ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ | ︽ᠦᠶᠤᠸᠠᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮᠴᠢᠯᠡᠬᠦ ᠶᠢ ᠲᠦᠷᠭᠡᠳᠬᠡᠨ ᠠᠬᠢᠭᠤᠯᠬᠤ ᠲᠤᠬᠠᠢ | ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ | ᠡᠯ᠎ᠡ ᠰᠤᠮᠤ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠰᠢᠶᠠᠨ ᠳᠤ ᠰᠠᠭᠤᠭ᠎ᠠ ᠡᠯ᠎ᠡ ᠨᠢᠭᠡᠴᠢ ᠳᠤ᠄ | ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠦᠶᠤᠸᠠᠨ ᠰᠢᠶᠠᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠳᠥᠭᠦᠮᠴᠢᠯᠡᠯᠲᠡ ᠶᠢ ᠲᠦᠷᠭᠡᠳᠬᠡᠨ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ | 2022 ᠣᠨ ᠤ 11 ᠰᠠᠷ᠎ᠠ ᠶᠢᠨ 15 ᠤ ᠡᠳᠦᠷ | | ︽ᠦᠶᠤᠸᠠᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮᠴᠢᠯᠡᠬᠦ ᠶᠢ ᠲᠦᠷᠭᠡᠳᠬᠡᠨ | ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ | ᠡᠭᠦᠨ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ | ᠵᠢᠷᠤᠮᠵᠢᠭᠤᠯᠬᠤ ᠳᠥᠭᠦᠮᠴᠢᠯᠡᠬᠦ ᠶᠢ ᠲᠦᠷᠭᠡᠳᠬᠡᠨ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ︵ᠲᠥᠷᠥ ᠲᠠᠷᠬᠠᠭᠠᠭᠰᠠᠨ | ﹇2022﹈ 5 ᠳ᠋ᠤᠭᠠᠷ ᠲᠣᠭᠠᠲᠤ︶᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠳᠥᠭᠦᠮᠴᠢᠯᠡᠯᠲᠡ ᠶᠢ | ᠲᠦᠷᠭᠡᠳᠬᠡᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ | ᠵᠠᠰᠠᠭ ᠲᠠᠷᠬᠠᠭᠠᠭᠰᠠᠨ ﹇2022﹈ 20 ᠳ᠋ᠤᠭᠠᠷ ᠲᠣᠭᠠᠲᠤ︶ ᠪᠠ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ | ᠳᠥᠭᠦᠮᠴᠢᠯᠡᠯᠲᠡ ᠶᠢ ᠲᠦᠷᠭᠡᠳᠬᠡᠨ ᠠᠬᠢᠭᠤᠯᠬᠤ ᠲᠤᠬᠠᠢ ᠪᠠᠶᠠᠨᠨᠠᠭᠤᠷ ᠬᠤᠲᠠ ᠶᠢᠨ ᠬᠡᠷᠡᠭᠵᠢᠭᠦᠯᠬᠦ ᠲᠥᠰᠥᠯ︾ ︵ᠪᠠᠶᠠᠨᠨᠠᠭᠤᠷ ᠬᠤᠲᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠳᠥᠭᠦᠮᠴᠢᠯᠡᠯᠲᠡ ᠶᠢ ᠲᠦᠷᠭᠡᠳᠬᠡᠨ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ︵ | ᠪᠠᠶᠠᠨᠨᠠᠭᠤᠷ ᠠᠯᠪᠠᠨ ᠲᠠᠷᠬᠠᠭᠠᠭᠰᠠᠨ ﹇2022﹈ 64 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ᠂ ᠦᠶᠤᠸᠠᠨ ᠰᠢᠶᠠᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ ᠲᠦᠷᠭᠡᠳᠬᠡᠨ ᠠᠬᠢᠭᠤᠯᠵᠤ᠂ ᠲᠡᠷᠢᠭᠦᠨ ᠤ ᠵᠠᠰᠠᠭ ᠤᠨ ᠶᠠᠪᠤᠳᠠᠯ ᠤᠨ ᠬᠤᠳᠠᠯᠳᠤᠭ᠎ᠠ | ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠨᠠᠩ | ᠰᠠᠶᠢᠲᠤᠷ ᠬᠠᠩᠭᠠᠵᠤ᠂ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ | ᠲᠥᠰᠥᠯ ᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠲᠠ ᠶᠢᠨ ᠵᠠᠰᠠᠭ ᠤᠨ ᠣᠷᠳᠣᠨ ᠤ ᠠᠵᠢᠯ ᠤᠨ | ︽ᠲᠠᠪᠤᠨ ᠶᠡᠭᠡ ᠠᠵᠢᠯᠯᠠᠭ᠎ᠠ︾ ᠪᠠᠷ ᠭᠠᠷᠳᠠᠴᠠ ᠪᠣᠯᠭᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠲᠦᠷᠭᠡᠨ ᠬᠤᠪᠢᠷᠠᠭᠤᠯᠵᠤ᠂ ︽ᠪᠠᠭᠤᠯᠭᠠᠬᠤ | ᠤᠶᠠᠯᠳᠤᠭᠤᠯᠬᠤ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠬᠢ ᠪᠠᠶᠠᠯᠢᠭ ᠢ ᠲᠦᠷᠭᠡᠳᠬᠡᠨ ᠱᠠᠲᠤ ᠳᠠᠪᠬᠤᠷᠭ᠎ᠠ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠰᠢᠰᠲ᠋ᠧᠮ | ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠤᠬᠠᠶᠢᠯᠠᠭᠰᠠᠨ ᠠᠵᠢᠯ ᠠᠯᠤᠰᠯᠠᠭᠰᠠᠨ ᠬᠠᠮᠵᠢᠯᠴᠠᠭᠠᠨ ᠤ ᠬᠠᠮᠢᠶᠠᠷᠤᠯᠲᠠ ᠪᠠ ᠦᠢᠯᠡᠴᠢᠯᠡᠭᠡ ᠶᠢ ᠴᠢᠩᠭᠠᠳᠬᠠᠵᠤ | ᠂ ᠪᠦᠬᠦ ᠣᠷᠣᠨ ᠤ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ ᠶᠢᠨ | ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠯᠠᠭᠠᠨ ᠢ ᠪᠠᠷᠢᠮᠵᠢᠶᠠᠵᠢᠭᠤᠯᠬᠤ᠂ ᠦᠢᠯᠡᠴᠢᠯᠡᠭᠡᠨ ᠤ | ᠬᠠᠩᠭᠠᠯᠭ᠎ᠠ ᠶᠢ ᠵᠢᠷᠤᠮᠵᠢᠭᠤᠯᠬᠤ᠂ ᠠᠵᠤ ᠠᠬᠤᠶᠢᠯᠠᠯ ᠪᠠ ᠤᠯᠠᠨ ᠲᠦᠮᠡᠨ ᠤ ᠠᠵᠢᠯ ᠶᠠᠪᠤᠳᠠᠯ ᠡᠷᠬᠢᠯᠡᠬᠦ ᠶᠢ ᠳᠥᠭᠦᠮᠴᠢᠯᠡᠬᠦ ᠶᠢ ᠤᠯᠠᠮ ᠨᠢᠭᠡ ᠠᠯᠬᠤᠮ ᠲᠦᠯᠬᠢᠨ | ᠠᠬᠢᠭᠤᠯᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠵᠠᠰᠠᠭ ᠤᠨ | ᠶᠠᠪᠤᠳᠠᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ ᠪᠠ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠬᠦ ᠶᠢ ᠲᠦᠯᠬᠢᠨ | ᠠᠬᠢᠭᠤᠯᠬᠤ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠬᠦᠴᠦᠲᠡᠢ ᠲᠦᠰᠢᠭ | ᠲᠤᠯᠭᠠᠭᠤᠷᠢ ᠬᠠᠩᠭᠠᠨ᠎ᠠ᠃ | ᠬᠤᠶᠠᠷ᠂ ᠬᠠᠷᠠᠯᠲᠠ ᠶᠢᠨ ᠱᠠᠭᠠᠷᠳᠠᠯᠭ᠎ᠠ | ︱ 2022 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠱᠠᠲᠤᠨ ᠤ ᠱᠠᠭᠠᠷᠳᠠᠯᠭ᠎ᠠ ᠶᠣᠰᠣᠭᠠᠷ | ᠂ ᠪᠥᠬᠦ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ᠂ ᠬᠡᠷᠡᠭ ᠶᠠᠪᠤᠳᠠᠯ ᠤᠨ ᠣᠷᠣᠵᠤ ᠰᠠᠭᠤᠬᠤ᠂ ᠬᠡᠷᠡᠭ ᠶᠠᠪᠤᠳᠠᠯ ᠤᠨ ᠨᠠᠷᠢᠨ ᠲᠠᠩᠰᠠ | ᠂ ᠬᠡᠷᠡᠭ ᠶᠠᠪᠤᠳᠠᠯ ᠭᠦᠢᠴᠡᠳᠬᠡᠬᠦ ᠵᠦᠭᠯᠡᠭᠦᠷ᠂ ᠬᠢᠨᠠᠨ ᠬᠠᠷᠭᠤᠭᠤᠯᠬᠤ ᠭᠤᠣᠯᠳᠠᠯᠭ᠎ᠠ ᠵᠡᠷᠭᠡ ᠪᠠᠷᠢᠮᠵᠢᠶ᠎ᠠ ᠶᠢ ᠵᠢᠷᠤᠮᠵᠢᠭᠤᠯᠤᠨ᠎ᠠ᠃ ᠰᠢᠶᠠᠨ᠂ ᠰᠤᠮᠤ ᠪᠠᠯᠭᠠᠰᠤ᠂ | ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠪᠠ ᠣᠯᠠᠨ ᠲᠦᠮᠡᠨ ᠤ ᠦᠷᠭᠦᠯᠵᠢ ᠭᠦᠢᠴᠡᠳᠬᠡᠳᠡᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠣᠷᠣᠨ | ᠪᠦᠰᠡ ᠠᠯᠤᠰᠯᠠᠨ ᠨᠡᠶᠢᠳᠡᠮ ᠰᠢᠢᠳᠪᠦᠷᠢᠯᠡᠬᠦ︾ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ ᠶᠢ ᠪᠡᠶᠡᠯᠡᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠦᠨᠳᠦᠰᠦᠨ ᠭᠠᠷᠴᠠᠭ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠤᠨ ᠦᠨᠳᠦᠰᠦᠨ ᠭᠠᠷᠴᠠᠭ ᠢ ᠨᠠᠶᠢᠷᠠᠭᠤᠯᠤᠨ ᠵᠣᠬᠢᠶᠠᠵᠤ ᠨᠡᠶᠢᠲᠡᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠢᠶᠠᠷ ᠭᠤᠣᠯᠳᠠᠯᠭ᠎ᠠ ᠪᠣᠯᠭᠠᠵᠤ᠂ | ᠨᠢᠭᠡᠳᠦᠯᠲᠡᠢ ᠨᠠᠶᠢᠷᠠᠭᠤᠯᠤᠨ ᠵᠣᠬᠢᠶᠠᠬᠤ᠂ ᠬᠠᠮᠲᠤᠷᠠᠨ ᠬᠢᠨᠠᠨ ᠬᠠᠷᠭᠤᠭᠤᠯᠬᠤ᠂ ᠬᠥᠳᠡᠯᠦᠩᠭᠦᠢ ᠪᠠᠷ ᠬᠠᠮᠢᠶᠠᠷᠬᠤ᠂ ᠪᠥᠬᠦ ᠲᠠᠯ᠎ᠠ ᠪᠠᠷ ᠬᠡᠷᠡᠭᠵᠢᠭᠦᠯᠬᠦ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ | ︱ 2023 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠᠴᠢᠯᠠᠭᠰᠠᠨ | ᠬᠠᠮᠢᠶᠠᠷᠤᠯᠲᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ᠰᠦᠯᠵᠢᠶᠡᠨ ᠳᠡᠭᠡᠷ᠎ᠡ ᠤᠴᠢᠷ ᠶᠠᠪᠤᠳᠠᠯ ᠰᠢᠢᠳᠪᠦᠷᠢᠯᠡᠬᠦ ᠳᠤ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ | ᠬᠠᠷᠢᠯᠴᠠᠨ ᠨᠡᠪᠲᠡᠷᠡᠯᠴᠡᠵᠦ ᠬᠠᠷᠢᠯᠴᠠᠨ ᠬᠡᠷᠡᠭᠯᠡᠬᠦ ᠶᠢ ᠪᠡᠶᠡᠯᠡᠭᠦᠯᠦᠨ᠎ᠡ᠃ ᠡᠯ᠎ᠡ ᠲᠤᠬᠠᠶᠢᠯᠠᠭᠰᠠᠨ ᠠᠵᠢᠯ ᠤᠨ ᠰᠢᠰᠲ᠋ᠧᠮ ᠢ ᠪᠥᠬᠦ ᠣᠷᠣᠨ ᠤ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠯᠤᠭ᠎ᠠ ᠪᠥᠬᠦ ᠲᠠᠯ᠎ᠠ ᠪᠠᠷ ᠵᠣᠯᠭᠠᠭᠤᠯᠵᠤ᠂ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠬᠡᠬᠦ︾ ᠦᠢᠯᠡᠴᠢᠯᠡᠭᠡᠨ ᠤ ᠴᠢᠳᠠᠪᠤᠷᠢ ᠶᠢ ᠢᠯᠡᠳᠲᠡ ᠴᠢᠩᠭᠠᠷᠠᠭᠤᠯᠤᠨ᠎ᠠ᠃ | ︱ 2024 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠪᠥᠬᠦ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ | ᠪᠠᠷᠢᠮᠵᠢᠶᠠᠵᠢᠭᠤᠯᠤᠯᠲᠠ ᠶᠢᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠤᠨ ᠳᠠᠭᠤᠰᠬᠠᠵᠤ᠂ ᠵᠢᠷᠤᠮᠵᠢᠭᠤᠯᠬᠤ᠂ ᠳᠥᠭᠦᠮᠴᠢᠯᠡᠬᠦ ᠬᠡᠮᠵᠢᠶ᠎ᠡ ᠶᠢ ᠶᠡᠭᠡ ᠪᠠᠷ | ᠳᠡᠭᠡᠭᠰᠢᠯᠡᠭᠦᠯᠦᠨ᠂ ᠥᠨᠳᠥᠷ ᠳᠠᠪᠲᠠᠮᠵᠢ ᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠢᠯᠭᠠᠭ᠎ᠠ ᠦᠭᠡᠢ ᠪᠠᠷ ᠭᠥᠯᠢᠶᠡᠨ ᠠᠪᠴᠤ ᠰᠢᠢᠳᠪᠦᠷᠢᠯᠡᠬᠦ᠂ | ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠶᠢ ᠪᠡᠶᠡᠯᠡᠭᠦᠯᠦᠨ᠎ᠡ︔ᠥᠨᠳᠥᠷ ᠳᠠᠪᠲᠠᠮᠵᠢᠲᠤ ᠡᠯᠧᠺᠲᠷᠣᠨ ᠦᠨᠡᠮᠯᠡᠯ ᠢ ᠪᠥᠬᠦ ᠣᠷᠣᠨ ᠳᠤ ᠬᠠᠷᠢᠯᠴᠠᠨ ᠨᠡᠪᠲᠡᠷᠡᠯᠴᠡᠵᠦ | ᠬᠠᠷᠢᠯᠴᠠᠨ ᠮᠡᠳᠡᠷᠡᠬᠦ ᠶᠢ ᠪᠡᠶᠡᠯᠡᠭᠦᠯᠵᠦ᠂ ︽ᠦᠨᠡᠮᠯᠡᠯ ᠢ ᠬᠡᠯᠲᠦᠷᠢᠭᠦᠯᠬᠦ ᠠᠯᠪᠠᠨ ᠭᠡᠷ︾ ᠢ ᠪᠥᠬᠦ ᠲᠠᠯ᠎ᠠ ᠪᠠᠷ ᠬᠡᠷᠡᠭᠵᠢᠭᠦᠯᠦᠨ᠂ ᠡᠷᠴᠢᠮᠵᠢᠭᠦᠯᠦᠨ ᠠᠵᠢᠯ ᠶᠠᠪᠤᠳᠠᠯ | ᠭᠦᠢᠴᠡᠳᠬᠡᠬᠦ᠂ ᠣᠶᠤᠨᠴᠢᠯᠠᠭᠰᠠᠨ ᠦᠢᠯᠡᠴᠢᠯᠡᠭᠡ ᠳᠤ ᠰᠢᠨ᠎ᠡ ᠰᠢᠪᠲᠤᠯᠤᠯᠲᠠ ᠲᠠᠢ ᠪᠣᠯᠭᠠᠬᠤ ᠶᠢ ᠪᠡᠶᠡᠯᠡᠭᠦᠯᠦᠨ᠎ᠡ᠃ | ︱ 2025 ᠣᠨ ᠤ ᠵᠢᠯ ᠤᠨ ᠰᠡᠭᠦᠯᠴᠢ ᠠᠴᠠ ᠡᠮᠦᠨ᠎ᠡ᠂ ︽ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ ᠠᠴᠠ ᠭᠦᠢᠴᠡᠳᠬᠡᠬᠦ᠂ ᠣᠶᠢᠷ᠎ᠠ | ᠬᠠᠪᠢ ᠳᠠᠭᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠨᠠᠩ ᠠᠮᠠᠷᠬᠠᠨ ᠭᠦᠢᠴᠡᠳᠬᠡᠬᠦ ᠳᠤ ᠬᠢᠯᠪᠠᠷ ᠲᠦᠷᠭᠡᠨ ᠰᠢᠢᠳᠪᠦᠷᠢᠯᠡᠵᠦ᠂ 12345 | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠣᠶᠤᠨᠴᠢᠯᠠᠯᠲᠠ ᠶᠢᠨ ᠬᠢᠷᠢ ᠲᠦᠪᠰᠢᠨ ᠢ ᠢᠯᠡᠳᠲᠡ | ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠭᠦᠨᠵᠡᠭᠡᠢ ᠠᠭᠤᠰᠤᠯᠴᠠᠭᠤᠯᠤᠨ᠂ | ᠵᠣᠬᠢᠴᠠᠩᠭᠤᠢ ᠪᠠᠷ ᠬᠥᠭᠵᠢᠭᠦᠯᠵᠦ᠂ ᠳᠥᠭᠦᠮ ᠳᠥᠲᠡ ᠲᠦᠷᠭᠡᠨ᠂ ᠡᠷᠬᠡ ᠲᠡᠭᠰᠢ ᠲᠦᠭᠡᠮᠡᠯ ᠠᠰᠢᠭ ᠬᠦᠷᠲᠡᠭᠡᠬᠦ᠂ ᠴᠢᠨᠠᠷ ᠰᠠᠶᠢᠲᠠᠢ ᠥᠨᠳᠥᠷ ᠪᠦᠲᠦᠮᠵᠢᠲᠡᠶ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠪᠡ᠃ | ᠭᠤᠷᠪᠠ᠂ ᠠᠵᠢᠯ ᠤᠨ ᠡᠭᠦᠷᠭᠡ | ︵ᠨᠢᠭᠡ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | 1. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠠᠷᠢᠮᠵᠢᠶᠠᠵᠢᠭᠤᠯᠬᠤ ᠶᠢ | ︵1︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠦᠷᠢᠶ᠎ᠡ ᠬᠡᠪᠴᠢᠶ᠎ᠡ ᠵᠢᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ | ᠭᠤᠶᠤᠴᠢᠯᠠᠯ ᠶᠣᠰᠣᠭᠠᠷ ᠭᠦᠢᠴᠡᠳᠬᠡᠬᠦ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠪᠠᠭᠲᠠᠨ᠎ᠠ᠃ | ᠬᠤᠯᠪᠣᠭᠳᠠᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠲᠤ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ | ᠲᠠᠰᠤᠯᠤᠯᠲᠠ᠂ ᠵᠠᠰᠠᠭ ᠵᠠᠬᠢᠷᠭᠠᠨ ᠤ ᠥᠭᠭᠦᠯᠲᠡ᠂ ᠵᠠᠰᠠᠭ ᠵᠠᠬᠢᠷᠭᠠᠨ ᠤ ᠱᠠᠩᠨᠠᠯ᠂ ᠵᠠᠰᠠᠭ ᠵᠠᠬᠢᠷᠭᠠᠨ ᠤ ᠳᠠᠩᠰᠠᠯᠠᠯᠲᠠ ᠵᠢᠴᠢ ᠪᠤᠰᠤᠳ ᠵᠠᠰᠠᠭ ᠵᠠᠬᠢᠷᠭᠠᠨ ᠤ | ᠡᠷᠬᠡ ᠶᠢᠨ ᠵᠦᠢᠯᠡᠰ ᠪᠠᠭᠲᠠᠨ᠎ᠠ᠃ ᠬᠤᠯᠪᠣᠭᠳᠠᠭᠰᠠᠨ ᠤᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠲᠤ ᠤᠯᠠᠨ ᠨᠡᠶᠢᠲᠡ ᠶᠢᠨ ᠰᠤᠷᠭᠠᠨ ᠬᠥᠮᠦᠵᠢᠯ᠂ | ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠠᠰᠤᠵᠢᠯ ᠤᠨ ᠦᠢᠯᠡᠴᠢᠯᠡᠭᠡ᠂ ᠨᠡᠶᠢᠭᠡᠮ ᠤᠨ ᠦᠢᠯᠡᠴᠢᠯᠡᠭᠡ᠂ | ᠣᠷᠣᠨ ᠰᠠᠭᠤᠴᠠ ᠶᠢᠨ ᠪᠠᠲᠤᠯᠠᠭ᠎ᠠ᠂ ᠰᠣᠶᠣᠯ ᠪᠡᠶ᠎ᠡ ᠶᠢᠨ ᠲᠠᠮᠢᠷ᠂ ᠵᠡᠮᠳᠡᠭᠴᠦᠳ ᠤᠨ ᠦᠢᠯᠡᠴᠢᠯᠡᠭᠡ ᠵᠡᠷᠭᠡ ᠬᠦᠷᠢᠶᠡᠨ ᠤ ᠭᠤᠶᠤᠴᠢᠯᠠᠯ ᠶᠣᠰᠣᠭᠠᠷ ᠭᠦᠢᠴᠡᠳᠬᠡᠬᠦ | ᠵᠦᠢᠯᠡᠰ ᠪᠠᠭᠲᠠᠨ᠎ᠠ᠃ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠭᠥᠯᠢᠶᠡᠨ ᠠᠪᠬᠤ ᠶᠣᠰᠣᠲᠠᠢ ᠤᠯᠤᠰ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠦᠨᠳᠦᠰᠦᠨ ᠭᠠᠷᠴᠠᠭ ᠢ ᠨᠢᠭᠡᠳ ᠨᠢᠭᠡ ᠪᠠᠷ ᠲᠠᠨᠢᠨ ᠠᠪᠴᠤ᠂ ᠨᠡᠶᠢᠲᠡᠯᠡᠵᠦ᠂ ᠪᠦᠬᠦ ᠰᠢᠶᠠᠨ ᠤ ᠡᠯ᠎ᠡ ᠱᠠᠲᠤᠨ ᠤ ᠠᠳᠠᠯᠢ ᠨᠢᠭᠡᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ ᠤᠨ ᠲᠣᠳᠣᠷᠬᠠᠢ ᠬᠠᠭᠤᠳᠠᠰᠤ ᠶᠢ ᠨᠢᠭᠡᠳᠦᠯᠲᠡᠢ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠢ᠃ | ︵ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠃ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ ᠵᠢᠯ ᠤᠨ ᠰᠡᠭᠦᠯᠴᠢ ᠠᠴᠠ | ᠡᠮᠦᠨ᠎ᠡ᠂ ᠦᠷᠭᠦᠯᠵᠢᠯᠡᠨ ᠠᠬᠢᠭᠤᠯᠤᠨ᠎ᠠ︶ | ︵2︶ ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠦᠨᠳᠦᠰᠦᠨ ᠭᠠᠷᠴᠠᠭ ᠢ ᠬᠢᠨᠠᠨ ᠬᠠᠷᠭᠤᠭᠤᠯᠬᠤ ᠳᠦᠷᠢᠮ ᠢ | ᠪᠠᠶᠢᠭᠤᠯᠤᠨ᠎ᠠ᠃ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠡᠶᠢᠲᠡᠯᠡᠭᠰᠡᠨ ᠰᠠᠭᠤᠷᠢᠨ ᠳᠡᠭᠡᠷ᠎ᠡ᠂ ᠬᠤᠲᠠ ᠶᠢᠨ ᠱᠠᠲᠤᠨ ᠤ ᠨᠠᠷᠢᠨ ᠲᠠᠩᠰᠠ ᠶᠢᠨ | ᠶᠣᠰᠣᠭᠠᠷ ᠲᠣᠰ ᠰᠢᠶᠠᠨ ᠤ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠡᠮᠬᠢᠯᠡᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠱᠠᠲᠤ ᠳᠠᠷᠠᠭᠠᠯᠠᠨ ᠬᠢᠨᠠᠨ ᠬᠠᠷᠭᠤᠭᠤᠯᠤᠭᠰᠠᠨ ᠤ ᠳᠠᠷᠠᠭ᠎ᠠ ᠰᠢᠶᠠᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠠᠴᠠ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳ᠋ᠤᠲᠤᠰ ᠠᠵᠢᠯ ᠲᠥᠷᠥᠯ ᠤᠨ ᠡᠯ᠎ᠡ ᠳᠡᠰ ᠳᠠᠪᠬᠤᠷᠭ᠎ᠠ ᠶᠢᠨ | ᠭᠤᠶᠤᠴᠢᠯᠠᠯ ᠢᠶᠠᠷ ᠭᠦᠢᠴᠡᠳᠬᠡᠬᠦ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠭᠠᠷᠴᠠᠭ ᠢ ᠡᠮᠬᠢᠯᠡᠵᠦ᠂ ᠡᠭᠦᠨ ᠳᠤ ᠤᠯᠠᠨ ᠨᠡᠶᠢᠲᠡ ᠶᠢᠨ ᠰᠤᠷᠭᠠᠨ | ᠬᠥᠮᠦᠵᠢᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠠᠰᠤᠵᠢᠯ ᠤᠨ ᠦᠢᠯᠡᠴᠢᠯᠡᠭᠡ᠂ ᠨᠡᠶᠢᠭᠡᠮ ᠤᠨ | ᠦᠢᠯᠡᠴᠢᠯᠡᠭᠡ᠂ ᠣᠷᠣᠨ ᠰᠠᠭᠤᠴᠠ ᠶᠢᠨ ᠪᠠᠲᠤᠯᠠᠭ᠎ᠠ᠂ ᠰᠣᠶᠣᠯ ᠪᠡᠶ᠎ᠡ ᠶᠢᠨ ᠲᠠᠮᠢᠷ᠂ ᠵᠡᠮᠳᠡᠭᠴᠦᠳ ᠤᠨ ᠦᠢᠯᠡᠴᠢᠯᠡᠭᠡ ᠵᠡᠷᠭᠡ ᠬᠦᠷᠢᠶ᠎ᠡ ᠶᠢ ᠪᠠᠭᠲᠠᠭᠠᠵᠤ᠂ | ᠭᠠᠷᠴᠠᠭ ᠤᠨ ᠲᠣᠳᠣᠷᠬᠠᠢ ᠬᠠᠭᠤᠳᠠᠰᠤ ᠪᠣᠯᠭᠠᠵᠤ᠂ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠳᠡᠭᠡᠭᠰᠢ ᠬᠤᠳᠠ ᠶᠢᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠳᠤ ᠮᠡᠳᠡᠭᠦᠯᠵᠦ ᠬᠢᠨᠠᠨ ᠬᠠᠷᠭᠤᠭᠤᠯᠤᠭᠰᠠᠨ ᠤ ᠲᠠᠷᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ ᠲᠤ | ᠨᠢᠭᠡᠳᠦᠯᠲᠡᠢ ᠣᠷᠣᠭᠤᠯᠤᠨ᠎ᠠ᠃ ︵ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠲᠦᠷᠦᠭᠦᠯᠡᠵᠦ᠂ ᠰᠢᠶᠠᠨ ᠤ ᠰᠢᠭᠤᠳ ᠬᠠᠷᠢᠶ᠎ᠠ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ᠃ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶ | ︵3︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠥᠳᠡᠯᠦᠩᠭᠦᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯ ᠤᠨ ᠦᠨᠳᠦᠰᠦᠨ ᠭᠠᠷᠴᠠᠭ ᠤᠨ ᠬᠥᠳᠡᠯᠦᠩᠭᠦᠢ ᠬᠠᠮᠢᠶᠠᠷᠤᠯᠲᠠ ᠶᠢᠨ ᠲᠣᠬᠢᠷᠠᠭᠤᠯᠬᠤ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠰᠢᠶᠠᠨ ᠤ ᠱᠠᠲᠤᠨ ᠤ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠢ | ᠬᠡᠷᠡᠭᠵᠢᠭᠦᠯᠦᠭᠰᠡᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠦᠨᠳᠦᠰᠦᠨ ᠭᠠᠷᠴᠠᠭ ᠲᠤ ᠲᠣᠬᠢᠷᠠᠭᠤᠯᠤᠯᠲᠠ ᠬᠢᠬᠦ ᠭᠤᠶᠤᠴᠢᠯᠠᠯ ᠢ ᠴᠠᠭ ᠲᠤᠬᠠᠢ ᠳᠤᠨᠢ ᠳᠤᠷᠠᠳᠤᠨ ᠭᠠᠷᠭᠠᠵᠤ᠂ ᠰᠢᠶᠠᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠣᠬᠢᠷᠠᠭᠤᠯᠤᠯᠲᠠ ᠬᠢᠬᠦ ᠰᠠᠨᠠᠯ ᠰᠠᠨᠠᠭᠤᠯᠭ᠎ᠠ ᠶᠢ ᠴᠠᠭ ᠲᠤᠬᠠᠢ ᠳᠤᠨᠢ ᠡᠮᠬᠢᠯᠡᠨ ᠬᠤᠷᠢᠶᠠᠩᠭᠤᠶᠢᠯᠠᠵᠤ᠂ | ᠬᠠᠮᠢᠶᠠᠷᠤᠯᠲᠠ ᠶᠢᠨ ᠲᠠᠰ ᠳᠠᠪᠬᠤᠷᠭ᠎ᠠ ᠪᠠᠷ ᠬᠠᠤᠯᠢ ᠴᠠᠭᠠᠵᠠ ᠶᠢᠨ ᠬᠢᠨᠠᠨ ᠬᠠᠷᠭᠤᠭᠤᠯᠤᠯᠲᠠ ᠶᠢ ᠳᠡᠭᠡᠭᠰᠢ ᠮᠡᠳᠡᠭᠦᠯᠵᠦ᠂ ᠰᠢᠶᠠᠨ ᠤ ᠵᠠᠰᠠᠭ ᠤᠨ ᠣᠷᠳᠣᠨ ᠠᠴᠠ | ᠴᠣᠬᠤᠯᠠᠪᠤᠷᠢᠯᠠᠨ ᠵᠥᠪᠰᠢᠶᠡᠷᠡᠵᠦ ᠵᠥᠪᠰᠢᠶᠡᠷᠡᠭᠰᠡᠨ ᠤ ᠳᠠᠷᠠᠭ᠎ᠠ᠂ ᠬᠠᠮᠢᠶ᠎ᠠ ᠪᠦᠬᠦᠢ ᠨᠢᠭᠡᠴᠡ ᠶᠢ ᠵᠣᠬᠢᠶᠠᠨ ᠪᠠᠶᠢᠭᠤᠯᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠦᠨᠡᠯ᠎ᠡ ᠰᠠᠯᠠᠭ᠎ᠠ ᠮᠥᠴᠢᠷ ᠤᠳ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ᠂ ᠲᠤᠬᠠᠶᠢᠯᠠᠭᠰᠠᠨ ᠠᠵᠢᠯ ᠤᠨ | ᠬᠤᠪᠢᠷᠠᠯᠲᠠ ᠵᠢᠴᠢ ᠬᠡᠷᠡᠭᠵᠢᠭᠦᠯᠦᠭᠰᠡᠨ ᠪᠠᠶᠢᠳᠠᠯ ᠢ ᠦᠨᠳᠦᠰᠦᠯᠡᠨ᠂ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠡᠷᠡᠭᠵᠢᠭᠦᠯᠦᠯᠲᠡ ᠶᠢᠨ ᠨᠠᠷᠢᠨ ᠬᠠᠭᠤᠳᠠᠰᠤ ᠶᠢᠨ ᠲᠣᠬᠢᠷᠠᠭᠤᠯᠤᠯᠲᠠ ᠶᠢᠨ ᠰᠠᠨᠠᠯ ᠢ ᠴᠠᠭ ᠲᠤᠬᠠᠢ ᠳᠤᠨᠢ ᠳᠤᠷᠠᠳᠴᠤ᠂ | ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠬᠤᠪᠢᠷᠠᠭᠤᠯᠬᠤ ᠪᠠ ᠨᠡᠶᠢᠲᠡᠯᠡᠬᠦ ᠬᠡᠷᠡᠭᠲᠡᠢ᠃ | ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠦᠨᠡᠨ ᠬᠦ ᠬᠡᠷᠡᠭᠵᠢᠭᠦᠯᠵᠦ ᠪᠣᠯᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠬᠡᠷᠡᠭᠵᠢᠭᠦᠯᠬᠦ ᠨᠠᠷᠢᠨ ᠬᠠᠭᠤᠳᠠᠰᠤ ᠶᠢᠨ ᠲᠣᠬᠢᠷᠠᠭᠤᠯᠤᠯᠲᠠ ᠶᠢᠨ ᠴᠤᠪᠤᠷᠠᠯ ᠢ ᠲᠣᠭᠲᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠤᠯᠤᠰ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠᠷ ᠳᠠᠮᠵᠢᠭᠤᠯᠤᠨ ᠲᠣᠰ | ᠲᠣᠰ ᠪᠠᠶᠢᠴᠠᠭᠠᠨ ᠦᠵᠡᠬᠦ ᠪᠠ ᠨᠡᠶᠢᠲᠡᠯᠡᠵᠦ ᠬᠡᠷᠡᠭᠵᠢᠭᠦᠯᠬᠦ ᠨᠠᠷᠢᠨ ᠬᠠᠭᠤᠳᠠᠰᠤ ᠶᠢᠨ ᠣᠨᠣᠪᠴᠢᠲᠤ ᠴᠢᠨᠠᠷ ᠪᠠ ᠠᠭᠤᠯᠭ᠎ᠠ ᠶᠢᠨ ᠨᠢᠭᠡᠳᠦᠯᠲᠦ ᠴᠢᠨᠠᠷ ᠢ ᠬᠠᠷᠭᠤᠭᠤᠯᠤᠨ | ᠬᠠᠷᠭᠤᠭᠤᠯᠵᠤ᠂ ᠰᠢᠶᠠᠨ᠂ ᠰᠤᠮᠤ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤ ᠶᠢ ᠢᠵᠢᠯ ᠠᠯᠬᠤᠮ ᠲᠠᠢ ᠪᠠᠶᠢᠯᠭᠠᠬᠤ᠂ ᠲᠤᠭ᠎ᠠ ᠪᠠᠷᠢᠮᠲᠠ ᠶᠢ | ᠠᠳᠠᠯᠢ ᠢᠷᠡᠯᠲᠡ ᠲᠠᠢ ᠪᠠᠶᠢᠯᠭᠠᠬᠤ᠂ ᠬᠥᠳᠡᠯᠦᠩᠭᠦᠢ ᠪᠠᠷ ᠰᠢᠨᠡᠳᠬᠡᠬᠦ ᠪᠠ ᠬᠤᠯᠪᠤᠭᠠᠯᠠᠨ ᠬᠠᠮᠢᠶᠠᠷᠬᠤ ᠶᠢ ᠦᠨᠡᠨᠬᠦ ᠪᠠᠲᠤᠯᠠᠨ᠎ᠠ᠃︵ᠰᠢᠶᠠᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠠᠴᠠ ᠲᠦᠷᠦᠭᠦᠯᠡᠵᠦ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠃ᠪᠡᠶᠡᠯᠡᠭᠦᠯᠬᠦ ᠴᠠᠭ ᠤᠨ ᠬᠢᠵᠠᠭᠠᠷ | ᠨᠢ᠄ 2022 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶ | 2. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠡᠷᠡᠭᠵᠢᠭᠦᠯᠦᠯᠲᠡ ᠶᠢᠨ ᠨᠠᠷᠢᠨ ᠬᠠᠭᠤᠳᠠᠰᠤ ᠶᠢ | ︵1︶ ᠬᠡᠷᠡᠭ ᠶᠠᠪᠤᠳᠠᠯ ᠤᠨ ᠡᠯᠧᠮᠧᠨ᠋ᠲ ᠢ ᠵᠢᠷᠤᠮᠵᠢᠭᠤᠯᠬᠤ᠃ᠬᠤᠲᠠ ᠶᠢᠨ ᠱᠠᠲᠤᠨ ᠤ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠨᠠᠷᠢᠨ ᠬᠠᠭᠤᠳᠠᠰᠤ ᠶᠢ ᠡᠮᠬᠢᠯᠡᠨ ᠳᠢᠭᠯᠡᠬᠦ ᠴᠤᠪᠤᠷᠠᠯ ᠢ ᠦᠨᠳᠦᠰᠦᠯᠡᠨ᠂ ᠰᠢᠶᠠᠨ ᠤ ᠱᠠᠲᠤᠨ ᠤ ᠡᠯ᠎ᠡ ᠰᠠᠯᠠᠭ᠎ᠠ ᠮᠥᠴᠢᠷ ᠤᠨ ᠬᠠᠮᠲᠤ ᠪᠠᠷ ᠬᠡᠷᠡᠭᠵᠢᠭᠦᠯᠬᠦ | ᠵᠦᠢᠯᠡᠰ ᠤᠨ ᠴᠤᠪᠤᠷᠠᠯ ᠢ ᠨᠠᠶᠢᠳᠠᠪᠤᠷᠢᠵᠢᠭᠤᠯᠵᠤ᠂ ᠬᠦᠴᠦᠨ ᠵᠦᠢᠯ ᠢ ᠨᠢᠭᠡᠳᠦᠯᠲᠡᠢ ᠪᠠᠶᠢᠯᠭᠠᠵᠤ᠂ ᠵᠦᠢᠯ ᠳᠠᠷᠠᠭᠠᠯᠠᠨ᠂ ᠭᠤᠭᠴᠤᠭ᠎ᠠ ᠳᠠᠷᠠᠭᠠᠯᠠᠨ ᠭᠦᠢᠴᠡᠳᠬᠡᠬᠦ | ᠴᠠᠭ ᠤᠨ ᠬᠢᠵᠠᠭᠠᠷ᠂ ᠭᠤᠶᠤᠴᠢᠯᠠᠬᠤ ᠮᠠᠲ᠋ᠧᠷᠢᠶᠠᠯ ᠵᠡᠷᠭᠡ ᠬᠦᠴᠦᠨ ᠵᠦᠢᠯ ᠢ ᠲᠣᠳᠣᠷᠬᠠᠶᠢᠯᠠᠨ᠎ᠠ᠃ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢ ᠲᠣᠰ | ᠰᠢᠰᠲ᠋ᠧᠮ ᠤᠨ ᠢᠶᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠡᠷᠡᠭᠵᠢᠭᠦᠯᠬᠦ ᠨᠠᠷᠢᠨ ᠬᠠᠭᠤᠳᠠᠰᠤ ᠶᠢ ᠦᠨᠳᠦᠰᠦᠯᠡᠨ᠂ ᠬᠤᠲᠠ ᠶᠢᠨ ᠱᠠᠲᠤ ᠪᠣᠯᠣᠨ | ᠰᠢᠶᠠᠨ ᠤ ᠲᠣᠰ ᠱᠠᠲᠤᠨ ᠤ ᠬᠠᠮᠲᠤ ᠪᠠᠷ ᠬᠡᠷᠡᠭᠵᠢᠭᠦᠯᠬᠦ ᠵᠦᠢᠯᠡᠰ ᠤᠨ ᠴᠤᠪᠤᠷᠠᠯ ᠢ ᠳᠠᠬᠢᠨ ᠵᠣᠬᠢᠶᠠᠬᠤ ᠪᠠ ᠬᠦᠴᠦᠨ ᠵᠦᠢᠯ ᠢ ᠨᠢᠭᠡᠳᠬᠡᠬᠦ ᠶᠢ ᠬᠠᠷᠢᠭᠤᠴᠠᠵᠤ᠂ | ᠰᠢᠶᠠᠨ ᠤ ᠱᠠᠲᠤᠨ ᠤ ᠲᠣᠰ ᠠᠵᠢᠯ ᠲᠥᠷᠥᠯ ᠤᠨ ᠰᠢᠰᠲ᠋ᠧᠮ ᠤᠨ ᠳᠣᠲᠣᠷᠠᠬᠢ ᠳᠡᠭᠡᠳᠦ ᠱᠠᠲᠤᠨ ᠠᠴᠠ ᠲᠣᠭᠲᠠᠭᠠᠭᠰᠠᠨ᠂ ᠰᠢᠶᠠᠨ ᠤ ᠱᠠᠲᠤᠨ ᠤ ᠪᠣᠳᠠᠲᠠᠢ | ᠬᠡᠷᠡᠭᠵᠢᠭᠦᠯᠬᠦ ᠵᠦᠢᠯᠡᠰ ᠢ ᠡᠮᠬᠢᠯᠡᠨ ᠵᠢᠷᠤᠮᠵᠢᠭᠤᠯᠬᠤ ᠶᠢ ᠵᠢᠯᠤᠭᠤᠳᠴᠤ᠂ ᠨᠡᠶᠢᠳᠡᠮ ᠬᠡᠷᠡᠭᠯᠡᠬᠦ ᠪᠠᠷᠢᠮᠵᠢᠶ᠎ᠠ ᠶᠢ ᠪᠦᠷᠢᠯᠳᠦᠭᠦᠯᠦᠨ᠎ᠡ᠃ ︵ᠰᠢᠶᠠᠨ ᠤ ᠰᠢᠭᠤᠳ ᠬᠠᠷᠢᠶ᠎ᠠ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶ | | ︵2︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯ ᠤᠨ ᠭᠠᠷᠴᠠᠭ ᠢ ᠨᠢᠭᠡᠳᠬᠡᠨ᠎ᠡ᠃ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠨᠢ ᠤᠯᠤᠰ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ ᠢ ᠦᠨᠳᠦᠰᠦᠯᠡᠨ᠂ ᠰᠢᠶᠠᠨ᠂ | ᠰᠤᠮᠤ ᠪᠠᠯᠭᠠᠰᠤ᠂ ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ ᠢ ᠡᠮᠬᠢᠯᠡᠨ ᠳᠢᠭᠯᠡᠵᠦ᠂ ᠵᠦᠢᠯᠡᠰ ᠤᠨ | ᠨᠡᠷᠡᠶᠢᠳᠦᠯ᠂ ᠲᠥᠷᠥᠯ ᠢᠯᠭᠠᠯ᠂ ᠳ᠋ᠤᠭᠠᠷᠯᠠᠯ᠂ ᠦᠨᠳᠦᠰᠦᠯᠡᠯ ᠤᠨ ᠵᠣᠬᠢᠴᠠᠯᠳᠤᠯ ᠢ ᠨᠢᠭᠡᠳᠦᠯᠲᠡᠢ ᠪᠠᠶᠢᠯᠭᠠᠬᠤ ᠶᠢ 2022 ᠣᠨ ᠤ ᠵᠢᠯ ᠤᠨ ᠰᠡᠭᠦᠯᠴᠢ ᠠᠴᠠ ᠡᠮᠦᠨ᠎ᠡ | ᠂ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠦᠨᠳᠦᠰᠦᠨ ᠭᠠᠷᠴᠠᠭ ᠢ ᠪᠠᠷᠢᠮᠵᠢᠶᠠᠵᠢᠭᠤᠯᠤᠨ᠎ᠠ᠃ 2023 ᠣᠨ ᠤ ᠵᠢᠯ ᠤᠨ | ᠰᠡᠭᠦᠯᠴᠢ ᠠᠴᠠ ᠡᠮᠦᠨ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠥᠬᠦ ᠵᠦᠢᠯᠡᠰ ᠤᠨ ᠦᠨᠳᠦᠰᠦᠨ ᠭᠠᠷᠴᠠᠭ ᠢ ᠪᠠᠷᠢᠮᠵᠢᠶᠠᠵᠢᠭᠤᠯᠤᠨ᠎ᠠ᠃ ︵ᠰᠢᠶᠠᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ᠎ᠠ᠃ | ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶ | 3% ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ᠤᠯᠤᠰ᠂ ᠥᠪᠡᠷᠲᠡᠭᠡᠨ ᠵᠠᠰᠠᠬᠤ ᠣᠷᠣᠨ ᠪᠠ | ᠬᠤᠲᠠ ᠶᠢᠨ ᠡᠯ᠎ᠡ ᠱᠠᠲᠤᠨ ᠤ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶ᠎ᠠ ᠶᠢᠨ ᠵᠢᠷᠤᠮᠵᠢᠯ ᠢ ᠴᠢᠩᠭ᠎ᠠ ᠨᠠᠶᠢᠳᠠᠪᠤᠷᠢᠵᠢᠭᠤᠯᠵᠤ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠨ ᠬᠠᠮᠢᠶᠠᠷᠬᠤ ᠠᠷᠭ᠎ᠠ︾ ᠶᠢ ᠦᠨᠳᠦᠰᠦᠯᠡᠨ | ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠤᠨ ᠪᠠᠶᠢᠭᠤᠯᠤᠯᠲᠠ᠂ | ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯᠯᠠᠭᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠭ᠎ᠠ | ᠪᠠᠷᠢᠮᠲᠠ ᠶᠢ ᠬᠠᠮᠲᠤᠪᠠᠷ ᠭᠥᠷᠳᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠵᠡᠷᠭᠡ ᠪᠠᠷᠢᠮᠵᠢᠶ᠎ᠠ ᠶᠢᠨ ᠬᠡᠷᠡᠭᠵᠢᠭᠦᠯᠬᠦ ᠨᠠᠷᠢᠨ | ᠳᠦᠷᠢᠮ ᠢ ᠪᠦᠯᠦᠭ ᠬᠤᠪᠢᠶᠠᠨ 2023 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ | ᠪᠠᠶᠢᠭᠤᠯᠤᠯᠲᠠ ᠶᠢᠨ ᠲᠠᠯ᠎ᠠ ᠪᠠᠷ ᠪᠦᠷᠢᠨ ᠲᠥᠬᠦᠷ ᠪᠦᠲᠦᠮᠵᠢᠲᠡᠶ ᠨᠠᠷᠢᠨ ᠲᠠᠩᠰᠠ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠦᠨ᠎ᠡ᠃ | 2024 ᠣᠨ ᠤ ᠵᠢᠯ ᠤᠨ ᠡᠴᠦᠰ ᠠᠴᠠ ᠡᠮᠦᠨ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠦᠨ᠎ᠡ 2025 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠪᠥᠬᠦ ᠬᠤᠲᠠ ᠶᠢᠨ ᠨᠢᠭᠡᠳᠦᠯᠲᠡᠢ ᠪᠠᠷᠢᠮᠵᠢᠶᠠᠵᠢᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠢᠰᠲ᠋ᠧᠮᠵᠢ ᠶᠢ ᠪᠦᠷᠢᠯᠳᠦᠭᠦᠯᠦᠨ᠎ᠡ᠃ ︵ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠰᠢᠶᠠᠨ ᠤ | ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ᠎ᠠ᠃ ᠪᠡᠶᠡᠯᠡᠭᠦᠯᠬᠦ ᠴᠠᠭ ᠤᠨ ᠬᠢᠵᠠᠭᠠᠷ ᠨᠢ᠄ 2025 ᠣᠨ ᠤ ᠵᠢᠯ ᠤᠨ ᠰᠡᠭᠦᠯᠴᠢ ᠠᠴᠠ | ᠡᠮᠦᠨ᠎ᠡ︶ | ︵ ᠬᠤᠶᠠᠷ ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠢᠷᠤᠮᠵᠢᠭᠰᠠᠨ ᠬᠢᠷᠢ ᠬᠡᠮᠵᠢᠶ᠎ᠡ ᠶᠢ | 1. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠤᠨ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠶᠢ | ︵1︶ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠤᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠨ᠎ᠠ ᠃ ᠡᠯ᠎ᠡ | ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠨᠢ ︽ ᠲᠥᠷᠥ ᠶᠢᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ | ᠵᠢᠷᠤᠮᠵᠢᠭᠤᠯᠤᠯᠲᠠ ᠳᠥᠭᠦᠮᠴᠢᠯᠡᠯᠲᠡ ᠶᠢ ᠲᠦᠷᠭᠡᠳᠬᠡᠨ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠤᠭᠤᠳᠬᠤ ᠰᠠᠨᠠᠯ ︾ ᠤᠨ ᠱᠠᠭᠠᠷᠳᠠᠯᠭ᠎ᠠ | ᠶᠣᠰᠣᠭᠠᠷ ᠂ ᠨᠡᠷᠡᠶᠢᠳᠦᠯ ᠢ ᠨᠢ ︽xx ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︾ ︽xx ᠰᠢᠶᠠᠨ ᠤ xx ᠰᠤᠮᠤ ᠂ ᠪᠠᠯᠭᠠᠰᠤ ᠂ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︾ ︽xx ᠰᠤᠮᠤ ᠂ ᠪᠠᠯᠭᠠᠰᠤ ᠂ xx ᠲᠣᠰᠬᠣᠨᠨᠡᠶᠢᠭᠡᠮᠲᠣᠰᠬᠤᠨ ᠂ ᠨᠡᠶᠢᠭᠡᠮ | ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ︾ ᠭᠡᠵᠦ ᠨᠢᠭᠡᠳᠬᠡᠨ᠎ᠡ ᠃ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠨᠢ ᠦᠢᠯᠡᠴᠢᠯᠡᠭᠡᠨ ᠤ ᠴᠢᠳᠠᠮᠵᠢ ᠶᠢ ᠬᠠᠷᠢᠴᠠᠩᠭᠤᠢ ᠪᠠᠷ ᠲᠥᠪᠯᠡᠷᠡᠭᠦᠯᠬᠦ ᠂ ᠳᠣᠲᠣᠭᠠᠳᠤ ᠳᠠᠭᠠᠨ ᠠᠯᠪᠠᠯᠠᠬᠤ ᠪᠠ ᠭᠠᠳᠠᠨᠠᠬᠢ | ᠦᠢᠯᠡᠴᠢᠯᠡᠭᠡ ᠶᠢ ᠵᠣᠬᠢᠰᠲᠠᠢ ᠰᠠᠯᠭᠠᠬᠤ ᠂ ᠨᠢᠭᠡ ᠰᠦᠯᠵᠢᠶ᠎ᠡ ᠪᠠᠷ ᠭᠦᠢᠴᠡᠳᠬᠡᠬᠦ ᠂ ᠦᠢᠯᠡᠴᠢᠯᠡᠭᠡ ᠳᠤ ᠲᠥᠬᠦᠮ ᠦᠵᠡᠭᠦᠯᠬᠦ ᠵᠠᠷᠴᠢᠮ ᠶᠣᠰᠣᠭᠠᠷ ᠂ ᠡᠯ᠎ᠡ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠢ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠳᠤ ᠵᠠᠯᠭᠠᠨ ᠣᠷᠣᠭᠤᠯᠬᠤ ᠶᠢ | ᠲᠦᠷᠭᠡᠳᠬᠡᠨ ᠠᠬᠢᠭᠤᠯᠵᠤ ᠂ ᠠᠰᠠᠭᠤᠨ ᠯᠠᠪᠯᠠᠬᠤ ᠦᠢᠯᠡᠴᠢᠯᠡᠭᠡ ᠂ ᠴᠣᠩᠬᠤᠪᠴᠢ ᠦᠢᠯᠡᠴᠢᠯᠡᠭᠡ ᠂ ᠲᠥᠪᠯᠡᠷᠡᠭᠦᠯᠦᠨ ᠬᠢᠨᠠᠨ ᠵᠥᠪᠰᠢᠶᠡᠷᠡᠬᠦ ᠂ ᠵᠠᠰᠠᠭ ᠤᠨ ᠶᠠᠪᠤᠳᠠᠯ ᠢ | ᠢᠯᠡ ᠪᠣᠯᠭᠠᠬᠤ ᠂ ᠥᠪᠡᠰᠦᠪᠡᠨ ᠦᠢᠯᠡᠴᠢᠯᠡᠬᠦ ᠂ ᠠᠮᠠᠷᠠᠨ ᠬᠦᠯᠢᠶᠡᠬᠦ ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠡᠷᠭᠡ ᠴᠢᠳᠠᠮᠵᠢᠲᠤ ᠣᠷᠣᠨ ᠬᠤᠪᠢᠶᠠᠬᠤ | ᠪᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠪᠡᠯᠡᠳᠬᠡᠮᠵᠢ ᠶᠢ ᠵᠦᠢ ᠵᠣᠬᠢᠰᠲᠠᠢ ᠲᠣᠬᠢᠷᠠᠭᠤᠯᠬᠤ ᠬᠡᠷᠡᠭᠲᠡᠢ ᠃ ᠡᠯ᠎ᠡ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠣᠶᠢᠷ᠎ᠠ ᠬᠠᠪᠢ ᠳᠠᠭᠠᠨ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠶᠢᠨ ᠲᠤᠰᠠᠳᠠ ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠬᠦᠷᠢᠶᠡᠯᠡᠩ ᠲᠣᠭᠤᠷᠢᠭ ᠲᠤ ︽ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠵᠢᠯ ᠤᠨ ᠥᠷᠲᠡᠭᠡ ︾ ᠪᠠᠶᠢᠭᠤᠯᠵᠤ ᠂ ᠬᠦᠷᠢᠶᠡᠯᠡᠩ ᠲᠣᠭᠤᠷᠢᠭ ᠤᠨ ᠳᠣᠲᠣᠷᠠᠬᠢ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠥᠭᠬᠦ ᠂ ᠲᠥᠷᠥᠯ | ᠵᠦᠢᠯ ᠢ ᠬᠢᠨᠠᠨ ᠵᠥᠪᠰᠢᠶᠡᠷᠡᠬᠦ ᠂ ᠬᠠᠪᠰᠤᠷᠤᠨ ᠵᠢᠯᠤᠭᠤᠳᠬᠤ ᠰᠦᠯᠵᠢᠶ᠎ᠡ ᠪᠠᠷ ᠮᠡᠳᠡᠭᠦᠯᠬᠦ ᠂ ᠭᠥᠯᠢᠶᠡᠨ ᠠᠪᠴᠤ ᠭᠦᠢᠴᠡᠳᠬᠡᠬᠦ ᠂ ᠦᠨᠡᠮᠯᠡᠯ ᠣᠯᠭᠤᠬᠤ ᠂ ᠣᠷᠣᠯᠠᠨ | ᠭᠦᠢᠴᠡᠳᠬᠡᠬᠦ ᠬᠠᠪᠰᠤᠷᠤᠨ ᠭᠦᠢᠴᠡᠳᠬᠡᠬᠦ ᠵᠡᠷᠭᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ ᠃ᠲᠤᠬᠠᠢ ᠶᠢᠨ ᠭᠠᠵᠠᠷ ᠣᠷᠣᠨ ᠤ ᠪᠠᠶᠢᠳᠠᠯ | ᠳᠤᠨᠢ ᠲᠣᠬᠢᠷᠠᠭᠤᠯᠤᠨ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠪᠠ ᠡᠳᠦᠷ ᠲᠤᠲᠤᠮ ᠤᠨ ᠠᠯᠪᠠᠯᠠᠬᠤ ᠬᠡᠷᠡᠭᠴᠡᠭᠡ ᠶᠢ ᠬᠠᠩᠭᠠᠵᠤ ᠳᠡᠶᠢᠯᠬᠦ | ᠦᠢᠯᠡᠴᠢᠯᠡᠭᠡᠨ ᠤ ᠪᠡᠯᠡᠳᠬᠡᠮᠵᠢ ᠂ ᠬᠠᠷᠰᠢ ᠰᠠᠭᠠᠳ ᠦᠭᠡᠢ ᠪᠡᠯᠡᠳᠬᠡᠮᠵᠢ ᠂ ᠨᠣᠭᠤᠭᠠᠷᠠᠭᠤᠯᠬᠤ ᠪᠡᠯᠡᠳᠬᠡᠮᠵᠢ ᠵᠢᠴᠢ ᠦᠢᠯᠡᠴᠢᠯᠡᠭᠡᠨ ᠤ ᠪᠡᠯᠡᠳᠬᠡᠮᠵᠢ ᠂ ᠠᠯᠪᠠᠯᠠᠬᠤ | ᠪᠡᠯᠡᠳᠬᠡᠮᠵᠢ ᠂ ᠪᠠᠲᠤᠯᠠᠭ᠎ᠠ ᠶᠢᠨ ᠪᠡᠯᠡᠳᠬᠡᠮᠵᠢ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠮᠵᠢ ᠵᠡᠷᠭᠡ ᠶᠢ ᠬᠠᠩᠭᠠᠵᠤ ᠪᠣᠯᠣᠨ᠎ᠠ ᠃︵ ᠰᠢᠶᠠᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠂ ᠲᠣᠮᠣ ᠳ᠋ᠠᠶᠢᠲ᠋ᠠ ᠶᠢᠨ ᠲᠥᠪ ᠲᠦᠷᠦᠭᠦᠯᠡᠵᠦ ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ | ᠬᠠᠮᠵᠢᠯᠴᠠᠨ᠎ᠠ ᠃ᠪᠡᠶᠡᠯᠡᠭᠦᠯᠬᠦ ᠴᠠᠭ ᠤᠨ ᠬᠢᠵᠠᠭᠠᠷ ᠨᠢ ᠄ 2022 ᠣᠨ ᠤ ᠵᠢᠯ ᠤᠨ ᠰᠡᠭᠦᠯᠴᠢ ᠠᠴᠠ ᠡᠮᠦᠨ᠎ᠡ ︶ | ︵2︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤ ᠪᠠᠶᠢᠷᠢᠯᠠᠭᠤᠯᠬᠤ ᠶᠢ ᠵᠢᠷᠤᠮᠵᠢᠭᠤᠯᠤᠨ᠎ᠠ ᠃ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ | ᠨᠢ ᠶᠡᠷᠦᠩᠬᠡᠶᠢᠯᠡᠭᠰᠡᠨ ᠠᠰᠠᠭᠤᠨ ᠯᠠᠪᠯᠠᠬᠤ ᠴᠣᠩᠬᠤ ᠲᠣᠬᠢᠷᠠᠭᠤᠯᠵᠤ ᠂ ᠠᠰᠠᠭᠤᠨ ᠯᠠᠪᠯᠠᠬᠤ ᠂ ᠬᠥᠲᠥᠯᠥᠨ ᠵᠢᠯᠤᠭᠤᠳᠬᠤ ᠵᠡᠷᠭᠡ ᠦᠢᠯᠡᠴᠢᠯᠡᠭᠡ ᠶᠢ ᠨᠢᠭᠡᠳᠦᠯᠲᠡᠢ | ᠬᠠᠩᠭᠠᠬᠤ ᠬᠡᠷᠡᠭᠲᠡᠢ᠃ ᠰᠠᠯᠠᠭ᠎ᠠ ᠮᠥᠴᠢᠷ ᠤᠨ ᠠᠰ ᠲᠤᠨᠢ ᠲᠣᠬᠢᠷᠠᠭᠤᠯᠤᠭᠰᠠᠨ ᠠᠵᠢᠯ ᠶᠠᠪᠤᠳᠠᠯ ᠭᠦᠢᠴᠡᠳᠬᠡᠬᠦ ᠴᠣᠩᠬᠤ ᠶᠢ ᠡᠮᠬᠢᠯᠡᠨ ᠨᠡᠶᠢᠯᠡᠭᠦᠯᠵᠦ ᠂ ︽ ᠡᠮᠦᠨ᠎ᠡ | ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ ᠂ ᠶᠡᠷᠦᠩᠬᠡᠶᠢᠯᠡᠭᠰᠡᠨ | ᠴᠣᠩᠬᠤ ᠪᠠᠷ ᠮᠠᠲ᠋ᠧᠷᠢᠶᠠᠯ ᠭᠠᠷᠭᠠᠬᠤ ︾ ᠵᠠᠭᠪᠤᠷ ᠶᠣᠰᠣᠭᠠᠷ ᠂ ᠵᠥᠷᠢᠶ᠎ᠡ ᠦᠭᠡᠢ ᠪᠤᠶᠤ ᠬᠦᠷᠢᠶ᠎ᠡ ᠴᠠᠷᠠᠭ᠎ᠠ ᠳᠤ ᠶᠡᠷᠦᠩᠬᠡᠶᠢᠯᠡᠭᠰᠡᠨ ᠠᠵᠢᠯ ᠶᠠᠪᠤᠳᠠᠯ ᠭᠦᠢᠴᠡᠳᠬᠡᠬᠦ | ᠴᠣᠩᠬᠤ ᠶᠢ ᠵᠦᠢ ᠵᠣᠬᠢᠰᠲᠠᠢ ᠲᠣᠬᠢᠷᠠᠭᠤᠯᠬᠤ ᠬᠡᠷᠡᠭᠲᠡᠢ ᠃ ᠬᠠᠪᠰᠤᠷᠤᠨ ᠡᠷᠭᠢᠯᠡᠵᠦ ᠣᠷᠣᠯᠠᠨ ᠭᠦᠢᠴᠡᠳᠬᠡᠬᠦ ᠴᠣᠩᠬᠤ ᠭᠠᠷᠭᠠᠵᠤ ᠂ ᠨᠠᠰᠤᠲᠠᠶᠢᠴᠤᠳ ᠂ ᠵᠡᠮᠳᠡᠭᠴᠦᠳ | ᠵᠡᠷᠭᠡ ᠣᠨᠴᠣᠭᠤᠢ ᠬᠠᠮᠲᠤᠯᠢᠭ ᠲᠤ ᠬᠠᠪᠰᠤᠷᠤᠨ ᠡᠷᠭᠢᠯᠡᠵᠦ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠬᠤ ᠬᠡᠷᠡᠭᠲᠡᠢ ᠃ ︽ᠣᠷᠣᠨ ᠪᠦᠰᠡ ᠠᠯᠤᠰᠯᠠᠨ ᠨᠡᠶᠢᠳᠡᠮ | ᠰᠢᠢᠳᠪᠦᠷᠢᠯᠡᠬᠦ︾᠂ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ ᠴᠣᠩᠬᠤ ᠭᠠᠷᠭᠠᠵᠤ᠂ ᠠᠵᠤ ᠠᠬᠤᠶᠢᠯᠠᠯ ᠪᠠ ᠤᠯᠠᠨ ᠲᠦᠮᠡᠨ ᠳᠤ ᠣᠨᠳᠣᠣ ᠭᠠᠵᠠᠷ ᠲᠤ ᠠᠵᠢᠯ | ᠶᠠᠪᠤᠳᠠᠯ ᠰᠢᠢᠳᠪᠦᠷᠢᠯᠡᠬᠦ ᠦᠢᠯᠡᠴᠢᠯᠡᠭᠡ ᠬᠠᠩᠭᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠰᠠᠯᠠᠭ᠎ᠠ ᠮᠥᠴᠢᠷ ᠤᠨ ᠲᠣᠮᠢᠯᠠᠨ ᠰᠠᠭᠤᠯᠭᠠᠭᠰᠠᠨ | ᠬᠥᠮᠥᠰ ᠤᠨ ᠡᠳᠦᠷ ᠲᠤᠲᠤᠮ ᠤᠨ ᠬᠠᠮᠢᠶᠠᠷᠤᠯᠲᠠ ᠂ ᠦᠢᠯᠡᠴᠢᠯᠡᠭᠡᠨ ᠤ ᠵᠢᠷᠤᠮᠵᠢᠯ ᠂ ᠣᠨ ᠤ ᠰᠢᠯᠭᠠᠨ ᠲᠣᠭᠲᠠᠭᠠᠯᠲᠠ ᠂ ᠲᠠᠰ ᠳᠡᠪᠰᠢᠭᠦᠯᠵᠦ ᠲᠤᠰᠢᠶᠠᠯ | ᠳᠡᠪᠰᠢᠭᠦᠯᠬᠦ ᠶᠢ ᠰᠢᠯᠭᠠᠨ ᠬᠢᠨᠠᠬᠤ ᠵᠡᠷᠭᠡ ᠠᠵᠢᠯ ᠢ ᠬᠠᠷᠢᠭᠤᠴᠠᠨ᠎ᠠ ᠃ ︵ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ ᠂ | ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ᠎ᠠ ᠃ ᠪᠡᠶᠡᠯᠡᠭᠦᠯᠬᠦ ᠴᠠᠭ ᠤᠨ ᠬᠢᠵᠠᠭᠠᠷ ᠨᠢ ᠄ 2022 ᠣᠨ ᠤ ᠵᠢᠯ ᠤᠨ | ᠰᠡᠭᠦᠯᠴᠢ ᠠᠴᠠ ᠡᠮᠦᠨ᠎ᠡ ︶ | ︵3︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ᠣᠷᠣᠭᠤᠯᠬᠤ ᠶᠣᠰᠣᠲᠠᠢ ᠶᠢ ᠨᠢ ᠵᠠᠪᠠᠯ ᠣᠷᠣᠭᠤᠯᠬᠤ︾ ᠵᠢᠷᠤᠮᠵᠢᠭᠰᠠᠨ ᠬᠠᠮᠢᠶᠠᠷᠤᠯᠲᠠ ᠶᠢ | ᠴᠢᠩᠭᠠᠳᠬᠠᠨ᠎ᠠ᠃ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ︽ ᠣᠷᠣᠭᠤᠯᠬᠤ ᠶᠣᠰᠣᠲᠠᠢ ᠶᠢ ᠨᠢ ᠵᠠᠪᠠᠯ ᠣᠷᠣᠭᠤᠯᠬᠤ ᠂ ᠣᠷᠣᠭᠤᠯᠬᠤ ᠳᠤ ᠵᠠᠪᠠᠯ ᠡᠷᠬᠡ | ᠣᠯᠭᠤᠬᠤ ︾ ᠵᠠᠷᠴᠢᠮ ᠢ ᠵᠢᠷᠤᠮᠯᠠᠵᠤ ᠂ ᠲᠠᠯᠠᠪᠤᠷ ᠭᠠᠵᠠᠷ ᠤᠨ ᠬᠢᠵᠠᠭᠠᠷᠯᠠᠯ ᠪᠤᠶᠤ ᠤᠯᠤᠰ ᠤᠨ ᠨᠢᠭᠤᠴᠠ ᠳᠤ ᠬᠤᠯᠪᠣᠭᠳᠠᠬᠤ ᠵᠡᠷᠭᠡ ᠪᠠᠶᠢᠳᠠᠯ ᠢ ᠭᠠᠷᠭᠠᠪᠠᠯ ᠂ ᠵᠠᠷᠴᠢᠮ | ᠳᠡᠭᠡᠷ᠎ᠡ ᠪᠠᠨ ᠡᠯ᠎ᠡ ᠰᠠᠯᠠᠭ᠎ᠠ ᠮᠥᠴᠢᠷ ᠤᠨ ᠬᠤᠯᠪᠣᠭᠳᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ 100% ᠶᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠲᠤ ᠣᠷᠣᠭᠤᠯᠤᠨ ᠲᠥᠪᠯᠡᠷᠡᠭᠦᠯᠦᠨ ᠭᠦᠢᠴᠡᠳᠬᠡᠵᠦ ᠂ 70% ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ︽ ᠨᠢᠭᠡ ᠴᠣᠩᠬᠤ ᠪᠠᠷ ︾ ᠲᠥᠷᠥᠯ ᠬᠤᠪᠢᠶᠠᠨ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠦᠨ᠎ᠡ ᠃ᠣᠷᠣᠵᠤ ᠰᠠᠭᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠡᠷᠬᠡᠪᠰᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠪᠣᠳᠠᠲᠠᠢ ᠪᠠᠷ ᠠᠵᠢᠯᠯᠠᠭᠤᠯᠬᠤ ᠬᠡᠷᠡᠭᠲᠡᠢ ᠂ ︽ ᠢᠯᠡ ᠪᠠᠷ | ᠣᠷᠣᠭᠤᠯᠵᠤ ᠳᠠᠯᠳᠠᠭᠤᠷ ᠣᠷᠣᠭᠤᠯᠬᠤ ᠦᠭᠡᠢ ︾ ᠪᠠᠶᠢᠬᠤ ᠶᠢ ᠴᠢᠩᠭ᠎ᠠ ᠴᠠᠭᠠᠵᠠᠯᠠᠨ᠎ᠠ ᠃︽ ᠪᠢᠴᠢᠭ ᠮᠠᠲ᠋ᠧᠷᠢᠶᠠᠯ ᠢ ᠭᠥᠯᠢᠶᠡᠨ ᠠᠪᠤᠪᠠᠯ ᠳᠠᠷᠤᠢ ᠭᠥᠯᠢᠶᠡᠨ ᠠᠪᠴᠤ | ᠰᠢᠢᠳᠪᠦᠷᠢᠯᠡᠬᠦ ︾ ᠠᠷᠭ᠎ᠠ ᠮᠠᠶ᠋ᠢᠭ ᠢ ᠬᠡᠷᠡᠭᠯᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠶᠢᠭᠤᠯᠤᠮᠵᠢ ᠨᠢ ᠲᠣᠰ ᠱᠠᠲᠤᠨ ᠤ ︽ ᠶᠡᠷᠦᠩᠬᠡᠶᠢᠯᠡᠭᠰᠡᠨ ᠴᠣᠩᠬᠤ ︾ ᠳᠤ ᠡᠷᠬᠡ ᠣᠯᠭᠤᠵᠤ ᠭᠤᠶᠤᠴᠢᠯᠠᠯ ᠤᠨ ᠮᠠᠲ᠋ᠧᠷᠢᠶᠠᠯ ᠢ ᠭᠥᠯᠢᠶᠡᠨ ᠠᠪᠤᠭᠤᠯᠬᠤ ᠶᠢᠨ ᠬᠠᠮᠲᠤ | ᠭᠥᠯᠢᠶᠡᠨ ᠠᠪᠴᠤ ᠰᠢᠢᠳᠪᠦᠷᠢᠯᠡᠬᠦ ᠭᠡᠷᠡᠴᠢ ᠪᠠᠷᠢᠮᠲᠠ ᠭᠠᠷᠭᠠᠯᠭᠠᠬᠤ ᠬᠡᠷᠡᠭᠲᠡᠢ ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠶᠢᠭᠤᠯᠤᠮᠵᠢ ᠨᠤᠭᠤᠳ ᠲᠤᠬᠠᠶᠢᠯᠠᠭᠰᠠᠨ ᠠᠵᠢᠯ ᠤᠨ ᠶᠡᠷᠦᠩᠬᠡᠶᠢᠯᠡᠭᠰᠡᠨ ᠡᠷᠬᠡ ᠣᠯᠭᠤᠭᠰᠠᠨ ︽ ᠲᠦᠷᠦᠭᠦᠸ ᠬᠡᠷᠡᠭ ᠶᠠᠪᠤᠳᠠᠯ ᠤᠨ ᠲᠥᠯᠥᠭᠡᠯᠡᠭᠴᠢ ︾ ᠶᠢᠨ | ᠳᠦᠷᠢᠮ ᠢ ᠪᠠᠶᠢᠭᠤᠯᠬᠤ ᠶᠢᠨ ᠬᠠᠮᠲᠤ ᠡᠷᠬᠡ ᠣᠯᠭᠤᠯᠲᠠ ᠶᠢ ᠪᠣᠳᠠᠲᠠᠶᠢᠵᠢᠭᠤᠯᠵᠤ ᠂ ᠲᠦᠷᠦᠭᠦᠸ ᠬᠡᠷᠡᠭ ᠶᠠᠪᠤᠳᠠᠯ ᠤᠨ ᠲᠥᠯᠥᠭᠡᠯᠡᠭᠴᠢ ᠲᠣᠰ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠣᠵᠤ ᠰᠠᠭᠤᠭᠠᠳ ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠲᠤᠬᠠᠢ ᠶᠢᠨ ᠲᠠᠯᠠᠪᠤᠷ | ᠲᠤᠨᠢ ᠭᠦᠢᠴᠡᠳᠬᠡᠬᠦ ᠂ ᠲᠥᠬᠦᠮ ᠬᠡᠷᠡᠭ ᠶᠠᠪᠤᠳᠠᠯ ᠢ ᠲᠡᠷᠡ ᠳᠠᠷᠤᠢ ᠳᠤᠨᠢ ᠰᠢᠢᠳᠪᠦᠷᠢᠯᠡᠵᠦ ︵ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠲᠦᠷᠦᠭᠦᠯᠡᠵᠦ ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ᠎ᠠ ᠃ᠪᠡᠶᠡᠯᠡᠭᠦᠯᠬᠦ ᠴᠠᠭ ᠤᠨ ᠬᠢᠵᠠᠭᠠᠷ ᠨᠢ ᠄ 2022 ᠣᠨ ᠤ | ᠵᠢᠯ ᠤᠨ ᠰᠡᠭᠦᠯᠴᠢ ᠠᠴᠠ ᠡᠮᠦᠨ᠎ᠡ ︶ | ︵4︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠨ ᠤ ᠠᠵᠢᠯᠲᠠᠨ ᠤᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠴᠣᠩᠬᠤ | ᠨᠢ 40 ᠨᠠᠰᠤᠨ ᠠᠴᠠ ᠳᠣᠷᠣᠭᠰᠢᠬᠢ ᠲᠤᠬᠠᠶᠢᠯᠠᠭᠰᠠᠨ ᠠᠵᠢᠯ ᠤᠨ ᠨᠢᠷᠤᠭᠤᠪᠴᠢ ᠬᠦᠴᠦᠨ ᠢ ᠰᠣᠩᠭᠤᠨ ᠲᠣᠮᠢᠯᠠᠵᠤ ᠂ ᠲᠤᠬᠠᠶᠢᠯᠠᠭᠰᠠᠨ ᠠᠵᠢᠯ ᠤᠨ ᠰᠠᠯᠠᠭ᠎ᠠ | ᠮᠥᠴᠢᠷ ᠨᠢᠭᠡᠪᠦᠷᠢ ᠨᠢ 1 ︱ 2 ᠨᠡᠷᠡᠰᠨᠡᠷᠡᠰ ᠲᠤᠰᠬᠠᠢ ᠮᠡᠷᠭᠡᠵᠢᠯ ᠤᠨ ᠬᠡᠯᠪᠡᠷᠢ ᠶᠢᠨ ᠲᠤᠬᠠᠶᠢᠯᠠᠭᠰᠠᠨ ᠠᠵᠢᠯ ᠤᠨ ᠠᠵᠢᠯᠲᠠᠨ ᠲᠣᠬᠢᠷᠠᠭᠤᠯᠬᠤ ᠶᠢ | ᠦᠨᠡᠨᠬᠦ ᠪᠠᠲᠤᠯᠠᠵᠤ ᠂ ᠡᠯ᠎ᠡ ᠰᠠᠯᠠᠭ᠎ᠠ ᠮᠥᠴᠢᠷ ᠤᠨ ᠶᠡᠭᠡ ᠲᠢᠩᠬᠢᠮ ᠳᠤ ᠣᠷᠣᠵᠤ ᠰᠠᠭᠤᠬᠤ ᠠᠵᠢᠯᠲᠠᠨ ᠤ ᠡᠩᠨᠡᠭᠡ ᠶᠢᠨ ᠲᠣᠭᠲᠠᠭᠤᠨ ᠪᠠᠶᠢᠬᠤ ᠶᠢ ᠪᠠᠲᠤᠯᠠᠵᠤ ᠂ | ᠵᠠᠷᠴᠢᠮ ᠳᠡᠭᠡᠷ᠎ᠡ ᠪᠠᠨ ᠳᠡᠭᠡᠷ᠎ᠡ ᠨᠢᠭᠡ ᠵᠢᠯ ᠤᠨ ᠳᠣᠲᠣᠷ᠎ᠠ ᠲᠣᠬᠢᠷᠠᠭᠤᠯᠤᠯᠲᠠ ᠬᠢᠵᠦ ᠪᠣᠯᠬᠤ ᠦᠭᠡᠢ ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ | ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠨᠢᠭᠡᠳᠦᠯᠲᠡᠢ | ᠲᠣᠬᠢᠷᠠᠭᠤᠯᠵᠤ ᠂ ᠶᠡᠷᠦᠩᠬᠡᠶᠢᠯᠡᠭᠰᠡᠨ ᠴᠣᠩᠬᠤᠪᠴᠢ ᠳᠤ ᠨᠠᠭᠠᠲᠤ ᠵᠠᠬ᠎ᠠ ᠳᠠᠭᠠᠨ 10 ᠨᠡᠷᠡᠰ ᠲᠤᠬᠠᠶᠢᠯᠠᠭᠰᠠᠨ ᠠᠵᠢᠯ ᠤᠨ ᠠᠵᠢᠯᠲᠠᠨ ᠲᠣᠬᠢᠷᠠᠭᠤᠯᠵᠤ ᠂ | ᠨᠥᠬᠦᠴᠡᠯ ᠲᠠᠢ ᠭᠠᠵᠠᠷ ᠣᠷᠣᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠤᠨ ᠴᠣᠩᠬᠤᠪᠴᠢ ᠶᠢᠨ ᠠᠵᠢᠯᠲᠠᠨ ᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠦᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠨᠢ ᠰᠠᠯᠠᠭ᠎ᠠ ᠮᠥᠴᠢᠷ ᠤᠨ ᠲᠣᠮᠢᠯᠠᠨ ᠰᠠᠭᠤᠯᠭᠠᠭᠰᠠᠨ | ᠬᠥᠮᠥᠰ ᠤᠨ ᠡᠳᠦᠷ ᠲᠤᠲᠤᠮ ᠤᠨ ᠬᠠᠮᠢᠶᠠᠷᠤᠯᠲᠠ ᠂ ᠦᠢᠯᠡᠴᠢᠯᠡᠭᠡᠨ ᠤ ᠵᠢᠷᠤᠮᠵᠢᠯ ᠂ ᠣᠨ ᠤ ᠰᠢᠯᠭᠠᠨ ᠲᠣᠭᠲᠠᠭᠠᠯᠲᠠ ᠂ ᠲᠠᠰ ᠳᠡᠪᠰᠢᠭᠦᠯᠵᠦ ᠲᠤᠰᠢᠶᠠᠯ | ᠳᠡᠪᠰᠢᠭᠦᠯᠬᠦ ᠶᠢ ᠰᠢᠯᠭᠠᠨ ᠬᠢᠨᠠᠬᠤ ᠵᠡᠷᠭᠡ ᠠᠵᠢᠯ ᠢ ᠬᠠᠷᠢᠭᠤᠴᠠᠨ᠎ᠠ ᠃ ᠨᠥᠬᠦᠴᠡᠯ ᠪᠣᠯᠣᠯᠴᠠᠭ᠎ᠠ ᠲᠠᠢ ᠪᠠᠶᠢᠳᠠᠯ ᠳᠣᠣᠷ᠎ᠠ ᠂ ᠲᠡᠷᠢᠭᠦᠨ ᠤ ᠭᠠᠵᠠᠷ ᠣᠷᠣᠨ ᠤ ᠨᠡᠶᠢᠲᠡᠯᠢᠭ | ᠵᠢᠱᠢᠶ᠎ᠡ ᠶᠢᠨ ᠠᠷᠭ᠎ᠠ ᠪᠠᠷ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠪᠠᠷ ᠳᠠᠮᠵᠢᠭᠤᠯᠤᠨ ᠠᠵᠢᠯ ᠶᠠᠪᠤᠳᠠᠯ ᠭᠦᠢᠴᠡᠳᠬᠡᠬᠦ ᠴᠣᠩᠬᠤᠪᠴᠢ ᠶᠢᠨ | ᠦᠢᠯᠡᠴᠢᠯᠡᠭᠡ ᠬᠠᠩᠭᠠᠬᠤ ᠭᠠᠵᠠᠷ ᠣᠷᠣᠨ ᠨᠢ ᠬᠠᠮᠢᠶ᠎ᠠ ᠪᠦᠬᠦᠢ ᠦᠢᠯᠡᠴᠢᠯᠡᠭᠡᠨ ᠤ ᠪᠠᠷᠢᠮᠵᠢᠶ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠪᠠ ᠰᠢᠮᠳᠠᠭᠤᠯᠤᠨ | ᠨᠠᠶᠢᠳᠠᠪᠤᠷᠢᠵᠢᠭᠤᠯᠵᠤ ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠦᠨ᠎ᠡ ᠬᠠᠩᠰᠢ ᠶᠢ ᠵᠦᠢ ᠵᠣᠬᠢᠰᠲᠠᠢ ᠲᠣᠭᠲᠠᠭᠠᠨ ᠂ ᠵᠠᠰᠠᠭ ᠵᠠᠬᠢᠷᠭᠠᠨ ᠤ | ᠠᠵᠢᠯᠲᠠᠨ ︵ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ︶ ᠤ ᠤᠯᠤᠰ ᠤᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠠᠷᠢᠮᠵᠢᠶ᠎ᠠ ᠶᠣᠰᠣᠭᠠᠷ ᠵᠡᠷᠭᠡ ᠳᠡᠰ ᠢ ᠦᠨᠡᠮᠰᠢᠬᠦ ᠂ ᠠᠵᠢᠯ ᠤᠨ ᠪᠠᠶᠢᠷᠢ ᠶᠢ ᠲᠣᠭᠲᠠᠭᠠᠨ ᠲᠠᠰ ᠳᠡᠪᠰᠢᠭᠦᠯᠬᠦ ᠵᠡᠷᠭᠡ ᠠᠵᠢᠯ ᠢ ᠥᠷᠨᠢᠭᠦᠯᠵᠦ ᠂ | ᠠᠵᠢᠯᠲᠠᠨ ᠤ ᠡᠩᠨᠡᠭᠡ ᠶᠢᠨ ᠲᠣᠭᠲᠠᠪᠤᠷᠢᠲᠤ ᠴᠢᠨᠠᠷ ᠢ ᠨᠡᠮᠡᠭᠳᠡᠭᠦᠯᠬᠦ ᠬᠡᠷᠡᠭᠲᠡᠢ ᠃ ︵ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷᠪᠡᠶᠡᠯᠡᠭᠦᠯᠬᠦ ᠴᠠᠭ ᠤᠨ ᠬᠢᠵᠠᠭᠠᠷ ᠨᠢ ᠄ 2022 ᠣᠨ ᠤ ᠵᠢᠯ ᠤᠨ ᠰᠡᠭᠦᠯᠴᠢ ᠠᠴᠠ ᠡᠮᠦᠨ᠎ᠡ ︶ | 2. ᠬᠢᠨᠠᠨ ᠵᠥᠪᠰᠢᠶᠡᠷᠡᠬᠦ ᠦᠢᠯᠡᠴᠢᠯᠡᠭᠡ ᠶᠢ ᠵᠢᠷᠤᠮᠵᠢᠭᠤᠯᠬᠤ | ︵1︶ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠠᠤᠯᠢ | ᠲᠣᠭᠲᠠᠭᠠᠯ ᠶᠣᠰᠣᠭᠠᠷ ᠭᠦᠢᠴᠡᠳᠬᠡᠬᠦ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠡᠷᠡᠭᠵᠢᠭᠦᠯᠦᠯᠲᠡ ᠶᠢᠨ ᠨᠠᠷᠢᠨ ᠬᠠᠭᠤᠳᠠᠰᠤ ᠶᠢ | ᠴᠢᠩᠭ᠎ᠠ ᠵᠢᠷᠤᠮᠯᠠᠨ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠬᠠᠩᠭᠠᠵᠤ᠂ ᠭᠦᠢᠴᠡᠳᠬᠡᠬᠦ ᠭᠤᠭᠴᠤᠭ᠎ᠠ ᠪᠠ ᠭᠤᠶᠤᠴᠢᠯᠠᠬᠤ ᠮᠠᠲ᠋ᠧᠷᠢᠶᠠᠯ ᠢ ᠢᠯᠡᠭᠦᠴᠡ ᠨᠡᠮᠡᠬᠦ | ᠪᠤᠶᠤ ᠬᠡᠯᠪᠡᠷᠢ ᠶᠢ ᠨᠢ ᠥᠭᠡᠷᠡᠲᠦᠭᠦᠯᠦᠨ ᠨᠡᠮᠡᠭᠳᠡᠭᠦᠯᠵᠦ ᠪᠣᠯᠬᠤ ᠦᠭᠡᠢ᠂ ᠬᠠᠤᠯᠢ ᠲᠣᠭᠲᠠᠭᠠᠯ ᠳᠤ ᠨᠡᠶᠢᠴᠡᠭᠰᠡᠨ ᠤᠷᠢᠲᠠᠯ ᠳᠣᠣᠷ᠎ᠠ ᠭᠤᠶᠤᠴᠢᠯᠠᠬᠤ ᠮᠠᠲ᠋ᠧᠷᠢᠶᠠᠯ ᠢ | ᠤᠯᠠᠮ ᠨᠢᠭᠡ ᠠᠯᠬᠤᠮ ᠪᠠᠭᠠᠰᠬᠠᠬᠤ᠂ ᠭᠦᠢᠴᠡᠳᠬᠡᠬᠦ ᠴᠠᠭ ᠤᠨ ᠬᠢᠵᠠᠭᠠᠷ ᠢ ᠪᠠᠭᠠᠰᠬᠠᠬᠤ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠰᠦᠪᠡᠭᠴᠢᠯᠡᠨ᠎ᠡ᠃ ᠡᠯ᠎ᠡ ᠰᠠᠯᠠᠭ᠎ᠠ | ᠮᠥᠴᠢᠷ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠡᠷᠬᠡᠪᠰᠢ ᠰᠢᠶᠠᠨ ᠤ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ | ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ ᠢᠯᠡ ᠨᠡᠶᠢᠲᠡᠯᠡᠬᠦ᠂ ᠠᠵᠢᠯ ᠤᠨ ᠠᠮᠵᠢᠯᠲᠠ | ᠪᠦᠲᠦᠮᠵᠢ ᠶᠢ ᠦᠨᠡᠯᠡᠬᠦ᠂ ᠡᠯᠧᠺᠲᠷᠣᠨ ᠢᠶᠠᠷ ᠬᠢᠨᠠᠨ ᠪᠠᠶᠢᠴᠠᠭᠠᠬᠤ ᠵᠡᠷᠭᠡ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠯᠡᠨ᠂ ᠴᠣᠩᠬᠤᠪᠴᠢ ᠶᠢᠨ ᠠᠵᠢᠯᠲᠠᠨ ᠢ | ᠰᠢᠮᠳᠠᠭᠤᠯᠵᠤ ᠪᠠᠶᠢᠭᠠᠳ ᠠᠩᠬ᠎ᠠ ᠠᠰᠠᠭᠤᠬᠤ ᠳᠤ ᠬᠠᠷᠢᠭᠤᠴᠠᠬᠤ᠂ ᠨᠢᠭᠡ ᠤᠳᠠᠭ᠎ᠠ ᠶᠢᠨ ᠴᠢᠨᠠᠷᠲᠠᠢ ᠪᠠᠷ ᠮᠡᠳᠡᠭᠳᠡᠬᠦ ᠪᠠ ᠬᠤᠭᠤᠴᠠᠭ᠎ᠠ ᠬᠢᠵᠠᠭᠠᠷᠯᠠᠨ ᠰᠢᠢᠳᠪᠦᠷᠢᠯᠡᠵᠦ | ᠳᠠᠭᠤᠰᠬᠠᠬᠤ ᠵᠡᠷᠭᠡ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠤᠷᠢᠳᠠᠴᠢ ᠦᠢᠯᠡᠴᠢᠯᠡᠭᠡ ᠶᠢ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠮᠡᠳᠡᠭᠦᠯᠵᠦ ᠬᠠᠪᠰᠤᠷᠤᠨ ᠵᠢᠯᠤᠭᠤᠳᠬᠤ ᠶᠢ ᠴᠢᠩᠭᠠᠳᠬᠠᠨ᠎ᠠ᠃ ᠲᠤᠬᠠᠢ ᠶᠢᠨ ᠲᠠᠯᠠᠪᠠᠶ ᠶᠢᠨ ᠬᠠᠶᠢᠨ ᠰᠢᠯᠭᠠᠯᠲᠠ᠂ ᠮᠡᠷᠭᠡᠵᠢᠯ ᠤᠨ ᠬᠢᠨᠠᠨ ᠪᠠᠶᠢᠴᠠᠭᠠᠯᠲᠠ᠂ | ᠭᠡᠷᠡᠴᠢᠯᠡᠭᠡ ᠰᠣᠨᠣᠰᠴᠤ ᠨᠤᠲᠠᠯᠠᠯᠲᠠ ᠬᠢᠬᠦ ᠵᠡᠷᠭᠡ ᠲᠠᠰ ᠳᠠᠷᠠᠭᠠᠯᠠᠯ ᠳᠤ ᠨᠠᠷᠢᠨ ᠲᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠬᠤᠭᠤᠴᠠᠭ᠎ᠠ ᠬᠢᠵᠠᠭᠠᠷᠯᠠᠨ | ᠰᠢᠢᠳᠪᠦᠷᠢᠯᠡᠵᠦ ᠳᠠᠭᠤᠰᠬᠠᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ ︵ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ᠂ ᠨᠢᠭᠡᠴᠡ ᠲᠦᠷᠦᠭᠦᠯᠡᠨ᠎ᠡ᠃ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ ᠵᠢᠯ ᠤᠨ ᠰᠡᠭᠦᠯᠴᠢ ᠠᠴᠠ ᠡᠮᠦᠨ᠎ᠡ︶ | ︵2︶ ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ ᠬᠠᠮᠵᠢᠯᠴᠠᠭ᠎ᠠ ᠶᠢ ᠵᠢᠷᠤᠮᠵᠢᠭᠤᠯᠤᠨ᠎ᠠ᠃ ︽ᠬᠡᠨ ᠬᠢᠨᠠᠨ ᠵᠥᠪᠰᠢᠶᠡᠷᠡᠪᠡᠯ ᠲᠡᠷᠡ ᠬᠢᠨᠠᠨ ᠬᠠᠮᠢᠶᠠᠷᠴᠤ᠂ ᠬᠡᠨ | ᠭᠤᠣᠯᠴᠢᠯᠠᠨ ᠬᠠᠮᠢᠶᠠᠷᠴᠤ᠂ ᠲᠡᠷᠡ ᠬᠢᠨᠠᠨ ᠬᠠᠮᠢᠶᠠᠷᠬᠤ︾ ᠵᠠᠷᠴᠢᠮ ᠶᠣᠰᠣᠭᠠᠷ᠂ ᠬᠢᠨᠠᠨ ᠬᠠᠮᠢᠶᠠᠷᠬᠤ ᠶᠢ ᠵᠣᠯᠭᠠᠭᠤᠯᠬᠤ ᠲᠣᠭᠲᠠᠴᠠ ᠶᠢ ᠪᠦᠷᠢᠨᠰᠢᠭᠦᠯᠵᠦ᠂ ᠬᠢᠨᠠᠨ | ᠵᠥᠪᠰᠢᠶᠡᠷᠡᠬᠦ ᠪᠠ ᠬᠢᠨᠠᠨ ᠬᠠᠮᠢᠶᠠᠷᠤᠯᠲᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠎ᠡ᠃ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ | ᠪᠣᠯᠣᠨ ᠵᠠᠭᠠᠭ ᠬᠢᠵᠠᠭᠠᠷ ᠢ ᠲᠣᠳᠣᠷᠬᠠᠶᠢᠯᠠᠵᠤ᠂ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠪᠠ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠭᠰᠡᠨ ᠮᠡᠳᠡᠭᠡ ᠵᠠᠩᠭᠢ᠂ | ᠬᠠᠤᠯᠢ ᠬᠡᠷᠡᠭᠵᠢᠭᠦᠯᠬᠦ ᠮᠡᠳᠡᠭᠡ ᠵᠠᠩᠭᠢ ᠪᠠ ᠦᠷ᠎ᠡ ᠳ᠋ᠦᠩ ᠢ ᠵᠡᠷᠭᠡ ᠳᠤᠨᠢ ᠬᠠᠮᠲᠤᠪᠠᠷ ᠭᠥᠷᠳᠡᠬᠦ ᠶᠢ ᠠᠬᠢᠭᠤᠯᠬᠤ ᠬᠡᠷᠡᠭᠲᠡᠢ᠃ ︵ᠡᠯ᠎ᠡ ᠱᠠᠲᠤᠨ ᠤ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠃ ᠪᠡᠶᠡᠯᠡᠭᠦᠯᠬᠦ ᠴᠠᠭ ᠤᠨ ᠬᠢᠵᠠᠭᠠᠷ ᠨᠢ᠄ | 2022 ᠣᠨ ᠤ ᠵᠢᠯ ᠤᠨ ᠰᠡᠭᠦᠯᠴᠢ ᠠᠴᠠ ᠡᠮᠦᠨ᠎ᠡ︶ | 3. ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠶᠢ ᠵᠢᠷᠤᠮᠵᠢᠭᠤᠯᠤᠨ᠎ᠠ᠃ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠨᠠᠷᠢᠯᠢᠭᠵᠢᠭᠤᠯᠤᠨ ᠡᠮᠬᠢᠯᠡᠬᠦ ᠶᠢ ᠴᠢᠩᠭᠠᠳᠬᠠᠨ᠂ ᠰᠦᠯᠵᠢᠶᠡᠨ ᠳᠡᠭᠡᠷ᠎ᠡ ᠭᠦᠢᠴᠡᠳᠬᠡᠬᠦ ᠭᠦᠨᠴᠡ ᠶᠢ ᠲᠣᠳᠣᠷᠬᠠᠶᠢᠯᠠᠨ᠎ᠠ ᠡᠯᠧᠺᠲᠷᠣᠨ | ᠦᠨᠡᠮᠯᠡᠯ᠂ ᠡᠯᠧᠺᠲᠷᠣᠨ ᠲᠠᠮᠠᠭ᠎ᠠ᠂ ᠡᠯᠧᠺᠲᠷᠣᠨ ᠮᠠᠲ᠋ᠧᠷᠢᠶᠠᠯ ᠤᠨ ᠬᠡᠷᠡᠭᠯᠡᠯᠲᠡ ᠶᠢ ᠴᠢᠩᠭᠠᠳᠬᠠᠵᠤ᠂ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠵᠦ | ᠪᠠᠶᠢᠭᠰᠠᠨ ᠠᠴᠠ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠳᠠᠰᠢ ᠬᠤᠪᠢᠷᠠᠭᠤᠯᠬᠤ ᠶᠢ ᠠᠬᠢᠭᠤᠯᠵᠤ᠂ ᠪᠥᠬᠦ ᠶᠠᠪᠤᠴᠠ ᠶᠢ ᠰᠦᠯᠵᠢᠶᠡᠨ ᠳᠡᠭᠡᠷ᠎ᠡ | ᠭᠦᠢᠴᠡᠳᠬᠡᠬᠦ ᠵᠦᠢᠯᠡᠰ ᠢ ᠰᠢᠢᠳᠪᠦᠷᠢᠯᠡᠬᠦ ᠳᠤ ᠠᠮᠠᠷᠬᠠᠨ ᠪᠥᠭᠡᠳ ᠠᠮᠠᠷᠬᠠᠨ ᠰᠢᠢᠳᠪᠦᠷᠢᠯᠡᠬᠦ ᠶᠢ ᠦᠨᠡᠨ ᠬᠦ ᠪᠠᠲᠤᠯᠠᠨ᠎ᠠ᠃ ︵ᠰᠢᠶᠠᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ᠎ᠠ᠃ ᠪᠡᠶᠡᠯᠡᠭᠦᠯᠬᠦ ᠴᠠᠭ ᠤᠨ | ᠬᠢᠵᠠᠭᠠᠷ ᠨᠢ᠄ 2022 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶ | 4. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠠᠯᠠᠭᠠᠨ ᠠᠴᠠ ᠭᠦᠢᠴᠡᠳᠬᠡᠬᠦ︾ ᠶᠢ ᠵᠢᠷᠤᠮᠵᠢᠭᠤᠯᠤᠨ᠎ᠠ᠃ᠲᠤᠬᠠᠢ ᠶᠢᠨ ᠭᠠᠵᠠᠷ ᠤᠨ ᠭᠠᠷ ᠲᠠᠬᠢ | ᠭᠦᠢᠴᠡᠳᠬᠡᠬᠦ ᠵᠦᠢᠯᠡᠰ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ᠂ ᠣᠯᠠᠨ ᠨᠡᠶᠢᠲᠡ ᠶᠢᠨ ᠦᠢᠯᠡᠴᠢᠯᠡᠭᠡᠨ ᠢ ᠭᠠᠷ | ᠤᠲᠠᠰᠤᠨ ᠤ ᠦᠵᠦᠭᠦᠷ ᠳᠠᠰᠢ ᠤᠷᠲᠤᠳᠬᠠᠬᠤ ᠶᠢ ᠶᠡᠬᠡᠪᠡᠷ ᠠᠬᠢᠭᠤᠯᠵᠤ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠵᠢᠵᠢᠭ ᠫᠷᠣᠭ᠍ᠷᠠᠮ᠂ APP ᠳᠤᠮᠳᠠᠬᠢ | ᠡᠯ᠎ᠡ ᠲᠥᠷᠥᠯ ᠤᠨ ᠲᠤᠬᠠᠶᠢᠯᠠᠭᠰᠠᠨ ᠠᠵᠢᠯ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ︽ᠮᠣᠩᠭᠤᠯ ᠲᠦᠷᠭᠡᠨ ᠤ ᠠᠯᠪᠠᠨ ᠭᠡᠷ︾ ᠳᠠᠰᠢ | ᠲᠥᠪᠯᠡᠷᠡᠭᠦᠯᠬᠦ ᠶᠢ ᠠᠬᠢᠭᠤᠯᠤᠨ᠎ᠠ᠃ 2022 ᠣᠨ ᠤ ᠵᠢᠯ ᠤᠨ ᠰᠡᠭᠦᠯᠴᠢ ᠠᠴᠠ ᠡᠮᠦᠨ᠎ᠡ᠂ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ︾ | ᠤᠨ ᠰᠢᠯᠵᠢᠮᠡᠯ ᠦᠵᠦᠭᠦᠷ ᠤᠨ ᠥᠨᠳᠥᠷ ᠳᠠᠪᠲᠠᠮᠵᠢ ᠪᠠᠷ ᠠᠷᠠᠳ ᠲᠤ ᠲᠥᠬᠦᠮ ᠦᠵᠡᠭᠦᠯᠬᠦ ᠬᠡᠷᠡᠭᠯᠡᠭᠡ ᠶᠢ 300 ᠵᠦᠢᠯ ᠠᠴᠠ ᠳᠣᠣᠷ᠎ᠠ ᠪᠠᠶᠢᠯᠭᠠᠵᠤ ᠪᠣᠯᠬᠤ ᠦᠭᠡᠢ | ᠂ ᠭᠦᠢᠴᠡᠳᠬᠡᠵᠦ ᠪᠣᠯᠬᠤ ᠬᠠᠷᠢᠴᠠᠯ ᠤᠨ ᠨᠣᠷᠮ᠎ᠠ ᠶᠢ 50% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ 2023 ᠣᠨ ᠤ ᠵᠢᠯ ᠤᠨ ᠡᠴᠦᠰ ᠠᠴᠠ ᠡᠮᠦᠨ᠎ᠡ᠂ | ᠮᠠᠨ ᠤ ᠰᠢᠶᠠᠨ ᠤ ᠭᠠᠷ ᠤᠲᠠᠰᠤᠨ ᠤ ᠦᠵᠦᠭᠦᠷ ᠤᠨ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠣᠯᠠᠨ ᠲᠦᠮᠡᠨ ᠤ ᠣᠶᠢᠯᠠᠭᠠᠯᠲᠠ ᠶᠢ | ᠰᠢᠯᠢᠳᠡᠭᠵᠢᠭᠦᠯᠵᠦ᠂ ︽ᠬᠡᠷᠡᠭᠯᠡᠵᠦ ᠪᠣᠯᠬᠤ︾ ᠪᠠᠶᠢᠭᠰᠠᠨ ᠠᠴᠠ ︽ᠬᠡᠷᠡᠭᠯᠡᠬᠦ ᠳᠤ ᠰᠠᠶᠢᠨ︾ ᠪᠣᠯᠭᠠᠨ ᠬᠤᠪᠢᠷᠠᠭᠤᠯᠤᠨ᠎ᠠ᠃ ︵ᠰᠢᠶᠠᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ᠎ᠠ᠃ ᠪᠡᠶᠡᠯᠡᠭᠦᠯᠬᠦ ᠴᠠᠭ ᠤᠨ | ᠬᠢᠵᠠᠭᠠᠷ ᠨᠢ᠄ 2023 ᠣᠨ ᠤ ᠵᠢᠯ ᠤᠨ ᠰᠡᠭᠦᠯᠴᠢ ᠠᠴᠠ ᠡᠮᠦᠨ᠎ᠡ︶ | 5. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ ᠬᠥᠭᠵᠢᠭᠦᠯᠬᠦ ᠶᠢ | ᠵᠢᠷᠤᠮᠵᠢᠭᠤᠯᠤᠨ᠎ᠠ᠃ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠨᠢᠭᠡᠨᠲᠡ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠦᠭᠰᠡᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠵᠠᠷᠴᠢᠮ ᠳᠡᠭᠡᠷ᠎ᠡ ᠪᠠᠨ ᠰᠦᠯᠵᠢᠶᠡᠨ ᠠᠴᠠ ᠭᠠᠳᠠᠭᠤᠷᠬᠢ ᠴᠣᠩᠬᠤᠪᠴᠢ ᠪᠠᠷ ᠠᠵᠢᠯ ᠶᠠᠪᠤᠳᠠᠯ ᠭᠦᠢᠴᠡᠳᠬᠡᠬᠦ | ᠦᠢᠯᠡᠴᠢᠯᠡᠭᠡ ᠶᠢ ᠵᠡᠷᠭᠡ ᠳᠤᠨᠢ ᠬᠠᠩᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠠᠴᠠ ᠡᠵᠡᠨ ᠮᠡᠳᠡᠵᠦ ᠭᠦᠢᠴᠡᠳᠬᠡᠬᠦ ᠠᠷᠭ᠎ᠠ ᠵᠠᠮ ᠢ ᠰᠣᠩᠭᠤᠬᠤ ᠬᠡᠷᠡᠭᠲᠡᠢ᠃ | ᠭᠤᠶᠤᠴᠢᠯᠠᠭᠴᠢ ᠰᠦᠯᠵᠢᠶᠡᠨ ᠳᠡᠭᠡᠷ᠎ᠡ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠦᠶ᠎ᠡ ᠳᠤ᠂ ᠭᠤᠶᠤᠴᠢᠯᠠᠯ ᠤᠨ ᠮᠠᠲ᠋ᠧᠷᠢᠶᠠᠯ ᠢᠶᠠᠨ ᠰᠦᠯᠵᠢᠶᠡᠨ ᠳᠡᠭᠡᠷ᠎ᠡ | ᠤᠷᠢᠳᠴᠢᠯᠠᠨ ᠪᠣᠯᠵᠣᠬᠤ ᠪᠤᠶᠤ ᠰᠦᠯᠵᠢᠶᠡᠨ ᠳᠡᠭᠡᠷ᠎ᠡ ᠲᠤᠰᠢᠶᠠᠯᠭᠠᠬᠤ ᠪᠠᠷ ᠲᠡᠭᠦᠨ ᠢ ᠠᠯᠪᠠᠲᠠᠨ ᠱᠠᠭᠠᠷᠳᠠᠵᠤ ᠪᠣᠯᠬᠤ ᠦᠭᠡᠢ᠃ ᠭᠤᠶᠤᠴᠢᠯᠠᠯ ᠤᠨ ᠮᠠᠲ᠋ᠧᠷᠢᠶᠠᠯ ᠢ | ᠨᠢᠭᠡᠨᠲᠡ ᠰᠦᠯᠵᠢᠶᠡᠨ ᠳᠡᠭᠡᠷ᠎ᠡ ᠬᠤᠷᠢᠶᠠᠨ ᠠᠪᠤᠭᠰᠠᠨ ᠪᠤᠶᠤ ᠰᠠᠯᠠᠭ᠎ᠠ ᠮᠥᠴᠢᠷ ᠤᠨ ᠬᠤᠭᠤᠷᠣᠨᠳᠤ ᠪᠠᠨ ᠬᠠᠮᠲᠤ ᠪᠠᠷ ᠡᠳ᠋ᠯᠡᠬᠦ ᠪᠠᠷ ᠳᠡᠮᠵᠢᠨ ᠵᠢᠷᠤᠮᠵᠢᠭᠰᠠᠨ | ᠡᠯᠧᠺᠲᠷᠣᠨ ᠮᠠᠲ᠋ᠧᠷᠢᠶᠠᠯ ᠢ ᠣᠯᠵᠤ ᠳᠡᠶᠢᠯᠬᠦ ᠳᠤ ᠭᠦᠷᠪᠡᠯ᠂ ᠭᠤᠶᠤᠴᠢᠯᠠᠭᠴᠢ ᠶᠢ ᠴᠠᠭᠠᠰᠤᠨ ᠮᠠᠲ᠋ᠧᠷᠢᠶᠠᠯ ᠢ ᠳᠠᠪᠬᠤᠷᠳᠠᠭᠤᠯᠤᠨ ᠲᠤᠰᠢᠶᠠᠯᠭᠠᠬᠤ ᠪᠠᠷ ᠱᠠᠭᠠᠷᠳᠠᠵᠤ | ᠪᠣᠯᠬᠤ ᠦᠭᠡᠢ᠃ ︵ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠬᠠᠮᠵᠢᠯᠴᠠᠨ᠎ᠠ᠃ ᠪᠡᠶᠡᠯᠡᠭᠦᠯᠬᠦ ᠴᠠᠭ ᠤᠨ ᠬᠢᠵᠠᠭᠠᠷ ᠨᠢ᠄ 2025 ᠣᠨ ᠤ ᠵᠢᠯ ᠤᠨ ᠰᠡᠭᠦᠯᠴᠢ ᠠᠴᠠ ᠡᠮᠦᠨ᠎ᠡ︶ | 6. 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯᠯᠠᠭᠠᠨ ᠢ ᠵᠢᠷᠤᠮᠵᠢᠭᠤᠯᠤᠨ᠎ᠠ᠃ | ᠬᠠᠯᠠᠭᠤᠨ ᠤᠲᠠᠰᠤᠨ ᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠬᠠᠷᠢᠶ᠎ᠠ ᠭᠠᠵᠠᠷ ᠤᠨ ᠬᠠᠯᠠᠭᠤᠨ ᠤᠲᠠᠰᠤ ᠶᠢ ᠲᠣᠬᠢᠷᠠᠭᠤᠯᠬᠤ ᠠᠵᠢᠯ ᠤᠨ | ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠲᠤᠰᠬᠠᠢ ᠲᠤᠰᠢᠶᠠᠯᠲᠤ ᠠᠵᠢᠯᠲᠠᠨ ᠢ ᠪᠦᠷᠢᠨ ᠲᠣᠬᠢᠷᠠᠭᠤᠯᠵᠤ᠂ ᠭᠦᠢᠴᠡᠳᠬᠡᠬᠦ ᠬᠠᠯᠠᠭᠤᠨ ᠤᠲᠠᠰᠤᠨ ᠤ ᠠᠵᠢᠯ ᠤᠨ | ᠶᠠᠪᠤᠴᠠ ᠶᠢ ᠵᠢᠷᠤᠮᠵᠢᠭᠤᠯᠵᠤ᠂ ᠠᠵᠢᠯ ᠤᠨ ᠳᠦᠷᠢᠮ᠂ ᠬᠡᠷᠡᠭᠵᠢᠭᠦᠯᠬᠦ ᠨᠠᠷᠢᠨ ᠳᠦᠷᠢᠮ ᠢ ᠨᠠᠶᠢᠳᠠᠪᠤᠷᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ | ᠨᠡᠪᠲᠡᠷᠡᠭᠦᠯᠬᠦ᠂ ᠴᠠᠭ ᠲᠤᠬᠠᠢ ᠳᠤᠨᠢ ᠲᠣᠬᠢᠷᠠᠭᠤᠯᠬᠤ᠂ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠬᠤ᠂ ᠴᠠᠭ ᠲᠤᠨᠢ ᠲᠣᠬᠢᠷᠠᠭᠤᠯᠤᠨ ᠰᠢᠪᠠᠳᠠᠨ ᠰᠢᠢᠳᠪᠦᠷᠢᠯᠡᠭᠦᠯᠬᠦ | ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠲᠤᠰᠬᠠᠭᠰᠠᠨ ᠠᠰᠠᠭᠤᠳᠠᠯ᠂ ᠵᠦᠢ ᠵᠣᠬᠢᠰᠲᠠᠢ ᠬᠦᠰᠡᠯ ᠱᠠᠭᠠᠷᠳᠠᠯᠭ᠎ᠠ ᠶᠢ | ᠴᠠᠭ ᠲᠤᠬᠠᠢ ᠳᠤᠨᠢ ᠬᠠᠷᠢᠭᠤᠯᠬᠤ᠂ ᠰᠢᠢᠳᠪᠦᠷᠢᠯᠡᠬᠦ ᠪᠠ ᠰᠢᠢᠳᠪᠦᠷᠢᠯᠡᠬᠦ ᠶᠢ ᠦᠨᠡᠨᠬᠦ ᠪᠠᠲᠤᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠨᠠᠩ ᠲᠦᠷᠭᠡᠨ ᠵᠠᠯᠭᠠᠨ᠂ ᠨᠠᠩ ᠣᠨᠣᠪᠴᠢᠲᠠᠶ ᠬᠤᠪᠢᠶᠠᠵᠤ᠂ ᠨᠠᠩ ᠪᠣᠳᠠᠲᠠᠢ ᠪᠠᠷ ᠡᠷᠭᠢᠯᠡᠵᠦ᠂ ᠳᠥᠭᠦᠮ ᠳᠥᠲᠡ᠂ | ᠥᠨᠳᠥᠷ ᠦᠷ᠎ᠡ ᠪᠦᠲᠦᠮᠵᠢᠲᠡᠶ᠂ ᠵᠢᠷᠤᠮᠵᠢᠯ ᠲᠠᠢ᠂ ᠤᠬᠠᠭᠠᠯᠢᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠶᠡᠷᠦᠩᠬᠡᠢ ᠦᠢᠯᠡᠴᠢᠯᠡᠭᠡ︾ ᠶᠢ ᠪᠣᠶ ᠪᠣᠯᠭᠠᠵᠤ᠂ | ᠬᠠᠯᠠᠮᠰᠢᠯ ᠤᠲᠠᠰᠤ ᠶᠢᠨ ᠳᠠᠭᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ᠂ ᠬᠠᠨᠤᠮᠵᠢ ᠶᠢᠨ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠰᠢᠶᠠᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ᠎ᠠ᠃ | ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶ | 7.ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠨᠡᠯᠡᠨ ᠵᠢᠱᠢᠵᠦ ᠦᠨᠡᠯᠡᠬᠦ ᠶᠢ ᠵᠢᠷᠤᠮᠵᠢᠭᠤᠯᠤᠨ ᠥᠷᠨᠢᠭᠦᠯᠦᠨ᠎ᠡ᠃ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠡᠷᠡᠭᠵᠢᠭᠦᠯᠬᠦ ᠪᠠᠶᠢᠭᠤᠯᠤᠮᠵᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ | ᠮᠠᠭᠤ ᠶᠢ ᠦᠨᠡᠯᠡᠬᠦ︾ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠮᠠᠭᠤ ᠦᠨᠡᠯᠡᠯᠲᠡ︾ ᠶᠢᠨ ᠬᠠᠷᠢᠭᠤ ᠰᠤᠷᠪᠤᠯᠵᠢᠯᠠᠵᠤ ᠬᠢᠨᠠᠨ ᠬᠠᠷᠭᠤᠭᠤᠯᠵᠤ ᠴᠡᠭᠴᠡᠯᠡᠨ | ᠰᠠᠶᠢᠵᠢᠷᠠᠭᠤᠯᠵᠤ ᠬᠠᠷᠢᠭᠤ ᠲᠤᠰᠬᠠᠬᠤ ᠲᠣᠭᠲᠠᠴᠠ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠰᠠᠨᠠᠯ ᠤᠨ ᠬᠠᠶᠢᠷᠴᠠᠭ᠂ ᠬᠢᠨᠠᠯᠲᠠ ᠲᠠᠯᠪᠢᠬᠤ ᠲᠠᠪᠴᠠᠩ᠂ | ᠡᠯᠧᠺᠲᠷᠣᠨ ᠰᠢᠤᠳᠠᠨ ᠤ ᠬᠠᠶᠢᠷᠴᠠᠭ ᠵᠡᠷᠭᠡ ᠣᠯᠠᠨ ᠵᠦᠢᠯ ᠤᠨ ᠠᠷᠭ᠎ᠠ ᠵᠠᠮ ᠪᠠ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠤᠨ | ᠶᠡᠷᠦᠩᠬᠡᠶᠢᠯᠡᠭᠰᠡᠨ ᠴᠢᠨᠠᠷᠲᠠᠢ ᠦᠨᠡᠯᠡᠯᠲᠡ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠵᠢᠭᠦᠯᠬᠦ ᠪᠠᠶᠢᠭᠤᠯᠤᠮᠵᠢ | ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠴᠠᠭᠠᠯᠲᠠ ᠶᠢ ᠢᠳᠡᠪᠬᠢᠲᠡᠢ ᠥᠷᠨᠢᠭᠦᠯᠵᠦ᠂ ᠢᠯᠠᠩᠭᠤᠶ᠎ᠠ ᠰᠢᠨ᠎ᠡ ᠪᠠᠷ ᠨᠡᠶᠢᠲᠡᠯᠡᠭᠰᠡᠨ ᠠᠵᠤ ᠠᠬᠤᠶᠢᠯᠠᠯ ᠳᠤ | ᠠᠰᠢᠭ ᠣᠯᠭᠤᠵᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠰᠢᠨ᠎ᠡ ᠪᠠᠷ ᠬᠠᠩᠭᠠᠭᠰᠠᠨ ᠦᠢᠯᠡᠴᠢᠯᠡᠭᠡᠨ ᠤ ᠲᠥᠷᠥᠯ ᠵᠦᠢᠯ ᠵᠢᠴᠢ ᠠᠵᠤ ᠠᠬᠤᠶᠢᠯᠠᠯ | ᠪᠠ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠰᠢᠭᠤᠳ ᠬᠤᠯᠪᠣᠭᠳᠠᠬᠤ ᠭᠤᠣᠯᠳᠠᠯᠭ᠎ᠠ ᠲᠠᠢ ᠦᠢᠯᠡᠴᠢᠯᠡᠭᠡᠨ ᠤ ᠵᠦᠢᠯᠡᠰ ᠲᠤ ᠲᠥᠷᠥ ᠶᠢᠨ | ᠪᠣᠳᠣᠯᠭ᠎ᠠ ᠶᠢᠨ ᠣᠶᠢᠯᠠᠭᠠᠭᠰᠠᠨ ᠬᠡᠮᠵᠢᠶ᠎ᠡ᠂ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ᠂ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠵᠡᠷᠭᠡ | ᠪᠠᠶᠢᠳᠠᠯ ᠢ ᠴᠠᠭ ᠲᠤᠬᠠᠢ ᠳᠤᠨᠢ ᠣᠶᠢᠯᠠᠭᠠᠬᠤ ᠬᠡᠷᠡᠭᠲᠡᠢ᠃ ︵ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠰᠢᠶᠠᠨ ᠤ | ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ᠎ᠠ᠃ ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ ᠵᠢᠯ ᠤᠨ ᠰᠡᠭᠦᠯᠴᠢ ᠠᠴᠠ | ᠡᠮᠦᠨ᠎ᠡ᠂ ᠦᠷᠭᠦᠯᠵᠢᠯᠡᠨ ᠠᠬᠢᠭᠤᠯᠤᠨ᠎ᠠ︶ | ︵ᠭᠤᠷᠪᠠ︶ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠥᠭᠦᠮᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | 1. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ ᠠᠬᠢᠭᠤᠯᠤᠨ᠎ᠠ᠃ ᠠᠵᠤ ᠠᠬᠤᠶᠢᠯᠠᠯ ᠪᠣᠯᠣᠨ ᠣᠯᠠᠨ | ᠲᠦᠮᠡᠨ ᠤ ᠠᠵᠢᠯ ᠶᠠᠪᠤᠳᠠᠯ ᠡᠷᠬᠢᠯᠡᠬᠦ ᠳᠤ ᠳᠥᠭᠦᠮ ᠦᠵᠡᠭᠦᠯᠬᠦ ᠡᠭᠦᠳᠡᠨ ᠠᠴᠠ ᠡᠭᠦᠰᠴᠦ᠂ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ | ᠠᠩᠬᠠᠳᠤᠭᠠᠷ ᠤᠳᠠᠭ᠎ᠠ ᠶᠢᠨ ᠠᠯᠪᠠᠨ ᠭᠡᠷ︾ ᠤᠨ ᠲᠤᠰᠬᠠᠢ ᠣᠷᠣᠨ ᠢ ᠳᠡᠰ ᠳᠡᠪᠰᠢᠭᠦᠯᠵᠦ᠂ ᠠᠵᠤ ᠠᠬᠤᠶᠢᠯᠠᠯ ᠤᠨ ᠪᠠᠶᠢᠭᠤᠯᠤᠭᠳᠠᠭᠰᠠᠨ ᠠᠴᠠ ᠬᠦᠴᠦᠨ ᠦᠭᠡᠢ | ᠪᠣᠯᠭᠠᠬᠤ᠂ ᠬᠤᠪᠢ ᠬᠥᠮᠥᠨ ᠤ ᠲᠥᠷᠥᠭᠰᠡᠨ ᠠᠴᠠ ᠬᠤᠶᠢᠨ᠎ᠠ ᠬᠦᠷᠲᠡᠯᠡᠬᠢ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢᠨ ᠲᠣᠭᠤᠷᠢᠨ ᠳᠤ᠂ ᠬᠠᠮᠢᠶ᠎ᠠ | ᠪᠦᠬᠦᠢ ᠰᠠᠯᠠᠭ᠎ᠠ ᠮᠥᠴᠢᠷ ᠲᠠᠢ ᠬᠤᠯᠪᠤᠭᠠᠯᠠᠨ ᠨᠢᠭᠡ ᠪᠦᠯᠦᠭ ᠠᠵᠤ ᠠᠬᠤᠶᠢᠯᠠᠯ ᠪᠠ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ᠂ | ᠠᠵᠢᠯ ᠶᠠᠪᠤᠳᠠᠯ ᠭᠦᠢᠴᠡᠳᠬᠡᠬᠦ ᠳᠤ ᠬᠡᠷᠡᠭᠰᠡᠬᠦ ᠬᠡᠮᠵᠢᠶ᠎ᠡ ᠪᠠᠷ ᠶᠡᠭᠡ᠂ ᠬᠦᠷᠲᠡᠮᠵᠢ ᠶᠢᠨ ᠲᠥᠷᠥᠭᠳᠡᠯ ᠢᠶᠠᠷ ᠴᠢᠩᠭ᠎ᠠ ᠰᠠᠯᠠᠭ᠎ᠠ ᠮᠥᠴᠢᠷ ᠠᠯᠤᠰᠯᠠᠭᠰᠠᠨ᠂ ᠱᠠᠲᠤ ᠲᠠᠰ | ᠠᠯᠤᠰᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ ᠬᠡᠷᠡᠭᠵᠢᠭᠦᠯᠵᠦ᠂ ᠭᠤᠣᠯ ᠰᠡᠳᠦᠪᠲᠦ ᠮᠠᠶ᠋ᠢᠭ ᠤᠨ᠂ ᠢᠵᠢ | ᠦᠢᠯᠡᠴᠢᠯᠡᠭᠡᠨ ᠤ ᠮᠠᠶ᠋ᠢᠭ ᠤᠨ ᠦᠢᠯᠡᠴᠢᠯᠡᠭᠡ ᠬᠠᠩᠭᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠵᠢᠯ ᠪᠦᠷᠢ 5 ︽ᠨᠢᠭᠡ ᠶᠠᠪᠤᠳᠠᠯ ᠢ ᠨᠢᠭᠡ ᠯᠡ | ᠤᠳᠠᠭ᠎ᠠ ᠳᠤ ᠭᠦᠢᠴᠡᠳᠬᠡᠬᠦ︾ ᠠᠴᠠ ᠳᠤᠲᠠᠭᠤ ᠦᠭᠡᠢ ᠬᠡᠷᠡᠭᠵᠢᠭᠦᠯᠦᠨ᠎ᠡ᠃ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠬᠦᠰᠦᠨᠦᠭᠲᠦ ᠪᠠᠷ ᠭᠤᠶᠤᠴᠢᠯᠠᠬᠤ᠂ ᠨᠢᠭᠡ | ᠢᠵᠢ ᠮᠠᠲ᠋ᠧᠷᠢᠶᠠᠯ᠂ ᠨᠢᠭᠡ ᠴᠣᠩᠬᠤ ︵ᠦᠵᠦᠭᠦᠷ︶ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠰᠦᠯᠵᠢᠶ᠎ᠡ ᠪᠠᠷ ᠭᠦᠢᠴᠡᠳᠬᠡᠬᠦ︾ ᠱᠠᠭᠠᠷᠳᠠᠯᠭ᠎ᠠ ᠶᠣᠰᠣᠭᠠᠷ᠂ | ᠲᠤᠬᠠᠶᠢᠯᠠᠭᠰᠠᠨ ᠠᠵᠢᠯ ᠤᠨ ᠴᠤᠪᠤᠷᠠᠯ ᠢ ᠰᠢᠯᠢᠳᠡᠭᠵᠢᠭᠦᠯᠵᠦ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ ᠪᠠᠭᠠᠰᠬᠠᠨ᠂ ᠭᠤᠶᠤᠴᠢᠯᠠᠬᠤ ᠮᠠᠲ᠋ᠧᠷᠢᠶᠠᠯ ᠢ | ᠴᠣᠮᠬᠠᠳᠬᠠᠵᠤ᠂ ᠭᠦᠢᠴᠡᠳᠬᠡᠬᠦ ᠴᠠᠭ ᠤᠨ ᠬᠢᠵᠠᠭᠠᠷ ᠢ ᠪᠠᠭᠠᠰᠬᠠᠬᠤ ᠬᠡᠷᠡᠭᠲᠡᠢ᠃ ︵ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠲᠦᠷᠦᠭᠦᠯᠡᠵᠦ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ᠎ᠠ᠃ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ | ᠵᠢᠯ ᠤᠨ ᠰᠡᠭᠦᠯᠴᠢ ᠠᠴᠠ ᠡᠮᠦᠨ᠎ᠡ︶ | 2. ︽ᠦᠨᠡᠮᠯᠡᠯ ᠢ ᠬᠡᠯᠲᠦᠷᠢᠭᠦᠯᠬᠦ ᠠᠯᠪᠠᠨ ᠭᠡᠷ︾ ᠤᠨ ᠦᠢᠯᠡᠴᠢᠯᠡᠭᠡ ᠶᠢ ᠳᠡᠯᠭᠡᠷᠡᠭᠦᠯᠦᠨ᠎ᠡ᠃ᠭᠡᠷᠡᠴᠢ ᠦᠨᠡᠮᠯᠡᠯ ᠤᠨ ᠲᠥᠷᠥᠯ ᠵᠦᠢᠯ ᠢ ᠡᠮᠬᠢᠯᠡᠬᠦ ᠪᠠ ᠭᠡᠷᠡᠴᠢ | ᠦᠨᠡᠮᠯᠡᠯ ᠤᠨ ᠲᠤᠭ᠎ᠠ ᠪᠠᠷᠢᠮᠲᠠ ᠶᠢ ᠬᠤᠷᠠᠮᠳᠤᠭᠤᠯᠬᠤ ᠠᠵᠢᠯ ᠢ ᠪᠥᠬᠦ ᠲᠠᠯ᠎ᠠ ᠪᠠᠷ ᠥᠷᠨᠢᠭᠦᠯᠦᠨ᠎ᠡ᠃ ᠳ᠋ᠠᠶᠢᠲ᠋ᠠ ᠶᠢ ᠬᠠᠮᠲᠤᠪᠠᠷ ᠭᠥᠷᠳᠡᠬᠦ᠂ ᠰᠦᠯᠵᠢᠶ᠎ᠡ ᠪᠠᠷ | ᠬᠠᠷᠭᠤᠭᠤᠯᠤᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠨ᠂ ᠨᠢᠭᠡᠨᠲᠡ ᠴᠤᠭᠯᠠᠷᠠᠭᠰᠠᠨ ᠡᠯᠧᠺᠲᠷᠣᠨ ᠦᠨᠡᠮᠯᠡᠯ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠭᠦᠢᠴᠡᠳᠬᠡᠬᠦ ᠳᠤᠮᠳᠠ ᠪᠣᠳᠠᠲᠤ ᠴᠣᠭᠴᠠ ᠶᠢᠨ ᠦᠨᠡᠮᠯᠡᠯ ᠲᠤᠰᠢᠶᠠᠬᠤ ᠠᠴᠠ ᠬᠡᠯᠲᠦᠷᠢᠭᠦᠯᠬᠦ ᠶᠢ ᠳᠡᠮᠵᠢᠨ᠎ᠡ᠃ ᠡᠯᠧᠺᠲᠷᠣᠨ ᠭᠡᠷᠡᠴᠢ ᠦᠨᠡᠮᠯᠡᠯ ᠳᠤ | ᠭᠠᠷ ᠤᠨ ᠥᠰᠥᠭ ᠵᠢᠷᠤᠵᠤ ᠣᠯᠭᠤᠬᠤ᠂ ᠴᠤᠭᠯᠠᠭᠤᠯᠬᠤ᠂ ᠬᠠᠳᠠᠭᠠᠯᠠᠬᠤ᠂ ᠬᠡᠷᠡᠭᠯᠡᠬᠦ ᠵᠡᠷᠭᠡ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠵᠤ᠂ ᠬᠠᠭᠤᠷᠮᠠᠭ ᠢᠶᠠᠷ ᠵᠣᠬᠢᠶᠠᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠬᠡ ᠣᠯᠭᠤᠭᠰᠠᠨ ᠦᠭᠡᠢ ᠪᠠᠷ ᠡᠯᠧᠺᠲᠷᠣᠨ ᠭᠡᠷᠡᠴᠢ | ᠦᠨᠡᠮᠯᠡᠯ ᠤᠨ ᠮᠡᠳᠡᠭᠡ ᠵᠠᠩᠭᠢ ᠶᠢ ᠳᠤᠷ᠎ᠠ ᠪᠠᠷ ᠢᠶᠠᠨ ᠰᠢᠯᠵᠢᠭᠦᠯᠦᠨ ᠬᠡᠷᠡᠭᠯᠡᠬᠦ᠂ ᠦᠯᠡᠳᠡᠭᠡᠨ ᠬᠠᠳᠠᠭᠠᠯᠠᠬᠤ ᠶᠢ ᠲᠠᠰᠤ ᠵᠣᠭᠰᠤᠭᠠᠬᠤ ᠬᠡᠷᠡᠭᠲᠡᠢ᠃2023 ᠣᠨ ᠤ 6 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ︽ᠰᠢᠭᠤᠳ ᠬᠦᠴᠦᠨ ᠦᠭᠡᠢ ᠪᠣᠯᠭᠠᠬᠤ᠂ ᠠᠮᠠᠯᠠᠯᠲᠠ ᠪᠠᠨ ᠮᠡᠳᠡᠭᠳᠡᠬᠦ᠂ ᠭᠡᠷᠡᠴᠢ ᠦᠨᠡᠮᠯᠡᠯ ᠢ ᠣᠷᠣᠯᠠᠭᠤᠯᠬᠤ᠂ | ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠰᠠᠯᠠᠭ᠎ᠠ ᠮᠥᠴᠢᠷ ᠠᠴᠠ ᠬᠠᠷᠭᠤᠭᠤᠯᠤᠨ ᠪᠠᠶᠢᠴᠠᠭᠠᠬᠤ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠦᠯᠦᠭ | ᠤᠳᠠᠭ᠎ᠠ ᠬᠤᠪᠢᠶᠠᠨ ︽ᠦᠨᠡᠮᠯᠡᠯ ᠢ ᠬᠡᠯᠲᠦᠷᠢᠭᠦᠯᠬᠦ ᠠᠯᠪᠠᠨ ᠭᠡᠷ︾ ᠤᠨ ᠵᠦᠢᠯᠡᠰ ᠤᠨ ᠨᠠᠷᠢᠨ ᠬᠠᠭᠤᠳᠠᠰᠤ ᠶᠢ ᠨᠡᠶᠢᠲᠡᠯᠡᠵᠦ᠂ 2023 ᠣᠨ ᠤ ᠵᠢᠯ ᠤᠨ | ᠰᠡᠭᠦᠯᠴᠢ ᠠᠴᠠ ᠡᠮᠦᠨ᠎ᠡ᠂ 80% ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠡᠷᠡᠴᠢᠯᠡᠬᠦ ᠮᠠᠲ᠋ᠧᠷᠢᠶᠠᠯ ᠢ ᠲᠤᠰᠢᠶᠠᠬᠤ | ᠦᠭᠡᠢ ᠪᠠᠷ ᠲᠤᠰᠢᠶᠠᠬᠤ ᠶᠢ ᠪᠡᠶᠡᠯᠡᠭᠦᠯᠦᠨ᠎ᠡ᠃ ︵ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠰᠢᠶᠠᠨ ᠤ ᠰᠢᠭᠤᠳ ᠬᠠᠷᠢᠶ᠎ᠠ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ᠎ᠠ᠃ ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ ᠵᠢᠯ ᠤᠨ ᠰᠡᠭᠦᠯᠴᠢ ᠠᠴᠠ ᠡᠮᠦᠨ᠎ᠡ᠂ | ᠦᠷᠭᠦᠯᠵᠢᠯᠡᠨ ᠠᠬᠢᠭᠤᠯᠤᠨ᠎ᠠ︶ | 3. ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠣᠶᠢᠷ᠎ᠠ ᠬᠠᠪᠢ ᠳᠠᠭᠠᠨ ᠰᠢᠢᠳᠪᠦᠷᠢᠯᠡᠬᠦ︾ ᠶᠢ ᠠᠬᠢᠭᠤᠯᠤᠨ᠎ᠠ᠃ 2023 | ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠠᠷᠢᠶᠠᠨ ᠳᠠᠬᠢ ᠪᠥᠬᠦ ᠰᠤᠮᠤ ᠪᠠᠯᠭᠠᠰᠤ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ | ᠂ ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢᠨ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ | ᠰᠦᠯᠵᠢᠶ᠎ᠡ ᠶᠢᠨ ᠬᠤᠯᠪᠣᠯᠳᠤᠨ ᠨᠡᠪᠲᠡᠷᠡᠯᠴᠡᠬᠦ᠂ ᠨᠢᠭᠡ ᠴᠣᠭᠴᠠᠵᠢᠭᠤᠯᠬᠤ ᠲᠠᠪᠴᠠᠩ ᠤᠨ ᠪᠠᠶᠢᠷᠢᠯᠠᠭᠤᠯᠤᠯᠲᠠ᠂ ᠶᠡᠷᠦᠩᠬᠡᠶᠢᠯᠡᠭᠰᠡᠨ ᠴᠣᠩᠬᠤᠪᠴᠢ ᠪᠠᠶᠢᠷᠢᠯᠠᠭᠤᠯᠬᠤ᠂ | ᠺᠣᠮᠫᠢᠦ᠋ᠲ᠋ᠧᠷ᠂ ᠳᠠᠷᠤᠮᠠᠯᠯᠠᠬᠤ ᠮᠠᠰᠢᠨ ᠵᠢᠴᠢ ᠺᠠᠮᠧᠷᠠ ᠶᠢᠨ ᠲᠣᠬᠢᠷᠠᠭᠤᠯᠤᠯᠲᠠ ᠶᠢ ᠪᠡᠶᠡᠯᠡᠭᠦᠯᠬᠦ ᠶᠢᠨ ᠬᠠᠮᠲᠤ᠂ ᠪᠥᠬᠦ ᠬᠤᠲᠠ ᠶᠢᠨ ᠨᠡᠶᠢᠳᠡᠮ ᠰᠢᠢᠳᠪᠦᠷᠢᠯᠡᠬᠦ | ᠬᠠᠷᠢᠯᠴᠠᠨ ᠭᠦᠢᠴᠡᠳᠬᠡᠬᠦ ᠲᠥᠷᠥᠯ ᠵᠦᠢᠯ ᠤᠨ ᠲᠡᠮᠳᠡᠭᠯᠡᠯ ᠶᠣᠰᠣᠭᠠᠷ ᠠᠵᠢᠯ ᠢᠶᠠᠨ ᠲᠦᠷᠭᠡᠬᠡᠨ ᠥᠷᠨᠢᠭᠦᠯᠵᠦ᠂ ᠰᠦᠯᠵᠢᠶᠡᠨ ᠭᠠᠳᠠᠨ᠎ᠠ ︽ᠣᠶᠢᠷ᠎ᠠ ᠬᠠᠪᠢ ᠳᠤᠨᠢ | ᠭᠦᠢᠴᠡᠳᠬᠡᠬᠦ︾ ᠶᠢ ᠪᠡᠶᠡᠯᠡᠭᠦᠯᠬᠦ ᠬᠡᠷᠡᠭᠲᠡᠢ᠃ 2024 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠣᠯᠠᠨ ᠨᠡᠶᠢᠲᠡ ᠶᠢᠨ ᠰᠤᠷᠭᠠᠨ ᠬᠥᠮᠦᠵᠢᠯ᠂ ᠬᠥᠳᠡᠯᠮᠦᠷᠢ | ᠠᠵᠢᠯ ᠣᠯᠭᠤᠯᠲᠠ᠂ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠡᠶᠢᠭᠡᠮ ᠤᠨ ᠦᠢᠯᠡᠴᠢᠯᠡᠭᠡ᠂ | ᠡᠷᠦᠬᠡ ᠠᠮᠠ ᠶᠢᠨ ᠲᠠᠩᠰᠠ ᠶᠢᠨ ᠬᠠᠮᠢᠶᠠᠷᠤᠯᠲᠠ ᠵᠡᠷᠭᠡ ᠬᠦᠷᠢᠶᠡᠨ ᠳᠠᠬᠢ ᠣᠯᠠᠨ ᠲᠦᠮᠡᠨ ᠤ ᠦᠷᠭᠦᠯᠵᠢ ᠭᠦᠢᠴᠡᠳᠬᠡᠳᠡᠭ ᠪᠥᠭᠡᠳ ᠦᠨᠳᠦᠰᠦᠨ ᠱᠠᠲᠤᠨ ᠳᠤ | ᠪᠦᠲᠦᠮᠵᠢᠲᠡᠶ ᠵᠠᠯᠭᠠᠨ ᠠᠪᠴᠤ ᠳᠡᠶᠢᠯᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠠᠶᠢᠳᠠᠵᠤ ᠭᠥᠯᠢᠶᠡᠨ ᠠᠪᠴᠤ ᠰᠢᠢᠳᠪᠦᠷᠢᠯᠡᠬᠦ᠂ ᠡᠷᠬᠡ ᠣᠯᠭᠤᠵᠤ | ᠭᠦᠢᠴᠡᠳᠬᠡᠬᠦ᠂ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠵᠡᠷᠭᠡ ᠠᠷᠭ᠎ᠠ ᠮᠠᠶ᠋ᠢᠭ ᠢᠶᠠᠷ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ | ᠥᠷᠲᠡᠭᠡ︶ ᠳᠤ ᠪᠠᠭᠤᠯᠭᠠᠵᠤ ᠭᠦᠢᠴᠡᠳᠬᠡᠬᠦ ᠶᠢ ᠲᠦᠯᠬᠢᠨ ᠠᠬᠢᠭᠤᠯᠤᠨ᠎ᠠ᠃ 2025 ᠣᠨ ᠤ ᠵᠢᠯ ᠤᠨ ᠰᠡᠭᠦᠯᠴᠢ ᠠᠴᠠ ᠡᠮᠦᠨ᠎ᠡ᠂ 24 ᠴᠠᠭ ᠤᠨ ᠥᠪᠡᠰᠦᠪᠡᠨ | ᠦᠢᠯᠡᠴᠢᠯᠡᠬᠦ ᠦᠢᠯᠡᠴᠢᠯᠡᠭᠡ ᠶᠢ ᠳᠡᠯᠭᠡᠷᠡᠭᠦᠯᠵᠦ᠂ ᠬᠤᠷᠠᠮᠠᠯ ᠮᠠᠶ᠋ᠢᠭ ᠤᠨ ᠥᠪᠡᠰᠦᠪᠡᠨ ᠦᠢᠯᠡᠴᠢᠯᠡᠬᠦ ᠦᠵᠦᠭᠦᠷ ᠢ ᠰᠢᠶᠠᠩ ᠪᠠᠯᠭᠠᠰᠤ᠂ ᠲᠣᠰᠬᠤᠨ ︵ᠨᠡᠶᠢᠭᠡᠮ | ᠲᠣᠭᠤᠷᠢᠭ︶᠂ ᠬᠦᠷᠢᠶᠡᠯᠡᠩ ᠲᠣᠭᠤᠷᠢᠭ᠂ ᠬᠤᠳᠠᠯᠳᠤᠭᠠᠨ ᠤ ᠲᠠᠯᠠᠪᠤᠷ᠂ ᠠᠰᠠᠷ ᠲᠠᠭᠲᠤ ᠪᠠ ᠪᠠᠩᠬᠢ᠂ ᠰᠢᠤᠳᠠᠨ᠂ ᠴᠠᠬᠢᠯᠭᠠᠨ ᠬᠤᠯᠪᠣᠭᠠᠨ ᠤ ᠲᠣᠣᠷ ᠴᠢᠭ᠋ ᠵᠡᠷᠭᠡ | ᠲᠠᠯᠠᠪᠤᠷ ᠭᠠᠵᠠᠷ ᠳᠠᠰᠢ ᠤᠷᠲᠤᠳᠬᠠᠬᠤ ᠶᠢ ᠲᠦᠯᠬᠢᠨ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ᠂ ᠨᠡᠶᠢᠭᠡᠮ ᠤᠨ ᠪᠠᠲᠤᠯᠠᠭ᠎ᠠ᠂ | ᠡᠮᠴᠢᠯᠡᠭᠡᠨ ᠤ ᠪᠠᠲᠤᠯᠠᠭ᠎ᠠ ᠵᠡᠷᠭᠡ ᠥᠪᠡᠰᠦᠪᠡᠨ ᠦᠢᠯᠡᠴᠢᠯᠡᠬᠦ ᠴᠢᠳᠠᠮᠵᠢ ᠶᠢ ᠡᠮᠬᠢᠯᠡᠨ ᠨᠡᠶᠢᠯᠡᠭᠦᠯᠬᠦ ᠶᠢ ᠵᠣᠷᠢᠭᠵᠢᠭᠤᠯᠤᠨ᠂ ᠨᠠᠩ ᠣᠯᠠᠨ ᠵᠦᠢᠯᠡᠰ ᠢ ᠪᠥᠬᠦ | ᠶᠠᠪᠤᠴᠠ ᠳᠤ ᠥᠪᠡᠰᠦᠪᠡᠨ ᠭᠦᠢᠴᠡᠳᠬᠡᠬᠦ ᠶᠢ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠭᠡᠷ ᠤᠨ ᠡᠭᠦᠳᠡᠨ ᠠᠴᠠ ᠭᠦᠢᠴᠡᠳᠬᠡᠬᠦ︾ ᠶᠢ | ᠪᠡᠶᠡᠯᠡᠭᠦᠯᠦᠨ᠎ᠡ᠃ ︵ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠬᠠᠮᠵᠢᠯᠴᠠᠨ᠎ᠠ᠃ ᠪᠡᠶᠡᠯᠡᠭᠦᠯᠬᠦ ᠴᠠᠭ ᠤᠨ ᠬᠢᠵᠠᠭᠠᠷ ᠨᠢ᠄ 2025 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠦᠷᠭᠦᠯᠵᠢᠯᠡᠨ ᠠᠬᠢᠭᠤᠯᠤᠨ᠎ᠠ︶ | 4. ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ︾ | ᠶᠢ ᠠᠬᠢᠭᠤᠯᠤᠨ᠎ᠠ᠃︽ᠳᠡᠭᠡᠳᠦ ᠱᠠᠲᠤᠨ ᠤ ᠬᠢ ᠠᠴᠠ ᠳᠡᠭᠡᠳᠦ ᠱᠠᠲᠤᠨ ᠤ ᠬᠢ ᠶᠢ ᠬᠡᠷᠡᠭᠵᠢᠭᠦᠯᠬᠦ︾ ᠵᠠᠷᠴᠢᠮ ᠶᠣᠰᠣᠭᠠᠷ᠂ 2022 ᠣᠨ ᠤ ᠵᠢᠯ ᠤᠨ | ᠰᠡᠭᠦᠯᠴᠢ ᠠᠴᠠ ᠡᠮᠦᠨ᠎ᠡ᠂ ᠤᠯᠤᠰ ᠤᠨ ᠨᠢᠭᠤᠴᠠ ᠳᠤ ᠬᠤᠯᠪᠣᠭᠳᠠᠬᠤ ᠵᠡᠷᠭᠡ ᠪᠠᠶᠢᠳᠠᠯ ᠢ ᠭᠠᠷᠭᠠᠪᠠᠯ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠪᠦᠬᠦᠨ ᠢ ᠪᠥᠬᠦ ᠣᠷᠣᠨ ᠤ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠣᠷᠣᠭᠤᠯᠤᠨ | ᠠᠵᠢᠯᠯᠠᠭᠤᠯᠤᠨ᠎ᠠ᠃︽ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ︾ ᠤᠨ APP ᠵᠢᠴᠢ ᠵᠢᠵᠢᠭ ᠫᠷᠣᠭ᠍ᠷᠠᠮ ᠤᠨ ᠬᠡᠷᠡᠭᠯᠡᠯᠲᠡ ᠶᠢ ᠤᠬᠠᠭᠤᠯᠬᠤ ᠶᠢ | ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠦᠷᠭᠦᠯᠵᠢ ᠭᠦᠢᠴᠡᠳᠬᠡᠳᠡᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ | ᠠᠯᠠᠭᠠᠨ ᠳᠡᠭᠡᠷᠡᠬᠢ ᠠᠯᠪᠠᠨ ᠭᠡᠷ᠂ ᠬᠤᠷᠤᠭᠤᠨ ᠦᠵᠦᠭᠦᠷ ᠤᠨ ᠠᠯᠪᠠᠨ ᠭᠡᠷ︾ ᠢ ᠲᠦᠯᠬᠢᠨ ᠠᠬᠢᠭᠤᠯᠵᠤ᠂ 2023 ᠣᠨ ᠤ ᠵᠢᠯ ᠤᠨ ᠡᠴᠦᠰ ᠠᠴᠠ ᠡᠮᠦᠨ᠎ᠡ᠂ | ᠪᠡᠶ᠎ᠡ ᠶᠢᠨ ᠦᠨᠡᠮᠯᠡᠯ ᠤᠨ ᠡᠯᠧᠺᠲᠷᠣᠨ ᠦᠨᠡᠮᠯᠡᠯ᠂ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ᠂ ᠡᠯᠧᠺᠲᠷᠣᠨ ᠵᠢᠯᠣᠭᠤᠴᠢ ᠶᠢᠨ ᠦᠨᠡᠮᠯᠡᠯ᠂ ᠡᠯᠧᠺᠲᠷᠣᠨ | ᠠᠶᠠᠯᠠᠨ ᠶᠠᠪᠤᠬᠤ ᠦᠨᠡᠮᠯᠡᠯ᠂ ᠡᠯᠧᠺᠲᠷᠣᠨ ᠡᠵᠡᠩᠨᠡᠯᠲᠡ ᠶᠢᠨ ᠦᠨᠡᠮᠯᠡᠯ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠵᠡᠷᠭᠡ ᠥᠨᠳᠥᠷ ᠳᠠᠪᠲᠠᠮᠵᠢᠲᠤ | ᠡᠯᠧᠺᠲᠷᠣᠨ ᠦᠨᠡᠮᠯᠡᠯ ᠢ ᠡᠳᠦᠷ ᠲᠤᠲᠤᠮ ᠤᠨ ᠦᠢᠯᠡᠳᠪᠦᠷᠢᠯᠡᠯ ᠠᠮᠢᠳᠤᠷᠠᠯ ᠤᠨ ᠡᠯ᠎ᠡ ᠬᠦᠷᠢᠶᠡᠨ ᠳᠤ ᠬᠡᠷᠡᠭᠯᠡᠬᠦ ᠶᠢ ᠪᠥᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ︵ | ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ | ᠲᠦᠷᠦᠭᠦᠯᠡᠵᠦ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ᠎ᠠ ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ | ᠵᠢᠯ ᠤᠨ ᠰᠡᠭᠦᠯᠴᠢ ᠠᠴᠠ ᠡᠮᠦᠨ᠎ᠡ︶ | 5. ᠠᠮᠠᠯᠳᠠᠬᠤ ᠪᠠᠨ ᠮᠡᠳᠡᠭᠳᠡᠬᠦ ᠳᠦᠷᠢᠮ ᠪᠠ ᠭᠥᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡᠨ ᠤ ᠳᠤᠲᠠᠭᠤ ᠶᠢ ᠪᠠᠭᠲᠠᠭᠠᠬᠤ ᠵᠠᠭᠪᠤᠷ ᠢ ᠬᠡᠷᠡᠭᠵᠢᠭᠦᠯᠦᠨ᠎ᠡ᠃ | ᠤᠯᠤᠰ ᠤᠨ ᠠᠮᠤᠷ ᠲᠦᠪᠰᠢᠨ᠂ ᠤᠯᠤᠰ ᠤᠨ ᠨᠢᠭᠤᠴᠠ᠂ ᠣᠯᠠᠨ ᠨᠡᠶᠢᠲᠡ ᠶᠢᠨ ᠠᠮᠤᠷ ᠲᠦᠪᠰᠢᠨ᠂ ᠮᠥᠩᠭᠦᠨ ᠭᠦᠢᠯᠭᠡᠭᠡᠨ ᠤ ᠦᠢᠯᠡᠰ ᠤᠨ ᠬᠢᠨᠠᠭᠤᠷ | ᠪᠣᠯᠭᠤᠮᠵᠢᠲᠠᠢ ᠬᠢᠨᠠᠯᠲᠠ ᠬᠠᠮᠢᠶᠠᠷᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠰᠢᠭᠤᠳ ᠬᠤᠯᠪᠣᠭᠳᠠᠬᠤ ᠠᠴᠠ ᠭᠠᠳᠠᠨ᠎ᠠ᠂ ᠬᠥᠮᠥᠨ ᠤ | ᠪᠡᠶ᠎ᠡ ᠶᠢᠨ ᠡᠷᠡᠭᠦᠯ ᠮᠡᠨᠳᠦ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠰᠢᠭᠤᠳ ᠬᠤᠯᠪᠣᠭᠳᠠᠬᠤ ᠵᠢᠴᠢ ᠴᠢᠬᠤᠯᠠ ᠭᠠᠳᠠᠭᠠᠳᠤ ᠳᠤ ᠬᠤᠯᠪᠣᠭᠳᠠᠬᠤ | ᠵᠡᠷᠭᠡ ᠲᠦᠭᠰᠢᠭᠦᠷᠢ ᠪᠠᠷ ᠨᠡᠯᠢᠶᠡᠳ ᠶᠡᠭᠡ᠂ ᠠᠯᠳᠠᠭ᠎ᠠ ᠶᠢ ᠵᠠᠯᠠᠷᠠᠭᠤᠯᠬᠤ ᠥᠪᠡᠷ ᠤᠨ ᠥᠷᠲᠡᠭ ᠢᠶᠠᠷ ᠨᠡᠯᠢᠶᠡᠳ ᠥᠨᠳᠥᠷ᠂ ᠬᠤᠬᠢᠷᠠᠯ ᠢ ᠡᠭᠡᠭᠦᠯᠦᠨ ᠠᠪᠴᠢᠷᠠᠬᠤ ᠳᠤ | ᠪᠡᠷᠬᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠠᠴᠠ ᠭᠠᠳᠠᠨ᠎ᠠ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭᠲᠠᠢ ᠠᠷᠠᠳ ᠲᠤ | ᠲᠥᠬᠦᠮ ᠦᠵᠡᠭᠦᠯᠬᠦ ᠵᠠᠷᠴᠢᠮ ᠶᠣᠰᠣᠭᠠᠷ᠂ ᠬᠡᠯᠡᠵᠦ ᠥᠭᠬᠦ ᠠᠮᠠᠯᠠᠯᠲᠠ ᠶᠢᠨ ᠳᠦᠷᠢᠮ ᠪᠠ ᠳᠤᠲᠠᠭᠤ ᠶᠢ ᠪᠠᠭᠲᠠᠭᠠᠬᠤ ᠭᠥᠯᠢᠶᠡᠨ ᠠᠪᠴᠤ ᠰᠢᠢᠳᠪᠦᠷᠢᠯᠡᠬᠦ ᠠᠷᠭ᠎ᠠ | ᠮᠠᠶ᠋ᠢᠭ ᠢ ᠠᠪᠴᠤ ᠪᠣᠯᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠮᠬᠢᠯᠡᠨ ᠳᠢᠭᠯᠡᠨ᠎ᠡ᠃ ᠬᠠᠤᠯᠢ ᠲᠣᠭᠲᠠᠭᠠᠯ ᠶᠣᠰᠣᠭᠠᠷ ᠬᠡᠯᠡᠵᠦ ᠥᠭᠬᠦ | ᠠᠮᠠᠯᠠᠯᠲᠠ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠶᠢᠲᠡᠯᠡᠨ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠥᠯᠢᠶᠡᠨ ᠠᠪᠴᠤ | ᠰᠢᠢᠳᠪᠦᠷᠢᠯᠡᠬᠦ ᠨᠠᠷᠢᠨ ᠳᠠᠩᠰᠠ ᠲᠤᠲᠠᠭᠳᠠᠵᠤ ᠪᠠᠶᠢᠬᠤ ᠶᠢ ᠪᠠᠭᠲᠠᠭᠠᠵᠤ᠂ ᠮᠡᠳᠡᠭᠳᠡᠬᠦ ᠠᠮᠠᠯᠠᠯᠲᠠ ᠶᠢ ᠬᠡᠷᠡᠭᠵᠢᠭᠦᠯᠬᠦ ᠵᠦᠢᠯ ᠳᠤ ᠠᠮᠠᠯᠠᠯᠲᠠ ᠶᠢᠨ ᠪᠣᠳᠠᠲᠠᠢ ᠠᠭᠤᠯᠭ᠎ᠠ᠂ | ᠱᠠᠭᠠᠷᠳᠠᠯᠭ᠎ᠠ ᠵᠢᠴᠢ ᠠᠮᠠᠯᠠᠯᠲᠠ ᠠᠴᠠ ᠵᠥᠷᠢᠴᠡᠪᠡᠯ ᠡᠭᠦᠷᠭᠡᠯᠡᠬᠦ ᠶᠣᠰᠣᠲᠠᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠶᠠᠪᠤᠳᠠᠯ | ᠭᠦᠢᠴᠡᠳᠬᠡᠬᠦ ᠠᠮᠠᠯᠠᠯᠲᠠ ᠶᠢᠨ ᠠᠷᠭ᠎ᠠ ᠮᠠᠶ᠋ᠢᠭ ᠢ ᠨᠠᠷᠢᠯᠢᠭᠵᠢᠭᠤᠯᠵᠤ᠂ ᠮᠡᠳᠡᠭᠳᠡᠬᠦ ᠠᠮᠠᠯᠠᠯᠲᠠ ᠶᠢᠨ ᠪᠢᠴᠢᠭ᠂ ᠬᠡᠷᠡᠭ ᠤᠨ ᠳᠠᠷᠠᠭ᠎ᠠ ᠬᠠᠷᠭᠤᠭᠤᠯᠤᠨ ᠪᠠᠶᠢᠴᠠᠭᠠᠬᠤ᠂ | ᠬᠦᠴᠦᠨ ᠦᠭᠡᠢ ᠪᠣᠯᠭᠠᠵᠤ ᠬᠢᠨᠠᠨ ᠵᠥᠪᠰᠢᠶᠡᠷᠡᠭᠦᠯᠬᠦ ᠵᠡᠷᠭᠡ ᠪᠣᠳᠠᠲᠠᠢ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠪᠠ ᠨᠠᠷᠢᠨ ᠳᠦᠷᠢᠮ ᠢ ᠲᠣᠭᠲᠠᠭᠠᠵᠤ᠂ ᠳᠤᠲᠠᠭᠤ | ᠭᠥᠯᠢᠶᠡᠨ ᠠᠪᠴᠤ ᠰᠢᠢᠳᠪᠦᠷᠢᠯᠡᠬᠦ ᠶᠢ ᠬᠡᠷᠡᠭᠵᠢᠭᠦᠯᠬᠦ ᠵᠦᠢᠯᠡᠰ ᠲᠤ ᠳᠤᠲᠠᠭᠤ ᠭᠥᠯᠢᠶᠡᠨ ᠠᠪᠴᠤ ᠰᠢᠢᠳᠪᠦᠷᠢᠯᠡᠬᠦ ᠮᠠᠲ᠋ᠧᠷᠢᠶᠠᠯ ᠤᠨ ᠴᠢᠬᠤᠯᠠ ᠨᠥᠬᠦᠴᠡᠯ ᠢ | ᠲᠣᠳᠣᠷᠬᠠᠶᠢᠯᠠᠵᠤ᠂ ᠮᠡᠳᠡᠭᠳᠡᠬᠦ ᠠᠮᠠᠯᠠᠯᠲᠠ ᠶᠢ ᠬᠡᠷᠡᠭᠵᠢᠭᠦᠯᠬᠦ ᠪᠠ ᠳᠤᠲᠠᠭᠤ ᠭᠥᠯᠢᠶᠡᠨ ᠠᠪᠴᠤ ᠰᠢᠢᠳᠪᠦᠷᠢᠯᠡᠭᠰᠡᠨ ᠤ ᠳᠠᠷᠠᠭᠠᠬᠢ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠢᠨᠠᠨ ᠬᠠᠮᠢᠶᠠᠷᠬᠤ ᠠᠭᠤᠯᠭ᠎ᠠ ᠵᠡᠷᠭᠡ ᠶᠢ ᠲᠣᠳᠣᠷᠬᠠᠶᠢᠯᠠᠵᠤ᠂ ᠨᠡᠶᠢᠭᠡᠮ ᠳᠤ ᠨᠢᠭᠡᠳᠦᠯᠲᠡᠢ | ᠨᠡᠶᠢᠲᠡᠯᠡᠬᠦ ᠬᠡᠷᠡᠭᠲᠡᠢ᠃ 2023 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠮᠤᠭ ᠤᠨ ᠶᠡᠭᠡ ᠬᠡᠮᠵᠢᠶ᠎ᠡ ᠪᠠᠷ | ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠲᠥᠬᠦᠮ ᠦᠵᠡᠭᠦᠯᠬᠦ ᠵᠠᠷᠴᠢᠮ ᠶᠣᠰᠣᠭᠠᠷ ᠬᠡᠯᠡᠵᠦ ᠥᠭᠬᠦ ᠠᠮᠠᠯᠠᠯᠲᠠ ᠶᠢᠨ ᠳᠦᠷᠢᠮ ᠤᠨ ᠠᠷᠭ᠎ᠠ ᠮᠠᠶ᠋ᠢᠭ ᠢ | ᠠᠪᠴᠤ ᠪᠣᠯᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠮᠬᠢᠯᠡᠬᠦ ᠬᠡᠷᠡᠭᠲᠡᠢ᠃ 2024 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠬᠠᠤᠯᠢ | ᠲᠣᠭᠲᠠᠭᠠᠯ ᠶᠣᠰᠣᠭᠠᠷ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠶᠢᠭᠡᠮ ᠨᠡᠶᠢᠲᠡ ᠳᠤ ᠮᠡᠳᠡᠭᠳᠡᠨ ᠠᠮᠠᠯᠠᠬᠤ ᠶᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠬᠦ ᠲᠣᠳᠣᠷᠬᠠᠢ ᠬᠠᠭᠤᠳᠠᠰᠤ ᠲᠤᠲᠠᠭᠳᠠᠵᠤ ᠪᠠᠶᠢᠬᠤ ᠶᠢ ᠪᠠᠭᠲᠠᠭᠠᠨ᠎ᠠ︔2025 ᠣᠨ ᠤ ᠵᠢᠯ ᠤᠨ | ᠰᠡᠭᠦᠯᠴᠢ ᠠᠴᠠ ᠡᠮᠦᠨ᠎ᠡ᠂ ᠠᠮᠠᠯᠠᠯᠲᠠ ᠶᠢᠨ ᠳᠦᠷᠢᠮ ᠪᠠ ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡᠨ ᠤ ᠵᠠᠭᠪᠤᠷ ᠢ ᠮᠡᠳᠡᠭᠳᠡᠬᠦ ᠳᠤ ᠢᠯᠡᠳᠲᠡ | ᠦᠷ᠎ᠡ ᠪᠦᠲᠦᠮᠵᠢ ᠣᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠎ᠡ᠃ ︵ᠰᠢᠶᠠᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ᠎ᠠ᠃ ᠪᠡᠶᠡᠯᠡᠭᠦᠯᠬᠦ ᠴᠠᠭ ᠤᠨ | ᠬᠢᠵᠠᠭᠠᠷ ᠨᠢ᠄ 2025 ᠣᠨ ᠤ ᠵᠢᠯ ᠤᠨ ᠰᠡᠭᠦᠯᠴᠢ ᠠᠴᠠ ᠡᠮᠦᠨ᠎ᠡ︶ | 6. ᠨᠡᠩ ᠣᠯᠠᠨ ᠳᠥᠭᠦᠮ ᠦᠢᠯᠡᠴᠢᠯᠡᠭᠡ ᠬᠠᠩᠭᠠᠨ᠎ᠠ | ︵1︶ ᠴᠠᠭ ᠢ ᠤᠷᠲᠤᠳᠬᠠᠬᠤ ᠦᠢᠯᠡᠴᠢᠯᠡᠭᠡ᠂ ︽ᠰᠠᠭᠠᠳ ᠦᠭᠡᠢ ᠨᠡᠪᠲᠡᠷᠡᠬᠦ ᠵᠠᠮ︾ ᠵᠡᠷᠭᠡ ᠳᠥᠭᠦᠮᠴᠢᠯᠡᠭᠰᠡᠨ ᠦᠢᠯᠡᠴᠢᠯᠡᠭᠡ ᠶᠢ ᠬᠡᠷᠡᠭᠵᠢᠭᠦᠯᠦᠨ᠎ᠡ᠃ | ᠴᠠᠭ ᠢ ᠤᠷᠲᠤᠳᠬᠠᠬᠤ ᠦᠢᠯᠡᠴᠢᠯᠡᠭᠡ ᠶᠢ ᠬᠡᠷᠡᠭᠵᠢᠭᠦᠯᠦᠨ᠎ᠡ᠃ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠡᠯ᠎ᠡ ᠬᠤᠪᠢᠶᠠᠷᠢ ᠲᠢᠩᠬᠢᠮ ᠨᠢ 60% ᠠᠴᠠ | ᠳᠡᠭᠡᠭᠰᠢᠬᠢ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠪᠠ ᠣᠯᠠᠨ | ᠲᠦᠮᠡᠨ ᠳᠤ ︽ᠡᠷᠲᠡ ᠣᠷᠣᠢ ᠶᠢᠨ ᠬᠠᠷᠢᠮᠠᠬᠠᠢ ᠠᠯᠪᠠᠨ ᠭᠡᠷ︾ ︽ᠦᠳᠡ ᠳᠤ ᠲᠠᠰᠤᠯᠳᠠᠭᠤᠯᠬᠤ ᠦᠭᠡᠢ︾ ︽ᠭᠠᠷᠠᠭ ᠤᠨ ᠰᠡᠭᠦᠯᠴᠢ ᠳᠤ ᠠᠮᠠᠷᠠᠬᠤ ᠦᠭᠡᠢ︾ | ᠵᠡᠷᠭᠡ ᠴᠠᠭ ᠢ ᠤᠷᠲᠤᠳᠬᠠᠬᠤ ᠦᠢᠯᠡᠴᠢᠯᠡᠭᠡ ᠬᠠᠩᠭᠠᠨ᠎ᠠ᠃ ᠣᠨᠴᠠᠭᠠᠶ᠂ ᠪᠠᠴᠢᠮ ᠬᠡᠷᠡᠭᠴᠡᠭᠡ ᠪᠤᠶᠤ ᠴᠢᠬᠤᠯᠠ ᠶᠡᠭᠡ ᠤᠴᠢᠷ ᠶᠠᠪᠤᠳᠠᠯ ᠠᠴᠠ ᠪᠣᠯᠵᠤ᠂ ᠠᠯᠪᠠᠨ | ᠠᠮᠠᠷᠠᠯᠲᠠ ᠶᠢᠨ ᠡᠳᠦᠷ ᠲᠤ ᠤᠲᠠᠰᠤ ᠪᠠᠷ ᠪᠣᠯᠵᠣᠬᠤ᠂ ᠲᠤᠬᠠᠢ ᠶᠢᠨ ᠲᠠᠯᠠᠪᠤᠷ ᠲᠤ ᠪᠣᠯᠵᠣᠬᠤ᠂ ᠰᠦᠯᠵᠢᠶᠡᠨ ᠳᠡᠭᠡᠷ᠎ᠡ ᠪᠣᠯᠵᠣᠬᠤ ᠵᠡᠷᠭᠡ ᠠᠷᠭ᠎ᠠ ᠮᠠᠶ᠋ᠢᠭ ᠢᠶᠠᠷ ︽ | ᠪᠣᠯᠵᠣᠬᠤ ᠦᠢᠯᠡᠴᠢᠯᠡᠭᠡ︾ ᠬᠠᠩᠭᠠᠨ᠎ᠠ᠃ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠬᠥᠳᠡᠯᠦᠩᠭᠦᠢ ᠬᠠᠮᠢᠶᠠᠷᠤᠯᠲᠠ ᠶᠢ | ᠬᠡᠷᠡᠭᠵᠢᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠂ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ︾ ᠤᠨ ᠰᠢᠯᠵᠢᠮᠡᠯ | ᠦᠵᠦᠭᠦᠷ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠨᠡᠶᠢᠭᠡᠮ ᠳᠤ ᠢᠯᠡ ᠨᠡᠶᠢᠲᠡᠯᠡᠨ᠎ᠡ᠃ ︵ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠲᠦᠷᠦᠭᠦᠯᠡᠵᠦ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ᠎ᠠ᠃ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ | ᠵᠢᠯ ᠤᠨ ᠰᠡᠭᠦᠯᠴᠢ ᠠᠴᠠ ᠡᠮᠦᠨ᠎ᠡ︶ | | ︵2︶ ᠭᠠᠴᠠᠭᠠᠨ ᠤ ᠱᠠᠲᠤᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠰᠠᠶᠢᠲᠤᠷ ᠬᠢᠨ᠎ᠡ᠃ᠦᠨᠳᠦᠰᠦᠨ ᠱᠠᠲᠤᠨ ᠤ ᠣᠯᠠᠨ | ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠳᠠᠲᠤ ᠪᠠᠶᠢᠳᠠᠯ ᠳᠤ ᠰᠠᠭᠤᠷᠢᠯᠠᠨ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠵᠤ᠂ ᠰᠤᠮᠤ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠤ ᠣᠯᠠᠨ ᠨᠡᠶᠢᠲᠡ ᠶᠢᠨ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠦᠢᠯᠡᠴᠢᠯᠡᠭᠡ᠂ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠡᠷᠡᠭᠦᠯ ᠬᠠᠮᠠᠭᠠᠯᠠᠯ᠂ ᠴᠡᠷᠢᠭ ᠠᠴᠠ | ᠬᠠᠯᠠᠭᠳᠠᠭᠰᠠᠳ᠂ ᠣᠷᠣᠨ ᠰᠠᠭᠤᠴᠠ ᠶᠢᠨ ᠪᠠᠲᠤᠯᠠᠭ᠎ᠠ᠂ ᠡᠷᠦᠬᠡ ᠠᠮᠠ ᠶᠢᠨ ᠳᠠᠩᠰᠠ ᠶᠢᠨ ᠬᠠᠮᠢᠶᠠᠷᠤᠯᠲᠠ ᠵᠡᠷᠭᠡ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ | ᠯᠤᠭ᠎ᠠ ᠨᠢᠭᠲᠠ ᠬᠤᠯᠪᠣᠭ᠎ᠠ ᠲᠠᠢ ᠭᠤᠣᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠦᠢᠯᠡᠰ ᠤᠨ ᠨᠠᠷᠢᠨ | ᠬᠠᠭᠤᠳᠠᠰᠤ ᠶᠢ ᠡᠮᠬᠢᠯᠡᠨ ᠨᠡᠶᠢᠲᠡᠯᠡᠵᠦ᠂ ᠬᠥᠳᠡᠯᠦᠩᠭᠦᠢ ᠪᠠᠷ ᠲᠣᠬᠢᠷᠠᠭᠤᠯᠤᠨ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠴᠤᠪᠤᠷᠠᠯ ᠢ ᠵᠢᠷᠤᠮᠵᠢᠭᠤᠯᠵᠤ᠂ | ᠣᠯᠠᠨ ᠲᠦᠮᠡᠨ ᠳᠤ ᠦᠨ᠎ᠡ ᠲᠥᠯᠥᠪᠦᠷᠢ ᠦᠭᠡᠢ ᠪᠠᠷ ᠠᠰᠠᠭᠤᠨ ᠯᠠᠪᠯᠠᠬᠤ᠂ ᠵᠢᠯᠤᠭᠤᠳᠬᠤ᠂ ᠵᠣᠬᠢᠴᠠᠭᠤᠯᠬᠤ᠂ ᠣᠷᠣᠯᠠᠨ ᠭᠦᠢᠴᠡᠳᠬᠡᠬᠦ᠂ ᠬᠠᠪᠰᠤᠷᠤᠨ | ᠭᠦᠢᠴᠡᠳᠬᠡᠬᠦ ᠵᠡᠷᠭᠡ ᠦᠢᠯᠡᠴᠢᠯᠡᠭᠡ ᠶᠢ ᠬᠠᠩᠭᠠᠨ᠎ᠠ᠃ ︵ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠰᠢᠶᠠᠨ ᠤ ᠰᠢᠭᠤᠳ | ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ᠎ᠠ᠃ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ ᠵᠢᠯ ᠤᠨ ᠰᠡᠭᠦᠯᠴᠢ ᠠᠴᠠ ᠡᠮᠦᠨ᠎ᠡ︶ | ︵3︶ 2022 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠨᠢ | ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠪᠡᠶᠡᠯᠡᠭᠦᠯᠵᠦ᠂ ᠨᠠᠰᠤᠲᠠᠶᠢᠴᠤᠳ᠂ ᠵᠡᠮᠳᠡᠭᠴᠦᠳ ᠵᠡᠷᠭᠡ | ᠣᠨᠴᠣᠭᠤᠢ ᠬᠠᠮᠲᠤᠯᠢᠭ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠨ᠎ᠠ᠃ 2023 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠤᠰᠤ ᠴᠠᠬᠢᠯᠭᠠᠨ ᠬᠡᠢ | ᠢᠯᠴᠢ᠂ ᠴᠠᠬᠢᠯᠭᠠᠨ ᠬᠤᠯᠪᠣᠭ᠎ᠠ᠂ ᠠᠯᠪᠠᠨ ᠭᠡᠷᠡᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠠᠵᠤ ᠠᠬᠤᠶᠢᠯᠠᠯ ᠪᠠ ᠣᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ ᠦᠢᠯᠡᠴᠢᠯᠡᠭᠡᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠠ ᠪᠥᠬᠦ ᠣᠷᠣᠨ ᠤ ᠨᠢᠭᠡ ᠴᠣᠭᠴᠠᠵᠢᠭᠰᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠪᠥᠬᠦ ᠲᠠᠯ᠎ᠠ ᠪᠠᠷ ᠣᠷᠣᠭᠤᠯᠵᠤ ᠰᠠᠭᠤᠯᠭᠠᠨ᠎ᠠ᠃ 2024 ᠣᠨ ᠤ ᠵᠢᠯ ᠤᠨ ᠰᠡᠭᠦᠯᠴᠢ ᠠᠴᠠ ᠡᠮᠦᠨ᠎ᠡ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︿ᠥᠷᠲᠡᠭᠡ﹀︶ ᠨᠢ ᠡᠯ᠎ᠡ ᠲᠥᠷᠥᠯ ᠤᠨ | ᠢᠯᠡᠭᠡᠯᠲᠡ ᠶᠢᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠬᠠᠤᠯᠢ ᠶᠣᠰᠣᠭᠠᠷ ᠴᠢᠩᠭᠠᠳᠬᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ | ᠶᠠᠪᠤᠳᠠᠯ ᠭᠦᠢᠴᠡᠳᠬᠡᠬᠦ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠢ᠃ 2025 ᠣᠨ ᠤ ᠵᠢᠯ ᠤᠨ ᠡᠴᠦᠰ ᠠᠴᠠ ᠡᠮᠦᠨ᠎ᠡ᠂ ᠠᠵᠤ ᠠᠬᠤᠶᠢᠯᠠᠯ ᠪᠠ ᠣᠯᠠᠨ | ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ᠃︵ᠰᠢᠶᠠᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ᠎ᠠ᠃ᠪᠡᠶᠡᠯᠡᠭᠦᠯᠬᠦ ᠴᠠᠭ ᠤᠨ | ᠬᠢᠵᠠᠭᠠᠷ ᠨᠢ᠄ 2025 ᠣᠨ ᠤ ᠵᠢᠯ ᠤᠨ ᠰᠡᠭᠦᠯᠴᠢ ᠠᠴᠠ ᠡᠮᠦᠨ᠎ᠡ︶ | ︵ᠳᠥᠷᠪᠡ︶ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠬᠡᠷᠡᠭᠯᠡᠯᠲᠡ ᠶᠢ ᠴᠢᠩᠭᠠᠳᠬᠠᠨ᠎ᠠ | 1. ᠲᠠᠪᠴᠠᠩ ᠤᠨ ᠴᠢᠳᠠᠮᠵᠢ ᠶᠢᠨ ᠬᠡᠷᠡᠭᠯᠡᠯᠲᠡ ᠶᠢ ᠴᠢᠩᠭᠠᠷᠠᠭᠤᠯᠤᠨ᠎ᠠ᠃ᠶᠡᠷᠦᠩᠬᠡᠶᠢᠯᠡᠭᠰᠡᠨ ᠴᠣᠩᠬᠤᠨ ᠤ ᠠᠵᠢᠯᠲᠠᠳ ︽ᠶᠡᠷᠦᠩᠬᠡᠶᠢᠯᠡᠭᠰᠡᠨ ᠨᠢᠭᠡ | ᠴᠣᠩᠬᠤᠨ ᠤ ᠭᠥᠯᠢᠶᠡᠨ ᠠᠪᠴᠤ ᠰᠢᠢᠳᠪᠦᠷᠢᠯᠡᠬᠦ︾ ᠰᠢᠰᠲ᠋ᠧᠮ ᠢ ᠤᠯᠠᠮ ᠨᠢᠭᠡ ᠠᠯᠬᠤᠮ ᠬᠡᠷᠡᠭᠯᠡᠵᠦ᠂ ︽ᠨᠢᠭᠡ ᠴᠣᠩᠬᠤᠨ ᠤ ᠬᠡᠯᠪᠡᠷᠢ︾ ᠶᠢᠨ ᠥᠭᠡᠷᠡᠴᠢᠯᠡᠯᠲᠡ ᠳᠤ | ᠲᠠᠪᠴᠠᠩ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠰᠦᠯᠵᠢᠶᠡᠨ ᠳᠡᠭᠡᠷ᠎ᠡ ᠮᠡᠳᠡᠭᠦᠯᠬᠦ ᠲᠤᠬᠠᠶᠢᠯᠠᠭᠰᠠᠨ | ᠠᠵᠢᠯ ᠳᠤ ᠰᠦᠯᠵᠢᠶᠡᠨ ᠳᠡᠭᠡᠷᠡᠬᠢ ᠡᠯᠧᠺᠲᠷᠣᠨ ᠬᠦᠰᠦᠨᠦᠭᠲᠦ ᠶᠢᠨ ᠬᠠᠭᠤᠳᠠᠰᠤ ᠶᠢᠨ ᠰᠢᠰᠲ᠋ᠧᠮ ᠢ ᠪᠥᠬᠦ ᠲᠠᠯ᠎ᠠ ᠪᠠᠷ ᠬᠡᠷᠡᠭᠯᠡᠵᠦ᠂ ᠵᠠᠰᠠᠭ ᠤᠨ ᠶᠠᠪᠤᠳᠠᠯ ᠤᠨ | ᠳ᠋ᠠᠶᠢᠲ᠋ᠠ ᠶᠢᠨ ᠡᠬᠢ ᠪᠠᠶᠠᠯᠢᠭ ᠢ ᠪᠦᠲᠦᠮᠵᠢᠲᠡᠶ ᠠᠰᠢᠭᠯᠠᠨ᠂ ᠰᠦᠯᠵᠢᠶᠡᠨ ᠳᠡᠭᠡᠷ᠎ᠡ ᠮᠡᠳᠡᠭᠦᠯᠬᠦ ᠦᠢᠯᠡᠴᠢᠯᠡᠭᠡᠨ ᠤ ᠣᠶᠢᠯᠠᠭᠠᠯᠲᠠ ᠶᠢ ᠳᠡᠭᠡᠭᠰᠢᠯᠡᠭᠦᠯᠦᠨ᠎ᠡ᠃ ᠡᠯ᠎ᠡ | ᠰᠠᠯᠠᠭ᠎ᠠ ᠮᠥᠴᠢᠷ ᠤᠨ ᠬᠢᠨ ︽ᠶᠡᠷᠦᠩᠬᠡᠶᠢᠯᠡᠭᠰᠡᠨ ᠨᠢᠭᠡ ᠴᠣᠩᠬᠤᠨ ᠤ ᠭᠥᠯᠢᠶᠡᠨ ᠠᠪᠴᠤ ᠰᠢᠢᠳᠪᠦᠷᠢᠯᠡᠬᠦ︾ ᠰᠢᠰᠲ᠋ᠧᠮ ᠤᠨ ᠬᠡᠷᠡᠭᠯᠡᠭᠡᠨ ᠤ ᠠᠵᠢᠯ ᠢ | ᠭᠦᠨᠵᠡᠭᠡᠶᠢᠷᠡᠭᠦᠯᠵᠦ᠂ ︽ᠨᠢᠭᠡ ᠴᠣᠩᠬᠤᠨ ᠤ ᠬᠡᠯᠪᠡᠷᠢ︾ ᠶᠢᠨ ᠥᠭᠡᠷᠡᠴᠢᠯᠡᠯᠲᠡ ᠳᠤ ᠲᠠᠪᠴᠠᠩ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ︵ᠰᠢᠶᠠᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ᠎ᠠ᠃ | ᠪᠡᠶᠡᠯᠡᠭᠦᠯᠬᠦ ᠴᠠᠭ ᠤᠨ ᠬᠢᠵᠠᠭᠠᠷ ᠨᠢ᠄ 2025 ᠣᠨ ᠤ ᠵᠢᠯ ᠤᠨ ᠰᠡᠭᠦᠯᠴᠢ ᠠᠴᠠ ᠡᠮᠦᠨ᠎ᠡ︶ | 2. ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠴᠢᠳᠠᠪᠤᠷᠢ ᠶᠢ ᠴᠢᠩᠭᠠᠳᠬᠠᠨ᠎ᠠ᠃ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠳᠤ ᠲᠦᠰᠢᠭᠯᠡᠨ᠂ ᠪᠥᠬᠦ ᠰᠢᠶᠠᠨ ᠤ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠤᠣᠰ ᠴᠢᠭᠯᠡᠯ ᠢᠶᠠᠷ ᠬᠠᠮᠲᠤ ᠪᠠᠷ ᠡᠳ᠋ᠯᠡᠬᠦ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠪᠠ ᠬᠡᠷᠡᠭᠯᠡᠵᠦ ᠪᠣᠯᠬᠤᠶᠢᠴᠠ ᠴᠢᠨᠠᠷ᠂ ᠬᠤᠭᠤᠴᠠᠭᠠᠲᠤ ᠴᠢᠨᠠᠷ ᠢ ᠳᠡᠭᠡᠭᠰᠢᠯᠡᠭᠦᠯᠦᠨ᠂ | ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠨᠡᠶᠢᠭᠡᠮ ᠤᠨ ᠪᠠᠲᠤᠯᠠᠭ᠎ᠠ᠂ ᠡᠷᠦᠬᠡ ᠠᠮᠠ ᠶᠢᠨ ᠬᠠᠷᠢᠶ᠎ᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠲᠤ ᠣᠷᠣᠬᠤ ᠶᠢ | ᠵᠥᠪᠰᠢᠶᠡᠷᠡᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠵᠢᠴᠢ ᠬᠥᠮᠥᠨ ᠠᠮᠠ᠂ ᠬᠠᠤᠯᠢ ᠶᠢᠨ ᠡᠷᠬᠡᠲᠡᠨ᠂ ᠭᠠᠵᠠᠷ ᠤᠨ ᠨᠡᠷ᠎ᠡ᠂ ᠰᠤᠷᠭᠠᠨ ᠬᠥᠮᠦᠵᠢᠯ᠂ ᠣᠷᠤᠭ ᠬᠤᠷᠢᠮ | ᠵᠡᠷᠭᠡ ᠲᠦᠭᠡᠮᠡᠯ ᠴᠢᠨᠠᠷᠲᠠᠢ ᠲᠤᠭ᠎ᠠ ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︵ᠰᠢᠶᠠᠨ ᠤ ᠲᠣᠮᠣ ᠳ᠋ᠠᠶᠢᠲ᠋ᠠ ᠶᠢᠨ ᠲᠥᠪ ᠲᠦᠷᠦᠭᠦᠯᠡᠵᠦ᠂ | ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ᠎ᠠ᠃ ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ ᠵᠢᠯ ᠤᠨ | ᠰᠡᠭᠦᠯᠴᠢ ᠠᠴᠠ ᠡᠮᠦᠨ᠎ᠡ︶ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ᠡᠯ᠎ᠡ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢ ᠱᠠᠲᠤ ᠱᠠᠲᠤ ᠪᠠᠷ | ᠪᠣᠳᠠᠲᠠᠶᠢᠵᠢᠭᠤᠯᠵᠤ᠂ ᠵᠠᠷᠤᠳᠠᠯ᠂ ᠠᠵᠢᠯᠲᠠᠨ᠂ ᠲᠠᠯᠠᠪᠤᠷ ᠭᠠᠵᠠᠷ᠂ ᠮᠡᠳᠡᠭᠡ ᠵᠠᠩᠭᠢᠵᠢᠯᠲᠠ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠰᠠᠯᠠᠭ᠎ᠠ | ᠮᠥᠴᠢᠷ ᠤᠳ ᠭᠤᠣᠯᠴᠢᠯᠠᠨ ᠬᠠᠮᠢᠶᠠᠷᠴᠤ ᠪᠦᠬᠦᠢ ᠠᠵᠢᠯ ᠲᠥᠷᠥᠯ ᠤᠨ ᠬᠦᠷᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠤᠭᠤᠳᠬᠤ᠂ | ᠵᠣᠬᠢᠴᠠᠭᠤᠯᠬᠤ ᠪᠠ ᠰᠢᠮᠳᠠᠭᠤᠯᠬᠤ ᠶᠢ ᠬᠠᠷᠢᠭᠤᠴᠠᠨ᠎ᠠ᠃ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ | ᠨᠠᠷᠢᠯᠢᠭᠵᠢᠭᠤᠯᠵᠤ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ | ᠣᠯᠬᠤ ᠶᠢ ᠪᠠᠲᠤᠯᠠᠬᠤ ᠬᠡᠷᠡᠭᠲᠡᠢ᠃ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠬᠡᠷᠡᠭ ᠡᠷᠬᠢᠯᠡᠬᠦ ᠭᠠᠵᠠᠷ︶ ᠨᠢ ᠲᠣᠰ ᠬᠠᠷᠢᠶ᠎ᠠ ᠣᠷᠣᠨ ᠤ ᠪᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠣᠳᠠᠲᠠᠢ ᠠᠵᠢᠯ ᠢ ᠬᠠᠷᠢᠭᠤᠴᠠᠵᠤ᠂ ᠳᠡᠭᠡᠳᠦ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ | ᠵᠢᠯᠣᠭᠤᠳᠤᠯᠭ᠎ᠠ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | ︵ᠬᠤᠶᠠᠷ︶ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠤᠳ ᠪᠣᠯᠪᠠᠰᠤᠷᠠᠭᠤᠯᠤᠯ ᠤᠨ ᠬᠠᠮᠢᠶᠠᠷᠤᠯᠲᠠ ᠶᠢᠨ ᠳᠦᠷᠢᠮ ᠢ | ᠪᠦᠷᠢᠨᠰᠢᠭᠦᠯᠵᠦ᠂ ᠠᠵᠢᠯᠲᠠᠨ ᠤ ᠦᠢᠯᠡᠴᠢᠯᠡᠭᠡᠨ ᠤ ᠦᠵᠡᠯ ᠤᠬᠠᠮᠰᠠᠷ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠢ᠃ᠨᠢᠭᠡᠳᠦᠭᠡᠷ ᠹᠷᠣᠨᠲ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠲᠠᠨ ᠤ ᠠᠵᠢᠯ ᠮᠡᠷᠭᠡᠵᠢᠯ ᠤᠨ ᠡᠷᠡᠭᠦᠯ ᠢᠶᠠᠷ ᠬᠥᠭᠵᠢᠬᠦ ᠶᠢ | ᠴᠢᠬᠤᠯᠠᠴᠢᠯᠠᠵᠤ᠂ ᠠᠳᠠᠯᠢᠳᠬᠠᠨ ᠰᠢᠯᠭᠠᠷᠠᠭᠤᠯᠬᠤ ᠪᠠ ᠬᠥᠬᠢᠭᠦᠯᠦᠨ ᠰᠠᠶᠢᠰᠢᠶᠠᠬᠤ᠂ ᠲᠠᠰ ᠳᠡᠪᠰᠢᠭᠦᠯᠬᠦ ᠵᠡᠷᠭᠡ ᠲᠠᠯ᠎ᠠ ᠪᠠᠷ ᠴᠣᠩᠬᠤᠨ ᠤ ᠠᠵᠢᠯᠲᠠᠨ ᠳᠠᠰᠢ | ᠬᠡᠯᠪᠡᠶᠢᠯᠭᠡᠨ᠎ᠡ᠃ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠡᠵᠡᠩᠨᠡᠯᠲᠡ ᠬᠠᠮᠢᠶᠠᠷᠤᠯᠲᠠ ᠶᠢᠨ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠲᠠᠨ ᠤ ᠬᠦᠴᠦᠨ ᠢ ᠴᠢᠩᠭᠠᠳᠬᠠᠨ᠎ᠠ᠃ | ︵ᠭᠤᠷᠪᠠ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠢ᠃ ᠲᠣᠰ ᠲᠥᠰᠥᠯ ᠤᠨ ᠡᠯ᠎ᠡ ᠵᠦᠢᠯ ᠤᠨ ᠡᠭᠦᠷᠭᠡ ᠬᠠᠷᠠᠯᠲᠠ ᠶᠢ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠰᠢᠮᠳᠠᠭᠤᠯᠤᠨ ᠪᠠᠶᠢᠴᠠᠭᠠᠬᠤ ᠭᠤᠣᠯᠳᠠᠯᠭ᠎ᠠ ᠪᠠ ᠣᠨ ᠤ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ | ᠰᠢᠶᠠᠨ ᠤ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠠᠴᠠ ᠲᠣᠰ ᠲᠥᠰᠥᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠢᠮᠳᠠᠭᠤᠯᠤᠨ | ᠪᠠᠶᠢᠴᠠᠭᠠᠬᠤ ᠶᠢ ᠵᠣᠬᠢᠶᠠᠨ ᠪᠠᠶᠢᠭᠤᠯᠵᠤ ᠥᠷᠨᠢᠭᠦᠯᠬᠦ ᠶᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠲᠤᠰᠬᠠᠢ ᠠᠵᠢᠯ ᠤᠨ ᠡᠬᠡ | ᠲᠠᠩᠰᠠ ᠶᠢ ᠲᠣᠭᠲᠠᠭᠠᠵᠤ᠂ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ ᠨᠡᠪᠲᠡᠷᠡᠭᠦᠯᠦᠨ᠎ᠡ᠃ |