ᠦᠰᠦᠭ ᠪᠢᠴᠢᠭ ᠢᠶᠡᠷ ᠦᠭᠦᠯᠡᠭᠦᠢ᠌᠄ ︽ᠦᠶᠤᠸᠠᠨ ᠰᠢᠶᠠᠨ ᠤ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ ᠬᠢᠭᠡᠳ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ ᠵᠣᠯᠭᠠᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2023/3/27
      ᠨᠢᠭᠡ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠠᠬᠤᠢ ᠪᠠᠶᠢᠳᠠᠯ      ︵ᠨᠢᠭᠡ︶ ᠨᠡᠶᠢᠲᠡᠯᠡᠭᠰᠡᠨ ᠪᠢᠴᠢᠭ ᠮᠠᠲ᠋ᠧᠷᠢᠶᠠᠯ  ᠤᠨ ᠰᠢᠯᠲᠠᠭᠠᠨ᠄ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠦᠷᠢᠮ ᠢ ᠲᠡᠭᠦᠯᠳᠡᠷᠵᠢᠭᠦᠯᠬᠦ᠂ ᠡᠭᠦᠷᠭᠡ ᠴᠢᠳᠠᠪᠤᠷᠢ ᠶᠢ ᠨᠢᠭᠡᠳᠬᠡᠬᠦ᠂ ᠣᠯᠠᠨ ᠲᠦᠮᠡᠨ ᠳᠤ ᠳᠥᠭᠦᠮ ᠦᠵᠡᠭᠦᠯᠬᠦ᠂ ᠨᠢᠭᠡᠳᠦᠯᠲᠡᠢ ᠲᠥᠯᠥᠪᠯᠡᠵᠦ ᠨᠡᠶᠢᠲᠡ ᠳᠤᠨᠢ ᠬᠠᠷᠠᠭᠠᠯᠵᠠᠬᠤ᠂ ᠲᠣᠭᠲᠠᠭᠤᠨ ᠢᠶᠠᠷ ᠬᠡᠷᠡᠭᠵᠢᠭᠦᠯᠬᠦ ᠵᠠᠷᠴᠢᠮ ᠶᠣᠰᠣᠭᠠᠷ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠡᠯ᠎ᠡ ᠰᠤᠮᠤ ᠪᠠᠯᠭᠠᠰᠤ᠂ ᠬᠡᠷᠡᠭ ᠡᠷᠬᠢᠯᠡᠬᠦ ᠭᠠᠵᠠᠷ᠂ ᠲᠣᠰᠬᠤᠨ ᠳᠤᠭᠤᠶᠢᠯᠠᠩ ᠵᠡᠷᠭᠡ ᠦᠨᠳᠦᠰᠦᠨ ᠱᠠᠲᠤᠨ ᠤ ᠬᠦᠴᠦᠨ ᠢ ᠭᠦᠢᠴᠡᠳ ᠳᠠᠶᠢᠴᠢᠯᠠᠵᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠳᠠᠩᠰᠠᠯᠠᠭᠰᠠᠨ ᠦᠷ᠎ᠡ ᠪᠦᠲᠦᠭᠡᠯ ᠤᠨ ᠮᠠᠲ᠋ᠧᠷᠢᠶᠠᠯ ᠢ ᠡᠮᠬᠢᠳᠬᠡᠨ ᠲᠡᠭᠦᠯᠳᠡᠷᠵᠢᠭᠦᠯᠬᠦ ᠪᠠ ᠲᠤᠰᠢᠶᠠᠬᠤ ᠪᠠ ᠭᠥᠯᠢᠶᠡᠨ ᠠᠪᠬᠤ᠂ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ ᠬᠥᠮᠥᠷᠭᠡ ᠳᠤ ᠣᠷᠣᠭᠤᠯᠬᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠬᠤ ᠵᠡᠷᠭᠡ ᠠᠵᠢᠯ ᠢ ᠪᠡᠶᠡᠯᠡᠭᠦᠯᠵᠦ᠂ 2024 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ︵ᠲᠠᠷᠢᠶᠠᠴᠢᠳ ᠤᠨ ᠬᠠᠮᠲᠤ ᠶᠢᠨ ᠥᠮᠴᠢᠯᠡᠯ ᠤᠨ ᠪᠠ ᠲᠠᠷᠢᠶᠠᠴᠢᠳ ᠤᠨ ᠬᠠᠤᠯᠢ ᠶᠣᠰᠣᠭᠠᠷ ᠬᠠᠮᠲᠤ ᠪᠠᠷ ᠬᠡᠷᠡᠭᠯᠡᠵᠦ ᠪᠠᠶᠢᠭ᠎ᠠ ᠤᠯᠤᠰ ᠤᠨ ᠥᠮᠴᠢᠯᠡᠯ ᠤᠨ ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ ᠵᠢᠴᠢ ᠪᠤᠰᠤᠳ ᠬᠠᠤᠯᠢ ᠶᠣᠰᠣᠭᠠᠷ ᠲᠠᠷᠢᠶᠠᠯᠠᠩ ᠳᠤ ᠬᠡᠷᠡᠭᠯᠡᠵᠦ ᠪᠠᠶᠢᠭ᠎ᠠ ᠭᠠᠵᠠᠷ ᠰᠢᠷᠣᠢ ᠪᠠᠭᠲᠠᠨ᠎ᠠ︶ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ ᠳᠠᠩᠰᠠᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠳᠠᠩᠰᠠᠯᠠᠯᠲᠠ ᠬᠢᠭᠡᠳ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠠᠵᠢᠯ ᠤᠨ ᠡᠮᠬᠢ ᠵᠢᠷᠤᠮ ᠲᠠᠢ ᠵᠣᠯᠭᠠᠯᠳᠤᠬᠤ ᠶᠢ ᠪᠠᠲᠤᠯᠠᠨ᠎ᠠ᠃      ︵ᠬᠤᠶᠠᠷ︶ ᠨᠡᠶᠢᠲᠡᠯᠡᠭᠰᠡᠨ ᠪᠢᠴᠢᠭ ᠮᠠᠲ᠋ᠧᠷᠢᠶᠠᠯ ᠤᠨ ᠦᠨᠳᠦᠰᠦᠯᠡᠯ᠄ ︽ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠳᠠᠩᠰᠠᠯᠠᠭᠰᠠᠨ ᠦᠷ᠎ᠡ ᠪᠦᠲᠦᠭᠡᠯ ᠤᠨ ᠮᠠᠲ᠋ᠧᠷᠢᠶᠠᠯ ᠢ ᠭᠥᠯᠢᠶᠡᠨ ᠠᠪᠬᠤ ᠠᠵᠢᠯ ᠢ ᠰᠠᠶᠢᠲᠤᠷ ᠬᠢᠬᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠢ ᠦᠨᠳᠦᠰᠦᠯᠡᠪᠡᠯ ︵ᠪᠠᠶᠢᠭᠠᠯᠢ ᠶᠢᠨ ᠡᠬᠢ ᠪᠠᠶᠠᠯᠢᠭ ᠠᠯᠪᠠᠨ ᠲᠠᠷᠬᠠᠭᠠᠭᠰᠠᠨ ﹇2020﹈ 20 ᠳ᠋ᠤᠭᠠᠷ ᠲᠣᠭᠠᠲᠤ︶ ︽ᠥᠯᠥ ᠬᠥᠳᠡᠯᠬᠦ ᠬᠥᠷᠥᠩᠭᠡ  ᠶᠢ ᠨᠢᠭᠡᠳᠦᠯᠲᠡᠢ ᠳᠠᠩᠰᠠᠯᠠᠬᠤ ᠪᠠ ᠭᠠᠵᠠᠷ ᠰᠢᠷᠣᠢ  ᠶᠢᠨ ᠳᠠᠭᠠᠭᠠᠴᠢᠯᠠᠯᠲᠠ  ᠶᠢᠨ ᠭᠡᠷ᠎ᠡ  ᠶᠢᠨ ᠬᠠᠮᠢᠶᠠᠷᠤᠯᠲᠠ  ᠶᠢᠨ ᠠᠵᠢᠯ  ᠢ ᠡᠮᠬᠢ ᠵᠢᠷᠤᠮ  ᠲᠠᠢ ᠠᠪᠴᠠᠯᠳᠤᠭᠤᠯᠬᠤ ᠠᠵᠢᠯ  ᠢ ᠰᠠᠶᠢᠲᠤᠷ ᠬᠢᠬᠦ ᠲᠤᠬᠠᠢ ᠮᠡᠳᠡᠭᠳᠡᠯ︾ ︵ ᠪᠠᠶᠢᠭᠠᠯᠢ ᠡᠬᠢ ᠲᠠᠷᠬᠠᠭᠠᠬᠤ 〔2022〕 157 ᠳ᠋ᠤᠭᠠᠷ ᠲᠣᠭᠠᠲᠤ ︶ ︽︿ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ ᠬᠢᠭᠡᠳ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ ᠵᠣᠯᠭᠠᠭᠤᠯᠬᠤ ᠠᠵᠢᠯ ᠤᠨ ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ︾ ︵ᠥᠪᠥᠷ ᠪᠠᠶᠢᠭᠠᠯᠢ ᠡᠬᠢ ᠥᠰᠥᠭ ﹇2022﹈ 490 ᠳ᠋ᠦ᠋ᠭᠡᠷ ᠲᠣᠭᠠᠲᠤ︶᠂ ︽︿ᠪᠠᠶᠠᠨᠨᠠᠭᠤᠷ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ ᠳᠠᠩᠰᠠᠯᠠᠯᠲᠠ ᠬᠢᠭᠡᠳ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ ᠵᠣᠯᠭᠠᠭᠤᠯᠬᠤ ᠠᠵᠢᠯ ᠤᠨ ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠪᠠᠶᠠᠨᠨᠠᠭᠤᠷ ᠡᠬᠡ ᠡᠬᠢ ᠵᠠᠬᠢᠳᠠᠯ ﹇2023﹈ 5 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ᠂ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠡᠩᠰᠡᠯᠡᠨ ᠲᠡᠮᠳᠡᠭᠯᠡᠬᠦ ᠥᠭᠡᠷᠡᠴᠢᠯᠡᠯᠲᠡ ᠶᠢᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠡᠩᠰᠡᠯᠡᠨ ᠲᠡᠮᠳᠡᠭᠯᠡᠬᠦ ᠳᠦᠷᠢᠮ ᠢ ᠲᠡᠭᠦᠯᠳᠡᠷᠵᠢᠭᠦᠯᠦᠨ᠂ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠡᠩᠰᠡᠯᠡᠨ ᠲᠡᠮᠳᠡᠭᠯᠡᠬᠦ ᠶᠢ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠠᠵᠢᠯ  ᠯᠤᠭ᠎ᠠ ᠡᠮᠬᠢ ᠵᠢᠷᠤᠮ ᠲᠠᠢ ᠵᠣᠯᠭᠠᠭᠤᠯᠬᠤ ᠶᠢ ᠰᠠᠶᠢᠲᠤᠷ ᠬᠢᠵᠦ᠂ ᠡᠳᠦᠷ ᠲᠤᠲᠤᠮ ᠤᠨ ᠳᠡᠩᠰᠡᠯᠡᠨ ᠲᠡᠮᠳᠡᠭᠯᠡᠬᠦ ᠲᠤᠬᠠᠶᠢᠯᠠᠭᠰᠠᠨ ᠠᠵᠢᠯ ᠢ ᠤᠷᠤᠭᠰᠢᠲᠠᠢ ᠥᠷᠨᠢᠭᠦᠯᠬᠦ ᠶᠢᠨ ᠲᠤᠰᠠᠳᠠ᠂ ᠣᠨᠴᠠᠭᠠᠢᠯᠠᠨ ᠲᠣᠰ ᠲᠥᠰᠥᠯ ᠢ ᠲᠣᠭᠲᠠᠭᠠᠪᠠ᠃      ᠬᠤᠶᠠᠷ᠂ ᠠᠵᠢᠯ ᠤᠨ ᠵᠣᠷᠢᠯᠭ᠎ᠠ ᠪᠠ ᠠᠴᠢ ᠬᠤᠯᠪᠣᠭᠳᠠᠯ      ︵ᠨᠢᠭᠡ︶ ᠵᠣᠷᠢᠯᠭ᠎ᠠ᠄ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ︵ᠲᠠᠷᠢᠶᠠᠴᠢᠳ ᠤᠨ ᠬᠠᠮᠲᠤ ᠶᠢᠨ ᠥᠮᠴᠢᠯᠡᠯ ᠤᠨ ᠪᠠ ᠲᠠᠷᠢᠶᠠᠴᠢᠳ ᠤᠨ ᠬᠠᠤᠯᠢ ᠶᠣᠰᠣᠭᠠᠷ ᠬᠠᠮᠲᠤ ᠪᠠᠷ ᠬᠡᠷᠡᠭᠯᠡᠵᠦ ᠪᠠᠶᠢᠭ᠎ᠠ ᠤᠯᠤᠰ ᠤᠨ ᠥᠮᠴᠢᠯᠡᠯ ᠤᠨ ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ ᠵᠢᠴᠢ ᠬᠠᠤᠯᠢ ᠶᠣᠰᠣᠭᠠᠷ ᠲᠠᠷᠢᠶᠠᠯᠠᠩ ᠳᠤ ᠬᠡᠷᠡᠭᠯᠡᠵᠦ ᠪᠠᠶᠢᠭ᠎ᠠ ᠪᠤᠰᠤᠳ ᠭᠠᠵᠠᠷ ᠰᠢᠷᠣᠢ ᠪᠠᠭᠲᠠᠨ᠎ᠠ︶ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ ᠳᠠᠩᠰᠠᠯᠠᠯᠲᠠ ᠳᠤ ᠣᠷᠣᠭᠤᠯᠬᠤ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠳᠠᠩᠰᠠᠯᠠᠯᠲᠠ ᠬᠢᠭᠡᠳ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠠᠵᠢᠯ ᠤᠨ ᠡᠮᠬᠢ ᠵᠢᠷᠤᠮ ᠲᠠᠢ ᠵᠣᠯᠭᠠᠯᠳᠤᠬᠤ ᠶᠢ ᠪᠠᠲᠤᠯᠠᠨ᠎ᠠ᠃      ︵ᠬᠤᠶᠠᠷ︶ ᠠᠴᠢ ᠬᠤᠯᠪᠣᠭᠳᠠᠯ᠄ ᠰᠢᠶᠠᠨ ᠤ ᠠᠷᠠᠳ ᠤᠨ ᠵᠠᠰᠠᠭ ᠤᠨ ᠣᠷᠳᠣᠨ  ᠠᠴᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠯᠡᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠭᠰᠡᠨ ᠦᠷ᠎ᠡ ᠪᠦᠲᠦᠭᠡᠯ ᠤᠨ ᠮᠠᠲ᠋ᠧᠷᠢᠶᠠᠯ ᠢ ᠡᠮᠬᠢᠯᠡᠵᠦ ᠲᠡᠭᠦᠯᠳᠡᠷᠵᠢᠭᠦᠯᠬᠦ ᠪᠠ ᠲᠤᠰᠢᠶᠠᠬᠤ ᠪᠠ ᠭᠥᠯᠢᠶᠡᠨ ᠠᠪᠬᠤ᠂ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ ᠬᠥᠮᠥᠷᠭᠡ ᠳᠤ ᠣᠷᠣᠭᠤᠯᠬᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ ᠳᠠᠩᠰᠠᠯᠠᠯᠲᠠ ᠬᠢᠭᠡᠳ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠠᠵᠢᠯ ᠤᠨ ᠡᠮᠬᠢ ᠵᠢᠷᠤᠮ ᠲᠠᠢ ᠵᠣᠯᠭᠠᠯᠳᠤᠬᠤ ᠶᠢ ᠪᠦᠲᠦᠮᠵᠢᠲᠡᠶ ᠠᠬᠢᠭᠤᠯᠤᠨ᠎ᠠ᠃      ᠭᠤᠷᠪᠠ᠂ ᠠᠵᠢᠯ ᠥᠷᠨᠢᠭᠦᠯᠬᠦ ᠠᠷᠭ᠎ᠠ ᠬᠡᠮᠵᠢᠶ᠎ᠡ      ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠤ ᠳᠠᠷᠠᠭ᠎ᠠ ᠳᠣᠣᠷᠠᠬᠢ ᠬᠡᠳᠦᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠪᠠ᠄ ︵ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ᠂ ᠬᠡᠷᠡᠭᠵᠢᠭᠦᠯᠬᠦ ᠬᠡᠪᠴᠢᠶ᠎ᠡ᠂ ᠬᠤᠯᠪᠣᠭᠳᠠᠯ ᠪᠦᠬᠦᠢ ᠬᠤᠭᠤᠴᠠᠭ᠎ᠠ᠂ ᠬᠡᠷᠡᠭᠵᠢᠭᠦᠯᠬᠦ ᠪᠠᠷᠢᠮᠵᠢᠶ᠎ᠠ ᠵᠡᠷᠭᠡ︶      ᠨᠢᠭᠡ ᠳᠤ᠂ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠠᠩᠰᠠᠯᠠᠭᠰᠠᠨ ᠦᠷ᠎ᠡ ᠪᠦᠲᠦᠭᠡᠯ ᠤᠨ ᠮᠠᠲ᠋ᠧᠷᠢᠶᠠᠯ ᠢ ᠡᠮᠬᠢᠳᠬᠡᠨ ᠲᠡᠭᠦᠯᠳᠡᠷᠵᠢᠭᠦᠯᠵᠦ᠂ ᠡᠷᠬᠡ ᠶᠢ ᠨᠤᠲᠠᠯᠠᠨ ᠳᠠᠩᠰᠠᠯᠠᠬᠤ ᠲᠤᠭ᠎ᠠ ᠪᠠᠷᠢᠮᠲᠠ ᠶᠢᠨ ᠬᠥᠮᠥᠷᠭᠡ ᠶᠢᠨ ᠦᠷ᠎ᠡ ᠪᠦᠲᠦᠭᠡᠯ ︵ᠣᠷᠣᠨ ᠨᠤᠲᠤᠭ ᠤᠨ ᠲᠡᠦᠬᠡ ᠶᠢᠨ ᠦᠯᠡᠳᠡᠭᠡᠯ ᠡᠷᠬᠡ ᠶᠢ ᠨᠤᠲᠠᠯᠠᠨ ᠦᠨᠡᠮᠯᠡᠯ ᠣᠯᠭᠤᠭᠰᠠᠨ ᠲᠤᠭ᠎ᠠ ᠪᠠᠷᠢᠮᠲᠠ ᠶᠢᠨ ᠬᠥᠮᠥᠷᠭᠡ ᠶᠢᠨ ᠦᠷ᠎ᠡ ᠪᠦᠲᠦᠭᠡᠯ ᠢ ᠪᠠᠭᠲᠠᠭᠠᠨ᠎ᠠ︶ ᠨᠢ ︽ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠠᠩᠰᠠᠯᠠᠬᠤ ᠲᠤᠭ᠎ᠠ ᠪᠠᠷᠢᠮᠲᠠ ᠶᠢᠨ ᠬᠥᠮᠥᠷᠭᠡ ᠶᠢᠨ ᠵᠢᠷᠤᠮᠵᠢᠯ︾ ᠢ ᠬᠠᠩᠭᠠᠬᠤ ᠶᠢᠨ ᠬᠠᠮᠲᠤ ︽ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠠᠩᠰᠠᠯᠠᠬᠤ ᠲᠤᠭ᠎ᠠ ᠪᠠᠷᠢᠮᠲᠠ ᠶᠢᠨ ᠬᠥᠮᠥᠷᠭᠡ ᠶᠢᠨ ᠦᠷ᠎ᠡ ᠪᠦᠲᠦᠭᠡᠯ ᠤᠨ ᠶᠠᠰᠤ ᠴᠢᠨᠠᠷ ᠤᠨ ᠪᠠᠶᠢᠴᠠᠭᠠᠯᠲᠠ ᠶᠢᠨ ᠵᠥᠭᠡᠯᠡᠨ ᠲᠣᠨᠤᠭ︾ ᠢᠶᠠᠷ ᠳᠡᠮᠵᠢᠨ ᠴᠢᠨᠠᠷ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠪᠠᠶᠢᠬᠤ ᠬᠡᠷᠡᠭᠲᠡᠢ᠃ᠨᠢᠭᠡᠨᠲᠡ ᠡᠯᠧᠺᠲᠷᠤᠨᠴᠢᠯᠠᠬᠰᠠᠨ ᠲᠠᠩᠰᠠ ᠡᠪᠬᠡᠮᠡᠯ ᠤᠨ ᠮᠠᠲ᠋ᠧᠷᠢᠶᠠᠯ ᠢ ᠲᠠᠩᠰᠠ ᠡᠪᠬᠡᠮᠡᠯ ᠤᠨ ᠭᠠᠷᠴᠠᠭ ᠪᠠ ᠲᠠᠩᠰᠠ ᠡᠪᠬᠡᠮᠡᠯ ᠤᠨ ᠳ᠋ᠠᠶᠢᠲ᠋ᠠ ᠬᠥᠮᠥᠷᠭᠡ ᠶᠢᠨ ᠬᠡᠯᠪᠡᠷᠢ ᠪᠠᠷ ᠬᠠᠩᠭᠠᠵᠤ᠂ ᠡᠯᠧᠺᠲᠷᠤᠨᠴᠢᠯᠠᠬᠰᠠᠨ ᠲᠠᠩᠰᠠ ᠡᠪᠬᠡᠮᠡᠯ ᠤᠨ ᠮᠠᠲ᠋ᠧᠷᠢᠶᠠᠯ ᠪᠠᠶᠢᠬᠤ ᠦᠭᠡᠢ ᠪᠣᠯ ᠳᠡᠪᠲᠡᠷᠯᠡᠵᠦ᠂ ᠪᠦᠷᠢᠨ ᠪᠦᠲᠦᠨ ᠲᠠᠩᠰᠠ ᠡᠪᠬᠡᠮᠡᠯ ᠤᠨ ᠭᠠᠷᠴᠠᠭ ᠤᠨ ᠮᠠᠲ᠋ᠧᠷᠢᠶᠠᠯ ᠢ ᠬᠠᠩᠭᠠᠬᠤ ᠬᠡᠷᠡᠭᠲᠡᠢ ᠮᠥᠷᠲᠡᠭᠡᠨ ᠲᠠᠩᠰᠠ ᠡᠪᠬᠡᠮᠡᠯ ᠤᠨ ᠭᠠᠷᠴᠠᠭ ᠬᠢᠭᠡᠳ ᠲᠠᠩᠰᠠ ᠡᠪᠬᠡᠮᠡᠯ ᠤᠨ ᠨᠢᠭᠡ ᠨᠢᠭᠡ ᠲᠠᠢ ᠬᠠᠷᠢᠯᠴᠠᠨ ᠵᠣᠬᠢᠴᠠᠯᠳᠤᠵᠤ᠂ ᠲᠠᠩᠰᠠ ᠡᠪᠬᠡᠮᠡᠯ ᠤᠨ ᠠᠭᠤᠯᠭ᠎ᠠ ᠨᠢ ᠪᠦᠷᠢᠨ ᠪᠦᠲᠦᠨ᠂ ᠪᠤᠷᠤᠭᠤ ᠣᠷᠬᠢᠭᠳᠠᠭᠤᠯᠤᠭᠰᠠᠨ ᠦᠭᠡᠢ᠃      ᠬᠤᠶᠠᠷ ᠲᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠭᠰᠡᠨ ᠦᠷ᠎ᠡ ᠪᠦᠲᠦᠭᠡᠯ ᠤᠨ ᠮᠠᠲ᠋ᠧᠷᠢᠶᠠᠯ ᠢ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ︵ᠰᠢᠯᠵᠢᠭᠦᠯᠦᠨ ᠭᠠᠷᠭᠠᠬᠤ ᠰᠠᠯᠠᠭ᠎ᠠ ᠮᠥᠴᠢᠷ︶  ᠠᠴᠠ ᠲᠣᠰ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︵ᠭᠥᠯᠢᠶᠡᠨ ᠠᠪᠬᠤ ᠰᠠᠯᠠᠭ᠎ᠠ ᠮᠥᠴᠢᠷ︶ ᠳᠤ ᠰᠢᠯᠵᠢᠭᠦᠯᠦᠨ ᠲᠤᠰᠢᠶᠠᠨ᠎ᠠ᠃ ᠰᠢᠯᠵᠢᠭᠦᠯᠦᠨ ᠲᠤᠰᠢᠶᠠᠬᠤ ᠠᠭᠤᠯᠭ᠎ᠠ ᠨᠢ ᠪᠠᠶᠢᠴᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠨᠤᠲᠠᠯᠠᠨ ᠲᠣᠭᠲᠠᠭᠠᠭᠰᠠᠨ ᠲᠤᠭ᠎ᠠ ᠪᠠᠷᠢᠮᠲᠠ ᠶᠢᠨ ᠬᠥᠮᠥᠷᠭᠡ ᠵᠢᠴᠢ ᠲᠠᠩᠰᠠ ᠡᠪᠬᠡᠮᠡᠯ ᠤᠨ ᠲᠤᠭ᠎ᠠ ᠪᠠᠷᠢᠮᠲᠠ ᠵᠡᠷᠭᠡ ᠴᠠᠭᠠᠰᠤᠨ ᠮᠠᠲ᠋ᠧᠷᠢᠶᠠᠯ ᠪᠣᠯᠣᠨ᠎ᠠ᠃ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠬᠤ ᠳ᠋ᠠᠶᠢᠲ᠋ᠠ ᠬᠥᠮᠥᠷᠭᠡ ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠬᠤ ᠳᠠᠩᠰᠠᠯᠠᠯᠲᠠ ᠶᠢᠨ ᠳ᠋ᠠᠶᠢᠲ᠋ᠠ ᠬᠥᠮᠥᠷᠭᠡ ᠶᠢᠨ ᠦᠷ᠎ᠡ ᠪᠦᠲᠦᠭᠡᠯ ᠢ ᠬᠤᠷᠢᠶᠠᠩᠭᠤᠶᠢᠯᠠᠨ ᠲᠤᠰᠢᠶᠠᠬᠤ ᠠᠷᠭ᠎ᠠ︾ ᠳᠤ ᠨᠡᠶᠢᠴᠡᠭᠰᠡᠨ ᠪᠠᠶᠢᠬᠤ ᠬᠡᠷᠡᠭᠲᠡᠢ᠂ ᠡᠭᠦᠨ ᠳᠤ ᠸᠧᠺᠲ᠋ᠣᠷ ᠲᠤᠭ᠎ᠠ ᠪᠠᠷᠢᠮᠲᠠ᠂ ᠡᠷᠬᠡ ᠶᠢᠨ ᠬᠠᠷᠢᠶᠠᠯᠠᠯ ᠤᠨ ᠲᠤᠭ᠎ᠠ ᠪᠠᠷᠢᠮᠲᠠ᠂ ᠰᠠᠷᠠᠯᠵᠢᠨ ᠲᠤᠭ᠎ᠠ ᠪᠠᠷᠢᠮᠲᠠ᠂ ᠵᠢᠷᠤᠭ ᠮᠠᠲ᠋ᠧᠷᠢᠶᠠᠯ᠂ ᠬᠤᠷᠢᠶᠠᠩᠭᠤᠢ ᠬᠦᠰᠦᠨᠦᠭᠲᠦ᠂ ᠥᠰᠥᠭ ᠪᠢᠴᠢᠭ ᠤᠨ ᠮᠡᠳᠡᠭᠦᠯᠦᠯᠲᠡ ᠵᠢᠴᠢ ᠪᠤᠰᠤᠳ ᠮᠠᠲ᠋ᠧᠷᠢᠶᠠᠯ ᠪᠠᠭᠲᠠᠨ᠎ᠠ᠃      ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠭᠰᠠᠨ ᠲᠤᠭ᠎ᠠ ᠪᠠᠷᠢᠮᠲᠠ ᠶᠢᠨ ᠬᠥᠮᠥᠷᠭᠡ ᠶᠢ ᠭᠥᠯᠢᠶᠡᠨ ᠠᠪᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠴᠠᠭᠠᠰᠤᠨ ᠲᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠠᠷᠭ᠎ᠠ ᠮᠠᠶ᠋ᠢᠭ ᠢ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠳᠠᠩᠰᠠᠯᠠᠯᠲᠠ ᠬᠢᠭᠡᠳ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃      ᠭᠤᠷᠪᠠ ᠨᠢ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠭᠰᠡᠨ ᠦᠷ᠎ᠡ ᠪᠦᠲᠦᠭᠡᠯ ᠨᠢ ᠨᠢᠭᠤᠴᠠ ᠳᠤ ᠬᠤᠯᠪᠣᠭᠳᠠᠬᠤ ᠲᠤᠭ᠎ᠠ ᠪᠠᠷᠢᠮᠲᠠ ᠪᠣᠯᠣᠨ᠎ᠠ᠂ ᠦᠷ᠎ᠡ ᠪᠦᠲᠦᠭᠡᠯ ᠤᠨ ᠠᠮᠤᠷ ᠲᠦᠪᠰᠢᠨ ᠴᠢᠨᠠᠷ ᠢ ᠦᠨᠡᠨᠬᠦ ᠪᠠᠲᠤᠯᠠᠬᠤ ᠶᠢᠨ ᠲᠤᠰᠠᠳᠠ᠂ ᠲᠤᠰᠢᠶᠠᠨ ᠥᠭᠬᠦ ᠪᠠ ᠭᠥᠯᠢᠶᠡᠨ ᠠᠪᠬᠤ ᠡᠯ᠎ᠡ ᠲᠠᠯ᠎ᠠ ᠨᠢ ᠨᠢᠭᠤᠴᠠ ᠶᠢ ᠬᠠᠮᠠᠭᠠᠯᠠᠬᠤ ᠵᠥᠪᠯᠡᠯᠴᠡᠭᠡᠷ ᠲᠣᠭᠲᠠᠬᠤ ᠬᠡᠷᠡᠭᠲᠡᠢ᠃ ᠮᠠᠲ᠋ᠧᠷᠢᠶᠠᠯ ᠢ ᠰᠢᠯᠵᠢᠭᠦᠯᠦᠨ ᠲᠤᠰᠢᠶᠠᠬᠤ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠢᠯᠵᠢᠭᠦᠯᠦᠨ ᠭᠠᠷᠭᠠᠬᠤ ᠰᠠᠯᠠᠭ᠎ᠠ ᠮᠥᠴᠢᠷ ᠨᠢ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠭᠰᠠᠨ ᠲᠤᠭ᠎ᠠ ᠪᠠᠷᠢᠮᠲᠠ ᠶᠢᠨ ᠬᠥᠮᠥᠷᠭᠡ ᠶᠢᠨ ᠦᠷ᠎ᠡ ᠪᠦᠲᠦᠭᠡᠯ ᠤᠨ ᠮᠠᠲ᠋ᠧᠷᠢᠶᠠᠯ ᠤᠨ ᠨᠠᠷᠢᠨ ᠬᠠᠭᠤᠳᠠᠰᠤ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠭᠰᠠᠨ ᠲᠠᠩᠰᠠ ᠡᠪᠬᠡᠮᠡᠯ ᠢ ᠰᠢᠯᠵᠢᠭᠦᠯᠦᠨ ᠲᠤᠰᠢᠶᠠᠭᠰᠠᠨ ᠨᠠᠷᠢᠨ ᠬᠠᠭᠤᠳᠠᠰᠤ ᠶᠢ ᠲᠤᠭᠤᠷᠪᠢᠨ ᠲᠣᠭᠲᠠᠭᠠᠵᠤ᠂ ᠭᠥᠯᠢᠶᠡᠨ ᠠᠪᠤᠭᠰᠠᠨ ᠰᠠᠯᠠᠭ᠎ᠠ ᠮᠥᠴᠢᠷ ᠨᠢ ᠨᠠᠷᠢᠨ ᠬᠠᠭᠤᠳᠠᠰᠤ ᠶᠢᠨ ᠶᠣᠰᠣᠭᠠᠷ ᠭᠥᠯᠢᠶᠡᠨ ᠠᠪᠤᠭᠰᠠᠨ ᠦᠷ᠎ᠡ ᠪᠦᠲᠦᠭᠡᠯ ᠤᠨ ᠮᠠᠲ᠋ᠧᠷᠢᠶᠠᠯ ᠢ ᠲᠣᠭᠠᠯᠠᠨ ᠪᠦᠷᠢᠳᠬᠡᠵᠦ᠂ ᠲᠣᠭᠠᠯᠠᠨ ᠪᠦᠷᠢᠳᠬᠡᠭᠡᠳ ᠠᠯᠳᠠᠭ᠎ᠠ ᠦᠭᠡᠢ ᠪᠠᠶᠢᠪᠠᠯ ᠰᠠᠶ᠋ᠢ ᠭᠠᠷ ᠤᠨ ᠥᠰᠥᠭ ᠵᠢᠷᠤᠵᠤ ᠬᠤᠷᠢᠶᠠᠨ ᠠᠪᠬᠤ ᠶᠢ ᠨᠤᠲᠠᠯᠠᠵᠤ ᠪᠣᠯᠣᠨ᠎ᠠ᠃ ᠰᠢᠯᠵᠢᠭᠦᠯᠵᠦ ᠭᠠᠷᠭᠠᠭᠰᠠᠨ ᠰᠠᠯᠠᠭ᠎ᠠ ᠮᠥᠴᠢᠷ᠂ ᠭᠥᠯᠢᠶᠡᠨ ᠠᠪᠤᠭᠰᠠᠨ ᠰᠠᠯᠠᠭ᠎ᠠ ᠮᠥᠴᠢᠷ ᠤᠳ ᠲᠤᠰᠢᠶᠠᠵᠤ ᠭᠥᠯᠢᠶᠡᠨ ᠠᠪᠤᠭᠰᠠᠨ ᠦᠷ᠎ᠡ ᠪᠦᠲᠦᠭᠡᠯ ᠤᠨ ᠮᠠᠲ᠋ᠧᠷᠢᠶᠠᠯ ᠤᠨ ᠪᠠᠶᠢᠴᠠᠭᠠᠯᠲᠠ ᠪᠠᠨ ᠴᠢᠩᠭᠠᠳᠬᠠᠵᠤ᠂ ᠦᠷ᠎ᠡ ᠪᠦᠲᠦᠭᠡᠯ ᠤᠨ ᠮᠠᠲ᠋ᠧᠷᠢᠶᠠᠯ ᠤᠨ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ ᠪᠠ ᠠᠮᠤᠷ ᠲᠦᠪᠰᠢᠨ ᠴᠢᠨᠠᠷ ᠢ ᠦᠨᠡᠨᠬᠦ ᠪᠠᠲᠤᠯᠠᠵᠤ᠂ ᠮᠠᠲ᠋ᠧᠷᠢᠶᠠᠯ ᠤᠨ ᠡᠪᠳᠡᠷᠡᠵᠦ ᠰᠦᠶᠳᠬᠦ᠂ ᠭᠡᠭᠡᠭᠳᠡᠬᠦ᠂ ᠨᠢᠭᠤᠴᠠ ᠶᠢ ᠵᠠᠳᠠᠷᠠᠭᠤᠯᠬᠤ ᠵᠡᠷᠭᠡ ᠠᠰᠠᠭᠤᠳᠠᠯ ᠭᠠᠷᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃      ᠳᠥᠷᠪᠡ ᠳᠤ ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠨᠤᠭᠤᠳ ᠨᠢᠭᠲᠠ ᠬᠠᠮᠵᠢᠯᠴᠠᠵᠤ ᠂ ᠠᠳᠠᠯᠢ ᠨᠢᠭᠡᠨ ᠰᠠᠭᠤᠷᠢ ᠵᠢᠷᠤᠭ ᠲᠤ ᠰᠠᠭᠤᠷᠢᠯᠠᠨ᠂ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠳᠠᠩᠰᠠᠯᠠᠯᠲᠠ ᠶᠢᠨ ᠲᠤᠭ᠎ᠠ ᠪᠠᠷᠢᠮᠲᠠ ᠶᠢᠨ ᠮᠠᠲ᠋ᠧᠷᠢᠶᠠᠯ ᠢ ᠡᠮᠬᠢᠯᠡᠨ ᠨᠡᠶᠢᠯᠡᠭᠦᠯᠵᠦ ᠬᠥᠮᠥᠷᠭᠡ ᠳᠤ ᠣᠷᠣᠭᠤᠯᠬᠤ ᠶᠢ ᠲᠦᠷᠭᠡᠳᠬᠡᠬᠦ ᠬᠡᠷᠡᠭᠲᠡᠢ᠃ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠬᠦ ᠳᠤ ᠲᠦᠯᠬᠢᠵᠦ ᠤᠨᠠᠭᠠᠭᠠᠳ ᠳᠠᠬᠢᠨ ᠬᠢᠵᠦ ᠪᠣᠯᠬᠤ ᠦᠭᠡᠢ᠂ ᠬᠠᠷᠢᠨ ᠤᠤᠯ ᠤᠨ ᠳᠡᠩᠰᠡᠯᠡᠨ ᠲᠡᠮᠳᠡᠭᠯᠡᠭᠰᠡᠨ ᠲᠤᠭ᠎ᠠ ᠪᠠᠷᠢᠮᠲᠠ ᠶᠢ ᠬᠠᠮᠤᠭ ᠤᠨ ᠶᠡᠭᠡ ᠪᠠᠷ ᠠᠰᠢᠭᠯᠠᠵᠤ᠂ ᠣᠷᠣᠨ ᠪᠠᠶᠢᠷᠢ ᠶᠢ ᠦᠨᠳᠦᠰᠦᠯᠡᠨ ᠳᠣᠲᠣᠭᠠᠳᠤ ᠠᠵᠢᠯ ᠢ ᠵᠢᠷᠤᠭᠯᠠᠵᠤ᠂ ᠶᠡᠭᠡ ᠬᠡᠮᠵᠢᠶᠡᠨ ᠤ ᠭᠠᠳᠠᠭᠠᠳᠤ ᠠᠵᠢᠯ ᠢ ᠬᠢᠬᠦ ᠦᠭᠡᠢ ᠪᠠᠶᠢᠬᠤ ᠤᠷᠢᠲᠠᠯ ᠳᠣᠣᠷ᠎ᠠ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠦᠨ᠎ᠡ᠃ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ ᠬᠥᠮᠥᠷᠭᠡ ᠳᠤ ᠣᠷᠣᠭᠤᠯᠬᠤ ᠬᠤᠭᠤᠴᠠᠭᠠᠨ ᠳᠤ᠂ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠲᠤᠰᠬᠠᠢ ᠬᠥᠮᠥᠨ ᠲᠣᠮᠢᠯᠠᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠬᠠᠮᠵᠢᠯᠴᠠᠭᠤᠯᠵᠤ᠂ ᠮᠠᠲ᠋ᠧᠷᠢᠶᠠᠯ ᠢ ᠰᠢᠯᠵᠢᠭᠦᠯᠦᠨ ᠲᠤᠰᠢᠶᠠᠭᠰᠠᠨ ᠰᠠᠭᠤᠷᠢᠨ ᠳᠡᠭᠡᠷ᠎ᠡ᠂ ᠲᠡᠦᠬᠡ ᠶᠢ ᠬᠦᠨᠳᠦᠳᠬᠡᠬᠦ᠂ ᠭᠦᠢᠴᠡᠳ ᠵᠠᠯᠭᠠᠮᠵᠢᠯᠠᠬᠤ ᠵᠠᠷᠴᠢᠮ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠲᠤᠭ᠎ᠠ ᠪᠠᠷᠢᠮᠲᠠ ᠶᠢ ᠵᠠᠳᠠᠯᠬᠤ᠂ ᠰᠣᠯᠢᠬᠤ᠂ ᠡᠮᠬᠢᠯᠡᠬᠦ᠂ ᠬᠥᠮᠥᠷᠭᠡ ᠳᠤ ᠣᠷᠣᠭᠤᠯᠬᠤ ᠵᠡᠷᠭᠡ ᠠᠵᠢᠯ ᠢ ᠥᠷᠨᠢᠭᠦᠯᠵᠦ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠳᠡᠪᠲᠡᠷ ᠪᠠ ᠦᠨᠡᠮᠯᠡᠯ ᠳᠤ ᠲᠡᠮᠳᠡᠭᠯᠡᠭᠰᠡᠨ ᠠᠭᠤᠯᠭ᠎ᠠ ᠨᠢ ᠳᠠᠭᠠᠭᠠᠴᠢᠯᠠᠯᠲᠠ ᠶᠢᠨ ᠭᠡᠷ᠎ᠡ ᠶᠢᠨ ᠠᠭᠤᠯᠭ᠎ᠠ ᠯᠤᠭ᠎ᠠ ᠨᠢᠭᠡᠳᠦᠯᠲᠡᠢ ᠪᠠᠶᠢᠬᠤ ᠶᠢ ᠦᠨᠡᠨᠬᠦ ᠪᠠᠲᠤᠯᠠᠵᠤ᠂ ᠣᠯᠠᠨ ᠲᠦᠮᠡᠨ ᠤ ᠭᠠᠵᠠᠷ ᠰᠢᠷᠣᠢ ᠳᠠᠭᠠᠭᠠᠴᠢᠯᠠᠬᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃      ᠲᠠᠪᠤ ᠳᠤ᠂ ᠡᠯ᠎ᠡ ᠰᠠᠯᠠᠭ᠎ᠠ ᠮᠥᠴᠢᠷ ᠤᠳ ︽ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠲᠣᠭᠲᠠᠭᠤᠨ ᠪᠠᠶᠢᠯᠭᠠᠬᠤ ᠶᠢᠨ ᠬᠠᠮᠲᠤ ᠣᠷᠳᠣ ᠬᠤᠭᠤᠴᠠᠭ᠎ᠠ ᠪᠠᠷ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠢᠭᠡᠨᠲᠡ ᠣᠯᠭᠤᠭᠰᠠᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠢ ᠰᠢᠨ᠎ᠡ ᠳᠠᠭᠠᠭᠠᠴᠢᠯᠠᠯᠲᠠ ᠶᠢᠨ ᠬᠤᠭᠤᠴᠠᠭᠠᠨ ᠳᠤ ᠦᠷᠭᠦᠯᠵᠢᠯᠡᠨ ᠬᠦᠴᠦᠨ ᠲᠠᠢ ᠪᠥᠭᠡᠳ ᠬᠤᠪᠢᠷᠠᠭᠤᠯᠬᠤ ᠦᠭᠡᠢ ᠰᠣᠯᠢᠬᠤ ᠦᠭᠡᠢ ᠪᠠᠶᠢᠬᠤ ᠬᠡᠷᠡᠭᠲᠡᠢ᠃ ᠤᠷᠲᠤᠳᠬᠠᠨ ᠳᠠᠭᠠᠭᠠᠴᠢᠯᠠᠭᠤᠯᠬᠤ ᠳᠤᠮᠳᠠ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠤᠭᠤᠴᠠᠭ᠎ᠠ ᠶᠢᠨ ᠬᠤᠪᠢᠷᠠᠯᠲᠠ ᠠᠴᠠ ᠪᠣᠯᠵᠤ ᠰᠢᠭᠤᠳ ᠦᠷᠭᠦᠯᠵᠢᠯᠡᠭᠰᠡᠨ ᠪᠠᠶᠢᠪᠠᠯ ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠤᠷᠲᠤᠳᠬᠠᠨ ᠳᠠᠭᠠᠭᠠᠴᠢᠯᠠᠭᠤᠯᠬᠤ ᠭᠡᠷ᠎ᠡ ᠶᠢ ᠵᠣᠬᠢᠶᠠᠨ ᠪᠠᠶᠢᠭᠤᠯᠵᠤ ᠲᠣᠭᠲᠠᠭᠠᠭᠰᠠᠨ ᠤ ᠲᠠᠷᠠᠭ᠎ᠠ ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠤᠷᠲᠤᠳᠬᠠᠨ ᠳᠠᠭᠠᠭᠠᠴᠢᠯᠠᠭᠤᠯᠬᠤ ᠭᠡᠷ᠎ᠡ ᠶᠢ ᠦᠨᠳᠦᠰᠦᠯᠡᠨ ᠳᠠᠩᠰᠠᠯᠠᠯᠲᠠ ᠶᠢᠨ ᠳᠡᠪᠲᠡᠷ ᠲᠤ ᠵᠣᠬᠢᠴᠠᠩᠭᠤᠢ ᠬᠤᠪᠢᠷᠠᠯᠲᠠ ᠭᠠᠷᠭᠠᠵᠤ᠂ ᠤᠤᠯ ᠤᠨ ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠳᠡᠭᠡᠷ᠎ᠡ ᠲᠡᠮᠳᠡᠭᠯᠡᠵᠦ ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠤᠰᠬᠠᠢ ᠲᠠᠮᠠᠭ᠎ᠠ ᠶᠢ ᠳᠠᠷᠤᠨ᠎ᠠ᠃ ᠬᠠᠷᠢᠯᠴᠠᠨ ᠰᠣᠯᠢᠬᠤ᠂ ᠰᠢᠯᠵᠢᠭᠦᠯᠦᠨ ᠥᠭᠬᠦ ᠳᠤ ᠬᠤᠯᠪᠣᠭᠳᠠᠪᠠᠯ᠂ ︽ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︾ ᠢ ᠣᠯᠭᠤᠵᠤ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠳᠤ ᠲᠡᠮᠳᠡᠭᠯᠡᠭᠰᠡᠨ ᠠᠭᠤᠯᠭ᠎ᠠ ᠶᠢ ᠤᠤᠯ ᠤᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠤᠨ ᠠᠭᠤᠯᠭ᠎ᠠ ᠯᠤᠭ᠎ᠠ ᠵᠣᠯᠭᠠᠭᠤᠯᠤᠨ ᠨᠢᠭᠡᠳᠦᠯᠲᠡᠢ ᠪᠠᠶᠢᠯᠭᠠᠬᠤ ᠬᠡᠷᠡᠭᠲᠡᠢ ︵ᠦᠨᠡᠮᠯᠡᠯ ᠤᠨ ᠶᠠᠩᠵᠤ ᠬᠡᠯᠪᠡᠷᠢ ᠶᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ  ᠠᠴᠠ ᠠᠰ ᠲᠤᠨᠢ ᠨᠡᠶᠢᠲᠡᠯᠡᠨ᠎ᠡ︶᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ