ᠶᠡᠷᠦᠩᠬᠡᠢ ᠪᠡᠯᠡ ᠣᠷᠣᠭᠤᠯᠤᠯᠲᠠ ᠨᠢ 1595 ᠲᠦᠮᠡᠨ ᠲᠥᠭᠦᠷᠢᠭ  ᠹᠦ᠋ ᠰᠢᠩ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠢᠨᠵᠧᠨᠧᠷᠢᠩ ᠢ ᠡᠮᠬᠢ ᠵᠢᠷᠤᠮ ᠲᠠᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2023/8/1
      ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ ᠡᠨᠡ ᠵᠢᠯ ᠤᠨ 6 ᠰᠠᠷ᠎ᠠ ᠳᠤ᠂ ᠶᠡᠷᠦᠩᠬᠡᠢ ᠪᠡᠯᠡ ᠣᠷᠣᠭᠤᠯᠤᠯᠲᠠ ᠨᠢ 1595 ᠲᠦᠮᠡᠨ ᠲᠥᠭᠦᠷᠢᠭ ᠤᠨ ᠹᠦ᠋ ᠰᠢᠩ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ ᠢᠨᠵᠧᠨᠧᠷᠢᠩ ᠤᠷᠤᠭᠰᠢᠲᠠᠢ ᠡᠬᠢᠯᠡᠵᠡᠢ᠃      ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠰᠤᠷᠪᠤᠯᠵᠢᠯᠠᠭᠴᠢ ᠲᠣᠮᠣ ᠬᠡᠯᠪᠡᠷᠢ ᠶᠢᠨ ᠮᠠᠰᠢᠨ ᠮᠧᠬᠠᠨᠢᠭ ᠨᠢ ᠪᠠᠷᠢᠯᠭ᠎ᠠ ᠶᠢᠨ ᠠᠵᠢᠯᠲᠠᠨ ᠲᠠᠢ ᠨᠢᠭᠲᠠ ᠬᠠᠮᠵᠢᠯᠴᠠᠵᠤ᠂ ᠪᠣᠬᠢᠷ ᠤᠰᠤ ᠶᠢ ᠪᠠᠶᠢᠴᠠᠭᠠᠬᠤ ᠬᠤᠳᠳᠤᠭ ᠢ ᠡᠮᠬᠢ ᠵᠢᠷᠤᠮ ᠲᠠᠢ ᠪᠠᠷ ᠪᠠᠷᠢᠬᠤ᠂ ᠪᠥ᠋ᠲ᠋ᠤᠨ ᠵᠠᠮ ᠤᠨ ᠭᠠᠳᠠᠷᠭᠤ ᠶᠢ ᠴᠡᠪᠡᠷᠯᠡᠬᠦ ᠵᠡᠷᠭᠡ ᠪᠠᠷᠢᠯᠭ᠎ᠠ ᠶᠢᠨ ᠭᠤᠭᠴᠤᠭ᠎ᠠ ᠶᠢ ᠡᠮᠬᠢ ᠵᠢᠷᠤᠮ ᠲᠠᠢ ᠪᠠᠷ ᠬᠢᠵᠦ᠂ ᠠᠵᠢᠯᠴᠢᠳ ᠴᠠᠭ ᠨᠡᠮᠡᠵᠦ ᠠᠵᠢᠯᠯᠠᠨ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ ᠪᠠᠷᠢᠯᠭ᠎ᠠ ᠶᠢᠨ ᠠᠬᠢᠴᠠ ᠶᠢ ᠡᠮᠬᠢ ᠵᠢᠷᠤᠮ ᠲᠠᠢ ᠪᠠᠷ ᠠᠬᠢᠭᠤᠯᠵᠤ ᠪᠠᠶᠢᠬᠤ ᠶᠢ ᠣᠯᠵᠤ ᠬᠠᠷᠠᠵᠠᠢ᠃      ᠲᠠᠨᠢᠯᠴᠠᠭᠤᠯᠤᠭᠰᠠᠨ ᠢᠶᠠᠷ᠂ ᠭᠠᠵᠠᠷ ᠳᠣᠣᠷ᠎ᠠ ᠪᠣᠬᠢᠷ ᠤᠰᠤᠨ ᠤ ᠬᠤᠭᠤᠯᠠᠢ ᠶᠢᠨ ᠲᠣᠣᠷ ᠢ ᠤᠳᠠᠭᠠᠨ ᠵᠢᠯ ᠵᠠᠰᠠᠭᠰᠠᠨ ᠦᠭᠡᠢ ᠠᠴᠠ ᠪᠣᠯᠵᠤ᠂ ᠬᠤᠭᠤᠯᠠᠢ ᠶᠢᠨ ᠲᠣᠣᠷ ᠢ ᠪᠥᠭᠯᠡᠬᠦ᠂ ᠬᠤᠭᠤᠯᠠᠢ ᠶᠢ ᠡᠪᠳᠡᠬᠦ᠂ ᠰᠠᠯᠪᠤᠷᠢ ᠬᠤᠭᠤᠯᠠᠢ ᠶᠢ ᠵᠠᠯᠭᠠᠨ ᠣᠷᠣᠭᠤᠯᠬᠤ ᠨᠢ ᠵᠢᠷᠤᠮᠵᠢᠯ ᠦᠭᠡᠢ᠂ ᠤᠰᠤ ᠵᠠᠯᠠᠵᠤ ᠤᠰᠤᠲᠤᠯ ᠢ ᠰᠡᠷᠭᠡᠶᠢᠯᠡᠬᠦ ᠲᠥᠬᠦᠭᠡᠷᠦᠮᠵᠢ ᠬᠠᠭᠤᠴᠢᠷᠠᠬᠤ ᠵᠡᠷᠭᠡ ᠠᠰᠠᠭᠤᠳᠠᠯ ᠨᠡᠯᠢᠶᠡᠳ ᠣᠯᠠᠨ ᠣᠷᠣᠰᠢᠵᠤ ᠪᠠᠶᠢᠨ᠎ᠠ᠃ ᠹᠦ᠋ ᠰᠢᠩ ᠪᠠᠯᠭᠠᠰᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠪᠣᠬᠢᠷ ᠤᠰᠤ ᠰᠢᠢᠳᠪᠦᠷᠢᠯᠡᠬᠦ 1 ᠦᠢᠯᠡᠳᠪᠦᠷᠢ ᠶᠢ ᠨᠢᠭᠡᠳᠦᠯᠲᠡᠢ ᠲᠥᠯᠥᠪᠵᠢᠭᠦᠯᠵᠦ᠂ ᠲᠥᠯᠥᠪᠯᠡᠭᠡ ᠲᠠᠢ ᠪᠠᠷ ᠪᠠᠶᠢᠭᠤᠯᠵᠤ᠂ ᠡᠳᠦᠷ ᠲᠤ 300 ᠲᠣᠨ ᠪᠣᠬᠢᠷ ᠤᠰᠤ ᠶᠢ ᠰᠢᠢᠳᠪᠦᠷᠢᠯᠡᠵᠦ᠂ 8.74 ᠺᠢᠯᠣᠮᠧᠲᠷ ᠪᠣᠬᠢᠷ ᠤᠰᠤᠨ ᠤ ᠬᠤᠭᠤᠯᠠᠢ ᠶᠢᠨ ᠲᠣᠣᠷ ᠢ ᠪᠠᠶᠢᠭᠤᠯᠵᠤ᠂ 3 ᠬᠥᠭᠡᠷᠭᠡ ᠶᠢᠨ ᠥᠷᠲᠡᠭᠡ ᠶᠢ ᠨᠢᠭᠡ ᠴᠣᠭᠴᠠᠵᠢᠭᠤᠯᠤᠨ ᠳᠡᠭᠡᠭᠰᠢᠯᠡᠭᠦᠯᠵᠦ᠂ ᠪᠣᠬᠢᠷ ᠤᠰᠤ ᠶᠢ ᠪᠠᠶᠢᠴᠠᠭᠠᠬᠤ ᠬᠤᠳᠳᠤᠭ ᠪᠠ ᠪᠣᠷᠣᠭᠠᠨ ᠤᠰᠤᠨ ᠤ ᠠᠮᠠᠰᠠᠷ ᠢ 295 ᠢᠵᠢ ᠪᠦᠷᠢᠳᠦᠭᠦᠯᠦᠨ᠎ᠡ᠃      ᠪᠠᠷᠢᠯᠭ᠎ᠠ ᠪᠠᠷᠢᠬᠤ ᠶᠠᠪᠤᠴᠠ ᠳᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠ ᠲᠥᠷᠥᠯ ᠵᠦᠢᠯ ᠤᠨ ᠶᠠᠰᠤ ᠴᠢᠨᠠᠷ ᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠹᠦ᠋ ᠰᠢᠩ ᠪᠠᠯᠭᠠᠰᠤ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠦᠢᠯᠡᠴᠢᠯᠡᠭᠡᠨ ᠤ ᠪᠠᠲᠤᠯᠠᠭ᠎ᠠ ᠵᠢᠴᠢ ᠬᠢᠨᠠᠨ ᠵᠢᠯᠤᠭᠤᠳᠴᠤ ᠪᠠᠶᠢᠴᠠᠭᠠᠬᠤ ᠶᠢ ᠴᠢᠩᠭᠠᠳᠬᠠᠵᠤ᠂ ᠲᠥᠷᠥᠯ ᠵᠦᠢᠯ ᠤᠨ ᠲᠦᠷᠭᠡᠨ ᠪᠦᠲᠦᠭᠡᠨ ᠪᠠᠶᠢᠭᠤᠯᠤᠯᠲᠠ ᠶᠢᠨ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠪᠠ᠃ ᠣᠲᠣ ᠪᠣᠯᠲᠠᠯ᠎ᠠ᠂ ᠪᠠᠷᠢᠯᠭ᠎ᠠ ᠶᠢᠨ ᠭᠤᠣᠯ ᠱᠤᠭᠤᠮ ᠤᠨ 500 ᠳᠣᠯᠭᠢᠶᠠᠨ ᠠᠷᠲᠤ ᠬᠤᠭᠤᠯᠠᠢ 680 ᠮᠧᠲᠷ᠂ ᠰᠠᠯᠪᠤᠷᠢ ᠱᠤᠭᠤᠮ ᠤᠨ 300 ᠳᠣᠯᠭᠢᠶᠠᠨ ᠠᠷᠲᠤ ᠬᠤᠭᠤᠯᠠᠢ 2860 ᠮᠧᠲᠷ ᠤᠭᠰᠠᠷᠠᠵᠤ ᠳᠠᠭᠤᠰᠬᠠᠪᠠ᠃ 94 ᠪᠠᠶᠢᠴᠠᠭᠠᠯᠲᠠ ᠶᠢᠨ ᠬᠤᠳᠳᠤᠭ ᠢ ᠪᠠᠷᠢᠵᠤ᠂ ᠪᠦᠬᠦ ᠪᠠᠷᠢᠯᠭ᠎ᠠ ᠶᠢᠨ ᠬᠡᠮᠵᠢᠶ᠎ᠡ ᠶᠢᠨ 35%᠋ ᠢ ᠪᠡᠶᠡᠯᠡᠭᠦᠯᠵᠦ᠂ ᠵᠢᠱᠢᠯᠲᠡ ᠪᠠᠷ 2024 ᠣᠨ ᠤ 5 ᠰᠠᠷ᠎ᠠ ᠳᠤ ᠠᠵᠢᠯ ᠢᠶᠠᠨ ᠲᠤᠶᠢᠯᠪᠤᠷᠢᠲᠠᠢ ᠳᠠᠭᠤᠰᠬᠠᠨ᠎ᠠ᠃      ᠹᠦ᠋ ᠰᠢᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠮᠧᠩ ᠬᠠᠢ ᠵᠢᠶᠦ᠋ᠨ ᠬᠡᠯᠡᠬᠦ ᠳᠡᠭᠡᠨ᠄ ︽ᠲᠦᠷᠦᠯ ᠵᠦᠢᠯ ᠢ ᠪᠠᠶᠢᠭᠤᠯᠤᠭᠰᠠᠨ ᠤ ᠳᠠᠷᠠᠭ᠎ᠠ᠂ ᠴᠤᠭᠯᠠᠭ᠎ᠠ ᠪᠠᠯᠭᠠᠰᠤ ᠶᠢᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠪᠠ ᠪᠣᠬᠢᠷ ᠤᠰᠤ ᠶᠢ ᠭᠠᠳᠠᠭᠰᠢᠯᠠᠭᠤᠯᠬᠤ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ ᠴᠤᠭᠯᠠᠭ᠎ᠠ ᠪᠠᠯᠭᠠᠰᠤ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠪᠣᠯᠣᠨ ᠪᠣᠷᠣᠭᠠᠨ ᠤ ᠤᠰᠤ ᠶᠢ ᠭᠠᠳᠠᠭᠰᠢᠯᠠᠭᠤᠯᠬᠤ ᠳᠤ ᠳᠥᠭᠦᠮ ᠦᠭᠡᠢ᠂ ᠭᠠᠵᠠᠷ ᠳᠡᠭᠡᠷᠡᠬᠢ ᠤᠰᠤ ᠤᠰᠤᠨ ᠤ ᠪᠣᠬᠢᠷᠲᠤᠯ ᠵᠡᠷᠭᠡ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠹᠦ᠋ ᠰᠢᠩ ᠪᠠᠯᠭᠠᠰᠤ ᠶᠢᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ︾ ᠭᠡᠪᠡ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ