ᠡᠨᠡ ᠵᠢᠯ ᠮᠠᠨ ᠤ ᠬᠤᠲᠠ 5 ᠳᠤᠮᠳᠠᠳᠤ ᠪᠠᠭ᠎ᠠ ᠰᠤᠷᠭᠠᠭᠤᠯᠢ ᠶᠢᠨ ᠴᠡᠴᠡᠷᠯᠢᠭ ᠢ ᠠᠰᠢᠭᠯᠠᠯᠲᠠ ᠳᠤ ᠣᠷᠣᠭᠤᠯᠬᠤ ᠪᠠᠷ ᠪᠣᠶ
ᠨᠡᠶᠢᠲᠡᠯᠡᠭᠰᠡᠨ ᠴᠠᠭ᠄
2023/3/24
      ᠲᠦᠷᠦᠭᠦᠬᠡᠨ᠂ ᠰᠤᠷᠪᠤᠯᠵᠢᠯᠠᠭᠴᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠣᠶᠢᠯᠠᠭᠠᠭᠰᠠᠨ ᠨᠢ᠂ ᠡᠨᠡ ᠵᠢᠯ ᠤᠨ 9 ᠰᠠᠷ᠎ᠠ ᠶᠢᠨ 1 ᠤ ᠡᠳᠦᠷ ᠠᠴᠠ ᠡᠮᠦᠨ᠎ᠡ᠂ ᠮᠠᠨ ᠤ ᠬᠤᠲᠠ 5 ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠵᠤ᠂ 3930 ᠡᠷᠳᠡᠮ ᠤᠨ ᠴᠣᠯᠠ ᠶᠢ ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ ᠪᠣᠶ᠃      ᠡᠭᠦᠨ ᠳᠤ᠂ 3 ᠬᠡᠦᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠵᠤ᠂ 1170 ᠡᠷᠳᠡᠮ ᠤᠨ ᠴᠣᠯᠠ ᠶᠢ ᠰᠢᠨ᠎ᠡ ᠪᠠᠷ ᠨᠡᠮᠡᠭᠳᠡᠭᠦᠯᠬᠦ ᠪᠠᠷ ᠪᠣᠶ᠃ ᠡᠨᠡ 3 ᠬᠡᠦᠬᠡᠳ ᠤᠨ ᠴᠡᠴᠡᠷᠯᠢᠭ ᠨᠢ ᠲᠣᠰ ᠲᠣᠰ᠄ ᠤᠷᠠᠳ ᠤᠨ ᠳᠤᠮᠳᠠᠳᠤ ᠬᠤᠰᠢᠭᠤᠨ ᠤ ᠲᠠᠪᠤᠳᠤᠭᠠᠷ ᠬᠡᠦᠬᠡᠳ ᠤᠨ ᠴᠡᠴᠡᠷᠯᠢᠭ ᠤᠨ ᠰᠢᠨ᠎ᠡ ᠪᠠᠷ ᠨᠡᠮᠡᠭᠳᠡᠭᠰᠡᠨ ᠡᠷᠳᠡᠮ ᠤᠨ ᠴᠣᠯᠠ ᠨᠢ 360 ᠪᠣᠯᠣᠨ᠎ᠠ︔ ᠦᠶᠤᠸᠠᠨ ᠰᠢᠶᠠᠨ ᠤ ᠲᠠᠪᠤᠳᠤᠭᠠᠷ ᠬᠡᠦᠬᠡᠳ ᠤᠨ ᠴᠡᠴᠡᠷᠯᠢᠭ ᠲᠤ ᠰᠢᠨ᠎ᠡ ᠪᠠᠷ 270 ᠡᠷᠳᠡᠮ ᠤᠨ ᠴᠣᠯᠠ ᠨᠡᠮᠡᠪᠡ︔ ᠯᠢᠨ ᠾᠧ ᠲᠣᠭᠤᠷᠢᠭ ᠤᠨ ᠤᠰᠤᠨ ᠰᠤᠷᠪᠤᠯᠵᠢ ᠶᠢᠨ ᠵᠠᠮ ᠤᠨ ᠬᠡᠦᠬᠡᠳ ᠤᠨ ᠴᠡᠴᠡᠷᠯᠢᠭ ᠲᠤ 540 ᠡᠷᠳᠡᠮ ᠤᠨ ᠴᠣᠯᠠ ᠰᠢᠨ᠎ᠡ ᠪᠠᠷ ᠨᠡᠮᠡᠭᠳᠡᠭᠦᠯᠪᠡ᠃ 2 ᠳᠤᠮᠳᠠᠳᠤ ᠪᠠᠭ᠎ᠠ ᠰᠤᠷᠭᠠᠭᠤᠯᠢ ᠶᠢ ᠠᠰᠢᠭᠯᠠᠯᠲᠠ ᠳᠤ ᠣᠷᠣᠭᠤᠯᠵᠤ᠂ 2760 ᠡᠷᠳᠡᠮ ᠤᠨ ᠴᠣᠯᠠ ᠶᠢ ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ ᠪᠣᠶ᠃ ᠡᠨᠡ ᠬᠤᠶᠠᠷ ᠳᠤᠮᠳᠠᠳᠤ ᠪᠠᠭ᠎ᠠ ᠰᠤᠷᠭᠠᠭᠤᠯᠢ ᠨᠢ ᠲᠣᠰ ᠲᠣᠰ᠄ ᠤᠷᠠᠳ ᠤᠨ ᠳᠤᠮᠳᠠᠳᠤ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠰᠢᠨ᠎ᠡ ᠪᠠᠷ ᠨᠡᠮᠡᠭᠳᠡᠭᠰᠡᠨ ᠡᠷᠳᠡᠮ ᠤᠨ ᠴᠣᠯᠠ 1080 ᠪᠣᠶ︔ ᠬᠠᠩᠭᠢᠨ ᠬᠤᠶᠢᠲᠤ ᠬᠤᠰᠢᠭᠤᠨ ᠤ ᠴᠧᠨ ᠹᠧᠩ ᠰᠤᠷᠭᠠᠭᠤᠯᠢ ᠳᠤ ᠰᠢᠨ᠎ᠡ ᠪᠠᠷ 1680 ᠡᠷᠳᠡᠮ ᠤᠨ ᠴᠣᠯᠠ ᠨᠡᠮᠡᠪᠡ᠃
ᠢᠷᠡᠯᠲᠡ᠄ ᠪᠠᠶᠠᠨᠨᠠᠭᠤᠷ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ