ᠪᠣᠯᠪᠠᠰᠤᠨ ᠤ ᠦᠢᠯᠡᠳᠦᠯᠭᠡ ᠳᠤ ᠬᠠᠯᠠᠭᠤᠨ ᠳᠤᠯᠠᠭᠠᠨ ᠬᠠᠶᠢᠷ᠎ᠠ ᠬᠠᠯᠠᠮᠵᠢ ᠬᠦᠷᠭᠡᠨ᠎ᠡ
ᠨᠡᠶᠢᠲᠡᠯᠡᠭᠰᠡᠨ ᠴᠠᠭ᠄
2023/4/23
      ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ ᠂ ᠨᠠᠰᠤᠲᠠᠨ ᠢᠶᠠᠨ ᠬᠦᠨᠳᠦᠯᠡᠬᠦ ᠂ ᠨᠠᠰᠤᠲᠠᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ ᠂ ᠨᠠᠰᠤᠲᠠᠨ ᠢᠶᠠᠨ ᠬᠠᠶᠢᠷᠠᠯᠠᠬᠤ ᠴᠠᠭ ᠦᠶ᠎ᠡ ᠶᠢᠨ ᠬᠡᠪ ᠰᠤᠷᠲᠠᠯ ᠢ ᠢᠳᠡᠪᠬᠢᠲᠡᠢ ᠰᠠᠨᠠᠭᠠᠴᠢᠯᠠᠬᠤ ᠶᠢᠨ ᠲᠥᠯᠥᠭᠡ ᠂ 4 ᠰᠠᠷ᠎ᠠ ᠶᠢᠨ 17 ᠤ ᠡᠳᠦᠷ ᠂ ᠱᠧᠩ ᠹᠸᠡᠭ ᠪᠠᠯᠭᠠᠰᠤ ᠶᠢᠨ ᠰᠢᠨ ᠹᠸᠡᠭ ᠲᠣᠰᠬᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠬᠠᠶᠢᠷ᠎ᠠ ᠬᠠᠯᠠᠮᠵᠢ ᠬᠠᠨᠳᠢᠪᠯᠡᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠵᠡᠢ ᠃       ᠱᠧᠩ ᠹᠸᠡᠭ ᠪᠠᠯᠭᠠᠰᠤ ᠶᠢᠨ ᠰᠢᠨ ᠹᠸᠡᠭ ᠲᠣᠰᠬᠤᠨ ᠪᠣᠯᠣᠨ ᠦᠶᠤᠸᠠᠨ ᠰᠢᠶᠠᠨ ᠤ ᠲᠠᠷᠢᠶᠠᠴᠢᠨ ᠤ ᠬᠤᠷᠰᠢᠶ᠎ᠠ ᠶᠢᠨ ᠵᠣᠯᠭᠠᠯᠴᠠᠭ᠎ᠠ ᠪᠠᠷ ᠳᠠᠮᠵᠢᠵᠤ ᠂ ᠰᠢᠨ ᠹᠸᠡᠭ ᠲᠣᠰᠬᠤᠨ ᠤ ᠭᠤᠷᠪᠠᠳᠤᠭᠠᠷ ᠳᠤᠭᠤᠶᠢᠯᠠᠩ ᠤᠨ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ 35 ᠤᠭᠤᠲᠠ ᠲᠤᠲᠤᠷᠭ᠎ᠠ ᠬᠠᠨᠳᠢᠪᠯᠡᠵᠤ ᠂ ᠬᠠᠶᠢᠷ᠎ᠠ ᠬᠠᠯᠠᠮᠵᠢ ᠶᠢ ᠨᠠᠰᠤᠲᠠᠶᠢᠴᠤᠳ ᠤᠨ ᠰᠡᠳᠬᠢᠯ ᠳᠤ ᠬᠦᠷᠭᠡᠵᠡᠢ ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠂ ᠨᠠᠰᠤᠲᠠᠳ ᠨᠢᠭᠡ ᠤᠭᠤᠲᠠ ᠦᠨᠡᠨ ᠪᠣᠳᠠᠲᠠᠢ ᠲᠤᠲᠤᠷᠭ᠎ᠠ ᠳᠡᠭᠦᠵᠢᠯᠡᠵᠦ ᠂ ᠴᠢᠷᠠᠢ ᠳᠤᠨᠢ ᠵᠣᠯ ᠵᠢᠷᠭᠠᠯᠲᠤ ᠢᠨᠢᠶᠡᠮᠰᠦᠭᠯᠡᠯ ᠪᠢᠯᠬᠠᠨ᠎ᠠ ᠂ ᠨᠢᠭᠡ ᠬᠥᠭᠰᠢᠨ ᠪᠠᠶᠠᠷᠲᠠᠢ ᠪᠠᠷ ᠲᠣᠰᠬᠤᠨ ᠤ ᠨᠠᠮ ᠤᠨ ᠡᠭᠦᠷ ᠤᠨ ᠱᠦᠵᠢ ᠪᠣᠯᠣᠨ ᠬᠤᠷᠰᠢᠶᠠᠨ ᠤ ᠬᠠᠷᠢᠭᠤᠴᠠᠯᠭᠠᠲᠠᠨ ᠳᠤ ᠄ ︽ ᠪᠠᠶᠠᠷᠯᠠᠯ᠎ᠠ ᠂ ᠲᠠᠨᠠᠷ ᠲᠤ ᠦᠨᠡᠬᠡᠷ ᠲᠠᠯᠠᠷᠬᠠᠵᠤ ᠪᠠᠶᠢᠨ᠎ᠠ ︕ ︾ ᠭᠡᠵᠦ ᠬᠡᠯᠡᠪᠡ ᠃ ᠳᠥᠭᠦᠮᠬᠡᠨ ᠪᠥᠭᠡᠳ ᠪᠣᠷᠣᠭᠵᠢᠭᠤᠨ ᠦᠭᠡ ᠶᠠᠷᠢᠶ᠎ᠠ ᠨᠢ ᠡᠨᠡ ᠤᠳᠠᠭᠠᠨ ᠤ ᠠᠵᠢᠯᠯᠠᠭ᠎ᠠ  ᠶᠢ ᠬᠠᠮᠤᠭ  ᠠᠴᠠ ᠭᠦᠢᠴᠡᠳ ᠨᠤᠲᠠᠯᠠᠵᠤ ᠪᠠᠶᠢᠭ᠎ᠠ ᠶᠤᠮ᠃       ᠣᠶᠢᠷ᠎ᠠ ᠶᠢᠨ ᠵᠢᠯ ᠠᠴᠠ ᠂ ᠱᠧᠩ ᠹᠸᠡᠭ ᠪᠠᠯᠭᠠᠰᠤ ᠶᠢᠨ ᠬᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠢᠮᠠᠭᠲᠠ ᠴᠢᠬᠤᠯᠠ ᠪᠠᠶᠢᠷᠢᠨ ᠳᠤ ᠲᠠᠯᠪᠢᠭᠰᠠᠭᠠᠷ ᠢᠷᠡᠵᠠᠢ ᠃ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠨᠠᠷᠢᠨ ᠨᠢᠭᠲᠠ ᠪᠠᠶᠢᠷᠢᠯᠠᠭᠤᠯᠵᠤ᠂ ᠨᠠᠷᠢᠨ ᠨᠢᠮᠪᠠᠢ ᠲᠥᠯᠥᠪᠯᠡᠵᠦ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠬᠦᠰᠡᠯᠡᠩ ᠢᠲᠡᠭᠡᠯ ᠵᠣᠷᠢᠭ ᠢ ᠨᠢ ᠪᠠᠲᠤᠳᠬᠠᠵᠤ᠂ ᠥᠷᠭᠡᠨ ᠣᠯᠠᠨ ᠲᠦᠮᠡᠨ ᠢ ᠨᠠᠮ ᠤᠨ ᠲᠣᠭᠤᠷᠢᠨ ᠳᠤ ᠨᠢᠭᠲᠠᠷᠠᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢ ᠪᠣᠯᠪᠠᠰᠤᠨ ᠲᠣᠰᠬᠤᠨ ᠢ ᠡᠭᠦᠳᠦᠨ ᠪᠠᠶᠢᠭᠤᠯᠬᠤ᠂ ᠨᠠᠮ ᠤᠨ ᠪᠠᠶᠢᠭᠤᠯᠤᠯᠲᠠ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠠᠷᠠᠳ ᠤᠯᠠᠨ ᠤ ᠦᠵᠡᠯ ᠰᠠᠨᠠᠭᠠᠨ ᠤ ᠮᠡᠳᠡᠷᠡᠮᠵᠢ ᠂ ᠬᠠᠶᠢᠷ᠎ᠠ ᠰᠡᠳᠬᠢᠯᠭᠡ ᠶᠢᠨ ᠮᠡᠳᠡᠷᠡᠮᠵᠢ ᠪᠠ ᠦᠢᠯᠡ ᠠᠵᠢᠯᠯᠠᠭ᠎ᠠ ᠶᠢᠨ ᠮᠡᠳᠡᠷᠡᠮᠵᠢ ᠶᠢ ᠴᠢᠩᠭᠠᠳᠬᠠᠵᠤ ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠤ ᠂ ᠤᠯᠠᠨ ᠲᠦᠮᠡᠨ ᠳᠤ ᠤᠬᠠᠭᠤᠯᠬᠤ ᠂ ᠤᠯᠠᠨ ᠲᠦᠮᠡᠨ ᠢ ᠬᠥᠮᠥᠵᠢᠭᠦᠯᠬᠦ ᠂ ᠤᠯᠠᠨ ᠲᠦᠮᠡᠨ ᠳᠤ ᠦᠢᠯᠡᠴᠢᠯᠡᠬᠦ ᠬᠠᠮᠤᠭ ᠡᠴᠦᠰ ᠤᠨ ᠨᠢᠭᠡ ᠺᠢᠯᠣᠮᠧᠲᠷ ᠢ ᠨᠡᠪᠲᠡᠷᠡᠭᠦᠯᠵᠡᠢ ᠃       ᠳᠠᠷᠠᠭᠠᠴᠢ ᠶᠢᠨ ᠠᠯᠬᠤᠮ ᠳᠤ᠂ ᠱᠧᠩ ᠹᠧᠩ ᠪᠠᠯᠭᠠᠰᠤ ᠦᠷᠭᠦᠯᠵᠢᠯᠡᠨ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢᠨ ᠭᠦᠨᠴᠡ ᠂ ᠥᠷᠭᠡᠴᠡ ᠶᠢ ᠴᠢᠩᠭᠠᠳᠬᠠᠵᠤ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠪᠡᠶᠡᠴᠢ ᠴᠢᠳᠠᠮᠠᠭᠠᠢ ᠴᠢᠨᠠᠷ ᠢ ᠭᠦᠢᠴᠡᠳ ᠲᠠᠶᠢᠴᠢᠯᠠᠵᠦ ᠂ ᠬᠠᠷᠢᠯᠴᠠᠨ ᠰᠤᠷᠤᠯᠴᠠᠵᠤ ᠬᠠᠷᠢᠯᠴᠠᠨ ᠠᠬᠢᠭᠤᠯᠬᠤ ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠂ ᠠᠭᠤᠰᠤᠯᠴᠠᠨ ᠬᠥᠭᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ ᠨᠠᠮ ᠤᠨ ᠪᠠᠶᠢᠭᠤᠯᠤᠯᠲᠠ + ᠪᠣᠯᠪᠠᠰᠤᠨ ᠢ ᠡᠭᠦᠳᠦᠨ ᠪᠠᠶᠢᠭᠤᠯᠬᠤ ︾ ᠭᠦᠨᠵᠡᠭᠡᠢ ᠠᠭᠤᠰᠤᠯᠴᠠᠬᠤ ᠶᠢ ᠠᠬᠢᠭᠤᠯᠵᠤ ᠂ ᠠᠷᠠᠳ ᠤᠯᠠᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠃  
ᠢᠷᠡᠯᠲᠡ᠄ ᠲᠤᠰ ᠰᠦᠯᠵᠢᠶ᠎ᠡ