2023 ᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠡ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/4/24
      ᠡᠯ᠎ᠡ ᠰᠤᠮᠤ ᠪᠠᠯᠭᠠᠰᠤ᠂ ᠬᠡᠷᠡᠭ ᠡᠷᠬᠢᠯᠡᠬᠦ ᠭᠠᠵᠠᠷ᠂ ᠵᠢᠶᠠᠨ ᠹᠧᠩ ᠲᠠᠷᠢᠶᠠᠯᠠᠩ ᠤᠨ ᠲᠠᠯᠠᠪᠠᠢ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠨ ᠳᠤ ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠢ ᠳᠤ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ᠪᠣᠯᠣᠨ ︽ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ︵ᠳᠣᠲᠣᠭᠠᠳᠤ ᠶᠢ ᠬᠠᠮᠠᠭᠠᠯᠠᠬᠤ ᠶᠠᠮᠤᠨ ᠤ 61 ᠳ᠋ᠦ᠋ᠭᠡᠷ ᠲᠣᠭᠠᠲᠤ ᠵᠠᠷᠯᠢᠭ︶᠂ ︽ᠭᠠᠯ ᠤᠨᠲᠠᠷᠠᠭᠠᠬᠤ ᠬᠢᠨᠠᠯᠲᠠ ᠪᠠᠶᠢᠴᠠᠭᠠᠯᠲᠠ ᠶᠢᠨ ᠲᠣᠭᠲᠠᠭᠠᠯ︾ ︵ᠳᠣᠲᠣᠭᠠᠳᠤ ᠶᠢ ᠬᠠᠮᠠᠭᠠᠯᠠᠬᠤ ᠶᠠᠮᠤᠨ ᠤ 120 ᠳ᠋ᠤᠭᠠᠷ ᠲᠣᠭᠠᠲᠤ ᠵᠠᠷᠯᠢᠭ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ  ᠲᠠᠢ ᠨᠢᠭᠡᠴᠡ ᠶᠢ ᠵᠠᠭᠠᠭᠯᠠᠨ ᠲᠣᠭᠲᠠᠭᠠᠬᠤ ᠪᠠᠷᠢᠮᠵᠢᠶ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠭᠠᠯ ᠤᠨᠲᠠᠷᠠᠭᠠᠬᠤ ᠬᠢᠨᠠᠯᠲᠠ ᠲᠠᠯᠪᠢᠬᠤ ᠠᠵᠢᠯ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠢ ᠦᠨᠳᠦᠰᠦᠯᠡᠨ᠂ ᠡᠳᠦᠭᠡ ᠬᠢᠨᠠᠨ ᠵᠥᠪᠰᠢᠶᠡᠷᠡᠭᠰᠡᠨ ᠪᠥᠬᠦ ᠰᠢᠶᠠᠨ ᠤ 2023 ᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠤᠶᠠᠳᠤᠭᠠᠷ ᠳᠡᠰ ᠤᠨ ᠭᠤᠣᠯᠳᠠᠯᠭ᠎ᠠ ᠲᠠᠢ ᠨᠢᠭᠡᠴᠡ ᠨᠡᠶᠢᠲᠡ 143 ᠪᠠᠶᠢᠵᠤ᠂ ᠬᠤᠶᠠᠳᠤᠭᠠᠷ ᠳᠡᠰ ᠤᠨ ᠭᠤᠣᠯᠳᠠᠯᠭ᠎ᠠ ᠲᠠᠢ ᠨᠢᠭᠡᠴᠡ ᠠᠴᠠ ᠪᠤᠰᠤᠳ ᠪᠣᠶ ᠪᠦᠬᠦᠢ ᠨᠢᠭᠡᠴᠡ ᠶᠢ ᠴᠥᠮ ᠬᠠᠷᠢᠶᠠᠲᠤ ᠣᠷᠣᠨ ᠤ ᠲᠣᠮᠢᠯᠠᠭᠰᠠᠨ ᠰᠠᠯᠪᠤᠷᠢ ᠳᠤ ᠵᠢᠭᠰᠠᠭᠠᠵᠤ ᠬᠠᠮᠢᠶᠠᠷᠤᠨ᠎ᠠ ︵ᠨᠡᠷᠡᠰ ᠢ ᠳᠠᠭᠠᠯᠳᠤᠭᠤᠯᠤᠯ ᠬᠦᠰᠦᠨᠦᠭᠲᠦ ᠳᠤ ᠦᠵᠡ︶᠃      ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯᠳᠠᠯᠭ᠎ᠠ ᠲᠠᠢ ᠨᠢᠭᠡᠴᠡ ᠨᠦᠭᠦᠳ ︽ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠶᠢ ᠲᠤᠤᠱᠯᠠᠭᠤᠯᠵᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠣᠣᠷ᠎ᠠ ᠵᠢᠭᠰᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄      ︵ᠨᠢᠭᠡ︶ ᠡᠯ᠎ᠡ ᠱᠠᠲᠤ᠂ ᠡᠯ᠎ᠡ ᠠᠵᠢᠯ ᠤᠨ ᠪᠠᠶᠢᠷᠢ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠭ ᠬᠠᠷᠢᠭᠤᠴᠠᠯᠭ᠎ᠠ ᠡᠭᠦᠷᠭᠡᠯᠡᠭᠴᠢ ᠬᠢᠭᠡᠳ ᠲᠡᠭᠦᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠤᠰ ᠨᠢᠭᠡᠴᠡ ᠶᠢᠨ ᠢᠶᠠᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠭ ᠳᠦᠷᠢᠮ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠭ ᠠᠵᠢᠯᠯᠠᠭᠠᠨ ᠦ ᠳᠦᠷᠢᠮ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠵᠤ ᠲᠠᠷᠬᠠᠭᠠᠨ ᠶᠠᠪᠤᠭᠤᠯᠬᠤ ᠪᠡᠯᠡᠳᠬᠡᠯ ᠲᠥᠰᠥᠯ ᠢᠲᠣᠭᠲᠠᠭᠠᠬᠤ ᠬᠡᠷᠡᠭᠲᠡᠢ᠃ ᠠᠵᠢᠯᠲᠠᠨ ᠠᠵᠢᠯᠴᠢᠳ ᠢ ᠵᠣᠬᠢᠶᠠᠨ ᠪᠠᠶᠢᠭᠤᠯᠤᠨ ᠠᠵᠢᠯ  ᠤᠨ ᠪᠠᠶᠢᠷᠢ ᠳᠦ ᠭᠠᠷᠬᠤ ᠠᠴᠠ ᠡᠮᠦᠨᠡᠬᠢ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠤᠯᠪᠠᠰᠤᠷᠠᠯ ᠬᠢᠯᠭᠡᠵᠦ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ ᠡᠯ᠎ᠡ ᠵᠦᠢᠯ ᠤᠨ ᠳᠦᠷᠢᠮ ᠲᠣᠭᠲᠠᠭᠠᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠢ᠃      ︵ᠬᠤᠶᠠᠷ︶ ᠭᠠᠯ ᠰᠡᠷᠭᠡᠶᠢᠯᠡᠯᠲᠡ ᠶᠢᠨ ᠪᠠᠶᠢᠴᠠᠭᠠᠯᠲᠠ ᠬᠢᠵᠦ ᠲᠣᠭᠤᠷᠢᠨ ᠪᠠᠶᠢᠴᠠᠭᠠᠬᠤ᠂ ᠭᠠᠯ ᠤᠨᠲᠠᠷᠠᠭᠠᠬᠤ ᠪᠡᠯᠡᠳᠬᠡᠮᠵᠢ ᠶᠢᠨ ᠪᠠᠭᠠᠵᠢ ᠬᠡᠷᠡᠭᠰᠡᠯ ᠢ ᠬᠠᠮᠠᠭᠠᠯᠠᠨ ᠠᠷᠠᠴᠢᠯᠠᠬᠤ᠂ ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠶᠢ ᠪᠠᠶᠢᠴᠠᠭᠠᠨ ᠬᠡᠮᠵᠢᠬᠦ᠂ ᠭᠠᠯ ᠤᠨ ᠠᠶᠤᠯ ᠤᠨ ᠲᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃      ︵ᠭᠤᠷᠪᠠ︶ ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ ᠭᠠᠯ ᠤᠨᠲᠠᠷᠠᠭᠠᠬᠤ ᠪᠡᠯᠡᠳᠬᠡᠮᠵᠢ᠂ ᠪᠠᠭᠠᠵᠢ ᠬᠡᠷᠡᠭᠰᠡᠯ ᠲᠣᠬᠢᠷᠠᠭᠤᠯᠵᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠲᠡᠮᠳᠡᠭ ᠪᠠᠶᠢᠷᠢᠯᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠵᠤ ᠰᠡᠯᠪᠢᠨ ᠵᠠᠰᠠᠵᠤ᠂ ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠶᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠪᠥᠬᠦ ᠲᠠᠯ᠎ᠠ ᠪᠠᠷ ᠪᠠᠶᠢᠴᠠᠭᠠᠨ ᠬᠡᠮᠵᠢᠵᠦ᠂ ᠪᠦᠷᠢᠨ ᠪᠦᠲᠦᠨ ᠪᠥᠭᠡᠳ ᠪᠦᠲᠦᠮᠵᠢᠲᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠠᠯ ᠤᠨᠲᠠᠷᠠᠭᠠᠬᠤ ᠡᠵᠡᠮᠳᠡᠯ ᠤᠨ ᠲᠠᠰᠤᠭ ᠲᠠᠢ ᠪᠣᠯ 24 ᠴᠠᠭ ᠢᠶᠠᠷ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠡᠭᠡᠯᠵᠢ ᠪᠦᠷᠢ ᠳᠤ 2 ᠬᠥᠮᠥᠨ ᠠᠴᠠ ᠳᠤᠲᠠᠭᠤ ᠪᠠᠶᠢᠵᠤ ᠪᠣᠯᠬᠤ ᠦᠭᠡᠢ᠂ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠬᠡᠷᠡᠭᠲᠡᠢ᠃      ︵ᠳᠥᠷᠪᠡ︶ ᠲᠠᠷᠬᠠᠭᠠᠨ ᠶᠠᠪᠤᠭᠤᠯᠬᠤ ᠨᠡᠪᠳᠡᠷᠡᠯ ᠵᠠᠮ᠂ ᠠᠶᠤᠯ ᠦᠭᠡᠢ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡᠨ ᠤ ᠨᠡᠪᠳᠡᠷᠡᠯ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠭᠠᠯ ᠰᠡᠷᠭᠡᠶᠢᠯᠡᠬᠦ ᠤᠲᠤᠭ᠎ᠠ ᠰᠡᠷᠭᠡᠶᠢᠯᠡᠬᠦ ᠬᠤᠪᠢᠶᠠᠷᠢ ᠲᠣᠭᠤᠷᠢᠭ᠂ ᠭᠠᠯ ᠰᠡᠷᠭᠡᠶᠢᠯᠡᠬᠦ ᠵᠠᠢ ᠨᠢ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ ᠶᠢ ᠪᠠᠲᠤᠯᠠᠬᠤ ᠬᠡᠷᠡᠭᠲᠡᠢ᠃ ᠬᠥᠮᠥᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠤᠨ ᠡᠭᠦᠳᠡ ᠴᠣᠩᠬᠤᠨ ᠳᠤ ᠠᠮᠢ ᠵᠢᠭᠤᠲᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠬᠦ ᠬᠠᠷᠰᠢ ᠰᠠᠭᠠᠳ ᠲᠠᠯᠪᠢᠵᠤ ᠪᠣᠯᠬᠤ ᠦᠭᠡᠢ᠃ ᠪᠠᠷᠢᠯᠭ᠎ᠠ ᠶᠢᠨ ᠲᠣᠨᠣᠭᠯᠠᠭᠠᠰᠤ᠂ ᠪᠠᠷᠢᠯᠭ᠎ᠠ ᠶᠢᠨ ᠮᠠᠲ᠋ᠧᠷᠢᠶᠠᠯ ᠪᠣᠯᠣᠨ ᠭᠡᠷ ᠳᠣᠲᠣᠷᠠᠬᠢ ᠵᠠᠰᠠᠯ ᠴᠢᠮᠡᠭᠯᠡᠯ ᠤᠨ ᠮᠠᠲ᠋ᠧᠷᠢᠶᠠᠯ ᠵᠡᠷᠭᠡ ᠶᠢ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠦᠯᠬᠦ ᠶᠢ ᠪᠠᠲᠤᠯᠠᠬᠤ ᠬᠡᠷᠡᠭᠲᠡᠢ᠃      ︵ᠲᠠᠪᠤ︶ ᠭᠠᠯ ᠰᠡᠷᠭᠡᠶᠢᠯᠡᠨ ᠤᠨᠲᠠᠷᠠᠭᠠᠬᠤ ᠲᠠᠩᠰᠠ ᠡᠪᠬᠡᠮᠡᠯ ᠪᠠᠶᠢᠭᠤᠯᠵᠤ᠂ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠢ ᠶᠢᠨ ᠭᠤᠣᠯᠳᠠᠯᠭ᠎ᠠ ᠲᠠᠢ ᠭᠠᠵᠠᠷ ᠢ ᠲᠣᠭᠲᠠᠭᠠᠵᠤ᠂ ᠭᠠᠯ ᠰᠡᠷᠭᠡᠶᠢᠯᠡᠬᠦ ᠲᠡᠮᠳᠡᠭ ᠲᠠᠯᠪᠢᠵᠤ᠂ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃      ︵ᠵᠢᠷᠭᠤᠭ᠎ᠠ︶ ᠴᠠᠬᠢᠯᠭᠠᠨ ᠬᠡᠷᠡᠭᠰᠡᠯ ᠤᠨ ᠦᠢᠯᠡᠳᠬᠦᠨ᠂ ᠰᠢᠲᠠᠮᠠᠬᠠᠢ ᠬᠡᠢ ᠶᠢᠨ ᠬᠡᠷᠡᠭᠰᠡᠯ ᠢ ᠤᠭᠰᠠᠷᠠᠬᠤ᠂ ᠬᠡᠷᠡᠭᠯᠡᠬᠦ ᠪᠠ ᠴᠠᠬᠢᠯᠭᠠᠨ ᠤ ᠱᠤᠭᠤᠮ᠂ ᠬᠤᠭᠤᠯᠠᠢ ᠱᠤᠭᠤᠮ ᠢ ᠳᠡᠪᠢᠰᠬᠦ ᠳᠤ ᠡᠷᠬᠡᠪᠰᠢ ᠬᠠᠮᠢᠶ᠎ᠠ ᠪᠦᠬᠦᠢ ᠪᠠᠷᠢᠮᠵᠢᠶ᠎ᠠ ᠪᠠ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠵᠤ᠂ ᠪᠠᠶᠢᠴᠠᠭᠠᠨ ᠰᠢᠯᠭᠠᠬᠤ ᠬᠡᠷᠡᠭᠲᠡᠢ᠃      ︵ᠲᠤᠯᠤᠭ᠎ᠠ︶ ︽ᠨᠡᠶᠢᠭᠡᠮ ᠤᠨ ᠨᠢᠭᠡᠴᠡ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠵᠦᠭᠯᠡᠭᠦᠷ︾ ︵DB33/T828-2011︶ ᠢ ᠦᠨᠳᠦᠰᠦᠯᠡᠨ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ︽ᠲᠥᠷᠪᠡᠨ ᠴᠢᠳᠠᠪᠤᠷᠢ︾ ᠶᠢᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠡᠭᠦᠨ ᠤ ᠵᠡᠷᠭᠡᠴᠡᠪᠡᠷ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢᠨ ᠲᠠᠩᠰᠠ ᠡᠪᠬᠡᠮᠡᠯ ᠢ ᠪᠠᠶᠢᠭᠤᠯᠤᠨ ᠲᠡᠭᠦᠯᠳᠡᠷᠵᠢᠭᠦᠯᠵᠦ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢᠨ ᠠᠵᠢᠯᠲᠠᠨ᠂ ᠭᠠᠯ ᠤᠨᠲᠠᠷᠠᠭᠠᠬᠤ ᠪᠡᠯᠡᠳᠬᠡᠮᠵᠢ ᠶᠢ ᠬᠠᠮᠠᠭᠠᠯᠠᠨ ᠠᠷᠠᠴᠢᠯᠠᠬᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠥᠪᠡᠷ ᠢ ᠪᠠᠨ ᠦᠨᠡᠯᠡᠨ ᠵᠢᠱᠢᠬᠦ ᠭᠤᠷᠪᠠᠨ ᠵᠦᠢᠯ ᠤᠨ ᠮᠡᠳᠡᠭᠦᠯᠵᠦ ᠳᠠᠩᠰᠠᠯᠠᠭᠤᠯᠬᠤ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠢᠭᠡᠴᠡ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠥᠪᠡᠷ ᠢ ᠪᠠᠨ ᠬᠠᠮᠢᠶᠠᠷᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃      ︵ᠨᠠᠢᠮᠠ︶ ᠭᠠᠯ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠬᠢᠭᠡᠳ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃                                   ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ                                   2023 ᠣᠨ ᠤ 3 ᠰᠠᠷ᠎ᠠ ᠶᠢᠨ 27 ᠤ ᠡᠳᠦᠷ 
ᠢᠷᠡᠯᠲᠡ᠄ ᠲᠤᠰ ᠰᠦᠯᠵᠢᠶ᠎ᠡ