᠳᠡᠮ ᠤᠨ ᠪᠠᠶᠢᠴᠠᠭᠠᠯᠲᠠ ᠶᠢ ᠥᠷᠨᠢᠭᠦᠯᠦᠨ᠎ᠡ᠃      (ᠠᠷᠪᠠᠨ ᠨᠢᠭᠡ) ᠪᠦᠬᠦ ᠰᠢᠶᠠᠨ ᠤ ᠡᠷᠡᠭᠦᠯ ᠮᠡᠡᠳᠦ ᠶᠢ ᠬᠠᠮᠠᠭᠠᠯᠠᠬᠤ ᠡᠲᠡᠭᠡᠳ ᠤᠨ ᠡᠮ ᠡᠮᠨᠡᠯᠭᠡ ᠡᠷᠡᠭᠦᠯ ᠮᠡᠡᠳᠦ ᠶᠢ ᠬᠠᠮᠠᠭᠠᠯᠠᠬᠤ ᠠᠵᠢᠯ ᠢ ᠬᠠᠷᠢᠭᠤᠴᠠᠵᠤ᠂ ᠪᠦᠬᠦ ᠰᠢᠶᠠᠨ ᠤ ᠴᠢᠬᠤᠯᠠ ᠬᠤᠷᠠᠯᠳᠤᠭᠠᠨ ᠬᠢᠭᠡᠳ ᠴᠢᠬᠤᠯᠠ ᠶᠡᠭᠡ ᠠᠵᠢᠯᠯᠠᠭ᠎ᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠡᠭᠦᠷᠭᠡ ᠶᠢ ᠡᠭᠦᠷᠭᠡᠯᠡᠨ᠎ᠡ᠃      ︵ᠠᠷᠪᠠᠨ ᠬᠤᠶᠠᠷ︶ ᠰᠢᠶᠠᠨ ᠤ ᠳᠣᠲᠣᠷᠠᠬᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠲᠥᠯᠥᠪᠵᠢᠭᠦᠯᠦᠨ ᠪᠠᠶᠢᠷᠢᠯᠠᠭᠤᠯᠵᠤ᠂ ᠠᠷᠢᠭᠤᠨ ᠴᠡᠪᠡᠷ ᠬᠤᠲᠠ ᠪᠠᠯᠭᠠᠰᠤ  ᠶᠢ ᠵᠣᠬᠢᠶᠠᠨ ᠪᠠᠶᠢᠭᠤᠯᠤᠨ ᠥᠷᠨᠢᠭᠦᠯᠵᠦ᠂      ᠡᠷᠡᠭᠦᠯ ᠬᠠᠮᠠᠭᠠᠯᠠᠯ ᠤᠨ ᠨᠢᠭᠡᠴᠡ ᠶᠢ ᠡᠭᠦᠳᠦᠨ ᠪᠠᠶᠢᠭᠤᠯᠬᠤ ᠠᠵᠢᠯ ᠳᠤ᠂ ᠡᠷᠡᠭᠦᠯ ᠬᠠᠮᠠᠭᠠᠯᠠᠯ ᠤᠨ ᠲᠡᠷᠢᠭᠦᠨ ᠤ ᠨᠢᠭᠡᠴᠡ ᠪᠣᠯᠣᠨ ᠬᠤᠪᠢ ᠬᠥᠮᠥᠨ ᠢ ᠬᠢᠨᠠᠨ ᠰᠢᠯᠭᠠᠬᠤ᠂ ᠨᠡᠷᠡᠶᠢᠳᠬᠦ᠂ ᠬᠥᠬᠢᠭᠦᠯᠦᠨ ᠰᠠᠶᠢᠰᠢᠶᠠᠬᠤ ᠶᠢ ᠬᠡᠷᠡᠭᠵᠢᠭᠦᠯᠦᠨ᠎ᠡ᠃      ︵ᠠᠷᠪᠠᠨ ᠭᠤᠷᠪᠠ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠢ᠃      ︵ᠠᠷᠪᠠᠨ ᠳᠥᠷᠪᠡ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠶᠡᠭᠡ ᠡᠷᠡᠭᠦᠯ ᠬᠠᠮᠠᠭᠠᠯᠠᠯ᠂ ᠶᠡᠭᠡ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠡᠷᠡᠭᠦᠯ ᠮᠡᠨᠳᠦ ᠶᠢᠨ ᠲᠠᠪᠤᠨ ᠲᠠᠯ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠭᠦ ᠬᠦᠴᠦᠨ ᠪᠣᠯᠭᠠᠵᠤ᠂ ᠡᠷᠡᠭᠦᠯ ᠮᠡᠨᠳᠦ ᠶᠢ ᠠᠬᠢᠭᠤᠯᠬᠤ᠂ ᠵᠠᠭᠪᠤᠷ ᠢ ᠬᠤᠪᠢᠷᠠᠭᠤᠯᠬᠤ᠂ ᠦᠨᠳᠦᠰᠦᠨ ᠱᠠᠲᠤ ᠶᠢ ᠴᠢᠩᠭᠠᠳᠬᠠᠬᠤ᠂ ᠪᠠᠲᠤᠯᠠᠭ᠎ᠠ ᠶᠢ ᠴᠢᠬᠤᠯᠠᠴᠢᠯᠠᠬᠤ ᠪᠠᠷ ᠬᠦᠴᠦᠯᠡᠬᠦ ᠴᠡᠭ ᠪᠣᠯᠭᠠᠵᠤ᠂ ᠡᠪᠡᠳᠴᠢᠨ ᠵᠠᠰᠠᠬᠤ ᠪᠠᠷ ᠭᠤᠣᠯ ᠪᠣᠯᠭᠠᠵᠤ ᠪᠠᠶᠢᠭᠰᠠᠨ ᠢ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠪᠣᠯᠭᠠᠨ ᠬᠤᠪᠢᠷᠠᠭᠤᠯᠵᠤ᠂ ᠠᠷᠠᠳ ᠤᠯᠠᠨ ᠳᠤ ᠪᠦᠬᠦ ᠲᠠᠯ᠎ᠠ ᠶᠢᠨ ᠪᠠ ᠪᠦᠬᠦ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃ ᠨᠢᠭᠡ ᠳᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠪᠠ ᠡᠷᠡᠭᠦᠯ ᠮᠡᠨᠳᠤ ᠶᠢ ᠠᠬᠢᠭᠤᠯᠬᠤ ᠶᠢ ᠨᠡᠩ ᠴᠢᠬᠤᠯᠠᠴᠢᠯᠠᠵᠤ᠂ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠵᠤ᠂ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠪᠠᠷ ᠠᠷᠭᠠᠴᠠᠵᠤ᠂ ᠡᠷᠡᠭᠦᠯ ᠮᠡᠨᠳᠤ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠶᠠᠷ ᠲᠤ᠂ ᠠᠵᠢᠯ ᠤᠨ ᠭᠤᠣᠯᠳᠠᠯᠭ᠎ᠠ ᠪᠠᠨ ᠳᠣᠷᠣᠭᠰᠢ ᠰᠢᠯᠵᠢᠭᠦᠯᠬᠦ ᠪᠠ ᠡᠬᠢ ᠪᠠᠶᠠᠯᠢᠭ ᠢᠶᠠᠨ ᠳᠣᠷᠣᠭᠰᠢ ᠪᠠᠭᠤᠯᠭᠠᠬᠤ ᠶᠢ ᠨᠡᠩ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠤᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠲᠡᠰᠢ ᠤᠷᠲᠤᠳᠬᠠᠬᠤ᠂ ᠬᠥᠳᠡᠭᠡ ᠲᠣᠰᠬᠤᠨ ᠢ ᠬᠠᠮᠤᠷᠬᠤ᠂ ᠠᠮᠢᠳᠤᠷᠠᠯ ᠨᠢ ᠬᠦᠴᠢᠷᠲᠡᠢ ᠤᠯᠠᠨ ᠲᠦᠮᠡᠨ ᠲᠡᠰᠢ ᠬᠡᠯᠪᠡᠶᠢᠯᠭᠡᠬᠦ ᠶᠢ ᠲᠦᠯᠬᠢᠨ ᠠᠬᠢᠭᠤᠯᠤᠨ᠎ᠠ᠃ ᠭᠤᠷᠪᠠ ᠳᠤ᠂ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢ ᠨᠡᠩ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠲᠦᠭᠡᠮᠡᠯ ᠠᠰᠢᠭ ᠬᠦᠷᠲᠡᠭᠡᠬᠦ᠂ ᠳᠥᠭᠦᠮ ᠳᠥᠲᠡ ᠪᠣᠯᠭᠠᠬᠤ ᠶᠢ ᠲᠦᠯᠬᠢᠨ ᠠᠬᠢᠭᠤᠯᠤᠨ᠎ᠠ᠃ ᠳᠥᠷᠪᠡ ᠳᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠩᠭᠤᠢ ᠪᠠᠷ ᠲᠦᠯᠬᠢᠨ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠲᠦᠯᠬᠢᠨ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠪᠡᠶᠡᠴᠢ ᠴᠣᠭᠴᠠ ᠶᠢᠨ ᠤᠯᠠᠨ ᠡᠰᠢᠵᠢᠬᠦ᠂ ᠪᠠᠷᠢᠬᠤ ᠪᠠ ᠬᠠᠩᠭᠠᠬᠤ ᠠᠷᠭ᠎ᠠ ᠮᠠᠶ᠋ᠢᠭ ᠤᠨ ᠤᠯᠠᠨ ᠪᠤᠯᠭᠠᠪᠠ᠃
ᠢᠷᠡᠯᠲᠡ᠄ ᠲᠤᠰ ᠰᠦᠯᠵᠢᠶ᠎ᠡ