ᠬᠠᠪᠤᠷ ᠤᠨ ᠭᠤᠷᠪᠠᠨ ᠰᠠᠷ᠎ᠠ ᠪᠣᠯ ᠬᠥᠷᠥᠰᠥ ᠰᠢᠷᠣᠢ ᠤᠶᠠᠷᠠᠨ ᠭᠡᠰᠴᠦ᠂ ᠲᠦᠮᠡᠨ ᠪᠣᠳᠠᠰ ᠠᠮᠢᠵᠢᠷᠠᠨ ᠰᠡᠷᠭᠦᠳᠡᠭ ᠰᠠᠶᠢᠬᠠᠨ ᠤᠯᠠᠷᠢᠯ ᠪᠣᠯᠣᠨ᠎ᠠ᠂ ᠮᠥᠨ ᠴᠦ | ᠪᠣᠷᠣᠳᠣᠬᠤᠢ ᠣᠷᠣᠨ ᠤ ᠪᠤᠭᠤᠳᠠᠢ ᠲᠠᠷᠢᠬᠤ ᠬᠠᠮᠤᠭ ᠤᠨ ᠲᠣᠬᠢᠷᠠᠮᠵᠢᠲᠠᠢ ᠤᠯᠠᠷᠢᠯ ᠶᠤᠮᠰᠠᠨ᠃ 3 ᠰᠠᠷ᠎ᠠ ᠶᠢᠨ 2 ᠤᠨ ᠡᠳᠦᠷ᠂ ᠬᠠᠩᠭᠢᠨ ᠬᠤᠶᠢᠲᠤ ᠬᠤᠰᠢᠭᠤᠨ ᠤ | ᠲᠤᠸᠠᠨ ᠵᠢᠶᠧ ᠪᠠᠯᠭᠠᠰᠤ ᠶᠢᠨ ᠮᠢᠨ ᠵᠢᠶᠠᠨ ᠲᠤᠰᠬᠤᠨ ᠳᠤ ᠬᠦᠷᠬᠦ ᠳᠤ᠂ ᠲᠠᠷᠢᠶᠠᠨ ᠭᠠᠵᠠᠷ ᠲᠤ ᠶᠡᠭᠡ ᠪᠠᠭ᠎ᠠ ᠲᠠᠷᠢᠮᠠᠯ ᠤᠨ ᠮᠠᠰᠢᠨ ᠰᠦᠯᠵᠢᠯᠳᠦᠨ᠂ ᠲᠠᠷᠢᠶᠠᠴᠢᠳ | ᠪᠤᠭᠤᠳᠠᠢ ᠪᠠᠨ ᠲᠠᠷᠢᠭᠠᠳ ᠶᠠᠭᠠᠷᠠᠯᠳᠤᠵᠤ᠂ ᠬᠥᠳᠡᠯᠮᠦᠷᠢᠴᠢᠨ ᠠᠷᠠᠳ ᠤᠨ ᠬᠦᠳᠡᠯᠮᠦᠷᠢ ᠶᠢᠨ ᠰᠠᠶᠢᠬᠠᠨ ᠵᠢᠷᠤᠭ ᠢ ᠦᠨᠡᠨ ᠮᠥᠨ ᠢᠶᠠᠷ ᠨᠢ ᠵᠢᠷᠤᠭᠯᠠᠨ᠎ᠠ᠃ | ︽ᠡᠨᠡ ᠵᠢᠯ ᠪᠢ 100 ᠭᠠᠷᠤᠢ ᠮᠦ ᠲᠠᠷᠢᠶᠠᠨ ᠭᠠᠵᠠᠷ ᠲᠠᠭᠠᠨ ᠪᠦᠷ ᠪᠤᠭᠤᠳᠠᠢ ᠲᠠᠷᠢᠬᠤ ᠪᠠᠷ ᠪᠤᠢ᠃ ᠮᠠᠨ ᠤ ᠳᠠᠷᠢᠭᠰᠠᠨ ᠪᠤᠭᠤᠳᠠᠢ ᠶᠢ ᠨᠤᠲᠤᠭ ᠤᠨ ᠰᠠᠶᠢᠨ | ᠠᠵᠤ ᠠᠬᠤᠶᠢᠯᠠᠯ ᠤᠷᠢᠳ ᠢᠶᠠᠷ ᠵᠠᠬᠢᠶᠠᠯᠠᠭ᠎ᠠ ᠲᠣᠭᠲᠠᠵᠤ ᠬᠤᠷᠢᠶᠠᠯᠲᠠ ᠠᠪᠤᠭᠰᠠᠨ ᠤ ᠲᠠᠷᠠᠭ᠎ᠠ ᠰᠢᠭᠤᠳ ᠠᠪᠴᠢᠬᠠᠳᠠᠭ ᠪᠣᠯᠬᠤᠷ ᠪᠣᠷᠤᠯᠠᠭᠤᠯᠭ᠎ᠠ ᠶᠢᠨ ᠤᠴᠢᠷ ᠲᠤ | ᠰᠠᠨᠠᠭ᠎ᠠ ᠵᠤᠪᠠᠭᠤ ᠬᠡᠷᠡᠭ ᠦᠭᠡᠢ᠃ ᠲᠡᠷᠡ ᠮᠥᠷᠲᠡᠭᠡᠨ ᠺᠤᠮᠫᠠᠨᠢ ᠢᠢᠨ ᠵᠢᠯ ᠪᠦᠷᠢ ᠶᠢᠨ ᠬᠤᠷᠢᠶᠠᠨ ᠠᠪᠬᠤ ᠦᠨ᠎ᠡ ᠬᠠᠩᠰᠢ ᠨᠢ ᠵᠠᠬ᠎ᠠ ᠳᠡᠯᠭᠡᠭᠦᠷ ᠤᠨ ᠦᠨ᠎ᠡ ᠠᠴᠠ | ᠥᠨᠳᠥᠷ ᠪᠠᠶᠢᠳᠠᠭ᠂ ᠡᠨᠡ ᠨᠢ ᠪᠢᠲᠡᠨ ᠤ ᠤᠷᠤᠯᠭ᠎ᠠ ᠶᠢᠨ ᠨᠡᠮᠡᠭᠳᠡᠯ ᠳᠤ ᠴᠦ ᠪᠠᠲᠤᠯᠠᠭ᠎ᠠ ᠬᠠᠩᠭᠠᠪᠠ︾ ᠭᠡᠵᠦ ᠮᠢᠨ ᠵᠢᠶᠠᠨ ᠲᠤᠰᠬᠤᠨ ᠤ ᠬᠤᠶᠠᠳᠤᠭᠠᠷ | ᠳᠤᠭᠤᠶᠢᠯᠠᠩ ᠤᠨ ᠲᠠᠷᠢᠶᠠᠴᠢᠨ ᠪᠢᠶᠠᠨ ᠡᠯ ᠷᠦᠢ ᠪᠤᠭᠤᠳᠠᠢ ᠲᠠᠷᠢᠬᠤ ᠶᠢᠨ ᠳᠠᠭᠠᠤ ᠰᠤᠷᠪᠤᠯᠵᠢᠯᠠᠭᠴᠢ ᠳᠤ ᠶᠠᠷᠢᠨ᠎ᠠ᠃ | ᠪᠢᠶᠠᠨ ᠡᠯ ᠷᠦᠢ ᠶᠢᠨ ᠶᠠᠷᠢᠵᠤ ᠪᠠᠶᠢᠭ᠎ᠠ ᠨᠤᠲᠤᠭ ᠤᠨ ᠰᠠᠶᠢᠨ ᠠᠵᠤ ᠠᠬᠤᠶᠢᠯᠠᠯ ᠪᠣᠯ ᠬᠠᠩᠭᠢᠨ ᠬᠤᠶᠢᠲᠤ ᠬᠤᠰᠢᠭᠤᠨ ᠤ ᠳ᠋ᠠ ᠹᠠ ᠭᠦᠩ ᠭᠤᠯᠢᠷ ᠤᠨ | ᠬᠢᠵᠠᠭᠠᠷᠲᠤ ᠺᠤᠮᠫᠠᠨᠢ ᠪᠣᠯᠣᠨ᠎ᠠ᠃ ᠺᠤᠮᠫᠠᠨᠢ ᠶᠢᠨ ᠶᠡᠷᠦᠩᠬᠡᠢ ᠳᠠᠭᠠᠭᠠᠮᠠᠯ ᠰᠢᠶᠦ᠋ᠩ ᠱᠧᠦ ᠵᠢᠶᠦ᠋ᠨ ᠤᠤᠯ ᠳᠠᠭᠠᠨ ᠲᠠᠷᠢᠶᠠᠴᠢᠨ ᠪᠠᠶᠢᠵᠤ᠂ ᠰᠡᠭᠦᠯᠡᠷ ᠨᠢ ᠠᠵᠤ ᠠᠬᠤᠶᠢᠯᠠᠯ | ᠡᠷᠬᠢᠯᠡᠨ ᠠᠭᠠᠵᠢᠮ ᠢᠶᠠᠷ ᠬᠤᠯᠠ ᠣᠶᠢᠷ᠎ᠠ ᠳᠠᠭᠠᠨ ᠨᠠᠷᠠᠲᠠᠢ ᠠᠵᠤ ᠠᠬᠤᠶᠢᠯᠠᠯᠲᠠᠨ ᠪᠣᠯᠵᠠᠢ᠃ ᠲᠤᠰ ᠺᠣᠮᠫᠠᠨᠢ ᠴᠠᠭᠠᠨ ᠭᠤᠯᠢᠷ ᠪᠣᠯᠪᠠᠰᠤᠷᠠᠭᠤᠯᠤᠨ | ᠦᠢᠯᠡᠳᠪᠦᠷᠢᠯᠡᠬᠦ ᠳᠡᠭᠡᠨ ᠴᠥᠮ ᠲᠤᠬᠠᠢ ᠶᠢᠨ ᠭᠠᠵᠠᠷ ᠤᠨ ᠲᠠᠷᠢᠶᠠᠴᠢᠳ ᠤᠨ ᠲᠠᠷᠢᠵᠤ ᠬᠤᠷᠢᠶᠠᠭᠰᠠᠨ ᠴᠢᠨᠠᠷ ᠰᠠᠶᠢᠲᠠᠢ ᠪᠤᠭᠤᠳᠠᠢ ᠶᠢ ᠬᠡᠷᠡᠭᠯᠡᠵᠦ ᠪᠤᠢ᠃ ᠨᠤᠲᠤᠭ | ᠤᠰᠤᠨ ᠤ ᠲᠠᠷᠢᠶᠠᠴᠢᠳ ᠲᠠᠭᠠᠨ ᠠᠰᠢᠭ ᠬᠦᠷᠲᠡᠭᠡᠬᠦ ᠶᠢᠨ ᠲᠥᠯᠥᠭᠡ᠂ ᠰᠢᠶᠦ᠋ᠩ ᠱᠧᠦ ᠵᠢᠶᠦ᠋ᠨ ᠺᠤᠮᠫᠠᠨᠢ ᠶᠢᠨ ᠢᠶᠠᠨ 5 ᠲᠦᠮᠡᠨ ᠮᠦ ᠪᠤᠭᠤᠳᠠᠢ ᠶᠢᠨ ᠰᠠᠭᠤᠷᠢᠨ ᠢᠶᠠᠨ | ᠲᠤᠸᠠᠨ ᠵᠢᠶᠧ ᠪᠠᠯᠭᠠᠰᠤᠨ ᠳᠤ ᠪᠠᠶᠢᠭᠤᠯᠤᠭᠰᠠᠨ ᠪᠥᠭᠡᠳ ᠪᠠᠯᠭᠠᠰᠤᠨ ᠤ ᠵᠠᠰᠠᠭ ᠤᠨ ᠣᠷᠳᠣᠨ ᠯᠤᠭ᠎ᠠ ᠴᠢᠨᠠᠷ ᠰᠠᠶᠢᠲᠠᠢ ᠪᠤᠭᠤᠳᠠᠢ ᠬᠤᠳᠠᠯᠳᠤᠨ ᠠᠪᠬᠤ ᠭᠡᠷ᠎ᠡ | ᠲᠣᠭᠲᠠᠵᠤ᠂ ᠪᠦᠬᠦ ᠪᠠᠯᠭᠠᠰᠤᠨ ᠤ 3000 ᠭᠠᠷᠤᠢ ᠲᠠᠷᠢᠶᠠᠯᠠᠬᠤ ᠡᠷᠦᠬᠡ ᠶᠢᠨ ᠪᠤᠭᠤᠳᠠᠢ ᠶᠢᠨ ᠪᠣᠷᠤᠯᠠᠭᠤᠯᠭ᠎ᠠ ᠢᠢᠨ ᠠᠰᠠᠭᠤᠳᠠᠯ ᠢ ᠪᠦᠳᠦᠮᠵᠢᠳᠠᠢ ᠰᠢᠢᠳᠪᠦᠷᠢᠯᠡᠪᠡ᠃ | ᠲᠡᠷᠡ ᠮᠥᠷᠲᠡᠭᠡᠨ ᠬᠤᠳᠠᠯᠳᠤᠨ ᠠᠪᠬᠤ ᠦᠨ᠎ᠡ ᠬᠠᠩᠰᠢ ᠶᠢ ᠪᠤᠰᠤᠳ ᠭᠠᠵᠠᠷ ᠤᠨ ᠬᠢ ᠠᠴᠠ ᠺᠢᠯᠦᠭᠷᠠᠮ ᠪᠦᠷᠢ ᠳᠡᠭᠡᠨ 5 ᠮᠥᠩᠭᠦ ᠥᠨᠳᠥᠷ ᠪᠠᠶᠢᠯᠭᠠᠵᠤ᠂ ᠪᠥᠬᠦ | ᠪᠠᠯᠭᠠᠰᠤᠨ ᠤ ᠲᠠᠷᠢᠶᠠᠴᠢᠳ ᠤᠨ ᠣᠷᠣᠯᠭ᠎ᠠ ᠶᠢ ᠵᠢᠯ ᠪᠦᠷᠢ 100 ᠲᠦᠮᠡᠨ ᠲᠥᠭᠦᠷᠢᠭ ᠨᠡᠮᠡᠭᠳᠡᠭᠦᠯᠵᠦ ᠪᠠᠶᠢᠨ᠎ᠠ᠃ ᠲᠤᠰ ᠺᠤᠮᠫᠠᠨᠢ ᠲᠠᠷᠢᠶᠠᠴᠢᠳ ᠤᠨ ᠪᠤᠭᠤᠳᠠᠢ ᠶᠢ | ᠬᠤᠳᠠᠯᠳᠤᠨ ᠠᠪᠬᠤ ᠳᠠᠭᠠᠨ ᠪᠠᠷᠢᠨ ᠳᠣᠣᠷ᠎ᠠ ᠨᠢ ᠪᠡᠯᠡᠨ ᠵᠣᠭᠤᠰ ᠢᠶᠠᠷ ᠲᠠᠰᠤᠯᠤᠨ ᠪᠤᠳᠤᠵᠤ᠂ ᠲᠠᠷᠢᠶᠠᠴᠢᠳ ᠤᠨ ᠪᠤᠭᠤᠳᠠᠢ ᠬᠤᠳᠠᠯᠳᠤᠭᠰᠠᠨ ᠵᠣᠭᠤᠰ ᠢ ᠶᠡᠷᠦ ᠠᠴᠠ | ᠱᠡᠭᠡᠯᠡᠵᠦ ᠥᠷᠢᠲᠦᠳᠡᠭ ᠦᠭᠡᠢ ᠪᠣᠯᠬᠤᠷ ᠲᠠᠷᠢᠶᠠᠯᠠᠬᠤ ᠡᠷᠦᠬᠡ ᠶᠢᠨ ᠪᠤᠭᠤᠳᠠᠢ ᠲᠠᠷᠢᠬᠤ ᠢᠳᠡᠪᠬᠢᠵᠢᠯ ᠢ ᠶᠡᠭᠡ ᠪᠠᠷ ᠳᠡᠭᠡᠭᠰᠢᠯᠡᠭᠦᠯᠵᠤ᠂ ᠲᠤᠬᠠᠢ ᠶᠢᠨ ᠭᠠᠵᠠᠷ ᠤᠨ | ᠪᠤᠭᠤᠳᠠᠢ ᠶᠢᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠭᠰᠠᠨ ᠪᠠᠶᠢᠨ᠎ᠠ᠃ ᠤᠳᠤ ᠳ᠋ᠠ ᠹᠠ ᠭᠦᠩ ᠺᠣᠮᠫᠠᠨᠢ ᠳᠤ 60 ᠭᠠᠷᠤᠢ ᠠᠵᠢᠯᠴᠢᠨ ᠲᠠᠢ ᠪᠠᠶᠢᠵᠤ᠂ ᠪᠦᠷ | ᠬᠥᠳᠡᠭᠡ ᠲᠣᠰᠬᠤᠨ ᠤ ᠦᠯᠡᠭᠦᠦ ᠬᠥᠳᠡᠯᠮᠦᠷᠢ ᠬᠦᠴᠦ ᠪᠤᠯᠬᠤ ᠶᠤᠮ᠃ ᠺᠣᠮᠫᠠᠨᠢ ᠶᠢᠨ ᠬᠥᠭᠵᠢᠯᠲᠡ ᠨᠢ ᠡᠷᠬᠢᠨ ᠲᠣᠭᠤᠷᠢᠨ ᠤ ᠲᠣᠰᠬᠤᠨ ᠤ ᠦᠯᠡᠭᠦᠦ ᠬᠥᠳᠡᠯᠮᠦᠷᠢ | ᠬᠦᠴᠦᠨ ᠳᠤ ᠠᠵᠢᠯ ᠣᠯᠭᠤᠬᠤ ᠠᠰᠠᠭᠤᠳᠠᠯ ᠢ ᠴᠦ ᠰᠢᠢᠳᠪᠦᠷᠢᠯᠡᠵᠦ᠂ ᠺᠣᠮᠫᠠᠨᠢ ᠢᠢᠨ ᠠᠵᠢᠯᠴᠢᠳ ᠤᠨ ᠰᠠᠷ᠎ᠠ ᠶᠢᠨ ᠴᠠᠯᠢᠩ ᠳᠤᠮᠳᠠᠴᠢ ᠪᠠᠷ 3000 ᠲᠥᠭᠦᠷᠢᠭ ᠢ | ᠳᠠᠪᠠᠵᠤ᠂ ᠲᠤᠬᠠᠢ ᠶᠢᠨ ᠭᠠᠵᠠᠷ ᠤᠨ ᠠᠳᠠᠯᠢ ᠲᠥᠷᠥᠯ ᠤᠨ ᠠᠵᠤ ᠠᠬᠤᠶᠢᠯᠠᠯ ᠤᠨ ᠬᠢ ᠠᠴᠠ ᠪᠦᠷ ᠳᠠᠪᠠᠪᠠ᠃ | ᠳ᠋ᠠ ᠹᠠ ᠭᠦᠩ ᠺᠣᠮᠫᠠᠨᠢ ᠲᠧᠭᠨᠢᠭ ᠮᠡᠷᠭᠡᠵᠢᠯ᠂ ᠪᠦᠲᠦᠭᠡᠭᠳᠡᠬᠦᠨ ᠤ ᠶᠠᠰᠤ ᠴᠢᠨᠠᠷ᠂ ᠠᠵᠤ ᠠᠬᠤᠶᠢᠯᠠᠯ ᠤᠨ ᠬᠠᠮᠢᠶᠠᠷᠤᠯᠲᠠ ᠶᠢ ᠴᠢᠬᠤᠯᠠᠴᠢᠯᠠᠨ | ᠠᠳᠬᠤᠭᠰᠠᠨ ᠠᠴᠠ ᠮᠠᠰᠢ ᠰᠠᠶᠢᠨ ᠦᠷ᠎ᠡ ᠠᠰᠢᠭ ᠣᠯᠵᠠᠢ᠃ ᠤᠳᠤ ᠲᠤᠰ ᠺᠣᠮᠫᠠᠨᠢ ᠡᠳᠦᠷ ᠲᠤ 170 ᠲᠣᠨ ᠪᠤᠭᠤᠳᠠᠢ ᠪᠤᠯᠪᠠᠰᠤᠷᠠᠭᠤᠯᠬᠤ ᠴᠠᠭᠠᠨ ᠭᠤᠯᠢᠷ ᠤᠨ | ᠦᠢᠯᠡᠳᠪᠦᠷᠢᠯᠡᠯ ᠤᠨ ᠱᠤᠭᠤᠮ ᠲᠠᠢ ᠪᠣᠯᠵᠤ᠂ ᠪᠦᠬᠦ ᠦᠢᠯᠡᠳᠪᠦᠷᠢᠯᠡᠯ ᠤᠨ ᠶᠠᠪᠤᠴᠠ ᠳᠤ ᠺᠣᠮᠫᠢᠦ᠋ᠲ᠋ᠧᠷ ᠤᠨ ᠡᠵᠡᠮᠰᠢᠯ ᠬᠠᠮᠢᠶᠠᠷᠤᠯᠲᠠ ᠶᠢ ᠪᠡᠶᠡᠯᠡᠭᠦᠯᠵᠦ᠂ ᠵᠢᠯ ᠳᠤ 5 | ᠲᠦᠮᠡᠨ ᠲᠣᠨ ᠭᠤᠯᠢᠷ ᠪᠣᠯᠪᠠᠰᠤᠷᠠᠭᠤᠯᠤᠨ ᠦᠢᠯᠡᠳᠪᠦᠷᠢᠯᠡᠵᠦ ᠦᠢᠯᠡᠳᠬᠦᠨ ᠤ ᠦᠷᠲᠡᠭ ᠨᠢ 3000 ᠲᠦᠮᠡᠨ ᠲᠥᠭᠦᠷᠢᠭ ᠢ ᠳᠠᠪᠠᠵᠤ᠂ ᠪᠦᠲᠦᠭᠡᠭᠳᠡᠬᠦᠨ ᠨᠢ ᠪᠦᠬᠦ | ᠤᠯᠤᠰ ᠤᠨ 20 ᠭᠠᠷᠤᠢ ᠶᠡᠭᠡ ᠳᠤᠮᠳᠠ ᠬᠤᠲᠠ ᠵᠢᠴᠢ ᠬᠠᠩᠭᠢᠨ ᠬᠤᠶᠢᠲᠤ ᠬᠤᠰᠢᠭᠤᠨ ᠤ ᠡᠷᠬᠢᠨ ᠲᠣᠭᠤᠷᠢᠨ ᠤ ᠭᠠᠵᠠᠷ ᠣᠷᠣᠨ ᠳᠤ ᠪᠣᠷᠤᠯᠠᠭᠤᠯᠭ᠎ᠠ ᠰᠠᠶᠢᠲᠠᠢ | ᠪᠠᠶᠢᠨ᠎ᠠ᠃ ᠲᠤᠰ ᠺᠣᠮᠫᠠᠨᠢ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠠᠮᠤ ᠲᠣᠰᠣ ᠪᠣᠯᠪᠠᠰᠤᠷᠠᠭᠤᠯᠬᠤ 20 ᠬᠦᠴᠦᠷᠬᠡᠭ ᠠᠵᠤ ᠠᠬᠤᠶᠢᠯᠠᠯ᠂ ᠥᠪᠡᠷᠲᠡᠭᠡᠨ | ᠵᠠᠰᠠᠬᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ᠂ ᠥᠪᠡᠷᠲᠡᠭᠡᠨ ᠵᠠᠰᠠᠬᠤ | ᠣᠷᠣᠨ ᠤ ᠶᠠᠳᠠᠭᠤ ᠶᠢ ᠲᠡᠳᠬᠦᠬᠦ ᠳᠠᠭᠠᠭᠤᠯᠤᠭᠴᠢ ᠠᠵᠤ ᠠᠬᠤᠶᠢᠯᠠᠯ᠂ 2016 ᠣᠨ ᠤ ᠳᠤᠮᠳᠠᠳᠤ ᠤᠯᠤᠰ ᠤᠨ ᠲᠦᠷᠤᠯ ᠲᠡᠮᠳᠡᠭᠲᠦ ᠢᠳᠡᠭᠡᠨ ᠤ ᠮᠠᠲ᠋ᠧᠷᠢᠶᠠᠯ ᠤᠨ | ᠠᠵᠤ ᠠᠬᠤᠶᠢᠯᠠᠯ ᠢᠶᠠᠷ ᠦᠨᠡᠯᠡᠭᠳᠡᠵᠡᠢ᠃ ᠺᠣᠮᠫᠠᠨᠢ ᠢᠢᠨ ᠪᠦᠲᠦᠭᠡᠭᠳᠡᠬᠦᠨ ᠨᠢ 2018 ᠣᠨ ᠤ ᠳᠤᠮᠳᠠᠳᠤ ᠤᠯᠤᠰ ᠤᠨ ᠶᠠᠰᠤ ᠴᠢᠨᠠᠷ ᠤᠨ ᠰᠦᠯᠵᠢᠶ᠎ᠡ ᠶᠢᠨ ︽ᠶᠠᠰᠤ | ᠴᠢᠨᠠᠷ ᠤᠨ ᠬᠤᠰᠢᠭᠤᠴᠢ ᠶᠢᠨ ᠦᠵᠡᠭᠦᠯᠭᠡ ᠶᠢᠨ ᠪᠦᠲᠦᠭᠡᠭᠳᠡᠬᠦᠨ︾ ᠢᠶᠠᠷ ᠰᠣᠩᠭᠤᠭᠳᠠᠨ᠂ 2019 ᠣᠨ ᠤ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ | ᠪᠣᠬᠢᠷᠲᠤᠯ ᠦᠭᠡᠢ ᠢᠳᠡᠭᠡᠨ ᠤ ᠦᠵᠡᠰᠬᠦᠯᠡᠩ ᠤᠨ ᠠᠯᠲᠠᠨ ᠱᠠᠩᠨᠠᠯ ᠢ ᠬᠦᠷᠲᠡᠵᠦ᠂ ᠺᠣᠮᠫᠠᠨᠢ ᠶᠢᠨ ᠳᠠᠩᠰᠠᠯᠠᠭᠤᠯᠤᠭᠰᠠᠨ ︽ᠳ᠋ᠠ ᠹᠠ ᠬᠥᠩ︾ ᠲᠠᠸᠠᠷ ᠤᠨ ᠲᠡᠮᠳᠡᠭ ᠨᠢ | ᠥᠪᠡᠷᠲᠡᠭᠡᠨ ᠵᠠᠰᠠᠬᠤ ᠣᠷᠣᠨ ᠤ ᠨᠠᠷᠠᠲᠤ ᠲᠠᠸᠠᠷ ᠤᠨ ᠲᠡᠮᠳᠡᠭ ᠢᠶᠠᠷ ᠦᠨᠡᠯᠡᠭᠳᠡᠭᠰᠡᠨ ᠪᠠᠶᠢᠨ᠎ᠠ᠃ | |