︽ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠳᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/4/26
ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠬᠡᠷᠡᠭ ᠡᠷᠬᠢᠯᠡᠬᠦ ᠭᠠᠵᠠᠷ︶᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠨᠢᠭᠡᠴᠡ ᠳᠤ᠄ ︽ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠳᠦᠷᠢᠮ︾ ᠢ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠨᠠᠶᠢᠳᠠᠪᠤᠷᠢᠵᠢᠭᠤᠯᠤᠯᠲᠠ ᠶᠢ ᠬᠢᠨᠠᠮᠠᠭᠠᠢ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃                                    ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ                                   2023 ᠣᠨ ᠤ 3 ᠰᠠᠷ᠎ᠠ ᠶᠢᠨ 16 ᠤ ᠡᠳᠦᠷ       ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠳᠦᠷᠢᠮ       ᠨᠢᠭᠡᠳᠦᠭᠡᠷ ᠵᠦᠢᠯ  ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠤᠰᠬᠠᠢ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠢᠯᠡᠳᠦᠯ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠲᠤᠰᠬᠠᠢ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠬᠦᠴᠦᠨ ᠢ ᠬᠠᠮᠠᠭᠠᠯᠠᠨ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠣᠰ ᠠᠷᠭ᠎ᠠ ᠶᠢ ᠲᠣᠭᠲᠠᠭᠠᠪᠠ᠃       ᠬᠤᠶᠠᠳᠤᠭᠠᠷ ᠵᠦᠢᠯ  ᠦᠶᠤᠸᠠᠨ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠣᠰ ᠠᠷᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠨᠢᠭᠡᠳᠦᠯᠲᠡᠢ ᠲᠥᠯᠥᠪᠯᠡᠨ ᠥᠷᠨᠢᠭᠦᠯᠵᠦ᠂ ᠵᠥᠪᠰᠢᠶᠡᠷᠡᠯ ᠣᠯᠣᠭᠰᠠᠨ ᠰᠢᠶᠠᠨ ᠤ ᠬᠡᠪᠴᠢᠶᠡᠨ ᠤ ᠬᠤᠳᠠᠯᠳᠤᠭᠠᠨ ᠤ ︽ᠲᠤᠷᠰᠢᠯᠲᠠ ᠶᠢᠨ ᠴᠢᠭ᠋ ᠪᠣᠯᠬᠤ ᠰᠢᠶᠠᠨ︾ ᠤ ᠳᠠᠷᠠᠭ᠎ᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠤ ᠰᠦᠯᠵᠢᠶ᠎ᠡ ᠳᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠤᠰᠬᠠᠢ ᠪᠤᠯᠤᠩ ᠭᠠᠷᠭᠠᠬᠤ ᠬᠡᠷᠡᠭᠲᠡᠢ᠃       ᠭᠤᠷᠪᠠᠳᠤᠭᠠᠷ ᠵᠦᠢᠯ  ᠲᠥᠪ  ᠦᠨ ᠲᠤᠰᠬᠠᠢ ᠵᠦᠢᠯ ᠤᠨ ᠪᠡᠯᠡ ᠮᠥᠩᠭᠦ ᠪᠠᠷ ᠳᠡᠮᠵᠢᠬᠦ ᠪᠠᠷ ᠪᠠᠶᠢᠭ᠎ᠠ ᠲᠥᠷᠥᠯ ᠵᠦᠢᠯ ᠪᠥᠬᠦᠨ ᠢ ᠴᠥᠮ ᠦᠶᠤᠸᠠᠨ ᠰᠢᠶᠠᠨ ᠤ ᠰᠢᠶᠠᠨ ᠤᠬᠡᠪᠴᠢᠶᠡᠨ ᠤ ᠬᠤᠳᠠᠯᠳᠤᠭᠠᠨ  ᠦ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠤᠯᠠᠷᠢᠯ ᠢᠶᠠᠷ ᠮᠡᠳᠡᠭᠦᠯᠦᠨ ᠬᠦᠷᠭᠡᠬᠦ ᠬᠡᠷᠡᠭᠲᠡᠢ ᠃       ᠳᠥᠷᠪᠡᠳᠦᠭᠡᠷ ᠵᠦᠢᠯ  ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠮᠡᠳᠡᠭᠡ ᠵᠠᠩᠭᠢ ᠶᠢ ᠨᠢᠭᠡᠳᠦᠯᠲᠡᠢ ᠲᠥᠯᠥᠪᠯᠡᠨ ᠬᠢᠨᠠᠨ ᠬᠠᠷᠭᠤᠭᠤᠯᠵᠤ ᠴᠤᠭᠯᠠᠭᠤᠯᠵᠤ᠂ ᠬᠢᠨᠠᠨ ᠪᠠᠶᠢᠴᠠᠭᠠᠵᠤ ᠬᠢᠨᠠᠨ ᠬᠠᠷᠭᠤᠭᠤᠯᠤᠭᠰᠠᠨ ᠤ ᠳᠠᠷᠠᠭ᠎ᠠ ᠵᠠᠰᠠᠭ ᠤᠨ ᠣᠷᠳᠣᠨ ᠤ ᠲᠤᠰᠬᠠᠢ ᠪᠤᠯᠤᠩ ᠢᠶᠠᠷ ᠳᠠᠮᠵᠢᠭᠤᠯᠤᠨ ᠢᠯᠡ ᠨᠡᠶᠢᠲᠡᠯᠡᠨ᠎ᠡ᠃       ᠲᠠᠪᠤᠳᠤᠭᠠᠷ ᠵᠦᠢᠯ  ᠢᠯᠡ ᠨᠡᠶᠢᠲᠡᠯᠡᠬᠦ ᠭᠤᠣᠯᠳᠠᠯᠭ᠎ᠠ ᠲᠠᠢ ᠠᠭᠤᠯᠭ᠎ᠠ ᠨᠢ ᠲᠥᠷᠥᠯ ᠵᠦᠢᠯ ᠤᠨ ᠲᠥᠰᠥᠯ᠂ ᠲᠥᠷᠥᠯ ᠵᠦᠢᠯ ᠤᠨ ᠬᠠᠷᠠᠯᠲᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠪᠡᠯᠡ ᠮᠥᠩᠭᠦ ᠰᠠᠯᠭᠠᠨ ᠥᠭᠭᠦᠭᠰᠡᠨ ᠪᠠᠶᠢᠳᠠᠯ᠂ ᠲᠥᠷᠥᠯ ᠵᠦᠢᠯ ᠢ ᠰᠢᠯᠭᠠᠨ ᠠᠪᠤᠭᠰᠠᠨ ᠪᠠᠶᠢᠳᠠᠯ᠂ ᠬᠢᠨᠠᠯᠲᠠ ᠲᠠᠯᠪᠢᠵᠤ ᠪᠠᠶᠢᠴᠠᠭᠠᠭᠰᠠᠨ ᠵᠡᠷᠭᠡ ᠠᠭᠤᠯᠭ᠎ᠠ ᠪᠣᠯᠣᠨ᠎ᠠ᠃       ᠵᠢᠷᠭᠤᠳᠤᠭᠠᠷ ᠵᠦᠢᠯ  ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠤᠰᠬᠠᠢ ᠪᠤᠯᠤᠩ ᠳᠤ ᠢᠯᠡᠴᠢᠯᠡᠨ ᠮᠡᠳᠡᠭᠦᠯᠬᠦ ᠴᠣᠩᠬᠤ ᠲᠣᠬᠢᠷᠠᠭᠤᠯᠵᠤ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠲᠣᠳᠣᠷᠬᠠᠶᠢᠯᠠᠬᠤ ᠬᠡᠷᠡᠭᠲᠡᠢ᠃       ᠳᠣᠯᠣᠳᠤᠭᠠᠷ ᠵᠦᠢᠯ  ᠨᠢᠭᠡᠨᠲᠡ ᠵᠠᠷᠯᠠᠨ ᠨᠡᠶᠢᠲᠡᠯᠡᠭᠰᠡᠨ ᠠᠭᠤᠯᠭ᠎ᠠ ᠳᠤ ᠵᠠᠰᠠᠪᠤᠷᠢ ᠣᠷᠣᠭᠤᠯᠵᠤ ᠪᠣᠯᠬᠤ ᠦᠭᠡᠢ᠂ ᠬᠡᠷᠪᠡ ᠵᠠᠰᠠᠪᠤᠷᠢ ᠣᠷᠣᠭᠤᠯᠬᠤ ᠴᠢᠬᠤᠯᠠ ᠲᠠᠢ ᠪᠣᠯ ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃       ᠨᠠᠢᠮᠠᠳᠤᠭᠠᠷ ᠵᠦᠢᠯ  ᠲᠥᠷᠥᠯ ᠵᠦᠢᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠳᠡᠭᠡᠨ ᠠᠵᠤ ᠠᠬᠤᠶᠢᠯᠠᠯ ᠤᠨ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠶᠢ ᠠᠩᠬᠠᠷᠴᠤ᠂ ᠠᠵᠤ ᠠᠬᠤᠶᠢᠯᠠᠯ ᠤᠨ ᠬᠤᠳᠠᠯᠳᠤᠭᠠᠨ ᠤ ᠨᠢᠭᠤᠴᠠ ᠳᠤ ᠬᠤᠯᠪᠣᠭᠳᠠᠪᠠᠯ ᠠᠵᠤ ᠠᠬᠤᠶᠢᠯᠠᠯ ᠤᠨ ᠵᠥᠪᠰᠢᠶᠡᠷᠡᠯ ᠢ ᠣᠯᠣᠭᠰᠠᠨ ᠤ ᠳᠠᠷᠠᠭ᠎ᠠ ᠰᠠᠶ᠋ᠢ ᠢᠯᠡ ᠨᠡᠶᠢᠲᠡᠯᠡᠨ᠎ᠡ᠃       ᠶᠢᠰᠦᠳᠦᠭᠡᠷ ᠵᠦᠢᠯ  ᠲᠣᠰ ᠳᠦᠷᠢᠮ ᠢ ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ