ᠡᠨᠡ ᠵᠢᠯ ᠮᠠᠨ ᠤ ᠬᠤᠲᠠ 13 ᠰᠤᠷᠭᠠᠨ ᠬᠥᠮᠦᠵᠢᠯ ᠤᠨ ᠲᠥᠷᠥᠯ ᠵᠦᠢᠯ ᠢ ᠰᠢᠨ᠎ᠡ ᠪᠠᠷ ᠪᠠᠶᠢᠭᠤᠯᠵᠤ ᠦᠷᠭᠦᠯᠵᠢᠯᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2023/7/13
      ᠣᠶᠢᠷ᠎ᠠ ᠳᠤ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠬᠤᠲᠠ 9.25 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ 13 ᠰᠤᠷᠭᠠᠨ ᠬᠥᠮᠦᠵᠢᠯ ᠤᠨ ᠲᠥᠷᠥᠯ ᠵᠦᠢᠯ ᠢ ᠰᠢᠨ᠎ᠡ ᠪᠠᠷ ᠪᠠᠶᠢᠭᠤᠯᠵᠤ ᠦᠷᠭᠦᠯᠵᠢᠯᠡᠨ ᠪᠠᠶᠢᠭᠤᠯᠬᠤ ᠪᠠᠷ ᠲᠥᠯᠥᠪᠯᠡᠵᠦ ᠪᠣᠶ᠂ ᠡᠭᠦᠨ ᠳᠤ 5 ᠲᠥᠷᠥᠯ ᠵᠦᠢᠯ ᠢ 9 ᠰᠠᠷ᠎ᠠ ᠠᠴᠠ ᠡᠮᠦᠨ᠎ᠡ ᠠᠰᠢᠭᠯᠠᠯᠲᠠ ᠳᠤ ᠣᠷᠣᠭᠤᠯᠵᠤ᠂ 3930 ᠡᠷᠳᠡᠮ ᠤᠨ ᠴᠣᠯᠠ ᠰᠢᠨ᠎ᠡ ᠪᠠᠷ ᠨᠡᠮᠡᠭᠳᠡᠭᠦᠯᠦᠨ᠎ᠡ᠃          ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠰᠤᠷᠭᠠᠨ ᠬᠥᠮᠦᠵᠢᠯ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠶᠡᠭᠡ ᠪᠠᠷ ᠠᠬᠢᠭᠤᠯᠵᠤ᠂ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ 3 ᠵᠢᠯ ᠤᠨ ᠠᠵᠢᠯᠯᠠᠭᠠᠨ ᠤ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠳᠤ ᠰᠠᠭᠤᠷᠢᠯᠠᠨ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ︔ ᠰᠤᠷᠭᠠᠨ ᠬᠥᠮᠦᠵᠢᠯ ᠤᠨ ᠶᠠᠰᠤ ᠴᠢᠨᠠᠷ ᠢ ᠳᠣᠪᠤᠶᠢᠯᠭᠠᠵᠤ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ︔ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠶᠢ ᠪᠠᠷᠢᠮᠲᠠᠯᠠᠵᠤ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢᠨ ᠲᠣᠭᠲᠠᠴᠠ ᠶᠢ ᠦᠷᠭᠦᠯᠵᠢᠯᠡᠨ ᠪᠦᠷᠢᠨᠰᠢᠭᠦᠯᠦᠨ᠎ᠡ︔ ᠳᠣᠲᠣᠭᠠᠳᠤ ᠬᠥᠳᠡᠯᠭᠡᠬᠦ ᠬᠦᠴᠦᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ︔ ᠰᠢᠨ᠎ᠡ ᠶᠢ ᠡᠭᠦᠳᠬᠦ ᠬᠥᠭᠵᠢᠯᠲᠡ ᠲᠠᠢ ᠨᠢᠭᠲᠠ ᠤᠶᠠᠯᠳᠤᠭᠤᠯᠤᠨ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠡᠭᠦᠨ ᠠᠴᠠ ᠭᠠᠳᠠᠨ᠎ᠠ᠂ ᠮᠠᠨ ᠤ ᠬᠤᠲᠠ ᠲᠡᠷᠢᠭᠦᠨ ᠤ ᠭᠠᠵᠠᠷ ᠣᠷᠣᠨ ᠤ ᠭᠤᠣᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠬᠦ ᠵᠠᠭᠪᠤᠷ ᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠨᠥᠬᠦᠴᠡᠯ ᠲᠠᠢ ᠬᠤᠰᠢᠭᠤ ᠰᠢᠶᠠᠨ ᠲᠣᠭᠤᠷᠢᠭ ᠤᠨ ᠨᠥᠬᠦᠷᠰᠡᠭ ᠰᠤᠷᠭᠠᠭᠤᠯᠢ ᠶᠢᠨ ᠬᠤᠣᠰᠯᠠᠯ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠶᠢ ᠵᠣᠷᠢᠭᠵᠢᠭᠤᠯᠵᠤ᠂ ᠰᠤᠷᠭᠠᠭᠤᠯᠢ ᠶᠢᠨ ᠬᠤᠭᠤᠷᠣᠨᠳᠣᠬᠢ ᠣᠷᠳᠣ ᠬᠤᠭᠤᠴᠠᠭᠠᠨ ᠤ ᠲᠣᠭᠲᠠᠪᠤᠷᠢᠲᠠᠢ ᠬᠠᠮᠲᠤᠷᠠᠯᠴᠠᠬᠤ ᠬᠠᠷᠢᠴᠠᠭ᠎ᠠ ᠶᠢ ᠪᠠᠶᠢᠭᠤᠯᠤᠨ᠂ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠤᠯ᠂ ᠰᠤᠷᠭᠠᠨ ᠬᠥᠮᠦᠵᠢᠯ ᠤᠨ ᠬᠠᠮᠢᠶᠠᠷᠤᠯᠲᠠ᠂ ᠪᠠᠭᠰᠢ ᠶᠢᠨ ᠪᠣᠯᠪᠠᠰᠤᠷᠠᠯ᠂ ᠰᠣᠷᠣᠭᠴᠢ ᠶᠢᠨ ᠰᠤᠳᠤᠯᠤᠨ ᠰᠤᠷᠤᠯᠴᠠᠬᠤ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠵᠤ᠂ ᠡᠬᠢ ᠪᠠᠶᠠᠯᠢᠭ ᠢ ᠬᠠᠮᠲᠤᠪᠠᠷ ᠭᠥᠷᠳᠡᠵᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠬᠤᠲᠠ ᠶᠢ ᠬᠦᠴᠦᠯᠡᠨ ᠪᠠᠶᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠭᠢᠯᠡᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ