︽ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠡᠳᠦᠷ ᠲᠤᠲᠤᠮ ᠤᠨ ᠬᠠᠮᠢᠶᠠᠷᠤᠯᠲᠠ ᠶᠢᠨ ᠳᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/4/26
ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠬᠡᠷᠡᠭ ᠡᠷᠬᠢᠯᠡᠬᠦ ᠭᠠᠵᠠᠷ︶᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠨᠢᠭᠡᠴᠡ ᠳᠤ᠄︽ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠡᠳᠦᠷ ᠲᠤᠲᠤᠮ ᠤᠨ ᠬᠠᠮᠢᠶᠠᠷᠤᠯᠲᠠ ᠶᠢᠨ ᠳᠦᠷᠢᠮ︾ ᠢ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠲᠤᠭᠠᠢ᠃                                     ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ                                     2023 ᠣᠨ ᠤ 3 ᠰᠠᠷ᠎ᠠ ᠶᠢᠨ 16  ᠤ ᠡᠳᠦᠷ      ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠡᠳᠦᠷ       ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠠᠶᠢᠭᠤᠯᠤᠯᠲᠠ ᠶᠢᠨ ᠠᠵᠢᠯᠯᠠᠭ᠎ᠠ ᠶᠢᠨ ᠬᠡᠷᠡᠭᠵᠢᠭᠦᠯᠦᠯᠲᠡ ᠶᠢ ᠵᠢᠷᠤᠮᠵᠢᠭᠤᠯᠵᠤ᠂ ᠲᠥᠷᠥᠯ ᠵᠦᠢᠯ ᠤᠨ ᠠᠬᠢᠴᠠ ᠪᠠ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠪᠠᠲᠤᠯᠠᠬᠤ ᠶᠢᠨ ᠲᠤᠰᠠᠳᠠ᠂ ᠲᠥᠷᠥᠯ ᠵᠦᠢᠯ ᠤᠨ ᠡᠳᠦᠷ ᠲᠤᠲᠤᠮ ᠤᠨ ᠬᠢᠨᠠᠯᠲᠠ ᠲᠠᠯᠪᠢᠬᠤ ᠰᠢᠰᠲ᠋ᠧᠮᠵᠢ ᠶᠢ ᠪᠠᠶᠢᠭᠤᠯᠤᠨ᠎ᠠ᠃ ︽ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠳᠡᠮᠵᠢᠨ ᠬᠡᠷᠡᠭᠵᠢᠭᠦᠯᠬᠦ ᠲᠤᠬᠠᠢ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠬᠤᠳᠠᠯᠳᠤᠭᠠᠨ ᠤ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠶᠡᠷᠦᠩᠬᠡᠶᠢᠯᠡᠭᠰᠡᠨ ᠵᠤᠷᠭᠠᠨ ᠤ ᠮᠡᠳᠡᠭᠳᠡᠯ︾ ︵ᠡᠳ᠋ ᠤᠨ ᠵᠠᠰᠠᠭ ᠠᠯᠪᠠᠨ ᠪᠦᠲᠦᠭᠡᠨ ﹇2022﹈ 18 ᠳ᠋ᠤᠭᠠᠷ ᠲᠣᠭᠠᠲᠤ︶ ︽ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠬᠥᠳᠡᠭᠡ ᠲᠣᠰᠬᠤᠨ ᠤ ᠬᠡᠷᠡᠭᠯᠡᠭᠡ ᠶᠢ ᠠᠬᠢᠭᠤᠯᠬᠤ ᠲᠤᠬᠠᠢ ᠡᠳ᠋ ᠤᠨ ᠵᠠᠰᠠᠭ ᠤᠨ ᠶᠠᠮᠤᠨ ᠬᠤᠳᠠᠯᠳᠤᠭᠠᠨ ᠤ ᠶᠠᠪᠤᠳᠠᠯ ᠤᠨ ᠶᠠᠮᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠰᠠᠨᠠᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠪᠡᠯ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠠᠵᠢᠯ ᠢ ᠵᠢᠯᠤᠭᠤᠳᠴᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠷᠠᠭᠤᠯᠤᠨ᠂ ᠬᠡᠷᠡᠭ ᠤᠨ ᠡᠮᠦᠨ᠎ᠡ ᠲᠥᠯᠦᠪᠵᠢᠭᠦᠯᠭᠡ ᠲᠠᠢ᠂ ᠬᠡᠷᠡᠭ ᠤᠨ ᠳᠤᠮᠳᠠ ᠬᠢᠨᠠᠯᠲᠠ ᠲᠠᠯᠪᠢᠵᠤ᠂ ᠬᠡᠷᠡᠭ ᠤᠨ ᠳᠠᠷᠠᠭ᠎ᠠ ᠰᠢᠯᠭᠠᠨ ᠠᠪᠬᠤ ᠶᠢ ᠪᠡᠶᠡᠯᠡᠭᠦᠯᠵᠦ᠂ ᠲᠥᠷᠥᠯ ᠵᠦᠢᠯ ᠤᠨ ᠵᠢᠷᠤᠮᠵᠢᠯ ᠪᠠ ᠬᠡᠷᠡᠭᠵᠢᠭᠦᠯᠦᠯᠲᠡ ᠶᠢ ᠪᠦᠲᠦᠮᠵᠢᠲᠡᠢ ᠪᠠᠲᠤᠯᠠᠬᠤ ᠶᠢᠨ ᠲᠤᠰᠠᠳᠠ᠂ ᠣᠨᠴᠣᠭᠤᠶᠢᠯᠠᠨ ᠲᠣᠰ ᠬᠠᠮᠢᠶᠠᠷᠤᠯᠲᠠ ᠶᠢᠨ ᠳᠦᠷᠢᠮ ᠢ ᠲᠣᠭᠲᠠᠭᠠᠪᠠ᠃      ᠨᠢᠭᠡ᠂ ᠦᠨᠳᠦᠰᠦᠨ ᠦᠵᠡᠯ ᠰᠠᠨᠠᠭ᠎ᠠ      ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠠᠶᠢᠭᠤᠯᠤᠯᠲᠠ ᠶᠢᠨ ᠠᠵᠢᠯᠯᠠᠭ᠎ᠠ ᠶᠢᠨ ᠪᠦᠲᠦᠮᠵᠢᠲᠡᠢ ᠬᠡᠷᠡᠭᠵᠢᠭᠦᠯᠦᠭᠳᠡᠬᠦ ᠶᠢ ᠪᠠᠲᠤᠯᠠᠬᠤ ᠶᠢᠨ ᠲᠥᠯᠥᠭᠡ᠂ ᠲᠥᠷᠥᠯ ᠵᠦᠢᠯ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠡᠨ ᠬᠡᠷᠡᠭᠯᠡᠪᠡᠯ ᠬᠡᠨ ᠬᠠᠷᠢᠭᠤᠴᠠᠬᠤ ᠵᠠᠷᠴᠢᠮ ᠢ ᠪᠠᠷᠢᠮᠲᠠᠯᠠᠵᠤ᠂ ᠲᠥᠷᠥᠯ ᠵᠦᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠠᠶᠢᠭᠤᠯᠤᠯᠲᠠ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠬᠥᠳᠡᠭᠡ ᠲᠣᠰᠬᠤᠨ ᠤ ᠣᠲᠣ ᠦᠶ᠎ᠡ ᠶᠢᠨ ᠬᠤᠳᠠᠯᠳᠤᠭᠠᠨ ᠤ ᠰᠢᠰᠲ᠋ᠧᠮᠵᠢ ᠶᠢ ᠪᠠᠶᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠦᠨᠡᠨᠬᠦ ᠰᠠᠶᠢᠲᠤᠷ ᠬᠢᠬᠦ ᠬᠡᠷᠡᠭᠲᠡᠢ᠃      ᠬᠤᠶᠠᠷ᠂ ᠬᠢᠨᠠᠯᠲᠠ ᠲᠠᠯᠪᠢᠵᠤ ᠪᠠᠶᠢᠴᠠᠭᠠᠬᠤ ᠵᠠᠷᠴᠢᠮ      ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠷ ᠳᠠᠮᠵᠢᠭᠤᠯᠤᠨ᠂ ᠠᠵᠢᠯ ᠤᠨ ᠰᠤᠷᠲᠠᠯ ᠢᠶᠠᠨ ᠴᠢᠩᠳᠠᠯᠠᠵᠤ᠂ ᠪᠣᠳᠠᠲᠠᠢ  ᠠᠴᠠ ᠡᠭᠦᠰᠴᠦ᠂ ᠲᠥᠷᠥᠯ ᠵᠦᠢᠯ ᠤᠨ ᠦᠷᠭᠦᠯᠵᠢᠯᠡᠨ ᠡᠵᠡᠩᠨᠡᠬᠦ ᠣᠷᠳᠣ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠣᠯᠠᠨ ᠲᠦᠮᠡᠨ ᠳᠤ ᠠᠰᠢᠭ ᠬᠦᠷᠲᠡᠭᠡᠬᠦ ᠶᠢ ᠦᠨᠡᠨᠬᠦ ᠪᠠᠲᠤᠯᠠᠬᠤ ᠪᠠᠷ ᠴᠢᠷᠮᠠᠶᠢᠬᠤ ᠬᠡᠷᠡᠭᠲᠡᠢ᠃ᠲᠥᠷᠥᠯ ᠵᠦᠢᠯ ᠳᠤ ᠲᠥᠪ ᠤᠨ ᠲᠤᠰᠬᠠᠢ ᠵᠦᠢᠯ ᠤᠨ ᠪᠡᠯᠡ ᠮᠥᠩᠭᠦ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠪ ᠤᠨ ᠲᠤᠰᠬᠠᠢ ᠵᠦᠢᠯ ᠤᠨ ᠪᠡᠯᠡ ᠮᠥᠩᠭᠦ ᠪᠠ ᠲᠥᠷᠥᠯ ᠵᠦᠢᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠳᠤ ᠳᠣᠣᠷᠠᠬᠢ ᠵᠠᠷᠴᠢᠮ ᠤᠳ ᠢ ᠵᠢᠷᠤᠮᠯᠠᠬᠤ ᠬᠡᠷᠡᠭᠲᠡᠢ᠄      ︵ᠨᠢᠭᠡ︶ ᠲᠥᠷᠥᠯ ᠵᠦᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠨ᠎ᠠ᠃ ᠵᠦᠢᠯᠡᠰ ᠤᠨ ᠰᠢᠭᠤᠳ ᠬᠠᠷᠢᠭᠤᠴᠠᠯᠭ᠎ᠠ ᠶᠢᠨ ᠪᠡᠶᠡᠴᠢ ᠴᠣᠭᠴᠠ ᠪᠣᠯ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠣᠨ᠎ᠠ᠂ ᠵᠦᠢᠯᠡᠰ ᠤᠨ ᠪᠣᠳᠠᠲᠠᠢ ᠠᠵᠢᠯ ᠢ ᠬᠠᠷᠢᠭᠤᠴᠠᠵᠤ᠂ ᠵᠦᠢᠯᠡᠰ ᠤᠨ ᠪᠡᠯᠡ ᠮᠥᠩᠭᠦ ᠶᠢ ᠠᠶᠤᠯᠭᠦᠢ ᠪᠠᠶᠢᠯᠭᠠᠬᠤ᠂ ᠵᠢᠷᠤᠮᠵᠢᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ᠲᠠᠷᠢᠶᠠᠴᠢᠳ ᠲᠤ ᠠᠰᠢᠭ ᠬᠦᠷᠲᠡᠭᠡᠬᠦ ᠬᠡᠷᠡᠭᠲᠡᠢ᠃ᠡᠯ᠎ᠡ ᠨᠢᠭᠡᠴᠡ ᠨᠦᠭᠦᠳ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠠᠵᠢᠯ ᠤᠨ ᠲᠥᠰᠥᠯ ᠢᠶᠠᠨ ᠦᠨᠳᠦᠰᠦᠯᠡᠨ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭᠠᠲᠠᠨ ᠢ ᠲᠣᠳᠣᠷᠬᠠᠶᠢᠯᠠᠬᠤ ᠬᠡᠷᠡᠭᠲᠡᠢ᠃      ︵ᠬᠤᠶᠠᠷ︶ ᠬᠢᠨᠠᠯᠲᠠ ᠲᠠᠯᠪᠢᠵᠤ ᠪᠠᠶᠢᠴᠠᠭᠠᠬᠤ ᠳᠤᠭᠤᠶᠢᠯᠠᠩ ᠪᠠᠶᠢᠭᠤᠯᠤᠨ᠎ᠠ᠃ᠲᠥᠷᠥᠯ ᠵᠦᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠡᠰᠡᠭ ᠪᠦᠷᠢᠯᠳᠦᠭᠦᠨ ᠨᠢᠭᠡᠴᠡ ᠠᠴᠠ ᠬᠢᠨᠠᠯᠲᠠ ᠲᠠᠯᠪᠢᠵᠤ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠲᠥᠷᠥᠯ ᠵᠦᠢᠯ ᠤᠨ ᠬᠠᠮᠢᠶ᠎ᠠ ᠪᠦᠬᠦᠢ ᠠᠵᠢᠯ ᠳᠤ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠨ᠎ᠠ᠂ ᠪᠣᠳᠠᠲᠠᠢ ᠪᠠᠷ ᠦᠶᠤᠸᠠᠨ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ  ᠠᠴᠠ ᠲᠦᠷᠦᠭᠦᠯᠡᠨ ᠬᠠᠷᠢᠭᠤᠴᠠᠨ᠎ᠠ᠃      ︵ᠭᠤᠷᠪᠠ︶ ᠲᠥᠷᠥᠯ ᠵᠦᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠨᠠᠶᠢᠳᠠᠪᠤᠷᠢᠵᠢᠭᠤᠯᠤᠨ᠎ᠠ᠃ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ︽ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠠᠵᠢᠯ ᠤᠨ ᠲᠥᠰᠥᠯ︾ ᠳᠠᠬᠢ ᠡᠯ᠎ᠡ ᠵᠦᠢᠯ ᠤᠨ ᠲᠥᠯᠥᠪᠯᠡᠭᠡ ᠶᠢᠨ ᠲᠣᠬᠢᠷᠠᠭᠤᠯᠤᠯᠲᠠ ᠪᠠ ᠲᠥᠷᠥᠯ ᠵᠦᠢᠯ ᠤᠨ ᠠᠬᠢᠴᠠ ᠲᠠᠢ ᠤᠶᠠᠯᠳᠤᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠶᠠᠪᠤᠴᠠ ᠳᠤ ᠬᠤᠯᠪᠣᠭᠳᠠᠬᠤ ᠴᠢᠬᠤᠯᠠ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠵᠢᠴᠢ ᠨᠢᠭᠡᠨᠲᠡ ᠪᠡᠶᠡᠯᠡᠭᠦᠯᠦᠭᠰᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠪᠣᠳᠠᠲᠠᠢ ᠡᠵᠡᠩᠨᠡᠯᠲᠡ ᠶᠢᠨ ᠪᠠᠶᠢᠳᠠᠯ ᠳᠤ ᠴᠢᠭᠯᠡᠭᠦᠯᠦᠨ ᠬᠢᠨᠠᠯᠲᠠ ᠲᠠᠯᠪᠢᠵᠤ ᠪᠠᠶᠢᠴᠠᠭᠠᠨ᠎ᠠ᠃ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠶᠢᠨ ᠠᠵᠤ ᠠᠬᠤᠶᠢᠯᠠᠯ ᠤᠳ ᠱᠠᠭᠠᠷᠳᠠᠯᠭ᠎ᠠ ᠶᠣᠰᠣᠭᠠᠷ ᠲᠥᠷᠥᠯ ᠵᠦᠢᠯ ᠤᠨ ᠠᠬᠢᠴᠠ ᠶᠢᠨ ᠪᠠᠶᠢᠳᠠᠯ ᠢᠶᠠᠨ ᠰᠠᠷ᠎ᠠ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠳᠡᠭᠡᠭᠰᠢ ᠮᠡᠳᠡᠭᠦᠯᠬᠦ ᠶᠢᠨ ᠬᠠᠮᠲᠤ ᠪᠢᠴᠢᠭᠯᠡᠭᠰᠡᠨ ᠮᠠᠲ᠋ᠧᠷᠢᠶᠠᠯ ᠢ ᠪᠣᠶ ᠪᠣᠯᠭᠠᠬᠤ ᠬᠡᠷᠡᠭᠲᠡᠢ᠃ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠶᠢᠨ ᠳᠡᠭᠡᠭᠰᠢ ᠮᠡᠳᠡᠭᠦᠯᠦᠭᠰᠡᠨ ᠠᠵᠢᠯ ᠤᠨ ᠳ᠋ᠦᠩᠨᠡᠯᠲᠡ ᠵᠢᠴᠢ ᠲᠥᠷᠥᠯ ᠵᠦᠢᠯ ᠤᠨ ᠠᠬᠢᠴᠠ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠲᠥᠷᠥᠯ ᠵᠦᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃      ︵ᠳᠥᠷᠪᠡ︶ ᠬᠢᠨᠠᠯᠲᠠ ᠲᠠᠯᠪᠢᠵᠤ ᠪᠠᠶᠢᠴᠠᠭᠠᠬᠤ ᠶᠢᠨ ᠪᠣᠳᠠᠲᠤ ᠦᠷ᠎ᠡ ᠪᠦᠲᠦᠮᠵᠢ ᠶᠢ ᠦᠨᠡᠨᠬᠦ ᠪᠠᠲᠤᠯᠠᠨ᠎ᠠ᠃ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ ᠳᠤ ᠲᠤᠬᠠᠢ ᠶᠢᠨ ᠭᠠᠵᠠᠷ ᠲᠤᠨᠢ ᠪᠠᠶᠢᠴᠠᠭᠠᠬᠤ᠂ ᠰᠤᠭᠤᠴᠢᠨ ᠪᠠᠶᠢᠴᠠᠭᠠᠬᠤ ᠪᠠᠷ ᠭᠤᠣᠯ ᠪᠣᠯᠭᠠᠵᠤ᠂ ᠶᠣᠰᠣ ᠶᠢᠨ ᠲᠡᠳᠦᠢ ᠥᠩᠭᠡᠷᠡᠭᠦᠯᠬᠦ ᠦᠭᠡᠢ ᠪᠠᠶᠢᠵᠤ᠂ ᠰᠣᠬᠤᠷ ᠪᠠᠯᠠᠢ ᠭᠠᠵᠠᠷ ᠲᠤ ᠥᠯᠥ ᠣᠨᠣᠭᠳᠠᠬᠤ  ᠠᠴᠠ ᠵᠠᠶᠢᠯᠠᠰᠬᠢᠵᠦ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠮᠥᠷᠳᠡᠨ ᠬᠢᠨᠠᠨ ᠵᠢᠯᠤᠭᠤᠳᠴᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠦᠷ᠎ᠡ ᠳ᠋ᠦᠩ ᠢᠶᠠᠷ ᠲᠥᠷᠥᠯ ᠵᠦᠢᠯ ᠤᠨ ᠪᠡᠯᠡ ᠮᠥᠩᠭᠦ ᠶᠢ ᠰᠢᠯᠵᠢᠭᠦᠯᠦᠨ ᠥᠭᠬᠦ ᠭᠤᠣᠯ ᠦᠨᠳᠦᠰᠦᠯᠡᠯ ᠪᠣᠯᠭᠠᠨ᠎ᠠ᠃ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠨᠢ ᠡᠷᠬᠡᠪᠰᠢ ᠬᠢᠨᠠᠯᠲᠠ ᠲᠠᠯᠪᠢᠵᠤ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠣᠯᠠᠨ ᠤᠳᠠᠭ᠎ᠠ ᠠᠰᠠᠭᠤᠳᠠᠯ ᠣᠷᠣᠰᠢᠵᠤ ᠪᠠᠶᠢᠬᠤ ᠮᠥᠷᠲᠡᠭᠡᠨ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠠᠶᠢᠪᠠᠯ᠂ ᠪᠠᠶᠢᠳᠠᠯ ᠢ ᠨᠢ ᠦᠵᠡᠵᠦ ᠪᠠᠶᠢᠭᠠᠳ ᠬᠢᠷᠢ ᠬᠡᠮ ᠢ ᠨᠢ ᠬᠦᠴᠦᠨ ᠦᠭᠡᠢ ᠪᠣᠯᠭᠠᠵᠤ᠂ ᠨᠥᠬᠦᠪᠦᠷᠢ ᠶᠢᠨ ᠪᠡᠯᠡ ᠮᠥᠩᠭᠦ ᠶᠢ ᠨᠢ ᠬᠤᠷᠢᠶᠠᠨ ᠠᠪᠴᠢᠷᠠᠬᠤ ᠬᠡᠷᠡᠭᠲᠡᠢ᠃      ︵ᠲᠠᠪᠤ︶ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ᠃ ᠬᠢᠨᠠᠯᠲᠠ ᠲᠠᠯᠪᠢᠵᠤ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠴᠠᠭ ᠲᠤᠬᠠᠢ ᠳᠤᠨᠢ ᠵᠠᠯᠠᠷᠠᠭᠤᠯᠬᠤ ᠪᠤᠶᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠬᠤ ᠶᠢᠨ ᠬᠠᠮᠲᠤ ᠪᠢᠴᠢᠭ ᠤᠨ ᠬᠡᠯᠪᠡᠷᠢ ᠶᠢᠨ ᠴᠡᠭᠴᠡᠯᠡᠨ ᠰᠠᠶᠢᠵᠢᠷᠠᠭᠤᠯᠬᠤ ᠮᠠᠲ᠋ᠧᠷᠢᠶᠠᠯ ᠪᠣᠯᠭᠠᠬᠤ ᠶᠢᠨ ᠬᠠᠮᠲᠤ ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠠᠴᠠ ︽ᠴᠡᠭᠴᠡᠯᠡᠨ ᠰᠠᠶᠢᠵᠢᠷᠠᠭᠤᠯᠬᠤ ᠮᠡᠳᠡᠭᠳᠡᠯ︾ ᠭᠠᠷᠭᠠᠵᠤ ᠥᠭᠭᠦᠨ᠎ᠡ᠂ ᠡᠭᠦᠨ ᠳᠤ ᠣᠷᠣᠰᠢᠵᠤ ᠪᠠᠶᠢᠭ᠎ᠠ ᠠᠰᠠᠭᠤᠳᠠᠯ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ᠂ ᠱᠠᠭᠠᠷᠳᠠᠯᠭ᠎ᠠ᠂ ᠴᠡᠭᠴᠡᠯᠡᠨ ᠰᠠᠶᠢᠵᠢᠷᠠᠭᠤᠯᠤᠭᠰᠠᠨ ᠨᠢ ᠴᠠᠭ ᠲᠤᠬᠠᠢ ᠳᠤᠨᠢ ᠪᠢᠰᠢ ᠪᠠᠶᠢᠪᠠᠯ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠶᠢ ᠪᠠᠭᠲᠠᠭᠠᠨ᠎ᠠ᠃ ᠣᠯᠵᠤ ᠮᠡᠳᠡᠭᠰᠡᠨ ᠠᠰᠠᠭᠤᠳᠠᠯ ᠢ ᠰᠠᠶᠢᠲᠤᠷ ᠴᠡᠭᠴᠡᠯᠡᠨ ᠰᠠᠶᠢᠵᠢᠷᠠᠭᠤᠯᠤᠭᠰᠠᠨ ᠦᠭᠡᠢ ᠠᠴᠠ ᠡᠷᠡᠰ ᠵᠠᠶᠢᠯᠠᠰᠬᠢᠬᠦ ᠬᠡᠷᠡᠭᠲᠡᠢ᠃ ᠲᠣᠨᠤᠭ ᠲᠥᠬᠦᠭᠡᠷᠦᠮᠵᠢ ᠶᠢ ᠰᠤᠯᠠ ᠲᠠᠯᠪᠢᠬᠤ᠂ ᠨᠡᠭᠦᠯᠭᠡᠨ ᠬᠡᠷᠡᠭᠯᠡᠬᠦ᠂ ᠲᠤᠭ᠎ᠠ ᠪᠠᠷᠢᠮᠲᠠ ᠶᠢ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠵᠣᠬᠢᠶᠠᠬᠤ ᠵᠡᠷᠭᠡ ᠲᠥᠷᠥᠯ ᠵᠦᠢᠯ ᠤᠨ ᠪᠣᠳᠠᠲᠤ ᠦᠷ᠎ᠡ ᠪᠦᠲᠦᠮᠵᠢ ᠶᠢ ᠥᠯᠥ ᠪᠠᠳᠠᠷᠠᠭᠤᠯᠬᠤ ᠠᠰᠠᠭᠤᠳᠠᠯ  ᠠᠴᠠ ᠵᠠᠶᠢᠯᠠᠰᠬᠢᠬᠦ ᠬᠡᠷᠡᠭᠲᠡᠢ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠷ ᠳᠠᠮᠵᠢᠭᠤᠯᠤᠨ᠂ ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ ᠃        ᠭᠤᠷᠪᠠ᠂ ᠬᠢᠨᠠᠯᠲᠠ ᠲᠠᠯᠪᠢᠵᠤ ᠪᠠᠶᠢᠴᠠᠭᠠᠬᠤ ᠶᠢ ᠪᠦᠷᠢᠯᠳᠦᠭᠦᠯᠦᠭᠰᠡᠨ ᠨᠢᠭᠡᠴᠢ      ᠬᠢᠨᠠᠨ ᠬᠠᠮᠢᠶᠠᠷᠬᠤ ᠪᠦᠷᠢᠯᠳᠦᠭᠦᠨ ᠨᠢ ᠦᠶᠤᠸᠠᠨ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠬᠡᠰᠡᠭ ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ ᠪᠠᠷ ᠪᠦᠷᠢᠯᠳᠦᠵᠦ᠂ ᠪᠣᠳᠠᠲᠠᠢ ᠪᠠᠷ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠲᠦᠷᠦᠭᠦᠯᠡᠨ ᠬᠢᠨᠠᠨ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠯᠲᠠ ᠶᠢ ᠬᠦᠯᠢᠶᠡᠨ᠎ᠡ᠃      ᠳᠥᠷᠪᠡ᠂ ᠬᠢᠨᠠᠯᠲᠠ ᠲᠠᠯᠪᠢᠵᠤ ᠪᠠᠶᠢᠴᠠᠭᠠᠬᠤ ᠭᠤᠣᠯᠳᠠᠯᠭ᠎ᠠ      ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠳᠤ ᠳᠥᠷᠪᠡ ᠶᠢ ᠪᠠᠶᠢᠴᠠᠭᠠᠵᠤ ᠳᠥᠷᠪᠡ ᠶᠢ ᠦᠵᠡᠬᠦ ᠪᠠᠷ ᠭᠤᠣᠯᠳᠠᠯᠭ᠎ᠠ ᠪᠣᠯᠭᠠᠨ᠎ᠠ᠃ ᠳᠥᠷᠪᠡ ᠶᠢ ᠪᠠᠶᠢᠴᠠᠭᠠᠵᠤ ᠳᠥᠷᠪᠡ ᠶᠢ ᠦᠵᠡᠬᠦ ᠳᠤ ᠭᠤᠣᠯᠳᠠᠭᠤ᠄ ᠪᠡᠯᠡ ᠮᠥᠩᠭᠦ᠂ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠤᠭᠰᠠᠨ ᠪᠠᠶᠢᠳᠠᠯ ᠢ ᠪᠠᠶᠢᠴᠠᠭᠠᠵᠤ ᠂ ᠪᠡᠯᠡ ᠮᠥᠩᠭᠦ ᠶᠢ ᠬᠡᠷᠡᠭᠯᠡᠭᠰᠡᠨ ᠨᠢ ᠲᠣᠭᠲᠠᠭᠠᠯ ᠳᠤ ᠨᠡᠶᠢᠴᠡᠬᠦ ᠡᠰᠡᠬᠦ᠂ ᠰᠢᠯᠵᠢᠭᠦᠯᠦᠨ ᠥᠭᠭᠦᠭᠰᠡᠨ ᠨᠢ ᠪᠣᠳᠠᠲᠠᠶᠢᠵᠢᠭᠰᠠᠨ ᠡᠰᠡᠬᠦ ᠶᠢ ᠦᠵᠡᠨ᠎ᠡ᠃ ᠪᠡᠯᠡᠳᠬᠡᠮᠵᠢ ᠲᠥᠬᠦᠭᠡᠷᠦᠮᠵᠢ ᠶᠢᠨ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠵᠤ᠂ ᠲᠥᠬᠦᠭᠡᠷᠦᠮᠵᠢ ᠶᠢ ᠰᠤᠯᠠ ᠲᠠᠯᠪᠢᠵᠤ ᠪᠠᠶᠢᠬᠤ ᠡᠰᠡᠬᠦ᠂ ᠠᠷᠠᠴᠢᠯᠠᠨ ᠬᠠᠮᠠᠭᠠᠯᠠᠵᠤ ᠪᠠᠶᠢᠬᠤ ᠡᠰᠡᠬᠦ ᠶᠢ ᠦᠵᠡᠬᠦ ᠬᠡᠷᠡᠭᠲᠡᠢ᠃ ᠲᠥᠷᠥᠯ ᠵᠦᠢᠯ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠵᠤ᠂ ᠠᠵᠢᠯ ᠤᠨ ᠦᠷ᠎ᠡ ᠪᠦᠲᠦᠮᠵᠢ ᠶᠢ ᠦᠵᠡᠬᠦ ᠬᠡᠷᠡᠭᠲᠡᠢ᠃ ᠲᠥᠷᠥᠯ ᠵᠦᠢᠯ ᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠴᠠᠭᠠᠵᠤ᠂ ᠡᠯ᠎ᠡ ᠵᠦᠢᠯ ᠤᠨ ᠠᠰᠠᠭᠤᠳᠠᠯ ᠤᠨ ᠴᠡᠭᠴᠡᠯᠡᠨ ᠰᠠᠶᠢᠵᠢᠷᠠᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠡᠰᠡᠬᠦ ᠶᠢ ᠦᠵᠡᠬᠦ ᠬᠡᠷᠡᠭᠲᠡᠢ᠃ ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠠᠬᠢᠴᠠ ᠳᠤ ᠤᠯᠠᠷᠢᠯ ᠪᠦᠷᠢ ᠨᠢᠭᠡ ᠤᠳᠠᠭ᠎ᠠ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠵᠦ᠂ ᠮᠠᠲ᠋ᠧᠷᠢᠶᠠᠯ᠂ ᠲᠣᠭᠲᠠᠴᠠ ᠪᠠ ᠦᠷ᠎ᠡ ᠳ᠋ᠦᠩ ᠢ ᠬᠡᠷᠡᠭᠯᠡᠭᠰᠡᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠦᠵᠡᠬᠦ ᠬᠡᠷᠡᠭᠲᠡᠢ᠃ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠪᠦᠷᠢᠨ ᠲᠡᠭᠦᠯᠳᠡᠷ ᠲᠣᠭᠲᠠᠴᠠ ᠶᠢ ᠪᠠᠶᠢᠭᠤᠯᠵᠤ᠂ ᠤᠯᠠᠷᠢᠯ᠂ ᠣᠨ ᠢᠶᠠᠷ ᠮᠡᠳᠡᠭᠦᠯᠦᠯᠲᠡ ᠪᠣᠯᠭᠠᠬᠤ ᠬᠡᠷᠡᠭᠲᠡᠢ᠃
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ