ᠦᠨᠳᠦᠰᠦᠲᠡᠨ ᠤ ᠦᠭᠡ ᠬᠡᠯᠡ ᠦᠰᠦᠭ ᠪᠢᠴᠢᠭ  ᠤᠨ ᠲᠣᠭᠠᠴᠢᠯᠠᠭᠰᠠᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠭᠦ ᠰᠢᠨ᠎ᠡ ᠵᠠᠭᠪᠤᠷ ᠢ ᠡᠭᠦᠳᠦᠨ᠎ᠡ
ᠨᠡᠶᠢᠲᠡᠯᠡᠭᠰᠡᠨ ᠴᠠᠭ᠄
2023/3/28
      ᠲᠦᠷᠦᠭᠦᠬᠡᠨ ᠳᠣᠯᠣᠳᠤᠭᠠᠷ ᠬᠤᠭᠤᠴᠠᠭᠠᠨ ᠤ ᠨᠠᠢᠮᠠᠨ ᠮᠤᠵᠢ ᠣᠷᠣᠨ ᠤ ᠮᠣᠩᠭᠤᠯ ᠬᠡᠯᠡᠨ ᠤ ᠨᠣᠮ ᠪᠢᠴᠢᠭ ᠤᠨ ᠦᠵᠡᠭᠦᠯᠭᠡ ᠵᠢᠴᠢ ᠵᠢᠷᠤᠭ ᠦᠰᠦᠭ ᠮᠡᠳᠡᠭᠡ ᠵᠠᠩᠭᠢᠵᠢᠯᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠳᠤ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠶᠢ ᠨᠠᠢᠮᠠᠨ ᠮᠤᠵᠢ ᠣᠷᠣᠨ ᠤ ᠮᠣᠩᠭᠤᠯ ᠬᠡᠯᠡ ᠪᠢᠴᠢᠭ ᠤᠨ ᠠᠵᠢᠯ ᠤᠨ ᠬᠠᠮᠵᠢᠯᠴᠠᠬᠤ ᠳᠤᠭᠤᠶᠢᠯᠠᠩ ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠠᠴᠠ ᠭᠤᠣᠯᠯᠠᠨ ᠡᠷᠭᠢᠯᠡᠪᠡ᠃

6381524894463319026296973.png

      ᠦᠨᠳᠦᠰᠦᠲᠡᠨ  ᠤ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠦᠷ᠎ᠡ ᠪᠦᠲᠦᠭᠡᠯ  ᠢ ᠪᠡᠶᠡᠴᠢᠯᠡᠨ ᠣᠶᠢᠯᠠᠭᠠᠨ᠎ᠠ

      ᠠᠵᠢᠯᠯᠠᠭ᠎ᠠ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠭᠠᠨ ᠪᠠ ᠬᠡᠷᠡᠭᠯᠡᠭᠡᠨ ᠤ ᠲᠥᠪ ᠤᠨ

 ᠬᠢᠨ ︽ᠵᠢᠷᠤᠭ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠭᠦᠯᠭᠡ︾ ᠶᠢ ᠨᠠᠷᠢᠨ ᠨᠢᠮᠪᠠᠢ ᠪᠠᠶᠢᠷᠢᠯᠠᠭᠤᠯᠵᠤ᠂

ᠤᠯᠠᠨ ᠲᠦᠮᠡᠨ ᠳᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠦᠷ᠎ᠡ ᠪᠦᠲᠦᠭᠡᠯ ᠢ ᠲᠦᠭᠡᠮᠡᠯᠵᠢᠭᠦᠯᠬᠦ᠂ ᠰᠢᠨᠵᠢᠯᠡᠬᠦ ᠤᠬᠠᠭᠠᠨ

ᠮᠡᠷᠭᠡᠵᠢᠯ ᠤᠨ ᠳᠤᠷ᠎ᠠ ᠰᠣᠨᠢᠷᠬᠠᠯ ᠢ ᠨᠡᠮᠡᠭᠳᠡᠭᠦᠯᠬᠦ᠂ ᠰᠢᠨᠵᠢᠯᠡᠬᠦ ᠤᠬᠠᠭᠠᠨ ᠰᠣᠶᠣᠯ ᠤᠨ ᠬᠡᠪ ᠪᠣᠯᠪᠠᠰᠤᠷᠠᠯ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠶᠢ ᠵᠣᠷᠢᠪᠠ᠃

6381524890364943559883455.png

      ᠵᠢᠷᠤᠭ ᠦᠰᠦᠭ ᠪᠢᠴᠢᠭ  ᠤᠨ ᠮᠡᠳᠡᠭᠡ ᠵᠠᠩᠭᠢᠵᠢᠯᠲᠠ ᠶᠢᠨ ᠰᠢᠨᠵᠢᠯᠡᠬᠦ ᠤᠬᠠᠭᠠᠨ  ᠢ ᠲᠦᠭᠡᠮᠡᠯᠵᠢᠭᠦᠯᠬᠦ ᠦᠵᠡᠭᠦᠯᠭᠡ

      ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠭᠠᠨ ᠪᠠ ᠬᠡᠷᠡᠭᠯᠡᠭᠡᠨ ᠤ ᠲᠥᠪ ᠨᠢ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠦᠨᠳᠦᠰᠦᠲᠡᠨ ᠤ ᠠᠵᠢᠯ ᠤᠨ ᠲᠠᠪᠤᠨ ᠵᠦᠢᠯ ᠤᠨ

ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠮᠡᠳᠡᠭᠡ ᠵᠠᠩᠭᠢᠵᠢᠯᠲᠠ ᠶᠢᠨ ᠮᠡᠷᠭᠡᠵᠢᠯ ᠤᠨ ᠳᠠᠪᠠᠭᠤᠯᠢᠭ ᠢ

ᠦᠷᠭᠦᠯᠵᠢᠯᠡᠨ ᠪᠠᠳᠠᠷᠠᠭᠤᠯᠵᠤ᠂ ᠪᠦᠭᠦ ᠣᠷᠣᠨ ᠤ ᠦᠨᠳᠦᠰᠦᠲᠡᠨ ᠤ ᠠᠵᠢᠯ ᠤᠨ ᠮᠡᠳᠡᠭᠡ ᠵᠠᠩᠭᠢᠵᠢᠯᠲᠠ ᠶᠢᠨ ᠡᠭᠦᠷᠭᠡ ᠶᠢ ᠰᠠᠶᠢᠲᠤᠷ ᠦᠢᠯᠡᠳᠦᠯᠭᠡᠵᠢᠭᠦᠯᠵᠦ᠂

ᠲᠣᠭᠠᠴᠢᠯᠠᠭᠰᠠᠨ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠭᠦ ᠰᠢᠨ᠎ᠡ ᠵᠠᠭᠪᠤᠷ ᠢ ᠢᠳᠡᠪᠬᠢᠲᠡᠢ ᠡᠭᠦᠳᠴᠦ᠂ ︽ᠠᠨᠠᠷ ᠤᠨ ᠦᠷ᠎ᠡ e ᠵᠠᠭᠪᠤᠷ︾

ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠣᠭᠠᠴᠢᠯᠠᠭᠰᠠᠨ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠭᠦ ᠲᠦᠷᠦᠯ ᠲᠡᠮᠳᠡᠭ ᠢ

ᠱᠤᠭᠤᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ︽ᠲᠠᠪᠤᠨ ᠬᠠᠮᠲᠤ ᠶᠢᠨ ᠲᠠᠨᠢᠯᠲᠠ︾ ᠶᠢ ᠲᠠᠰᠤᠷᠠᠯᠲᠠ ᠦᠭᠡᠢ ᠴᠢᠩᠭᠠᠳᠬᠠᠨ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠢᠳᠦᠨ ᠳᠤ ᠦᠵᠡᠭᠳᠡᠮ᠎ᠡ᠂ ᠰᠡᠳᠬᠢᠯ ᠳᠤ ᠰᠠᠭᠤᠭᠳᠠᠮ᠎ᠠ᠂ ᠭᠠᠷ ᠲᠤ ᠪᠠᠷᠢᠭᠳᠠᠮ᠎ᠠ ᠦᠨᠡᠨ ᠬᠦ ᠪᠠᠲᠤ

ᠴᠣᠭᠴᠠᠯᠠᠨ᠎ᠠ᠃

ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ