︽ᠦᠶᠤᠸᠠᠨ ᠰᠢᠶᠠᠨ ᠤ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ ᠬᠢᠭᠡᠳ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ ᠵᠣᠯᠭᠠᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/3/27
                ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ︽ᠦᠶᠤᠸᠠᠨ ᠰᠢᠶᠠᠨ ᠤ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ ᠬᠢᠭᠡᠳ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ ᠵᠣᠯᠭᠠᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯᠡᠯ᠎ᠡ  ᠰᠤᠮᠤ ᠪᠠᠯᠭᠠᠰᠤ ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠄      ᠵᠠᠰᠠᠭ ᠤᠨ ᠣᠷᠳᠣᠨ  ᠠᠴᠠ ᠰᠤᠳᠤᠯᠤᠨ ᠲᠣᠭᠲᠠᠭᠠᠭᠠᠳ᠂ ᠡᠳᠦᠭᠡ ︽ᠦᠶᠤᠸᠠᠨ ᠰᠢᠶᠠᠨ ᠤ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ ᠳᠠᠩᠰᠠᠯᠠᠯᠲᠠ ᠬᠢᠭᠡᠳ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ ᠵᠣᠯᠭᠠᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃                                      ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ                                      2023 ᠣᠨ ᠤ 2 ᠰᠠᠷ᠎ᠠ ᠶᠢᠨ 28 ᠤ ᠡᠳᠦᠷ                   ᠦᠶᠤᠸᠠᠨ ᠰᠢᠶᠠᠨ ᠤ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ ᠬᠢᠭᠡᠳ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ ᠵᠣᠯᠭᠠᠭᠤᠯᠬᠤ ᠠᠵᠢᠯ ᠤᠨ ᠬᠡᠷᠡᠭᠵᠢᠭᠦᠯᠬᠦ ᠲᠥᠰᠥᠯ      ︽ ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠳᠠᠩᠰᠠᠯᠠᠭᠰᠠᠨ ᠦᠷ᠎ᠡ ᠪᠦᠲᠦᠭᠡᠯ ᠤᠨ ᠮᠠᠲ᠋ᠧᠷᠢᠶᠠᠯ ᠢ ᠭᠥᠯᠢᠶᠡᠨ ᠠᠪᠬᠤ ᠠᠵᠢᠯ ᠢ ᠰᠠᠶᠢᠲᠤᠷ ᠬᠢᠬᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ ︾ ᠢ ᠦᠨᠳᠦᠰᠦᠯᠡᠪᠡᠯ ︵ ᠪᠠᠶᠢᠭᠠᠯᠢ ᠶᠢᠨ ᠡᠬᠢ ᠪᠠᠶᠠᠯᠢᠭ ᠠᠯᠪᠠᠨ ᠲᠠᠷᠬᠠᠭᠠᠭᠰᠠᠨ 〔2020〕 20 ᠳ᠋ᠤᠭᠠᠷ ᠲᠣᠭᠠᠲᠤ︶ ᠂ ︽ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ ᠳᠠᠩᠰᠠᠯᠠᠯᠲᠠ ᠬᠢᠭᠡᠳ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠠᠵᠢᠯ ᠢ ᠡᠮᠬᠢ ᠵᠢᠷᠤᠮ ᠲᠠᠢ ᠵᠣᠯᠭᠠᠯᠳᠤᠭᠤᠯᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ ᠪᠠᠶᠢᠭᠠᠯᠢ ᠡᠬᠢ ᠲᠠᠷᠬᠠᠭᠠᠬᠤ 〔2022〕 157 ᠳ᠋ᠤᠭᠠᠷ ᠲᠣᠭᠠᠲᠤ ︶ ᠂ ︽︿ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ ᠬᠢᠭᠡᠳ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ ᠵᠣᠯᠭᠠᠭᠤᠯᠬᠤ ᠠᠵᠢᠯ ᠤᠨ ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ︾ ︵ᠥᠪᠥᠷ ᠪᠠᠶᠢᠭᠠᠯᠢ ᠡᠬᠢ ᠥᠰᠥᠭ ﹇2022﹈ 490 ᠳ᠋ᠦᠭᠡᠷ ᠲᠣᠭᠠᠲᠤ︶᠂ ︽︿ᠪᠠᠶᠠᠨᠨᠠᠭᠤᠷ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ ᠳᠠᠩᠰᠠᠯᠠᠯᠲᠠ ᠬᠢᠭᠡᠳ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ ᠵᠣᠯᠭᠠᠭᠤᠯᠬᠤ ᠠᠵᠢᠯ ᠤᠨ ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠪᠠᠶᠠᠨᠨᠠᠭᠤᠷ ᠡᠬᠡ ᠡᠬᠢ ᠵᠠᠬᠢᠳᠠᠯ ﹇2023﹈ 5 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ᠂ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠡᠩᠰᠡᠯᠡᠨ ᠲᠡᠮᠳᠡᠭᠯᠡᠬᠦ ᠥᠭᠡᠷᠡᠴᠢᠯᠡᠯᠲᠡ ᠶᠢᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠡᠩᠰᠡᠯᠡᠨ ᠲᠡᠮᠳᠡᠭᠯᠡᠬᠦ ᠳᠦᠷᠢᠮ ᠢ ᠲᠡᠭᠦᠯᠳᠡᠷᠵᠢᠭᠦᠯᠦᠨ᠂ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠡᠩᠰᠡᠯᠡᠨ ᠲᠡᠮᠳᠡᠭᠯᠡᠬᠦ ᠶᠢ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠠᠵᠢᠯ ᠯᠤᠭ᠎ᠠ ᠡᠮᠬᠢ ᠵᠢᠷᠤᠮ ᠲᠠᠢ ᠵᠣᠯᠭᠠᠭᠤᠯᠬᠤ ᠶᠢ ᠰᠠᠶᠢᠲᠤᠷ ᠬᠢᠵᠦ᠂ ᠡᠳᠦᠷ ᠲᠤᠲᠤᠮ ᠤᠨ ᠳᠡᠩᠰᠡᠯᠡᠨ ᠲᠡᠮᠳᠡᠭᠯᠡᠬᠦ ᠲᠤᠬᠠᠶᠢᠯᠠᠭᠰᠠᠨ ᠠᠵᠢᠯ ᠢ ᠤᠷᠤᠭᠰᠢᠲᠠᠢ ᠥᠷᠨᠢᠭᠦᠯᠬᠦ ᠶᠢᠨ ᠲᠤᠰᠠᠳᠠ᠂ ᠣᠨᠴᠣᠭᠤᠶᠢᠯᠠᠨ ᠲᠣᠰ ᠲᠥᠰᠥᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠦᠷᠢᠮ ᠢ ᠲᠡᠭᠦᠯᠳᠡᠷᠵᠢᠭᠦᠯᠬᠦ᠂ ᠡᠭᠦᠷᠭᠡ ᠴᠢᠳᠠᠪᠤᠷᠢ ᠶᠢ ᠨᠢᠭᠡᠳᠬᠡᠬᠦ᠂ ᠣᠯᠠᠨ ᠲᠦᠮᠡᠨ ᠳᠤ ᠳᠥᠭᠦᠮ ᠦᠵᠡᠭᠦᠯᠬᠦ᠂ ᠨᠢᠭᠡᠳᠦᠯᠲᠡᠢ ᠲᠥᠯᠥᠪᠯᠡᠵᠦ ᠨᠡᠶᠢᠲᠡ ᠳᠤᠨᠢ ᠬᠠᠷᠠᠭᠠᠯᠵᠠᠬᠤ᠂ ᠲᠣᠭᠲᠠᠭᠤᠨ ᠢᠶᠠᠷ ᠬᠡᠷᠡᠭᠵᠢᠭᠦᠯᠬᠦ ᠵᠠᠷᠴᠢᠮ ᠶᠣᠰᠣᠭᠠᠷ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠡᠯ᠎ᠡ ᠰᠤᠮᠤ ᠪᠠᠯᠭᠠᠰᠤ᠂ ᠬᠡᠷᠡᠭ ᠡᠷᠬᠢᠯᠡᠬᠦ ᠭᠠᠵᠠᠷ᠂ ᠲᠣᠰᠬᠤᠨ ᠳᠤᠭᠤᠶᠢᠯᠠᠩ ᠵᠡᠷᠭᠡ ᠦᠨᠳᠦᠰᠦᠨ ᠱᠠᠲᠤᠨ ᠤ ᠬᠦᠴᠦᠨ ᠢ ᠭᠦᠢᠴᠡᠳ ᠳᠠᠶᠢᠴᠢᠯᠠᠵᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠳᠠᠩᠰᠠᠯᠠᠭᠰᠠᠨ ᠦᠷ᠎ᠡ ᠪᠦᠲᠦᠭᠡᠯ ᠤᠨ ᠮᠠᠲ᠋ᠧᠷᠢᠶᠠᠯ ᠢ ᠡᠮᠬᠢᠳᠬᠡᠨ ᠲᠡᠭᠦᠯᠳᠡᠷᠵᠢᠭᠦᠯᠬᠦ ᠪᠠ ᠲᠤᠰᠢᠶᠠᠬᠤ ᠪᠠ ᠭᠥᠯᠢᠶᠡᠨ ᠠᠪᠬᠤ᠂ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ ᠬᠥᠮᠥᠷᠭᠡ ᠳᠤ ᠣᠷᠣᠭᠤᠯᠬᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠬᠤ ᠵᠡᠷᠭᠡ ᠠᠵᠢᠯ ᠢ ᠪᠡᠶᠡᠯᠡᠭᠦᠯᠵᠦ᠂ 2024 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ︵ᠲᠠᠷᠢᠶᠠᠴᠢᠳ ᠤᠨ ᠬᠠᠮᠲᠤ ᠶᠢᠨ ᠥᠮᠴᠢᠯᠡᠯ ᠤᠨ ᠪᠠ ᠲᠠᠷᠢᠶᠠᠴᠢᠳ ᠤᠨ ᠬᠠᠤᠯᠢ ᠶᠣᠰᠣᠭᠠᠷ ᠬᠠᠮᠲᠤ ᠪᠠᠷ ᠬᠡᠷᠡᠭᠯᠡᠵᠦ ᠪᠠᠶᠢᠭ᠎ᠠ ᠤᠯᠤᠰ ᠤᠨ ᠥᠮᠴᠢᠯᠡᠯ ᠤᠨ ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ ᠵᠢᠴᠢ ᠪᠤᠰᠤᠳ ᠬᠠᠤᠯᠢ ᠶᠣᠰᠣᠭᠠᠷ ᠲᠠᠷᠢᠶᠠᠯᠠᠩ ᠳᠤ ᠬᠡᠷᠡᠭᠯᠡᠵᠦ ᠪᠠᠶᠢᠭ᠎ᠠ ᠭᠠᠵᠠᠷ ᠰᠢᠷᠣᠢ ᠪᠠᠭᠲᠠᠨ᠎ᠠ︶ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ ᠳᠠᠩᠰᠠᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠳᠠᠩᠰᠠᠯᠠᠯᠲᠠ ᠬᠢᠭᠡᠳ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠠᠵᠢᠯ ᠤᠨ ᠡᠮᠬᠢ ᠵᠢᠷᠤᠮ ᠲᠠᠢ ᠵᠣᠯᠭᠠᠯᠳᠤᠬᠤ ᠶᠢ ᠪᠠᠲᠤᠯᠠᠨ᠎ᠠ᠃      ᠬᠤᠶᠠᠷ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ      ᠰᠢᠶᠠᠨ ᠤ ᠠᠷᠠᠳ ᠤᠨ ᠵᠠᠰᠠᠭ ᠤᠨ ᠣᠷᠳᠣᠨ ᠨᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠯᠡᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠭᠰᠡᠨ ᠦᠷ᠎ᠡ ᠪᠦᠲᠦᠭᠡᠯ ᠤᠨ ᠮᠠᠲ᠋ᠧᠷᠢᠶᠠᠯ ᠢ ᠡᠮᠬᠢᠯᠡᠵᠦ ᠲᠡᠭᠦᠯᠳᠡᠷᠵᠢᠭᠦᠯᠬᠦ ᠪᠠ ᠲᠤᠰᠢᠶᠠᠬᠤ ᠪᠠ ᠭᠥᠯᠢᠶᠡᠨ ᠠᠪᠬᠤ᠂ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ ᠬᠥᠮᠥᠷᠭᠡ ᠳᠤ ᠣᠷᠣᠭᠤᠯᠬᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ ᠳᠠᠩᠰᠠᠯᠠᠯᠲᠠ ᠬᠢᠭᠡᠳ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠠᠵᠢᠯ ᠤᠨ ᠡᠮᠬᠢ ᠵᠢᠷᠤᠮ ᠲᠠᠢ ᠵᠣᠯᠭᠠᠯᠳᠤᠬᠤ ᠶᠢ ᠪᠦᠲᠦᠮᠵᠢᠲᠡᠶ ᠠᠬᠢᠭᠤᠯᠤᠨ᠎ᠠ᠃      ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠳᠡᠩᠰᠡᠯᠡᠨ ᠦᠨᠡᠮᠯᠡᠯ ᠣᠯᠭᠤᠬᠤ ᠠᠵᠢᠯ ᠢ ᠬᠠᠷᠢᠭᠤᠴᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠮᠠᠲ᠋ᠧᠷᠢᠶᠠᠯ ᠢ ᠭᠥᠯᠢᠶᠡᠨ ᠠᠪᠬᠤ᠂ ᠲᠤᠭ᠎ᠠ ᠪᠠᠷᠢᠮᠲᠠ ᠶᠢ ᠬᠥᠮᠥᠷᠭᠡ ᠳᠤ ᠣᠷᠣᠭᠤᠯᠬᠤ ᠶᠢ ᠰᠠᠶᠢᠲᠤᠷ ᠬᠢᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠰᠢᠰᠲ᠋ᠧᠮ ᠯᠦᠭᠡ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠠᠵᠢᠯ ᠢ ᠡᠬᠢᠯᠡᠭᠦᠯᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠬᠠᠮᠲᠤᠪᠠᠷ ᠭᠥᠷᠳᠡᠬᠦ ᠳᠠᠭᠠᠭᠠᠴᠢᠯᠠᠯᠲᠠ ᠶᠢᠨ ᠭᠡᠷ᠎ᠡ ᠶᠢ ᠦᠨᠳᠦᠰᠦᠯᠡᠨ ᠳᠡᠩᠰᠡᠯᠡᠵᠦ ᠦᠨᠡᠮᠯᠡᠯ ᠣᠯᠭᠤᠬᠤ ᠶᠢᠨ ᠬᠠᠮᠲᠤ ᠴᠠᠭ ᠲᠤᠬᠠᠢ ᠳᠤᠨᠢ ᠳᠡᠩᠰᠡᠯᠡᠨ ᠲᠡᠮᠳᠡᠭᠯᠡᠭᠰᠡᠨ ᠲᠤᠭ᠎ᠠ ᠪᠠᠷᠢᠮᠲᠠ ᠶᠢ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠳᠤ ᠪᠤᠴᠠᠭᠠᠨ ᠳᠠᠮᠵᠢᠭᠤᠯᠬᠤ ᠬᠡᠷᠡᠭᠲᠡᠢ᠃      ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠨᠢ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢ ᠳᠠᠭᠠᠭᠠᠴᠢᠯᠠᠨ ᠡᠵᠡᠩᠨᠡᠬᠦ ᠵᠢᠴᠢ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠠᠵᠢᠯ ᠵᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠭᠰᠡᠨ ᠮᠠᠲ᠋ᠧᠷᠢᠶᠠᠯ ᠢ ᠡᠮᠬᠢᠯᠡᠵᠦ ᠲᠡᠭᠦᠯᠳᠡᠷᠵᠢᠭᠦᠯᠬᠦ ᠪᠠ ᠰᠢᠯᠵᠢᠭᠦᠯᠦᠨ ᠲᠤᠰᠢᠶᠠᠬᠤ ᠶᠢ ᠰᠠᠶᠢᠲᠤᠷ ᠬᠢᠵᠦ᠂ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠵᠥᠪᠰᠢᠶᠡᠷᠡᠭᠰᠡᠨ ᠲᠤᠭ᠎ᠠ ᠪᠠᠷᠢᠮᠲᠠ ᠶᠢᠨ ᠬᠥᠮᠥᠷᠭᠡ ᠶᠢᠨ ᠳᠣᠲᠣᠷᠠᠬᠢ ᠠᠭᠤᠯᠭ᠎ᠠ ᠬᠢᠭᠡᠳ ᠳᠠᠭᠠᠭᠠᠴᠢᠯᠠᠯᠲᠠ ᠶᠢᠨ ᠭᠡᠷ᠎ᠡ ᠶᠢᠨ ᠠᠭᠤᠯᠭ᠎ᠠ ᠨᠢᠭᠡᠳᠦᠯ ᠦᠭᠡᠢ ᠵᠡᠷᠭᠡ ᠠᠰᠠᠭᠤᠳᠠᠯ ᠢ ᠥᠭᠰᠥᠨ ᠪᠠᠶᠢᠴᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠬᠢᠭᠡᠳ ᠥᠯᠥ ᠬᠥᠳᠡᠯᠬᠦ ᠬᠥᠷᠥᠩᠭᠡ ᠶᠢᠨ ᠳᠡᠩᠰᠡᠯᠡᠨ ᠲᠡᠮᠳᠡᠭᠯᠡᠭᠰᠡᠨ ᠭᠠᠵᠠᠷ ᠤᠨ ᠮᠠᠷᠭᠤᠯᠳᠤᠭᠠᠨ ᠤ ᠬᠡᠪᠴᠢᠶ᠎ᠡ ᠶᠢᠨ ᠬᠠᠮᠲᠤᠪᠠᠷ ᠵᠥᠪᠳᠡᠯᠴᠡᠬᠦ ᠲᠣᠭᠲᠠᠴᠠ ᠶᠢ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠬᠢᠭᠡᠳ ᠥᠯᠥ ᠬᠥᠳᠡᠯᠬᠦ ᠬᠥᠷᠥᠩᠭᠡ ᠶᠢᠨ ᠳᠡᠩᠰᠡᠯᠡᠨ ᠲᠡᠮᠳᠡᠭᠯᠡᠭᠰᠡᠨ ᠭᠠᠵᠠᠷ ᠤᠨ ᠮᠠᠷᠭᠤᠯᠳᠤᠭᠠᠨ ᠤ ᠬᠦᠷᠢᠶ᠎ᠡ ᠬᠡᠪᠴᠢᠶ᠎ᠡ ᠶᠢᠨ ᠬᠠᠮᠲᠤᠪᠠᠷ ᠵᠥᠪᠳᠡᠯᠴᠡᠬᠦ ᠲᠣᠭᠲᠠᠴᠠ ᠶᠢ ᠪᠠᠶᠢᠭᠤᠯᠤᠨ᠎ᠠ᠃ ᠥᠯᠥ ᠬᠥᠳᠡᠯᠬᠦ ᠬᠥᠷᠥᠩᠭᠡ ᠯᠦᠭᠡ ᠨᠢᠭᠡᠳᠦᠯᠲᠡᠢ ᠳᠡᠩᠰᠡᠯᠡᠨ ᠬᠠᠮᠢᠶᠠᠷᠬᠤ ᠰᠢᠰᠲ᠋ᠧᠮ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠪᠠᠶᠢᠭᠤᠯᠤᠯᠲᠠ ᠶᠢ ᠠᠬᠢᠭᠤᠯᠵᠤ ᠂ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ ᠬᠢᠭᠡᠳ ᠳᠠᠭᠠᠭᠠᠴᠢᠯᠠᠯᠲᠠ ᠶᠢᠨ ᠭᠡᠷ᠎ᠡ ᠶᠢᠨ ᠮᠡᠳᠡᠭᠡ ᠵᠠᠩᠭᠢ ᠶᠢ ᠬᠠᠷᠢᠯᠴᠠᠨ ᠨᠠᠪᠲᠠᠷᠡᠭᠦᠯᠵᠦ ᠬᠠᠮᠲᠤᠪᠠᠷ ᠭᠥᠷᠳᠡᠬᠦ ᠶᠢ ᠪᠡᠶᠡᠯᠡᠭᠦᠯᠦᠨ᠂ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ ᠳᠡᠩᠰᠡᠯᠡᠨ ᠲᠡᠮᠳᠡᠭᠯᠡᠬᠦ ᠬᠢᠭᠡᠳ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ ᠡᠮᠬᠢ ᠵᠢᠷᠤᠮ ᠲᠠᠢ ᠵᠣᠯᠭᠠᠭᠤᠯᠬᠤ ᠶᠢ ᠪᠠᠲᠤᠯᠠᠨ᠎ᠠ᠃      ᠰᠢᠶᠠᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ  ᠠᠴᠠ ᠮᠠᠯᠵᠢᠬᠤ ᠲᠠᠷᠢᠶᠠᠯᠠᠬᠤ ᠣᠷᠣᠨ ᠤ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠵᠢᠴᠢ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ ︵ᠦᠶᠤᠸᠠᠨ ᠰᠢᠶᠠᠨ ᠳᠤ ᠵᠠᠯᠭᠠᠯᠳᠤᠭᠰᠠᠨ ᠨᠤᠲᠤᠭ ᠪᠡᠯᠴᠢᠭᠡᠷ ᠪᠠᠶᠢᠬᠤ ᠦᠭᠡᠢ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠬᠤ ᠠᠵᠢᠯ ᠳᠤ ᠬᠤᠯᠪᠣᠭᠳᠠᠬᠤ ᠦᠭᠡᠢ︶᠃ ᠮᠠᠯᠵᠢᠬᠤ ᠲᠠᠷᠢᠶᠠᠯᠠᠬᠤ ᠣᠷᠣᠨ ᠤ ᠨᠤᠲᠤᠭ ᠪᠡᠯᠴᠢᠭᠡᠷ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠭᠰᠡᠨ ᠮᠠᠲ᠋ᠧᠷᠢᠶᠠᠯ ᠢ ᠡᠮᠬᠢᠯᠡᠵᠦ ᠲᠡᠭᠦᠯᠳᠡᠷᠵᠢᠭᠦᠯᠬᠦ ᠪᠠ ᠰᠢᠯᠵᠢᠭᠦᠯᠦᠨ ᠲᠤᠰᠢᠶᠠᠬᠤ ᠶᠢ ᠰᠠᠶᠢᠲᠤᠷ ᠬᠢᠵᠦ᠂ ᠨᠤᠲᠤᠭ ᠪᠡᠯᠴᠢᠭᠡᠷ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠵᠥᠪᠰᠢᠶᠡᠷᠡᠭᠰᠡᠨ ᠲᠤᠭ᠎ᠠ ᠪᠠᠷᠢᠮᠲᠠ ᠶᠢᠨ ᠬᠥᠮᠥᠷᠭᠡ ᠳᠠᠬᠢ ᠠᠭᠤᠯᠭ᠎ᠠ ᠬᠢᠭᠡᠳ ᠳᠠᠭᠠᠭᠠᠴᠢᠯᠠᠯᠲᠠ ᠶᠢᠨ ᠭᠡᠷ᠎ᠡ ᠶᠢᠨ ᠠᠭᠤᠯᠭ᠎ᠠ ᠨᠢᠭᠡᠳᠦᠯ ᠦᠭᠡᠢ ᠪᠠᠶᠢᠬᠤ ᠵᠡᠷᠭᠡ ᠠᠰᠠᠭᠤᠳᠠᠯ ᠢ ᠥᠭᠰᠥᠨ ᠪᠠᠶᠢᠴᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠨᠤᠲᠤᠭ ᠪᠡᠯᠴᠢᠭᠡᠷ ᠳᠠᠭᠠᠭᠠᠴᠢᠯᠠᠨ ᠡᠵᠡᠩᠨᠡᠬᠦ ᠡᠷᠬᠡ ᠬᠢᠭᠡᠳ ᠥᠯᠥ ᠬᠥᠳᠡᠯᠬᠦ ᠬᠥᠷᠥᠩᠭᠡ ᠶᠢᠨ ᠳᠡᠩᠰᠡᠯᠡᠨ ᠲᠡᠮᠳᠡᠭᠯᠡᠭᠰᠡᠨ ᠭᠠᠵᠠᠷ ᠤᠨ ᠮᠠᠷᠭᠤᠯᠳᠤᠭᠠᠨ ᠤ ᠬᠡᠪᠴᠢᠶ᠎ᠡ ᠶᠢᠨ ᠬᠠᠮᠲᠤᠪᠠᠷ ᠵᠥᠪᠳᠡᠯᠴᠡᠬᠦ ᠲᠣᠭᠲᠠᠴᠠ ᠶᠢ ᠪᠠᠶᠢᠭᠤᠯᠤᠨ᠎ᠠ᠃ᠥᠯᠥ ᠬᠥᠳᠡᠯᠬᠦ ᠬᠥᠷᠥᠩᠭᠡ ᠯᠦᠭᠡ ᠨᠢᠭᠡᠳᠦᠯᠲᠡᠢ ᠳᠡᠩᠰᠡᠯᠡᠨ ᠬᠠᠮᠢᠶᠠᠷᠬᠤ ᠰᠢᠰᠲ᠋ᠧᠮ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ ᠬᠢᠭᠡᠳ ᠳᠠᠭᠠᠭᠠᠴᠢᠯᠠᠯᠲᠠ ᠶᠢᠨ ᠭᠡᠷ᠎ᠡ ᠶᠢᠨ ᠮᠡᠳᠡᠭᠡ ᠵᠠᠩᠭᠢ ᠶᠢ ᠬᠠᠷᠢᠯᠴᠠᠨ ᠨᠠᠪᠲᠠᠷᠡᠭᠦᠯᠵᠦ ᠬᠠᠮᠲᠤᠪᠠᠷ ᠭᠥᠷᠳᠡᠬᠦ ᠶᠢ ᠪᠡᠶᠡᠯᠡᠭᠦᠯᠦᠨ᠂ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ ᠳᠡᠩᠰᠡᠯᠡᠨ ᠲᠡᠮᠳᠡᠭᠯᠡᠬᠦ ᠬᠢᠭᠡᠳ ᠮᠠᠯᠵᠢᠬᠤ ᠲᠠᠷᠢᠶᠠᠯᠠᠬᠤ ᠣᠷᠣᠨ ᠤ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ ᠡᠮᠬᠢ ᠵᠢᠷᠤᠮ ᠲᠠᠢ ᠵᠣᠯᠭᠠᠭᠤᠯᠬᠤ ᠶᠢ ᠪᠠᠲᠤᠯᠠᠨ᠎ᠠ᠃      ᠡᠯ᠎ᠡ ᠰᠤᠮᠤ ᠪᠠᠯᠭᠠᠰᠤ ᠂ ᠬᠡᠷᠡᠭ ᠡᠷᠬᠢᠯᠡᠬᠦ ᠭᠠᠵᠠᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠬᠥᠳᠡᠭᠡ ᠲᠣᠰᠬᠤᠨ ᠤ ᠭᠠᠵᠠᠷ ᠰᠢᠷᠣᠢ ᠶᠢ ᠳᠠᠭᠠᠭᠠᠴᠢᠯᠠᠨ ᠡᠵᠡᠩᠨᠡᠬᠦ ᠪᠠ ᠳᠠᠭᠠᠭᠠᠴᠢᠯᠠᠨ ᠡᠵᠡᠩᠨᠡᠬᠦ ᠭᠡᠷ᠎ᠡ ᠶᠢᠨ ᠬᠠᠮᠢᠶᠠᠷᠤᠯᠲᠠ ᠶᠢ ᠬᠠᠷᠢᠭᠤᠴᠠᠨ᠎ᠠ ᠃ ᠡᠯ᠎ᠡ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠂ ᠭᠠᠴᠠᠭᠠᠨ ᠤ ᠠᠷᠠᠳ ᠤᠨ ᠵᠥᠪᠯᠡᠯ ᠪᠤᠶᠤ ᠭᠠᠴᠠᠭᠠᠨ ᠤ ᠠᠷᠠᠳ ᠤᠨ ᠳᠤᠭᠤᠶᠢᠯᠠᠩ ᠨᠢ ᠳᠠᠭᠠᠭᠠᠴᠢᠯᠠᠭᠤᠯᠤᠭᠴᠢ ᠪᠣᠯᠤᠭᠰᠠᠨ ᠤ ᠬᠤᠪᠢ ᠳᠤ ᠬᠠᠤᠯᠢ ᠴᠠᠭᠠᠵᠠ ᠳᠤ ᠲᠣᠭᠲᠠᠭᠠᠭᠰᠠᠨ ᠳᠠᠭᠠᠭᠠᠴᠢᠯᠠᠭᠤᠯᠤᠭᠴᠢ ᠶᠢᠨ ᠡᠭᠦᠷᠭᠡ ᠶᠢ ᠴᠢᠩᠭ᠎ᠠ ᠭᠦᠢᠴᠡᠳᠬᠡᠬᠦ ᠬᠡᠷᠡᠭᠲᠡᠢ ᠃ ᠡᠯ᠎ᠡ ᠰᠤᠮᠤ ᠪᠠᠯᠭᠠᠰᠤ᠂ ᠬᠡᠷᠡᠭ ᠡᠷᠬᠢᠯᠡᠬᠦ ᠭᠠᠵᠠᠷ ᠵᠢᠴᠢ ᠡᠯ᠎ᠡ ᠳᠠᠭᠠᠭᠠᠴᠢᠯᠠᠭᠤᠯᠤᠭᠴᠢ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ ᠬᠢᠭᠡᠳ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ ᠵᠣᠯᠭᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠠᠴᠠ ᠪᠣᠯᠵᠤ ᠵᠢᠭᠤᠷᠠᠯᠳᠤᠭᠠᠨ ᠭᠠᠷᠴᠤ ᠂ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠨᠢ ᠭᠠᠴᠠᠭᠠᠨ ᠤ ᠠᠷᠠᠳ ᠤᠨ ᠵᠥᠪᠯᠡᠯ ᠂ ᠰᠤᠮᠤ ᠪᠠᠯᠭᠠᠰᠤ ᠂ ᠬᠡᠷᠡᠭ ᠡᠷᠬᠢᠯᠡᠬᠦ ᠭᠠᠵᠠᠷ ᠢᠶᠠᠷ ᠵᠣᠬᠢᠴᠠᠭᠤᠯᠤᠨ ᠰᠢᠢᠳᠪᠦᠷᠢᠯᠡᠭᠦᠯᠬᠦ ᠪᠠᠷ ᠭᠤᠶᠤᠴᠢᠯᠠᠭᠰᠠᠨ ᠪᠠᠶᠢᠪᠠᠯ ᠂ ᠬᠠᠤᠯᠢ ᠴᠠᠭᠠᠵᠠ ᠶᠢᠨ ᠱᠠᠭᠠᠷᠳᠠᠯᠭ᠎ᠠ ᠶᠣᠰᠣᠭᠠᠷ ᠰᠢᠢᠳᠪᠦᠷᠢᠯᠡᠨ᠎ᠡ ᠃      ᠭᠤᠷᠪᠠ᠂ ᠠᠵᠢᠯ ᠤᠨ ᠠᠭᠤᠯᠭ᠎ᠠ      ︵ᠨᠢᠭᠡ︶ ᠦᠷ᠎ᠡ ᠪᠦᠲᠦᠭᠡᠯ ᠤᠨ ᠮᠠᠲ᠋ᠧᠷᠢᠶᠠᠯ  ᠢ ᠡᠮᠬᠢᠳᠬᠡᠨ ᠲᠡᠭᠦᠯᠳᠡᠷᠵᠢᠭᠦᠯᠬᠦ ᠬᠡᠷᠡᠭᠲᠡᠢ      ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ  ᠶᠢ ᠨᠤᠲᠠᠯᠠᠨ ᠳᠠᠩᠰᠠᠯᠠᠭᠰᠠᠨ ᠦᠷ᠎ᠡ ᠪᠦᠲᠦᠭᠡᠯ ᠤᠨ ᠮᠠᠲ᠋ᠧᠷᠢᠶᠠᠯ ᠢ ᠡᠮᠬᠢᠳᠬᠡᠨ ᠲᠡᠭᠦᠯᠳᠡᠷᠵᠢᠭᠦᠯᠵᠦ᠂ ᠡᠷᠬᠡ ᠶᠢ ᠨᠤᠲᠠᠯᠠᠨ ᠳᠠᠩᠰᠠᠯᠠᠬᠤ ᠲᠤᠭ᠎ᠠ ᠪᠠᠷᠢᠮᠲᠠ ᠶᠢᠨ ᠬᠥᠮᠥᠷᠭᠡ ᠶᠢᠨ ᠦᠷ᠎ᠡ ᠪᠦᠲᠦᠭᠡᠯ ︵ᠣᠷᠣᠨ ᠨᠤᠲᠤᠭ ᠤᠨ ᠲᠡᠦᠬᠡ ᠶᠢᠨ ᠦᠯᠡᠳᠡᠭᠡᠯ ᠡᠷᠬᠡ ᠶᠢ ᠨᠤᠲᠠᠯᠠᠨ ᠦᠨᠡᠮᠯᠡᠯ ᠣᠯᠭᠤᠭᠰᠠᠨ ᠲᠤᠭ᠎ᠠ ᠪᠠᠷᠢᠮᠲᠠ ᠶᠢᠨ ᠬᠥᠮᠥᠷᠭᠡ ᠶᠢᠨ ᠦᠷ᠎ᠡ ᠪᠦᠲᠦᠭᠡᠯ ᠢ ᠪᠠᠭᠲᠠᠭᠠᠨ᠎ᠠ︶ ᠨᠢ ︽ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠠᠩᠰᠠᠯᠠᠬᠤ ᠲᠤᠭ᠎ᠠ ᠪᠠᠷᠢᠮᠲᠠ ᠶᠢᠨ ᠬᠥᠮᠥᠷᠭᠡ ᠶᠢᠨ ᠵᠢᠷᠤᠮᠵᠢᠯ︾ ᠢ ᠬᠠᠩᠭᠠᠬᠤ ᠶᠢᠨ ᠬᠠᠮᠲᠤ ︽ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠠᠩᠰᠠᠯᠠᠬᠤ ᠲᠤᠭ᠎ᠠ ᠪᠠᠷᠢᠮᠲᠠ ᠶᠢᠨ ᠬᠥᠮᠥᠷᠭᠡ ᠶᠢᠨ ᠦᠷ᠎ᠡ ᠪᠦᠲᠦᠭᠡᠯ ᠤᠨ ᠶᠠᠰᠤ ᠴᠢᠨᠠᠷ ᠤᠨ ᠪᠠᠶᠢᠴᠠᠭᠠᠯᠲᠠ ᠶᠢᠨ ᠵᠥᠭᠡᠯᠡᠨ ᠲᠣᠨᠤᠭ︾ ᠢᠶᠠᠷ ᠳᠡᠮᠵᠢᠨ ᠴᠢᠨᠠᠷ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠪᠠᠶᠢᠬᠤ ᠬᠡᠷᠡᠭᠲᠡᠢ᠃ ᠨᠢᠭᠡᠨᠲᠡ ᠡᠯᠧᠺᠲᠷᠤᠨᠴᠢᠯᠠᠬᠰᠠᠨ ᠲᠠᠩᠰᠠ ᠡᠪᠬᠡᠮᠡᠯ ᠤᠨ ᠮᠠᠲ᠋ᠧᠷᠢᠶᠠᠯ ᠢ ᠲᠠᠩᠰᠠ ᠡᠪᠬᠡᠮᠡᠯ ᠤᠨ ᠭᠠᠷᠴᠠᠭ ᠪᠠ ᠲᠠᠩᠰᠠ ᠡᠪᠬᠡᠮᠡᠯ ᠤᠨ ᠳ᠋ᠠᠶᠢᠲ᠋ᠠ ᠬᠥᠮᠥᠷᠭᠡ ᠶᠢᠨ ᠬᠡᠯᠪᠡᠷᠢ ᠪᠠᠷ ᠬᠠᠩᠭᠠᠵᠤ᠂ ᠡᠯᠧᠺᠲᠷᠤᠨᠴᠢᠯᠠᠬᠰᠠᠨ ᠲᠠᠩᠰᠠ ᠡᠪᠬᠡᠮᠡᠯ ᠤᠨ ᠮᠠᠲ᠋ᠧᠷᠢᠶᠠᠯ ᠪᠠᠶᠢᠬᠤ ᠦᠭᠡᠢ ᠪᠣᠯ ᠳᠡᠪᠲᠡᠷᠯᠡᠵᠦ᠂ ᠪᠦᠷᠢᠨ ᠪᠦᠲᠦᠨ ᠲᠠᠩᠰᠠ ᠡᠪᠬᠡᠮᠡᠯ ᠤᠨ ᠭᠠᠷᠴᠠᠭ ᠤᠨ ᠮᠠᠲ᠋ᠧᠷᠢᠶᠠᠯ ᠢ ᠬᠠᠩᠭᠠᠬᠤ ᠬᠡᠷᠡᠭᠲᠡᠢ ᠮᠥᠷᠲᠡᠭᠡᠨ ᠲᠠᠩᠰᠠ ᠡᠪᠬᠡᠮᠡᠯ ᠤᠨ ᠭᠠᠷᠴᠠᠭ ᠬᠢᠭᠡᠳ ᠲᠠᠩᠰᠠ ᠡᠪᠬᠡᠮᠡᠯ ᠤᠨ ᠨᠢᠭᠡ ᠨᠢᠭᠡ ᠲᠠᠢ ᠬᠠᠷᠢᠯᠴᠠᠨ ᠵᠣᠬᠢᠴᠠᠯᠳᠤᠵᠤ᠂ ᠲᠠᠩᠰᠠ ᠡᠪᠬᠡᠮᠡᠯ ᠤᠨ ᠠᠭᠤᠯᠭ᠎ᠠ ᠨᠢ ᠪᠦᠷᠢᠨ ᠪᠦᠲᠦᠨ᠂ ᠪᠤᠷᠤᠭᠤ ᠣᠷᠬᠢᠭᠳᠠᠭᠤᠯᠤᠭᠰᠠᠨ ᠦᠭᠡᠢ᠃      ︵ᠬᠤᠶᠠᠷ︶ ᠦᠷ᠎ᠡ ᠪᠦᠲᠦᠭᠡᠯ ᠤᠨᠮᠠᠲ᠋ᠧᠷᠢᠶᠠᠯ ᠢ ᠰᠢᠯᠵᠢᠭᠦᠯᠦᠨ ᠲᠤᠰᠢᠶᠠᠭᠰᠠᠨ ᠠᠭᠤᠯᠭ᠎ᠠ      ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠭᠰᠡᠨ ᠦᠷ᠎ᠡ ᠪᠦᠲᠦᠭᠡᠯ ᠤᠨ ᠮᠠᠲ᠋ᠧᠷᠢᠶᠠᠯ ᠢ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ︵ᠰᠢᠯᠵᠢᠭᠦᠯᠦᠨ ᠭᠠᠷᠭᠠᠬᠤ ᠰᠠᠯᠠᠭ᠎ᠠ ᠮᠥᠴᠢᠷ︶  ᠠᠴᠠ ᠲᠣᠰ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︵ᠭᠥᠯᠢᠶᠡᠨ ᠠᠪᠬᠤ ᠰᠠᠯᠠᠭ᠎ᠠ ᠮᠥᠴᠢᠷ︶ ᠳᠤ ᠰᠢᠯᠵᠢᠭᠦᠯᠦᠨ ᠲᠤᠰᠢᠶᠠᠨ᠎ᠠ᠃ ᠰᠢᠯᠵᠢᠭᠦᠯᠦᠨ ᠲᠤᠰᠢᠶᠠᠬᠤ ᠠᠭᠤᠯᠭ᠎ᠠ  ᠨᠢ ᠪᠠᠶᠢᠴᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠨᠤᠲᠠᠯᠠᠨ ᠲᠣᠭᠲᠠᠭᠠᠭᠰᠠᠨ ᠲᠤᠭ᠎ᠠ ᠪᠠᠷᠢᠮᠲᠠ ᠶᠢᠨ ᠬᠥᠮᠥᠷᠭᠡ ᠵᠢᠴᠢ ᠲᠠᠩᠰᠠ ᠡᠪᠬᠡᠮᠡᠯ ᠤᠨ ᠲᠤᠭ᠎ᠠ ᠪᠠᠷᠢᠮᠲᠠ ᠵᠡᠷᠭᠡ ᠴᠠᠭᠠᠰᠤᠨ ᠮᠠᠲ᠋ᠧᠷᠢᠶᠠᠯ ᠪᠣᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠬᠤ ᠳ᠋ᠠᠶᠢᠲ᠋ᠠ ᠬᠥᠮᠥᠷᠭᠡ ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠬᠤ ᠳᠠᠩᠰᠠᠯᠠᠯᠲᠠ ᠶᠢᠨ ᠳ᠋ᠠᠶᠢᠲ᠋ᠠ ᠬᠥᠮᠥᠷᠭᠡ ᠶᠢᠨ ᠦᠷ᠎ᠡ ᠪᠦᠲᠦᠭᠡᠯ ᠢ ᠬᠤᠷᠢᠶᠠᠩᠭᠤᠶᠢᠯᠠᠨ ᠲᠤᠰᠢᠶᠠᠬᠤ ᠠᠷᠭ᠎ᠠ︾ ᠳᠤ ᠨᠡᠶᠢᠴᠡᠭᠰᠡᠨ ᠪᠠᠶᠢᠬᠤ ᠬᠡᠷᠡᠭᠲᠡᠢ᠂ ᠡᠭᠦᠨ ᠳᠤ ᠸᠧᠺᠲ᠋ᠣᠷ ᠲᠤᠭ᠎ᠠ ᠪᠠᠷᠢᠮᠲᠠ᠂ ᠡᠷᠬᠡ ᠶᠢᠨ ᠬᠠᠷᠢᠶᠠᠯᠠᠯ ᠤᠨ ᠲᠤᠭ᠎ᠠ ᠪᠠᠷᠢᠮᠲᠠ᠂ ᠰᠠᠷᠠᠯᠵᠢᠨ ᠲᠤᠭ᠎ᠠ ᠪᠠᠷᠢᠮᠲᠠ᠂ ᠵᠢᠷᠤᠭ ᠮᠠᠲ᠋ᠧᠷᠢᠶᠠᠯ᠂ ᠬᠤᠷᠢᠶᠠᠩᠭᠤᠢ ᠬᠦᠰᠦᠨᠦᠭᠲᠦ᠂ ᠥᠰᠥᠭ ᠪᠢᠴᠢᠭ ᠤᠨ ᠮᠡᠳᠡᠭᠦᠯᠦᠯᠲᠡ ᠵᠢᠴᠢ ᠪᠤᠰᠤᠳ ᠮᠠᠲ᠋ᠧᠷᠢᠶᠠᠯ ᠪᠠᠭᠲᠠᠨ᠎ᠠ᠃      ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠭᠰᠠᠨ ᠲᠤᠭ᠎ᠠ ᠪᠠᠷᠢᠮᠲᠠ ᠶᠢᠨ ᠬᠥᠮᠥᠷᠭᠡ ᠶᠢ ᠭᠥᠯᠢᠶᠡᠨ ᠠᠪᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠴᠠᠭᠠᠰᠤᠨ ᠲᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠠᠷᠭ᠎ᠠ ᠮᠠᠶ᠋ᠢᠭ ᠢ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠳᠠᠩᠰᠠᠯᠠᠯᠲᠠ ᠬᠢᠭᠡᠳ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃      ︵ᠭᠤᠷᠪᠠ︶ ᠦᠷ᠎ᠡ ᠪᠦᠲᠦᠭᠡᠯ ᠤᠨ ᠮᠠᠲ᠋ᠧᠷᠢᠶᠠᠯ ᠢ ᠰᠢᠯᠵᠢᠭᠦᠯᠦᠨ ᠲᠤᠰᠢᠶᠠᠬᠤ ᠠᠷᠭ᠎ᠠ ᠮᠠᠶ᠋ᠢᠭ      ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠭᠰᠡᠨ ᠦᠷ᠎ᠡ ᠪᠦᠲᠦᠭᠡᠯ  ᠨᠢ ᠨᠢᠭᠤᠴᠠ ᠳᠤ ᠬᠤᠯᠪᠣᠭᠳᠠᠬᠤ ᠲᠤᠭ᠎ᠠ ᠪᠠᠷᠢᠮᠲᠠ ᠪᠣᠯᠣᠨ᠎ᠠ᠂ ᠦᠷ᠎ᠡ ᠪᠦᠲᠦᠭᠡᠯ ᠤᠨ ᠠᠮᠤᠷ ᠲᠦᠪᠰᠢᠨ ᠴᠢᠨᠠᠷ ᠢ ᠦᠨᠡᠨᠬᠦ ᠪᠠᠲᠤᠯᠠᠬᠤ ᠶᠢᠨ ᠲᠤᠰᠠᠳᠠ᠂ ᠲᠤᠰᠢᠶᠠᠨ ᠥᠭᠬᠦ ᠪᠠ ᠭᠥᠯᠢᠶᠡᠨ ᠠᠪᠬᠤ ᠡᠯ᠎ᠡ ᠲᠠᠯ᠎ᠠ ᠨᠢ ᠨᠢᠭᠤᠴᠠ ᠶᠢ ᠬᠠᠮᠠᠭᠠᠯᠠᠬᠤ ᠵᠥᠪᠯᠡᠯᠴᠡᠭᠡᠷ ᠲᠣᠭᠲᠠᠬᠤ ᠬᠡᠷᠡᠭᠲᠡᠢ᠃ ᠮᠠᠲ᠋ᠧᠷᠢᠶᠠᠯ ᠢ ᠰᠢᠯᠵᠢᠭᠦᠯᠦᠨ ᠲᠤᠰᠢᠶᠠᠬᠤ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠢᠯᠵᠢᠭᠦᠯᠦᠨ ᠭᠠᠷᠭᠠᠬᠤ ᠰᠠᠯᠠᠭ᠎ᠠ ᠮᠥᠴᠢᠷ ᠨᠢ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠭᠰᠠᠨ ᠲᠤᠭ᠎ᠠ ᠪᠠᠷᠢᠮᠲᠠ ᠶᠢᠨ ᠬᠥᠮᠥᠷᠭᠡ ᠶᠢᠨ ᠦᠷ᠎ᠡ ᠪᠦᠲᠦᠭᠡᠯ ᠤᠨ ᠮᠠᠲ᠋ᠧᠷᠢᠶᠠᠯ ᠤᠨ ᠨᠠᠷᠢᠨ ᠬᠠᠭᠤᠳᠠᠰᠤ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠭᠰᠠᠨ ᠲᠠᠩᠰᠠ ᠡᠪᠬᠡᠮᠡᠯ ᠢ ᠰᠢᠯᠵᠢᠭᠦᠯᠦᠨ ᠲᠤᠰᠢᠶᠠᠭᠰᠠᠨ ᠨᠠᠷᠢᠨ ᠬᠠᠭᠤᠳᠠᠰᠤ ᠶᠢ ᠲᠤᠭᠤᠷᠪᠢᠨ ᠲᠣᠭᠲᠠᠭᠠᠵᠤ᠂ ᠭᠥᠯᠢᠶᠡᠨ ᠠᠪᠤᠭᠰᠠᠨ ᠰᠠᠯᠠᠭ᠎ᠠ ᠮᠥᠴᠢᠷ ᠨᠢ ᠨᠠᠷᠢᠨ ᠬᠠᠭᠤᠳᠠᠰᠤ ᠶᠢᠨ ᠶᠣᠰᠣᠭᠠᠷ ᠭᠥᠯᠢᠶᠡᠨ ᠠᠪᠤᠭᠰᠠᠨ ᠦᠷ᠎ᠡ ᠪᠦᠲᠦᠭᠡᠯ ᠤᠨ ᠮᠠᠲ᠋ᠧᠷᠢᠶᠠᠯ ᠢ ᠲᠣᠭᠠᠯᠠᠨ ᠪᠦᠷᠢᠳᠬᠡᠵᠦ᠂ ᠲᠣᠭᠠᠯᠠᠨ ᠪᠦᠷᠢᠳᠬᠡᠭᠡᠳ ᠠᠯᠳᠠᠭ᠎ᠠ ᠦᠭᠡᠢ ᠪᠠᠶᠢᠪᠠᠯ ᠰᠠᠶ᠋ᠢ ᠭᠠᠷ ᠤᠨ ᠥᠰᠥᠭ ᠵᠢᠷᠤᠵᠤ ᠬᠤᠷᠢᠶᠠᠨ ᠠᠪᠬᠤ ᠶᠢ ᠨᠤᠲᠠᠯᠠᠵᠤ ᠪᠣᠯᠣᠨ᠎ᠠ᠃      ᠰᠢᠯᠵᠢᠭᠦᠯᠵᠦ ᠭᠠᠷᠭᠠᠭᠰᠠᠨ ᠰᠠᠯᠠᠭ᠎ᠠ ᠮᠥᠴᠢᠷ᠂ ᠭᠥᠯᠢᠶᠡᠨ ᠠᠪᠤᠭᠰᠠᠨ ᠰᠠᠯᠠᠭ᠎ᠠ ᠮᠥᠴᠢᠷ ᠤᠳ ᠲᠤᠰᠢᠶᠠᠵᠤ ᠭᠥᠯᠢᠶᠡᠨ ᠠᠪᠤᠭᠰᠠᠨ ᠦᠷ᠎ᠡ ᠪᠦᠲᠦᠭᠡᠯ ᠤᠨ ᠮᠠᠲ᠋ᠧᠷᠢᠶᠠᠯ ᠤᠨ ᠪᠠᠶᠢᠴᠠᠭᠠᠯᠲᠠ ᠪᠠᠨ ᠴᠢᠩᠭᠠᠳᠬᠠᠵᠤ᠂ ᠦᠷ᠎ᠡ ᠪᠦᠲᠦᠭᠡᠯ ᠤᠨ ᠮᠠᠲ᠋ᠧᠷᠢᠶᠠᠯ ᠤᠨ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ ᠪᠠ ᠠᠮᠤᠷ ᠲᠦᠪᠰᠢᠨ ᠴᠢᠨᠠᠷ ᠢ ᠦᠨᠡᠨᠬᠦ ᠪᠠᠲᠤᠯᠠᠵᠤ᠂ ᠮᠠᠲ᠋ᠧᠷᠢᠶᠠᠯ ᠤᠨ ᠡᠪᠳᠡᠷᠡᠵᠦ ᠰᠦᠶᠳᠬᠦ᠂ ᠭᠡᠭᠡᠭᠳᠡᠬᠦ᠂ ᠨᠢᠭᠤᠴᠠ ᠶᠢ ᠵᠠᠳᠠᠷᠠᠭᠤᠯᠬᠤ ᠵᠡᠷᠭᠡ ᠠᠰᠠᠭᠤᠳᠠᠯ ᠭᠠᠷᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃      ︵ᠳᠥᠷᠪᠡ︶ ᠲᠤᠭ᠎ᠠ ᠪᠠᠷᠢᠮᠲᠠ ᠶᠢᠨ ᠮᠠᠲ᠋ᠧᠷᠢᠶᠠᠯ ᠢ ᠡᠮᠬᠢᠯᠡᠨ ᠨᠡᠶᠢᠯᠡᠭᠦᠯᠵᠦ ᠬᠥᠮᠥᠷᠭᠡ ᠳᠦ ᠣᠷᠣᠭᠤᠯᠬᠤ      ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠨᠤᠭᠤᠳ ᠨᠢᠭᠲᠠ ᠬᠠᠮᠵᠢᠯᠴᠠᠵᠤ᠂ ᠠᠳᠠᠯᠢ ᠨᠢᠭᠡᠨ ᠰᠠᠭᠤᠷᠢ ᠵᠢᠷᠤᠭ ᠲᠤ ᠰᠠᠭᠤᠷᠢᠯᠠᠨ᠂ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠳᠠᠩᠰᠠᠯᠠᠯᠲᠠ ᠶᠢᠨ ᠲᠤᠭ᠎ᠠ ᠪᠠᠷᠢᠮᠲᠠ ᠶᠢᠨ ᠮᠠᠲ᠋ᠧᠷᠢᠶᠠᠯ ᠢ ᠡᠮᠬᠢᠯᠡᠨ ᠨᠡᠶᠢᠯᠡᠭᠦᠯᠵᠦ ᠬᠥᠮᠥᠷᠭᠡ ᠳᠤ ᠣᠷᠣᠭᠤᠯᠬᠤ ᠶᠢ ᠲᠦᠷᠭᠡᠳᠬᠡᠬᠦ ᠬᠡᠷᠡᠭᠲᠡᠢ᠃ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠬᠦ ᠳᠤ ᠲᠦᠯᠬᠢᠵᠦ ᠤᠨᠠᠭᠠᠭᠠᠳ ᠳᠠᠬᠢᠨ ᠬᠢᠵᠦ ᠪᠣᠯᠬᠤ ᠦᠭᠡᠢ᠂ ᠬᠠᠷᠢᠨ ᠤᠤᠯ ᠤᠨ ᠳᠡᠩᠰᠡᠯᠡᠨ ᠲᠡᠮᠳᠡᠭᠯᠡᠭᠰᠡᠨ ᠲᠤᠭ᠎ᠠ ᠪᠠᠷᠢᠮᠲᠠ ᠶᠢ ᠬᠠᠮᠤᠭ ᠤᠨ ᠶᠡᠭᠡ ᠪᠠᠷ ᠠᠰᠢᠭᠯᠠᠵᠤ᠂ ᠣᠷᠣᠨ ᠪᠠᠶᠢᠷᠢ ᠶᠢ ᠦᠨᠳᠦᠰᠦᠯᠡᠨ ᠳᠣᠲᠣᠭᠠᠳᠤ ᠠᠵᠢᠯ ᠢ ᠵᠢᠷᠤᠭᠯᠠᠵᠤ᠂ ᠶᠡᠭᠡ ᠬᠡᠮᠵᠢᠶᠡᠨ ᠤ ᠭᠠᠳᠠᠭᠠᠳᠤ ᠠᠵᠢᠯ ᠢ ᠬᠢᠬᠦ ᠦᠭᠡᠢ ᠪᠠᠶᠢᠬᠤ ᠤᠷᠢᠲᠠᠯ ᠳᠣᠣᠷ᠎ᠠ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠦᠨ᠎ᠡ᠃      ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ ᠬᠥᠮᠥᠷᠭᠡ ᠳᠤ ᠣᠷᠣᠭᠤᠯᠬᠤ ᠬᠤᠭᠤᠴᠠᠭᠠᠨ ᠳᠤ᠂ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠲᠤᠰᠬᠠᠢ ᠬᠥᠮᠥᠨ ᠲᠣᠮᠢᠯᠠᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠬᠠᠮᠵᠢᠯᠴᠠᠭᠤᠯᠵᠤ᠂ ᠮᠠᠲ᠋ᠧᠷᠢᠶᠠᠯ ᠢ ᠰᠢᠯᠵᠢᠭᠦᠯᠦᠨ ᠲᠤᠰᠢᠶᠠᠭᠰᠠᠨ ᠰᠠᠭᠤᠷᠢᠨ ᠳᠡᠭᠡᠷ᠎ᠡ᠂ ᠲᠡᠦᠬᠡ ᠶᠢ ᠬᠦᠨᠳᠦᠳᠬᠡᠬᠦ᠂ ᠭᠦᠢᠴᠡᠳ ᠵᠠᠯᠭᠠᠮᠵᠢᠯᠠᠬᠤ ᠵᠠᠷᠴᠢᠮ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠲᠤᠭ᠎ᠠ ᠪᠠᠷᠢᠮᠲᠠ ᠶᠢ ᠵᠠᠳᠠᠯᠬᠤ᠂ ᠰᠣᠯᠢᠬᠤ᠂ ᠡᠮᠬᠢᠯᠡᠬᠦ᠂ ᠬᠥᠮᠥᠷᠭᠡ ᠳᠤ ᠣᠷᠣᠭᠤᠯᠬᠤ ᠵᠡᠷᠭᠡ ᠠᠵᠢᠯ ᠢ ᠥᠷᠨᠢᠭᠦᠯᠵᠦ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠳᠡᠪᠲᠡᠷ ᠪᠠ ᠦᠨᠡᠮᠯᠡᠯ ᠳᠤ ᠲᠡᠮᠳᠡᠭᠯᠡᠭᠰᠡᠨ ᠠᠭᠤᠯᠭ᠎ᠠ ᠨᠢ ᠳᠠᠭᠠᠭᠠᠴᠢᠯᠠᠯᠲᠠ ᠶᠢᠨ ᠭᠡᠷ᠎ᠡ ᠶᠢᠨ ᠠᠭᠤᠯᠭ᠎ᠠ ᠯᠤᠭ᠎ᠠ ᠨᠢᠭᠡᠳᠦᠯᠲᠡᠢ ᠪᠠᠶᠢᠬᠤ ᠶᠢ ᠦᠨᠡᠨᠬᠦ ᠪᠠᠲᠤᠯᠠᠵᠤ᠂ ᠣᠯᠠᠨ ᠲᠦᠮᠡᠨ ᠤ ᠭᠠᠵᠠᠷ ᠰᠢᠷᠣᠢ ᠳᠠᠭᠠᠭᠠᠴᠢᠯᠠᠬᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃      ︵ᠲᠠᠪᠤ︶ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠤᠨ᠎ᠠ      ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠣᠯᠣᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠲᠤᠰ ᠭᠠᠵᠠᠷ ᠤᠨ ᠰᠠᠭᠤᠷᠢ ᠨᠥᠬᠦᠴᠡᠯ ᠲᠠᠢ ᠪᠠᠨ ᠤᠶᠠᠯᠳᠤᠭᠤᠯᠵᠤ᠂ ᠮᠠᠲ᠋ᠧᠷᠢᠶᠠᠯ ᠤᠨ ᠵᠠᠭᠤᠴᠢ ᠶᠢᠨ ᠬᠡᠯᠪᠡᠷᠢ᠂ ᠬᠠᠳᠠᠭᠠᠯᠠᠬᠤ ᠬᠠᠮᠢᠶᠠᠷᠤᠯᠲᠠ ᠶᠢᠨ ᠠᠷᠭ᠎ᠠ ᠮᠠᠶ᠋ᠢᠭ᠂ ᠮᠡᠳᠡᠭᠡ ᠵᠠᠩᠭᠢᠵᠢᠯᠲᠠ ᠶᠢᠨ ᠬᠡᠮᠵᠢᠶ᠎ᠡ ᠵᠡᠷᠭᠡ ᠪᠣᠳᠠᠲᠠᠢ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠳᠠᠩᠰᠠᠯᠠᠯᠲᠠ ᠬᠢᠭᠡᠳ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠵᠤ᠂ ᠳᠠᠩᠰᠠᠯᠠᠯᠲᠠ ᠶᠢᠨ ᠮᠡᠳᠡᠭᠡ ᠵᠠᠩᠭᠢ ᠬᠢᠭᠡᠳ ᠳᠠᠭᠠᠭᠠᠴᠢᠯᠠᠯᠲᠠ ᠶᠢᠨ ᠭᠡᠷ᠎ᠡ᠂ ᠳᠠᠭᠠᠭᠠᠴᠢᠯᠠᠯᠲᠠ ᠶᠢᠨ ᠭᠠᠵᠠᠷ ᠤᠨ ᠡᠷᠭᠢᠯᠲᠡ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠷᠢᠯᠴᠠᠨ ᠨᠠᠪᠲᠠᠷᠡᠭᠦᠯᠵᠦ ᠬᠠᠮᠲᠤᠪᠠᠷ ᠭᠥᠷᠳᠡᠬᠦ ᠶᠢ ᠪᠡᠶᠡᠯᠡᠭᠦᠯᠦᠨ᠎ᠡ᠃      ᠨᠥᠬᠦᠴᠡᠯ ᠪᠦᠷᠢᠳᠦᠭᠦᠯᠦᠭᠰᠡᠨ ᠨᠢ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠪᠠᠷ ᠳᠠᠮᠵᠢᠭᠤᠯᠤᠨ ᠵᠠᠯᠭᠠᠭᠠᠰᠤ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠢ ᠢᠳᠡᠪᠬᠢᠲᠡᠢ ᠪᠠᠷ ᠰᠦᠪᠡᠭᠴᠢᠯᠡᠵᠦ᠂ ᠴᠠᠭ ᠲᠤᠬᠠᠢ ᠳᠤᠨᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠎ᠡ᠃ ᠡᠰᠡᠬᠦᠯ᠎ᠡ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠪᠠᠷ ᠳ᠋ᠠᠶᠢᠲ᠋ᠠ ᠶᠢ ᠴᠠᠭ ᠲᠤᠬᠠᠢ ᠳᠤᠨᠢ ᠪᠤᠶᠤ ᠲᠣᠭᠲᠠᠮᠠᠯ ᠬᠤᠭᠤᠴᠠᠭ᠎ᠠ ᠲᠠᠢ ᠪᠠᠷ ᠪᠥᠭᠡᠮ ᠢᠶᠠᠷ ᠬᠦᠷᠭᠡᠬᠦ ᠠᠷᠭ᠎ᠠ ᠮᠠᠶ᠋ᠢᠭ ᠢᠶᠠᠷ ᠬᠠᠮᠲᠤ ᠪᠠᠷ ᠡᠳ᠋ᠯᠡᠬᠦ ᠵᠢᠨᠥᠬᠦᠴᠡᠯ ᠪᠦᠷᠢᠯᠳᠦᠭᠦᠯᠦᠭᠰᠡᠨ ᠦᠭᠡᠢ ᠪᠠᠶᠢᠪᠠᠯ᠂ ᠲᠦᠷ ᠴᠠᠭ ᠲᠤᠭ᠎ᠠ ᠪᠠᠷᠢᠮᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠺᠣᠫᠢᠳᠠᠬᠤ ᠠᠷᠭ᠎ᠠ ᠮᠠᠶ᠋ᠢᠭ ᠢᠶᠠᠷ ᠬᠠᠮᠲᠤᠪᠠᠷ ᠬᠦᠷᠲᠡᠵᠦ ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠵᠦ ᠬᠠᠮᠲᠤᠪᠠᠷ ᠭᠥᠷᠳᠡᠬᠦ ᠭᠡᠷ᠎ᠡ ᠶᠢᠨ ᠮᠡᠳᠡᠭᠡ ᠵᠠᠩᠭᠢ ᠪᠠ ᠳᠠᠩᠰᠠᠯᠠᠯᠲᠠ ᠶᠢᠨ ᠮᠡᠳᠡᠭᠡ ᠵᠠᠩᠭᠢ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃      ︵ᠵᠢᠷᠭᠤᠭ᠎ᠠ︶ ᠳᠡᠩᠰᠡᠯᠡᠨ ᠲᠡᠮᠳᠡᠭᠯᠡᠬᠦ ᠴᠤᠪᠤᠷᠠᠯ ᠢ ᠡᠮᠬᠢᠯᠡᠵᠦ ᠳᠠᠬᠢᠨ ᠵᠣᠬᠢᠶᠠᠬᠤ      ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠲᠠᠢ ᠢᠳᠡᠪᠬᠢᠲᠡᠢ ᠪᠠᠷ ᠨᠡᠪᠲᠡᠷᠡᠯᠴᠡᠵᠦ᠂ ᠤᠤᠯ ᠤᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠪᠦᠷᠢᠳᠬᠡᠯ ᠤᠨ ᠶᠠᠪᠤᠴᠠ ᠶᠢᠨ ᠵᠢᠷᠤᠮᠵᠢᠯ ᠢ ᠡᠮᠬᠢᠯᠡᠭᠰᠡᠨ ᠰᠠᠭᠤᠷᠢᠨ ᠳᠡᠭᠡᠷ᠎ᠡ ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠰᠢᠯᠵᠢᠭᠦᠯᠦᠨ ᠲᠤᠰᠢᠶᠠᠭᠰᠠᠨ ᠪᠠ ᠬᠠᠮᠲᠤᠪᠠᠷ ᠡᠳ᠋ᠯᠡᠭᠰᠡᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠪᠦᠷᠢᠳᠬᠡᠯ ᠤᠨ ᠲᠤᠭ᠎ᠠ ᠪᠠᠷᠢᠮᠲᠠ ᠶᠢᠨ ᠬᠥᠮᠥᠷᠭᠡ ᠪᠣᠯᠣᠨ ᠨᠤᠲᠠᠯᠠᠭᠰᠠᠨ ᠤ ᠳᠠᠷᠠᠭᠠᠬᠢ ᠭᠡᠷ᠎ᠡ ᠶᠢ ᠦᠨᠳᠦᠰᠦᠯᠡᠵᠦ᠂ ︽ᠥᠯᠥ ᠬᠥᠳᠡᠯᠬᠦ ᠬᠥᠷᠥᠩᠭᠡ  ᠶᠢᠨ ᠳᠠᠩᠰᠠᠯᠠᠯᠲᠠ  ᠶᠢᠨ ᠲᠦᠷ ᠬᠡᠷᠡᠭᠵᠢᠭᠦᠯᠬᠦ ᠳᠦᠷᠢᠮ︾ ︽ᠥᠯᠥ ᠬᠥᠳᠡᠯᠬᠦ ᠬᠥᠷᠥᠩᠭᠡ  ᠶᠢᠨ ᠳᠠᠩᠰᠠᠯᠠᠯᠲᠠ  ᠶᠢᠨ ᠲᠦᠷ ᠬᠡᠷᠡᠭᠵᠢᠭᠦᠯᠬᠦ ᠳᠦᠷᠢᠮ  ᠢ ᠬᠡᠷᠡᠭᠵᠢᠭᠦᠯᠬᠦ ᠨᠠᠷᠢᠨ ᠳᠦᠷᠢᠮ︾ ︽ᠥᠯᠥ ᠬᠥᠳᠡᠯᠬᠦ ᠬᠥᠷᠥᠩᠭᠡ  ᠶᠢᠨ ᠳᠠᠩᠰᠠᠯᠠᠯᠲᠠ  ᠶᠢᠨ ᠠᠵᠢᠯᠯᠠᠭᠠᠨ ᠤ ᠵᠢᠷᠤᠮᠵᠢᠯ ︵ᠲᠤᠷᠰᠢᠨ ᠬᠡᠷᠡᠭᠵᠢᠭᠦᠯᠬᠦ︶︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠳᠠᠩᠰᠠᠯᠠᠬᠤ ᠲᠥᠷᠥᠯ ᠬᠡᠯᠪᠡᠷᠢ ᠶᠢ ᠵᠣᠯᠭᠠᠭᠤᠯᠬᠤ᠂ ᠭᠤᠶᠤᠴᠢᠯᠠᠬᠤ ᠠᠷᠭ᠎ᠠ ᠮᠠᠶ᠋ᠢᠭ᠂ ᠴᠢᠬᠤᠯᠠ ᠨᠥᠬᠦᠴᠡᠯ ᠤᠨ ᠮᠠᠲ᠋ᠧᠷᠢᠶᠠᠯ ᠵᠡᠷᠭᠡ ᠲᠠᠯ᠎ᠠ ᠪᠠᠷ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠳᠡᠩᠰᠡᠯᠡᠨ ᠲᠡᠮᠳᠡᠭᠯᠡᠬᠦ ᠴᠤᠪᠤᠷᠠᠯ ᠢ ᠰᠢᠯᠢᠳᠡᠭᠵᠢᠭᠦᠯᠬᠦ᠂ ᠳᠠᠬᠢᠨ ᠵᠣᠬᠢᠶᠠᠬᠤ ᠪᠠ ᠨᠠᠷᠢᠯᠢᠭᠵᠢᠭᠤᠯᠬᠤ ᠠᠵᠢᠯ ᠢ ᠥᠷᠨᠢᠭᠦᠯᠵᠦ᠂ ᠬᠡᠷᠡᠭ ᠶᠠᠪᠤᠳᠠᠯ ᠢ ᠲᠥᠷᠥᠯ ᠬᠤᠪᠢᠶᠠᠬᠤ᠂ ᠭᠦᠢᠴᠡᠳᠬᠡᠬᠦ ᠴᠤᠪᠤᠷᠠᠯ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ᠂ ᠬᠢᠨᠠᠨ ᠪᠠᠶᠢᠴᠠᠭᠠᠬᠤ ᠴᠢᠬᠤᠯᠠ ᠨᠥᠬᠦᠴᠡᠯ᠂ ᠬᠢᠨᠠᠨ ᠪᠠᠶᠢᠴᠠᠭᠠᠬᠤ ᠠᠭᠤᠯᠭ᠎ᠠ᠂ ᠬᠦᠰᠦᠨᠦᠭ ᠬᠠᠭᠤᠳᠠᠰᠤ ᠵᠢᠷᠤᠭ ᠳᠦᠷᠢᠮ᠂ ᠬᠠᠲᠠᠭᠤ ᠴᠢᠨᠠᠷᠲᠠᠢ ᠬᠦᠴᠦᠨ ᠵᠦᠢᠯ ᠵᠡᠷᠭᠡ ᠠᠭᠤᠯᠭ᠎ᠠ ᠶᠢ ᠨᠢᠭᠡᠳᠬᠡᠵᠦ᠂ ᠪᠠᠷᠢᠮᠵᠢᠶᠠᠵᠢᠭᠤᠯᠤᠭᠰᠠᠨ ᠵᠠᠭᠪᠤᠷ ᠢ ᠪᠣᠶ ᠪᠣᠯᠭᠠᠵᠤ᠂ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ ᠳᠡᠩᠰᠡᠯᠡᠨ ᠲᠡᠮᠳᠡᠭᠯᠡᠬᠦ ᠲᠠᠪᠴᠠᠩ ᠳᠤ ᠳᠡᠩᠰᠡᠯᠡᠨ ᠦᠨᠡᠮᠯᠡᠯ ᠣᠯᠭᠤᠨ᠎ᠠ᠃      ︵ᠲᠤᠯᠤᠭ᠎ᠠ︶ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠳᠠᠩᠰᠠᠯᠠᠵᠤ ᠦᠨᠡᠮᠯᠡᠯ ᠣᠯᠭᠤᠬᠤ ᠠᠵᠢᠯ ᠢ ᠯᠠᠪᠳᠠᠭᠤᠨ ᠢᠶᠠᠷ ᠥᠷᠨᠢᠭᠦᠯᠦᠨ᠎ᠡ      ᠡᠯ᠎ᠡ ᠰᠠᠯᠠᠭ᠎ᠠ ᠮᠥᠴᠢᠷ ᠤᠳ ︽ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠲᠣᠭᠲᠠᠭᠤᠨ ᠪᠠᠶᠢᠯᠭᠠᠬᠤ ᠶᠢᠨ ᠬᠠᠮᠲᠤ ᠣᠷᠳᠣ ᠬᠤᠭᠤᠴᠠᠭ᠎ᠠ ᠪᠠᠷ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠢᠭᠡᠨᠲᠡ ᠣᠯᠭᠤᠭᠰᠠᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠢ ᠰᠢᠨ᠎ᠡ ᠳᠠᠭᠠᠭᠠᠴᠢᠯᠠᠯᠲᠠ ᠶᠢᠨ ᠬᠤᠭᠤᠴᠠᠭᠠᠨ ᠳᠤ ᠦᠷᠭᠦᠯᠵᠢᠯᠡᠨ ᠬᠦᠴᠦᠨ ᠲᠠᠢ ᠪᠥᠭᠡᠳ ᠬᠤᠪᠢᠷᠠᠭᠤᠯᠬᠤ ᠦᠭᠡᠢ ᠪᠠᠷ ᠰᠣᠯᠢᠬᠤ ᠦᠭᠡᠢ ᠪᠠᠶᠢᠬᠤ ᠬᠡᠷᠡᠭᠲᠡᠢ᠃ ᠤᠷᠲᠤᠳᠬᠠᠨ ᠳᠠᠭᠠᠭᠠᠴᠢᠯᠠᠭᠤᠯᠬᠤ ᠳᠤᠮᠳᠠ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠤᠭᠤᠴᠠᠭ᠎ᠠ ᠶᠢᠨ ᠬᠤᠪᠢᠷᠠᠯᠲᠠ ᠠᠴᠠ ᠪᠣᠯᠵᠤ ᠰᠢᠭᠤᠳ ᠦᠷᠭᠦᠯᠵᠢᠯᠡᠭᠰᠡᠨ ᠪᠠᠶᠢᠪᠠᠯ ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠤᠷᠲᠤᠳᠬᠠᠨ ᠳᠠᠭᠠᠭᠠᠴᠢᠯᠠᠭᠤᠯᠬᠤ ᠭᠡᠷ᠎ᠡ ᠶᠢ ᠵᠣᠬᠢᠶᠠᠨ ᠪᠠᠶᠢᠭᠤᠯᠵᠤ ᠲᠣᠭᠲᠠᠭᠠᠭᠰᠠᠨ ᠤ ᠲᠠᠷᠠᠭ᠎ᠠ ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠤᠷᠲᠤᠳᠬᠠᠨ ᠳᠠᠭᠠᠭᠠᠴᠢᠯᠠᠭᠤᠯᠬᠤ ᠭᠡᠷ᠎ᠡ ᠶᠢ ᠦᠨᠳᠦᠰᠦᠯᠡᠨ ᠳᠠᠩᠰᠠᠯᠠᠯᠲᠠ ᠶᠢᠨ ᠳᠡᠪᠲᠡᠷ ᠲᠤ ᠵᠣᠬᠢᠴᠠᠩᠭᠤᠢ ᠬᠤᠪᠢᠷᠠᠯᠲᠠ ᠭᠠᠷᠭᠠᠵᠤ ᠂ ᠤᠤᠯ ᠤᠨ ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠳᠡᠭᠡᠷ᠎ᠡ ᠲᠡᠮᠳᠡᠭᠯᠡᠵᠦ ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠤᠰᠬᠠᠢ ᠲᠠᠮᠠᠭ᠎ᠠ ᠶᠢ ᠳᠠᠷᠤᠨ᠎ᠠ᠃ ᠬᠠᠷᠢᠯᠴᠠᠨ ᠰᠣᠯᠢᠬᠤ᠂ ᠰᠢᠯᠵᠢᠭᠦᠯᠦᠨ ᠥᠭᠬᠦ ᠳᠤ ᠬᠤᠯᠪᠣᠭᠳᠠᠪᠠᠯ᠂ ︽ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︾ ᠢ ᠣᠯᠭᠤᠵᠤ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠳᠤ ᠲᠡᠮᠳᠡᠭᠯᠡᠭᠰᠡᠨ ᠠᠭᠤᠯᠭ᠎ᠠ ᠶᠢ ᠤᠤᠯ ᠤᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠤᠨ ᠠᠭᠤᠯᠭ᠎ᠠ ᠯᠤᠭ᠎ᠠ ᠵᠣᠯᠭᠠᠭᠤᠯᠤᠨ ᠨᠢᠭᠡᠳᠦᠯᠲᠡᠢ ᠪᠠᠶᠢᠯᠭᠠᠬᠤ ᠬᠡᠷᠡᠭᠲᠡᠢ ︵ᠦᠨᠡᠮᠯᠡᠯ ᠤᠨ ᠶᠠᠩᠵᠤ ᠬᠡᠯᠪᠡᠷᠢ ᠶᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ  ᠠᠴᠠ ᠠᠰ ᠲᠤᠨᠢ ᠨᠡᠶᠢᠲᠡᠯᠡᠨ᠎ᠡ︶᠃      ︵ᠨᠠᠢᠮᠠ︶ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠭᠰᠡᠨ ᠦᠷ᠎ᠡ ᠪᠦᠲᠦᠭᠡᠯ ᠢ ᠰᠢᠯᠵᠢᠭᠦᠯᠦᠨ ᠲᠤᠰᠢᠶᠠᠬᠤ ᠵᠢᠴᠢ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠠᠵᠢᠯ ᠢ ᠵᠣᠯᠭᠠᠭᠤᠯᠬᠤ ᠵᠦᠢᠯᠡᠰ ᠢ ᠢᠳᠡᠪᠬᠢᠲᠡᠢ ᠪᠠᠷ ᠠᠬᠢᠭᠤᠯᠤᠨ᠎ᠠ      ᠡᠯ᠎ᠡ ᠰᠠᠯᠠᠭ᠎ᠠ ᠮᠥᠴᠢᠷ ᠤᠳ ᠪᠣᠳᠠᠲᠠᠢ ᠲᠠᠢ ᠪᠠᠨ ᠤᠶᠠᠯᠳᠤᠭᠤᠯᠤᠨ᠂ ᠨᠥᠬᠦᠴᠡᠯ ᠪᠦᠷᠢᠯᠳᠦᠭᠦᠯᠦᠭᠰᠡᠨ ᠪᠠᠶᠢᠳᠠᠯ ᠳᠣᠣᠷ᠎ᠠ᠂ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ ᠳᠠᠩᠰᠠᠯᠠᠯᠲᠠ ᠬᠢᠭᠡᠳ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ ᠵᠣᠯᠭᠠᠭᠤᠯᠬᠤ ᠠᠵᠢᠯ ᠤᠨ ᠵᠠᠭᠪᠤᠷ ᠢᠶᠠᠷ ᠯᠠᠪᠯᠠᠯᠲᠠ ᠪᠣᠯᠭᠠᠵᠤ᠂ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠬᠢᠭᠡᠳ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ ᠵᠣᠯᠭᠠᠭᠤᠯᠬᠤ ᠠᠵᠢᠯ ᠢ ᠥᠷᠨᠢᠭᠦᠯᠬᠦ ᠬᠡᠷᠡᠭᠲᠡᠢ᠃ ᠲᠦᠷ ᠨᠥᠬᠦᠴᠡᠯ ᠪᠦᠷᠢᠯᠳᠦᠭᠦᠯᠦᠭᠡᠳᠦᠢ ᠪᠣᠯ ᠬᠠᠮᠢᠶ᠎ᠠ ᠪᠦᠬᠦᠢ ᠦᠷ᠎ᠡ ᠪᠦᠲᠦᠭᠡᠯ ᠤᠨ ᠮᠠᠲ᠋ᠧᠷᠢᠶᠠᠯ ᠢ ᠦᠷᠭᠦᠯᠵᠢᠯᠡᠨ ᠡᠮᠬᠢᠳᠬᠡᠨ ᠲᠡᠭᠦᠯᠳᠡᠷᠵᠢᠭᠦᠯᠵᠦ᠂ ᠱᠠᠭᠠᠷᠳᠠᠯᠭ᠎ᠠ ᠳᠤ ᠨᠡᠶᠢᠴᠡᠭᠰᠡᠨ ᠤ ᠳᠠᠷᠠᠭ᠎ᠠ ᠵᠣᠯᠭᠠᠭᠤᠯᠬᠤ ᠠᠵᠢᠯ ᠢ ᠥᠷᠨᠢᠭᠦᠯᠬᠦ ᠬᠡᠷᠡᠭᠲᠡᠢ᠃      ᠳᠥᠷᠪᠡ᠂ ᠴᠠᠭ ᠤᠨ ᠲᠣᠬᠢᠷᠠᠭᠤᠯᠤᠯᠲᠠ      ︵ᠨᠢᠭᠡ︶ ᠦᠷ᠎ᠡ ᠪᠦᠲᠦᠭᠡᠯ ᠤᠨ ᠮᠠᠲ᠋ᠧᠷᠢᠶᠠᠯ ᠢ ᠡᠮᠬᠢᠳᠬᠡᠨ ᠲᠡᠭᠦᠯᠳᠡᠷᠵᠢᠭᠦᠯᠬᠦ ᠬᠡᠷᠡᠭᠲᠡᠢ ︵2023 ᠣᠨ ᠤ 1 ᠳ᠋ᠦ᠋ᠭᠡᠷ ᠰᠠᠷ᠎ᠠ ︱ 2023 ᠣᠨ ᠤ 3 ᠳ᠋ᠤᠭᠠᠷ ᠰᠠᠷ᠎ᠠ︶      ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠭᠰᠡᠨ ᠦᠷ᠎ᠡ ᠪᠦᠲᠦᠭᠡᠯ ᠤᠨ ᠮᠠᠲ᠋ᠧᠷᠢᠶᠠᠯ ᠢ ᠡᠮᠬᠢᠯᠡᠬᠦ ᠪᠠ ᠲᠡᠭᠦᠯᠳᠡᠷᠵᠢᠭᠦᠯᠵᠦ᠂ ᠪᠦᠷᠢᠨ ᠪᠦᠲᠦᠨ᠂ ᠶᠠᠰᠤ ᠴᠢᠨᠠᠷ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠭᠰᠡᠨ ᠦᠷ᠎ᠡ ᠪᠦᠲᠦᠭᠡᠯ ᠤᠨ ᠳ᠋ᠠᠶᠢᠲ᠋ᠠ ᠬᠥᠮᠥᠷᠭᠡ ᠵᠢᠴᠢ ᠪᠦᠷᠢᠨ ᠪᠦᠲᠦᠨ ᠵᠢᠷᠤᠮᠵᠢᠭᠰᠠᠨ ᠴᠠᠭᠠᠰᠤᠨ ᠮᠠᠲ᠋ᠧᠷᠢᠶᠠᠯ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃      ︵ᠬᠤᠶᠠᠷ︶ ᠦᠷ᠎ᠡ ᠪᠦᠲᠦᠭᠡᠯ ᠤᠨ ᠮᠠᠲ᠋ᠧᠷᠢᠶᠠᠯ ᠢ ᠰᠢᠯᠵᠢᠭᠦᠯᠦᠨ ᠲᠤᠰᠢᠶᠠᠬᠤ ︵2023 ᠣᠨ ᠤ 4 ᠳ᠋ᠦ᠋ᠭᠡᠷ ᠰᠠᠷ᠎ᠠ ︱ 12 ᠳ᠋ᠤᠭᠠᠷ ᠰᠠᠷ᠎ᠠ︶      ᠡᠯ᠎ᠡ ᠰᠠᠯᠠᠭ᠎ᠠ ᠮᠥᠴᠢᠷ ᠨᠢ 2023 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠣᠰ ᠱᠠᠲᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠲᠣᠭᠲᠠᠭᠠᠭᠰᠠᠨ ᠳ᠋ᠠᠶᠢᠲ᠋ᠠ ᠬᠥᠮᠥᠷᠭᠡ ᠪᠠ ᠴᠠᠭᠠᠰᠤᠨ ᠲᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠠᠵᠢᠯ ᠢ ᠪᠡᠶᠡᠯᠡᠭᠦᠯᠵᠦ᠂ ᠭᠥᠯᠢᠶᠡᠨ ᠠᠪᠤᠭᠰᠠᠨ ᠨᠢᠭᠡᠴᠡ ᠨᠢ ᠳ᠋ᠠᠶᠢᠲ᠋ᠠ ᠬᠥᠮᠥᠷᠭᠡ ᠪᠠ ᠴᠠᠭᠠᠰᠤᠨ ᠲᠠᠩᠰᠠ ᠡᠪᠬᠡᠮᠡᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ ᠬᠦᠴᠦᠨ ᠪᠦᠬᠦᠢ ᠴᠢᠨᠠᠷ ᠲᠤ ᠪᠠᠶᠢᠴᠠᠭᠠᠯᠲᠠ ᠬᠢᠵᠦ᠂ ᠰᠢᠯᠵᠢᠭᠦᠯᠦᠨ ᠲᠤᠰᠢᠶᠠᠬᠤ ᠨᠠᠷᠢᠨ ᠬᠠᠭᠤᠳᠠᠰᠤ ᠶᠢ ᠪᠣᠶ ᠪᠣᠯᠭᠠᠵᠤ᠂ ᠰᠢᠯᠵᠢᠭᠦᠯᠦᠨ ᠲᠤᠰᠢᠶᠠᠭᠰᠠᠨ ᠲᠤᠭ᠎ᠠ ᠪᠠᠷᠢᠮᠲᠠ ᠵᠢᠴᠢ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠮᠠᠲ᠋ᠧᠷᠢᠶᠠᠯ ᠢ ᠨᠢᠭᠡᠨᠲᠡ ᠲᠣᠰ ᠱᠠᠲᠤᠨ ᠤ ᠲᠠᠩᠰᠠ ᠡᠪᠬᠡᠮᠡᠯ ᠤᠨ ᠣᠷᠳᠣᠨ ᠳᠤ ᠰᠢᠯᠵᠢᠭᠦᠯᠦᠨ ᠲᠤᠰᠢᠶᠠᠭᠰᠠᠨ ᠪᠠᠶᠢᠪᠠᠯ᠂ ᠲᠣᠰ ᠱᠠᠲᠤᠨ ᠤ ᠲᠠᠩᠰᠠ ᠡᠪᠬᠡᠮᠡᠯ ᠤᠨ ᠣᠷᠳᠣᠨ ᠬᠠᠮᠵᠢᠯᠴᠠᠨ ᠬᠠᠮᠢᠶ᠎ᠠ ᠪᠦᠬᠦᠢ ᠦᠷ᠎ᠡ ᠪᠦᠲᠦᠭᠡᠯ ᠤᠨ ᠮᠠᠲ᠋ᠧᠷᠢᠶᠠᠯ ᠢ ᠰᠢᠯᠵᠢᠭᠦᠯᠦᠨ ᠲᠤᠰᠢᠶᠠᠬᠤ ᠬᠡᠷᠡᠭᠲᠡᠢ᠃      ︵ᠭᠤᠷᠪᠠ︶ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ ᠬᠥᠮᠥᠷᠭᠡ ᠳᠤ ᠣᠷᠣᠭᠤᠯᠬᠤ ᠪᠠ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠤᠨ᠎ᠠ ︵2024 ᠣᠨ ᠤ 1 ᠳ᠋ᠦ᠋ᠭᠡᠷ ᠰᠠᠷ᠎ᠠ ︱ 6 ᠳ᠋ᠤᠭᠠᠷ ᠰᠠᠷ᠎ᠠ︶      ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠨᠤᠭᠤᠳ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠢᠳᠡᠪᠬᠢᠲᠡᠢ ᠪᠠᠷ ᠬᠠᠮᠵᠢᠯᠴᠠᠨ ᠂ ᠰᠢᠯᠵᠢᠭᠦᠯᠦᠨ ᠲᠤᠰᠢᠶᠠᠭᠰᠠᠨ ᠮᠠᠲ᠋ᠧᠷᠢᠶᠠᠯ ᠢ ᠡᠮᠬᠢᠯᠡᠨ ᠨᠡᠶᠢᠯᠡᠭᠦᠯᠵᠦ ᠬᠥᠮᠥᠷᠭᠡ ᠳᠦ ᠣᠷᠣᠭᠤᠯᠬᠤ ᠠᠵᠢᠯ ᠢ 2024 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠬᠦ ᠶᠢᠨ ᠬᠠᠮᠲᠤ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠤᠨ ᠳᠣᠣᠷ᠎ᠠ᠂ ᠲᠣᠬᠢᠷᠠᠮᠵᠢᠲᠠᠢ ᠠᠷᠭ᠎ᠠ ᠮᠠᠶ᠋ᠢᠭ ᠢ ᠰᠣᠩᠭᠤᠵᠤ ᠪᠠᠶᠢᠭᠠᠳ ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠳᠠᠩᠰᠠᠯᠠᠬᠤ ᠬᠢᠭᠡᠳ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤᠪᠠᠷ ᠠ⌳ᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ ᠃       ︵ᠳᠥᠷᠪᠡ︶ ᠳᠠᠩᠰᠠᠯᠠᠯᠲᠠ ᠶᠢᠨ ᠶᠠᠪᠤᠴᠠ ᠶᠢ ᠡᠮᠬᠢᠯᠡᠨ ᠲᠢᠭᠯᠡᠵᠦ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠲᠠᠩᠰᠠᠯᠠᠵᠤ ᠦᠨᠡᠮᠯᠡᠯ ᠣᠯᠭᠤᠬᠤ ᠠᠵᠢᠯ ᠢ ᠯᠠᠪᠳᠠᠭᠤᠨ ᠢᠶᠠᠷ ᠥᠷᠨᠢᠭᠦᠯᠦᠨ᠎ᠡ ︵2024 ᠣᠨ ᠤ 7 ᠰᠠᠷ᠎ᠠ ᠠᠴᠠ 12 ᠰᠠᠷ᠎ᠠ︶      ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠵᠢᠯ ᠤᠨ ᠪᠣᠳᠠᠲᠤ ᠪᠠᠶᠢᠳᠠᠯ  ᠲᠠᠢ ᠪᠠᠨ ᠤᠶᠠᠯᠳᠤᠭᠤᠯᠤᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠯᠤᠭ᠎ᠠ ᠢᠳᠡᠪᠬᠢᠲᠡᠢ ᠪᠠᠷ ᠨᠡᠪᠲᠡᠷᠡᠯᠴᠡᠵᠦ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠣᠯᠠᠨ ᠲᠦᠮᠡᠨ ᠤ ︽ᠨᠢᠭᠡ ᠶᠠᠪᠤᠳᠠᠯ ᠢ ᠰᠠᠶᠢᠲᠤᠷ ᠬᠢᠬᠦ︾ ᠪᠠᠷ ᠪᠠᠷᠢᠮᠵᠢᠶ᠎ᠠ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠳᠠᠩᠰᠠᠯᠠᠯᠲᠠ ᠶᠢᠨ ᠴᠤᠪᠤᠷᠠᠯ ᠢ ᠰᠢᠯᠢᠳᠡᠭᠵᠢᠭᠦᠯᠬᠦ᠂ ᠳᠠᠬᠢᠨ ᠵᠣᠬᠢᠶᠠᠬᠤ ᠪᠠ ᠨᠠᠷᠢᠯᠢᠭᠵᠢᠭᠤᠯᠬᠤ ᠶᠢ 2024 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ ᠳᠠᠩᠰᠠᠯᠠᠯᠲᠠ ᠳᠤ ᠣᠷᠣᠭᠤᠯᠵᠤ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠠᠪᠴᠠᠩ ᠳᠤ ᠳᠡᠩᠰᠡᠯᠡᠨ ᠦᠨᠡᠮᠯᠡᠯ ᠣᠯᠭᠤᠬᠤ ᠶᠢ ᠪᠡᠶᠡᠯᠡᠭᠦᠯᠦᠨ᠎ᠡ᠃      ᠲᠠᠪᠤ ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ      ᠮᠠᠨ ᠤ ᠰᠢᠶᠠᠨ ᠤ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ ᠳᠠᠩᠰᠠᠯᠠᠯᠲᠠ ᠬᠢᠭᠡᠳ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ ᠵᠣᠯᠭᠠᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠶᠢᠨ ᠲᠤᠰᠠᠳᠠ᠂ ᠲᠣᠰ ᠱᠠᠲᠤᠨ ᠤ ᠵᠢᠯᠤᠭᠤᠳᠬᠤ ᠳᠤᠭᠤᠶᠢᠯᠠᠩ ᠢ ᠪᠠᠶᠢᠭᠤᠯᠤᠨ᠎ᠠ᠂ ᠪᠦᠷᠢᠯᠳᠦᠭᠦᠨ ᠨᠢ ᠳᠣᠣᠷᠠᠬᠢ ᠮᠡᠲᠦ᠄      ᠸᠠᠩ ᠵᠢᠶᠦ᠋ᠨ ᠵᠢᠶᠧ   ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠭᠡᠰᠢᠭᠦᠨ      ᠵᠣᠣ ᠢᠦᠢ ᠯᠦᠩ     ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠥᠳᠡᠭᠡ ᠲᠣᠰᠬᠤᠨ ᠤ ᠡᠵᠡᠩᠨᠡᠯᠲᠡ ᠬᠠᠮᠢᠶᠠᠷᠤᠯᠲᠠ  ᠶᠢᠨ ᠲᠥᠪ ᠤᠨ ᠡᠷᠬᠢᠯᠡᠭᠴᠢ      ᠸᠠᠩ ᠵᠢᠶᠦ᠋ᠨ        ᠰᠢᠶᠠᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ      ᠰᠦ ᠯᠧᠢ           ᠰᠢᠶᠠᠨ ᠤ ᠪᠠᠶᠢᠭᠠᠯᠢ  ᠶᠢᠨ ᠡᠬᠢ ᠪᠠᠶᠠᠯᠢᠭ ᠤᠨ ᠲᠣᠪᠴᠢᠶᠠᠨ ᠤ ᠥᠯᠥ ᠬᠥᠳᠡᠯᠬᠦ ᠬᠥᠷᠥᠩᠭᠡ  ᠶᠢᠨ ᠲᠦᠪ ᠦᠨ ᠳᠡᠳ᠋ ᠡᠷᠬᠢᠯᠡᠭᠴᠢ      ᠵᠧᠦ ᠭᠧᠨ          ᠰᠢᠶᠠᠨ ᠤ ᠬᠥᠳᠡᠭᠡ ᠲᠣᠰᠬᠤᠨ ᠤ ᠡᠵᠡᠩᠨᠡᠯᠲᠡ ᠬᠠᠮᠢᠶᠠᠷᠤᠯᠲᠠ ᠶᠢᠨ ᠲᠥᠪ ᠤᠨ ᠳᠡᠳ᠋ ᠡᠷᠬᠢᠯᠡᠭᠴᠢ      ᠭᠤᠤ ᠬᠤᠸᠠ        ᠰᠢᠶᠠᠨ ᠤ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ      ᠵᠢᠯᠤᠭᠤᠳᠬᠤ ᠳᠤᠭᠤᠶᠢᠯᠠᠩ ᠳᠤ ᠬᠤᠯᠪᠣᠭᠠᠴᠢᠨ ᠭᠠᠷᠭᠠᠵᠤ ᠂ ᠸᠠᠩ ᠵᠢᠶᠦ᠋ᠨ ᠵᠢᠶ᠋ᠧ ᠨᠥᠬᠦᠷ ᠢᠶᠠᠷ ᠬᠠᠷᠢᠭᠤᠴᠠᠭᠤᠯᠤᠨ᠎ᠠ ᠃      ᠵᠢᠷᠭᠤᠭ᠎ᠠ᠂ ᠠᠵᠢᠯ ᠤᠨ ᠱᠠᠭᠠᠷᠳᠠᠯᠭ᠎ᠠ      ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠢᠭᠲᠠ ᠬᠠᠮᠵᠢᠯᠴᠠᠨ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠪᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ᠋ ᠶᠣᠰᠣᠭᠠᠷ᠂ ᠲᠤᠭ᠎ᠠ ᠪᠠᠷᠢᠮᠲᠠ ᠶᠢ ᠡᠮᠬᠢᠯᠡᠵᠦ ᠲᠡᠭᠦᠯᠳᠡᠷᠵᠢᠭᠦᠯᠬᠦ ᠪᠠ ᠰᠢᠯᠵᠢᠭᠦᠯᠦᠨ ᠲᠤᠰᠢᠶᠠᠬᠤ ᠠᠵᠢᠯ ᠢ ᠰᠠᠶᠢᠲᠤᠷ ᠬᠢᠵᠦ᠂ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ ᠳᠠᠩᠰᠠᠯᠠᠯᠲᠠ ᠬᠢᠭᠡᠳ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠡᠮᠬᠢ ᠵᠢᠷᠤᠮ ᠲᠠᠢ ᠵᠣᠯᠭᠠᠯᠳᠤᠬᠤ ᠶᠢ ᠦᠨᠡᠨᠬᠦ ᠪᠠᠲᠤᠯᠠᠬᠤ ᠬᠡᠷᠡᠭᠲᠡᠢ᠃      ︵ᠬᠤᠶᠠᠷ︶ ᠪᠣᠳᠠᠲᠠᠢ ᠲᠠᠢ ᠪᠠᠨ ᠤᠶᠠᠯᠳᠤᠭᠤᠯᠤᠨ᠂ ᠠᠵᠢᠯ ᠤᠨ ᠵᠠᠷᠤᠳᠠᠯ ᠢ ᠲᠣᠭᠲᠠᠭᠠᠨ᠎ᠠ᠃ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠨᠢ ᠲᠤᠭ᠎ᠠ ᠪᠠᠷᠢᠮᠲᠠ ᠶᠢ ᠡᠮᠬᠢᠯᠡᠨ ᠲᠡᠭᠦᠯᠳᠡᠷᠵᠢᠭᠦᠯᠵᠦ᠂ ᠡᠮᠬᠢᠯᠡᠨ ᠨᠡᠶᠢᠯᠡᠭᠦᠯᠵᠦ ᠬᠥᠮᠥᠷᠭᠡ ᠳᠤ ᠣᠷᠣᠭᠤᠯᠬᠤ ᠵᠢᠴᠢ ᠰᠢᠰᠲ᠋ᠧᠮ ᠢ ᠵᠣᠯᠭᠠᠭᠤᠯᠬᠤ ᠠᠵᠢᠯ ᠤᠨ ᠬᠡᠮᠵᠢᠶ᠎ᠡ ᠶᠢ ᠦᠨᠳᠦᠰᠦᠯᠡᠨ᠂ ᠠᠵᠢᠯ ᠤᠨ ᠵᠠᠷᠤᠳᠠᠯ ᠢ ᠵᠦᠢ ᠵᠣᠬᠢᠰᠲᠠᠢ ᠲᠣᠭᠲᠠᠭᠠᠵᠤ᠂ ᠠᠳᠠᠯᠢ ᠱᠠᠲᠤᠨ ᠤ ᠡᠳ᠋ ᠤᠨ ᠵᠠᠰᠠᠭ ᠤᠨ ᠲᠣᠪᠴᠢᠶ᠎ᠠ ᠳᠤ ᠵᠠᠷᠤᠳᠠᠯ ᠤᠨ ᠭᠤᠶᠤᠴᠢᠯᠠᠯ ᠢ ᠢᠳᠡᠪᠬᠢᠲᠡᠢ ᠪᠠᠷ ᠳᠤᠷᠠᠳᠬᠤ ᠬᠡᠷᠡᠭᠲᠡᠢ᠃      ︵ᠭᠤᠷᠪᠠ︶ ᠤᠬᠠᠭᠤᠯᠭ᠎ᠠ ᠪᠠᠨ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ᠡᠯ᠎ᠡ ᠰᠠᠯᠠᠭ᠎ᠠ ᠮᠥᠴᠢᠷ ᠤᠳ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠤᠭ᠎ᠠ ᠪᠠᠷᠢᠮᠲᠠ ᠶᠢ ᠰᠢᠯᠵᠢᠭᠦᠯᠦᠨ ᠲᠤᠰᠢᠶᠠᠬᠤ ᠪᠠ ᠰᠢᠰᠲ᠋ᠧᠮ ᠢ ᠵᠣᠯᠭᠠᠭᠤᠯᠬᠤ ᠶᠠᠪᠤᠴᠠ ᠳᠠᠬᠢ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠲᠣᠭᠲᠠᠭᠤᠨ ᠪᠠᠶᠢᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠡᠳ᠋ ᠤᠨ ᠵᠠᠰᠠᠭ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠨᠡᠪᠲᠡᠷᠡᠯᠴᠡᠨ ᠵᠣᠯᠭᠠᠭᠤᠯᠵᠤ᠂ ᠨᠢᠭᠲᠠ ᠬᠠᠮᠵᠢᠯᠴᠠᠨ ᠬᠠᠮᠵᠢᠯᠴᠠᠵᠤ᠂ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ ᠢ ᠪᠠᠲᠤᠯᠠᠨ ᠪᠡᠶᠡᠯᠡᠭᠦᠯᠬᠦ ᠳᠤ ᠰᠠᠶᠢᠨ ᠰᠠᠶᠢᠬᠠᠨ ᠠᠵᠢᠯ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃
ᠢᠷᠡᠯᠲᠡ᠄ ᠲᠤᠰ ᠰᠦᠯᠵᠢᠶ᠎ᠡ