︽ᠪᠠᠶᠠᠨᠨᠠᠭᠤᠷ ᠬᠤᠳᠠ ᠶᠢᠨ ᠰᠢᠯᠢᠳᠡᠭ ᠡᠷᠥᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠠᠷᠭ᠎ᠠ︾ ᠶᠢ ᠤᠯᠠᠮᠵᠢᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/7/26
      ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ   ᠦᠶᠤᠸᠠᠨ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ       ︽ ᠪᠠᠶᠠᠨᠨᠠᠭᠤᠷ ᠬᠤᠳᠠ ᠶᠢᠨ ᠰᠢᠯᠢᠳᠡᠭ ᠡᠷᠥᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠠᠷᠭ᠎ᠠ ︾ ᠶᠢ ᠤᠯᠠᠮᠵᠢᠯᠠᠨ ᠶᠠᠪᠤᠭᠤᠯᠬᠤ ᠲᠤᠬᠠᠢ ᠮᠡᠳᠡᠭᠳᠡᠯ       ᠡᠯ᠎ᠡ ᠰᠤᠮᠤ ᠪᠠᠯᠭᠠᠰᠤ ᠂ ᠬᠡᠷᠡᠭ ᠡᠷᠬᠢᠯᠡᠬᠦ ᠭᠠᠵᠠᠷ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠰᠢᠶᠠᠨ ᠳᠤ ᠰᠠᠭᠤᠭ᠎ᠠ ᠡᠯ᠎ᠡ ᠨᠢᠭᠡᠴᠢ ᠳᠤ ᠄       ᠪᠦᠬᠦ ᠰᠢᠶᠠᠨ ᠤ ᠡᠷᠦᠭᠡ ᠶᠢᠨ ᠴᠡᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠪᠠᠨ ᠭᠦᠢᠴᠡᠳᠬᠡᠬᠦ ᠳᠤ ᠬᠠᠷᠠᠭᠠᠯᠵᠠᠯ ᠦᠵᠡᠭᠦᠯᠬᠦ ᠪᠠ ᠡᠷᠬᠡ ᠠᠰᠢᠭ ᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ ᠂ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ ᠃       ᠨᠢᠭᠡ᠂ ᠡᠯ᠎ᠡ ᠨᠢᠭᠡᠴᠡ ᠨᠦᠭᠦᠳ ︽ᠪᠠᠶᠠᠨᠨᠠᠭᠤᠷ ᠬᠤᠲᠠ ᠶᠢᠨ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠬᠢᠨᠠᠮᠠᠭᠠᠢ ᠰᠤᠳᠤᠯᠤᠨ ᠤᠩᠰᠢᠬᠤ ᠶᠢᠨ ᠬᠠᠮᠲᠤ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠬᠦ ᠶᠢ ᠬᠦᠰᠡᠵᠦ ᠪᠠᠶᠢᠨ᠎ᠠ᠃       ᠬᠤᠶᠠᠷ᠂ ︽ᠠᠷᠭ᠎ᠠ︾ ᠶᠢᠨ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠡᠲᠡᠭᠡᠳ ᠨᠢ ᠪᠠᠶᠠᠨᠨᠠᠭᠤᠷ ᠬᠤᠲᠠ ᠶᠢᠨ ᠣᠷᠣᠨ ᠲᠣᠭᠠᠨ ᠳᠤ ᠪᠠᠶᠢᠭ᠎ᠠ ᠰᠢᠯᠢᠳᠡᠭ ᠡᠷᠦᠬᠡ ᠶᠢᠨ ᠴᠡᠷᠢᠭ ᠪᠠ ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠤᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠣᠨ᠎ᠠ᠂ ᠬᠤᠪᠢ ᠬᠥᠮᠥᠨ ᠤ ᠬᠦᠴᠦᠨ ᠪᠦᠬᠦᠢ ᠦᠨᠡᠮᠯᠡᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠪᠣᠯᠣᠨ᠎ᠠ᠃       ᠭᠤᠷᠪᠠ ᠂ ᠰᠢᠯᠢᠳᠡᠭ ᠡᠷᠦᠭᠡ ᠶᠢᠨ ᠴᠡᠷᠢᠭ ᠦᠶᠤᠸᠠᠨ ᠰᠢᠶᠠᠨ ᠤ ᠵᠠᠰᠠᠭ ᠵᠠᠬᠢᠷᠭᠠᠨ ᠤ ᠣᠷᠣᠨ ᠳᠤ ︽ ᠰᠢᠯᠢᠳᠡᠭ ᠡᠷᠦᠭᠡ ᠶᠢᠨ ᠴᠡᠷᠢᠭ ᠤᠨ ᠦᠨᠡᠮᠯᠡᠯ ︾ ᠢᠶᠠᠷ ᠢᠶᠠᠨ ᠡᠯ᠎ᠡ ᠲᠦᠷᠦᠯ ᠤᠨ ᠤᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ ᠂ ᠦᠵᠡᠰᠬᠦᠯᠡᠩ ᠤᠨ ᠣᠷᠳᠣᠨ ᠂ ᠮᠦᠽᠧᠢ ᠂ ᠤᠷᠠᠨ ᠵᠢᠷᠤᠭ ᠤᠨ ᠣᠷᠳᠣᠨ ᠂ ᠳᠤᠷᠠᠰᠬᠠᠯ ᠤᠨ ᠣᠷᠳᠣᠨ ᠂ ᠴᠡᠴᠡᠷᠯᠢᠭ ᠂ ᠨᠡᠭᠡᠭᠡᠯᠲᠡᠲᠡᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠪᠠ ᠡᠯ᠎ᠡ ᠲᠦᠷᠦᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠢᠶᠠᠷ ᠲᠣᠭᠤᠷᠢᠨ ᠦᠵᠡᠬᠦ ᠳᠤ ᠡᠭᠦᠳᠡᠨ ᠪᠢᠯᠧᠲ ᠠᠴᠠ ᠬᠡᠯᠲᠦᠷᠢᠭᠦᠯᠬᠦ ᠬᠠᠷᠠᠭᠠᠯᠵᠠᠯ ᠢ ᠬᠦᠷᠲᠡᠵᠦ ᠪᠣᠯᠣᠨ᠎ᠠ᠃ ᠬᠤᠲᠠ᠂ ᠬᠤᠲᠠ ᠬᠥᠳᠡᠭᠡ ᠶᠢᠨ ᠨᠡᠶᠢᠲᠡ ᠶᠢᠨ ᠮᠠᠰᠢᠨ ᠲᠡᠷᠭᠡᠨ ᠳᠤ ᠰᠠᠭᠤᠪᠠᠯ ᠬᠠᠭᠠᠰ ᠦᠨ᠎ᠡ ᠶᠢᠨ ᠬᠠᠷᠠᠭᠠᠯᠵᠠᠯ ᠭᠥᠷᠳᠡᠵᠦ ᠪᠣᠯᠣᠨ᠎ᠠ᠃ ᠪᠠᠰᠠ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠢᠶᠠᠷ ᠢᠶᠠᠨ ᠦᠶᠤᠸᠠᠨ ᠰᠢᠶᠠᠨ ᠤ ᠭᠤᠸᠠᠩ ᠲᠦᠩ ᠺᠣᠮᠫᠠᠨᠢ ᠳᠤ ᠬᠦᠷᠴᠦ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠬᠠᠷᠠᠭᠠᠯᠵᠠᠯ ᠤᠨ ᠺᠠᠷᠲ ᠠᠪᠴᠤ᠂ ᠬᠠᠭᠠᠰ ᠦᠨ᠎ᠡ ᠶᠢᠨ ᠰᠠᠭᠤᠷᠢᠨ ᠳᠡᠭᠡᠷ᠎ᠡ ᠳᠠᠬᠢᠭᠠᠳ 7.5 ᠨᠤᠭᠤᠯᠵᠤ ᠪᠤᠳᠤᠬᠤ ᠺᠠᠷᠲ ᠵᠤᠷᠠᠬᠤ ᠬᠠᠷᠠᠭᠠᠯᠵᠠᠯ ᠢ ᠭᠥᠷᠳᠡᠵᠦ ᠪᠣᠯᠣᠨ᠎ᠠ᠃       ᠳᠥᠷᠪᠡ᠂ ᠰᠢᠯᠢᠳᠡᠭ ᠡᠷᠦᠬᠡ ᠶᠢᠨ ᠴᠡᠷᠢᠭ ᠲᠡᠶᠢᠨ ᠤ ᠪᠡᠯᠡᠳᠬᠡᠯ ᠤᠨ ᠡᠭᠦᠷᠭᠡ ᠭᠦᠢᠴᠡᠳᠬᠡᠬᠦ᠂ ᠠᠶᠤᠯ ᠭᠠᠮᠰᠢᠭ  ᠠᠴᠠ ᠠᠪᠤᠷᠠᠬᠤ᠂ ᠴᠡᠷᠢᠭ ᠤᠨ ᠶᠠᠪᠤᠳᠠᠯ ᠤᠨ ᠪᠣᠯᠪᠠᠰᠤᠷᠠᠯ ᠵᠢᠴᠢ ᠬᠠᠮᠢᠶ᠎ᠠ ᠪᠦᠬᠦᠢ ᠠᠵᠢᠯᠯᠠᠭ᠎ᠠ ᠳᠤ ᠣᠷᠣᠯᠴᠠᠬᠤ ᠦᠶᠡᠰ᠂ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ᠪᠠᠲᠤᠯᠠᠭ᠎ᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠬᠠᠮᠢᠶ᠎ᠠ ᠪᠦᠬᠦᠢ ᠣᠯᠭᠤᠮᠵᠢ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃       ᠲᠠᠪᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠪᠠ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠲᠤᠰ ᠬᠠᠷᠢᠶ᠎ᠠ ᠣᠷᠣᠨ ᠤ ᠪᠠᠨ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠳᠤ ᠬᠢᠨᠠᠯᠲᠠ ᠲᠠᠯᠪᠢᠵᠤ ᠬᠡᠷᠡᠭᠵᠢᠭᠦᠯᠬᠦ ᠠᠵᠢᠯ ᠢ ᠬᠠᠷᠢᠭᠤᠴᠠᠵᠤ ᠂ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠠᠴᠠ ᠪᠣᠯᠵᠤ ᠵᠠᠭᠠᠯᠳᠤᠯᠭ᠎ᠠ ᠭᠠᠷᠭᠠᠭᠰᠠᠨ ᠪᠠ ᠮᠠᠭᠤ ᠨᠥᠯᠥᠭᠡ ᠭᠠᠷᠭᠠᠭᠰᠠᠨ ᠨᠢᠭᠡᠴᠢ ᠪᠠ ᠬᠤᠪᠢ ᠬᠥᠮᠥᠨ ᠢ ᠰᠢᠶᠠᠨ ᠤ ᠠᠷᠠᠳ ᠤᠨ ᠵᠠᠰᠠᠭ ᠤᠨ ᠣᠷᠳᠣᠨ ᠪᠠ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠰᠢᠪᠠᠳᠠᠨ ᠱᠠᠭᠠᠷᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠦᠨ᠎ᠡ ᠂ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠂ ᠬᠠᠤᠯᠢ ᠴᠠᠭᠠᠵᠠ ᠰᠠᠬᠢᠯᠭ᠎ᠠ ᠪᠠᠲᠤ ᠶᠢᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ ᠃                         ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ   ᠦᠶᠤᠸᠠᠨ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ                        2023 ᠣᠨ ᠤ 6 ᠰᠠᠷ᠎ᠠ ᠶᠢᠨ 16 ᠤ ᠡᠳᠦᠷ 
ᠢᠷᠡᠯᠲᠡ᠄ ᠦᠶᠤᠸᠠᠨ ᠰᠢᠶᠠᠨ ᠤ ᠵᠠᠰᠠᠭ ᠤᠨ ᠤᠷᠳᠣᠨ ᠤ ᠮᠤᠡᠭᠭᠤᠯ ᠰᠦᠯᠵᠢᠶ᠎ᠡ