︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠥᠭᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2023/9/4
      ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠥᠭᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠤᠨ ᠲᠤᠬᠠᠢ ᠲᠠᠶᠢᠯᠤᠮᠵᠢ      ᠨᠢᠭᠡ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠠᠬᠤᠢ ᠪᠠᠶᠢᠳᠠᠯ      ︵ᠨᠢᠭᠡ︶ ᠨᠡᠶᠢᠲᠡᠯᠡᠭᠰᠡᠨ ᠪᠢᠴᠢᠭ ᠮᠠᠲ᠋ᠧᠷᠢᠶᠠᠯ  ᠤᠨ ᠰᠢᠯᠲᠠᠭᠠᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠳᠡᠭᠡᠳᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ︽ᠲᠦᠭᠡᠮᠡᠯ ᠬᠠᠷᠠᠭᠠᠯᠵᠠᠯ ᠤᠨ ᠴᠢᠨᠠᠷᠲᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ︾ ᠭᠡᠵᠦ ᠣᠨᠴᠠᠭᠠᠶᠢᠯᠠᠨ ᠴᠢᠬᠤᠯᠠᠴᠢᠯᠠᠵᠤ᠂ ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠢᠷᠤᠮᠵᠢᠭᠤᠯᠤᠨ ᠬᠥᠭᠵᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ︵ᠳᠣᠷᠣᠭᠰᠢ ︽ᠰᠠᠨᠠᠯ ᠤᠳ︾ ᠭᠡᠵᠦ ᠲᠣᠪᠴᠢᠯᠠᠨ᠎ᠠ︶ ᠳᠤ 2035 ᠣᠨ ᠪᠣᠯᠬᠤ ᠳᠤ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠲᠦᠭᠡᠮᠡᠯᠵᠢᠭᠦᠯᠬᠦ ᠬᠡᠷᠡᠭᠲᠡᠢ ᠭᠡᠵᠦ ᠱᠠᠭᠠᠷᠳᠠᠭᠰᠠᠨ ᠪᠥᠭᠡᠳ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠳᠤ 2025 ᠣᠨ ᠪᠣᠯᠬᠤ ᠳᠤ ᠪᠥᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠴᠡᠴᠡᠷᠯᠢᠭ ᠲᠤ ᠣᠷᠣᠬᠤ ᠪᠥᠬᠦ ᠨᠣᠷᠮ᠎ᠠ ᠶᠢ 90%  ᠠᠴᠠ ᠳᠡᠭᠡᠭᠰᠢ ᠳᠤ ᠬᠦᠷᠦᠭᠦᠯᠦᠨ᠎ᠡ ᠭᠡᠵᠦ ᠲᠣᠳᠣᠷᠬᠠᠢ ᠳᠤᠷᠠᠳᠤᠨ ᠭᠠᠷᠭᠠᠵᠠᠢ᠃      ︵ᠬᠤᠶᠠᠷ︶ ᠨᠡᠶᠢᠲᠡᠯᠡᠭᠰᠡᠨ ᠪᠢᠴᠢᠭ ᠮᠠᠲ᠋ᠧᠷᠢᠶᠠᠯ ᠤᠨ ᠦᠨᠳᠦᠰᠦᠯᠡᠯ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠠᠷᠪᠠᠨ ᠵᠢᠯ ᠤᠨ ᠲᠦᠷᠭᠡᠨ ᠬᠥᠭᠵᠢᠯᠲᠡ ᠪᠠᠷ ᠳᠡᠮᠵᠢᠨ᠂ ᠬᠡᠳᠦᠶᠢᠪᠡᠷ ᠲᠦᠭᠡᠮᠡᠯ ᠬᠠᠷᠠᠭᠠᠯᠵᠠᠯ ᠢ ᠲᠦᠭᠡᠮᠡᠯᠵᠢᠭᠦᠯᠬᠦ ᠬᠠᠷᠠᠯᠲᠠ ᠶᠢ ᠪᠡᠶᠡᠯᠡᠭᠦᠯᠦᠭᠰᠡᠨ ᠪᠣᠯᠪᠠᠴᠤ᠂ ᠭᠡᠪᠡᠴᠦ ᠪᠦᠬᠦᠶᠢᠯᠡ ᠰᠤᠷᠭᠠᠨ ᠬᠥᠮᠦᠵᠢᠯ ᠤᠨ ᠰᠢᠰᠲ᠋ᠧᠮ ᠤᠨ ᠬᠠᠮᠤᠭ ᠤᠨ ᠪᠠᠭᠤᠷᠠᠢ ᠲᠠᠯ᠎ᠠ ᠪᠣᠯᠵᠤ᠂ ᠪᠠᠰᠠ ᠵᠠᠷᠤᠳᠠᠯ ᠤᠨ ᠣᠷᠣᠭᠤᠯᠤᠯᠲᠠ ᠬᠦᠷᠦᠯᠴᠡᠬᠦ ᠦᠭᠡᠢ᠂ ᠥᠪᠡᠷ ᠤᠨ ᠥᠷᠲᠡᠭ  ᠢ ᠬᠤᠪᠢᠶᠠᠨ ᠡᠭᠦᠷᠭᠡᠯᠡᠬᠦ ᠲᠣᠭᠲᠠᠴᠠ ᠲᠡᠭᠦᠯᠳᠡᠷ ᠪᠤᠰᠤ᠂ ᠪᠠᠭᠰᠢ  ᠶᠢᠨ ᠬᠠᠷᠠᠭᠠᠯᠵᠠᠯ ᠤᠨ ᠪᠠᠲᠤᠯᠠᠭ᠎ᠠ ᠭᠦᠢᠴᠡᠳ ᠪᠤᠰᠤ᠂ ᠰᠢᠨᠵᠢᠯᠡᠬᠦ ᠤᠬᠠᠭᠠᠨᠴᠢ ᠪᠠᠷ ᠠᠰᠠᠷᠠᠨ ᠬᠥᠮᠥᠵᠢᠭᠦᠯᠬᠦ ᠬᠢᠷᠢ ᠲᠦᠪᠰᠢᠨ  ᠢ ᠳᠡᠭᠡᠭᠰᠢᠯᠡᠭᠦᠯᠬᠦ ᠴᠢᠬᠤᠯᠠᠲᠠᠢ ᠵᠡᠷᠭᠡ ᠲᠣᠪᠣᠶᠢᠮ᠎ᠠ ᠠᠰᠠᠭᠤᠳᠠᠯ ᠣᠷᠣᠰᠢᠵᠤ ᠪᠠᠶᠢᠨ᠎ᠠ᠃ ᠭᠤᠷᠪᠠᠨ ᠬᠡᠦᠬᠡᠳ ᠠᠪᠬᠤ ᠲᠥᠷᠥ ᠶᠢᠨ ᠪᠣᠳᠣᠯᠭ᠎ᠠ ᠬᠡᠷᠡᠭᠵᠢᠭᠦᠯᠦᠭᠳᠡᠬᠦ ᠶᠢ ᠳᠠᠭᠠᠯᠳᠤᠨ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠡᠬᠢ ᠪᠠᠶᠠᠯᠢᠭ ᠤᠨ ᠣᠷᠣᠨ ᠪᠦᠰᠡ ᠶᠢᠨ ᠴᠢᠨᠠᠷᠲᠠᠢ᠂ ᠪᠦᠲᠦᠴᠡ ᠶᠢᠨ ᠴᠢᠨᠠᠷᠲᠠᠢ ᠬᠤᠮᠰᠠᠳᠠᠯ ᠤᠨ ᠵᠥᠷᠢᠴᠡᠯ ᠮᠥᠨ ᠬᠦ ᠣᠷᠣᠰᠢᠵᠤ᠂ ︽ᠰᠤᠷᠬᠤ ᠨᠠᠰᠤᠨ  ᠠᠴᠠ ᠡᠮᠦᠨᠡᠬᠢ ᠳᠡᠭᠡᠭᠰᠢᠯᠡᠭᠦᠯᠬᠦ ᠲᠥᠯᠥᠪᠯᠡᠭᠡ︾ ᠶᠢ ᠦᠷᠭᠦᠯᠵᠢᠯᠡᠨ ᠬᠡᠷᠡᠭᠵᠢᠭᠦᠯᠵᠦ᠂ ᠲᠦᠭᠡᠮᠡᠯ ᠬᠠᠷᠠᠭᠠᠯᠵᠠᠯ ᠤᠨ ᠦᠷ᠎ᠡ ᠪᠦᠲᠦᠭᠡᠯ ᠢ ᠪᠠᠬᠢᠵᠢᠭᠦᠯᠦᠨ ᠲᠦᠭᠡᠮᠡᠯᠵᠢᠭᠦᠯᠦᠭᠰᠡᠨ ᠰᠠᠭᠤᠷᠢᠨ ᠳᠡᠭᠡᠷ᠎ᠡ᠂ ᠰᠤᠷᠬᠤ ᠨᠠᠰᠤᠨ  ᠠᠴᠠ ᠡᠮᠦᠨᠡᠬᠢ ᠰᠤᠷᠭᠠᠨ ᠬᠥᠮᠦᠵᠢᠯ ᠤᠨ ᠪᠠᠶᠢᠭᠤᠯᠤᠯ ᠲᠣᠭᠲᠠᠴᠠ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢᠨ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠰᠤᠷᠬᠤ ᠨᠠᠰᠤᠨ  ᠠᠴᠠ ᠡᠮᠦᠨᠡᠬᠢ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠲᠦᠭᠡᠮᠡᠯ ᠬᠠᠷᠠᠭᠠᠯᠵᠠᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠡᠦᠬᠡᠳ ᠤᠨ ᠴᠡᠴᠡᠷᠯᠢᠭ ᠤᠨ ᠠᠰᠠᠷᠠᠨ ᠬᠥᠮᠥᠵᠢᠭᠦᠯᠬᠦ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃      ᠬᠤᠶᠠᠷ᠂ ᠠᠵᠢᠯ ᠤᠨ ᠵᠣᠷᠢᠯᠭ᠎ᠠ ᠪᠠ ᠠᠴᠢ ᠬᠤᠯᠪᠣᠭᠳᠠᠯ      ︵ᠨᠢᠭᠡ︶ ᠵᠣᠷᠢᠯᠭ᠎ᠠ᠂ ᠭᠦᠨᠵᠡᠭᠡᠢ ᠵᠠᠳᠠᠯᠤᠨ ᠨᠤᠲᠠᠯᠠᠵᠤ ᠰᠤᠳᠤᠯᠤᠨ ᠮᠠᠭᠠᠳᠯᠠᠭᠰᠠᠨ ᠰᠠᠭᠤᠷᠢᠨ ᠳᠡᠭᠡᠷ᠎ᠡ᠂ ᠠᠵᠢᠯᠯᠠᠭᠠᠨ ᠤ ᠲᠥᠯᠥᠪᠯᠡᠭᠡ ᠳᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠰᠤᠷᠬᠤ ᠨᠠᠰᠤᠨ  ᠠᠴᠠ ᠡᠮᠦᠨᠡᠬᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠢ ᠬᠠᠷᠠᠯᠲᠠ ᠶᠢᠨ ᠲᠤᠬᠠᠢ ᠪᠠᠶᠢᠷᠢᠯᠠᠭᠤᠯᠤᠯᠲᠠ ᠬᠢᠪᠡ᠃ 2025 ᠣᠨ ᠪᠣᠯᠬᠤ ᠳᠤ᠂ ᠬᠤᠲᠠ ᠬᠥᠳᠡᠭᠡ ᠶᠢ ᠬᠠᠮᠤᠷᠤᠭᠰᠠᠨ᠂ ᠪᠠᠶᠢᠷᠢᠰᠢᠯ  ᠨᠢ ᠵᠦᠢ ᠵᠣᠬᠢᠰᠲᠠᠢ᠂ ᠨᠡᠶᠢᠲᠡ ᠶᠢᠨ ᠠᠰᠠᠷᠠᠮᠵᠢ ᠶᠢᠨ ᠲᠦᠭᠡᠮᠡᠯ ᠬᠠᠷᠠᠭᠠᠯᠵᠠᠯ ᠲᠠᠢ ᠰᠤᠷᠬᠤ ᠨᠠᠰᠤᠨ  ᠠᠴᠠ ᠡᠮᠦᠨᠡᠬᠢ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃ ᠡᠭᠦᠨ ᠤ ᠵᠡᠷᠭᠡ ᠳᠤ᠂ ᠪᠠᠰᠠ 3 ᠲᠠᠯ᠎ᠠ  ᠶᠢᠨ ᠪᠣᠳᠠᠲᠠᠢ ᠬᠠᠷᠠᠯᠲᠠ  ᠶᠢ ᠳᠤᠷᠠᠳᠴᠠᠢ᠂ ᠨᠢᠭᠡ ᠳᠤ᠂ ᠬᠥᠭᠵᠢᠭᠦᠯᠦᠯᠲᠡ  ᠶᠢᠨ ᠬᠠᠷᠠᠯᠲᠠ᠂ ᠪᠦᠬᠦ ᠤᠯᠤᠰ ᠤᠨ ᠰᠤᠷᠬᠤ ᠨᠠᠰᠤᠨ  ᠠᠴᠠ ᠡᠮᠦᠨᠡᠬᠢ ᠭᠤᠷᠪᠠᠨ ᠵᠢᠯ ᠤᠨ ᠴᠡᠴᠡᠷᠯᠢᠭ ᠲᠤ ᠣᠷᠣᠬᠤ ᠪᠦᠬᠦ ᠨᠣᠷᠮ᠎ᠠ  ᠶᠢ 90%  ᠠᠴᠠ ᠳᠡᠭᠡᠭᠰᠢ ᠬᠡᠮᠵᠢᠶᠡᠨ ᠳᠤ ᠬᠦᠷᠭᠡᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ  ᠶᠢ 85%  ᠠᠴᠠ ᠳᠡᠭᠡᠭᠰᠢ ᠬᠡᠮᠵᠢᠶᠡᠨ ᠳᠤ ᠬᠦᠷᠭᠡᠵᠦ᠂ ᠴᠡᠴᠡᠷᠯᠢᠭ ᠲᠤ ᠪᠠᠶᠢᠭ᠎ᠠ ᠠᠯᠪᠠᠨ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠬᠡᠦᠬᠡᠳ ᠤᠨ ᠡᠵᠡᠯᠡᠬᠦ ᠬᠠᠷᠢᠴᠠᠯ  ᠢ 50%  ᠠᠴᠠ ᠳᠡᠭᠡᠭᠰᠢ᠃ ᠬᠤᠶᠠᠷ ᠲᠤ᠂ ᠪᠠᠲᠤᠯᠠᠭ᠎ᠠ ᠶᠢᠨ ᠲᠣᠭᠲᠠᠴᠠ ᠶᠢᠨ ᠬᠠᠷᠠᠯᠲᠠ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠰᠤᠷᠬᠤ ᠨᠠᠰᠤᠨ  ᠠᠴᠠ ᠡᠮᠦᠨᠡᠬᠢ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠭᠤᠷᠪᠠ ᠳᠤ᠂ ᠶᠠᠰᠤ ᠴᠢᠨᠠᠷ ᠤᠨ ᠬᠠᠷᠠᠯᠲᠠ᠄ ᠬᠡᠦᠬᠡᠳ ᠤᠨ ᠴᠡᠴᠡᠷᠯᠢᠭ ᠤᠨ ᠠᠰᠠᠷᠠᠨ ᠬᠥᠮᠥᠵᠢᠭᠦᠯᠬᠦ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠡᠦᠬᠡᠳ ᠤᠨ ᠴᠡᠴᠡᠷᠯᠢᠭ ᠬᠢᠭᠡᠳ ᠪᠠᠭ᠎ᠠ ᠰᠤᠷᠭᠠᠭᠤᠯᠢ ᠶᠢ ᠰᠢᠨᠵᠢᠯᠡᠬᠦ ᠤᠬᠠᠭᠠᠨᠴᠢ ᠪᠠᠷ ᠵᠣᠯᠭᠠᠭᠤᠯᠬᠤ ᠲᠣᠭᠲᠠᠴᠠ ᠶᠢ ᠦᠨᠳᠦᠰᠦᠨ ᠳᠡᠭᠡᠨ ᠪᠦᠷᠢᠯᠳᠦᠭᠦᠯᠦᠨ᠎ᠡ᠃      ︵ᠬᠤᠶᠠᠷ︶ ᠠᠴᠢ ᠬᠤᠯᠪᠣᠭᠳᠠᠯ      ᠣᠳᠣᠬᠠᠨ ᠳᠤ ᠰᠤᠷᠬᠤ ᠨᠠᠰᠤᠨ  ᠠᠴᠠ ᠡᠮᠦᠨᠡᠬᠢ ᠰᠤᠷᠭᠠᠨ ᠬᠥᠮᠦᠵᠢᠯ  ᠢ ᠦᠨᠳᠦᠰᠦᠨ ᠳᠡᠭᠡᠨ ᠲᠦᠭᠡᠮᠡᠯᠵᠢᠭᠦᠯᠬᠦ ᠬᠠᠷᠠᠯᠲᠠ  ᠶᠢ ᠪᠡᠶᠡᠯᠡᠭᠦᠯᠵᠦ᠂ ᠶᠠᠰᠤ ᠴᠢᠨᠠᠷ  ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠰᠢᠨ᠎ᠡ ᠱᠠᠲᠤᠨ ᠳᠤ ᠣᠷᠣᠵᠤ ᠪᠠᠶᠢᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠭᠤᠣᠯ ᠡᠭᠦᠷᠭᠡ ᠪᠣᠯ ᠲᠦᠭᠡᠮᠡᠯ ᠬᠠᠷᠠᠭᠠᠯᠵᠠᠯ ᠤᠨ ᠴᠢᠨᠠᠷᠲᠠᠢ ᠡᠬᠢ ᠪᠠᠶᠠᠯᠢᠭ ᠤᠨ ᠳᠤᠲᠠᠭᠤᠳᠠᠯ ᠢ ᠨᠥᠬᠦᠪᠦᠷᠢᠯᠡᠬᠦ ᠶᠢᠨ ᠬᠠᠮᠲᠤ ᠠᠵᠢᠯ ᠤᠨ ᠭᠤᠣᠯᠳᠠᠯᠭ᠎ᠠ ᠪᠠᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠪᠠ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠰᠢᠯᠵᠢᠭᠦᠯᠬᠦ ᠶᠠᠪᠤᠳᠠᠯ ᠪᠣᠯᠣᠨ᠎ᠠ᠃ ᠨᠢᠭᠡ ᠳᠤ᠂ ᠨᠡᠶᠢᠳᠡᠮ ᠠᠰᠢᠭ ᠬᠦᠷᠲᠡᠭᠡᠬᠦ ᠡᠬᠢ ᠪᠠᠶᠠᠯᠢᠭ ᠤᠨ ᠳᠤᠲᠠᠭᠤᠳᠠᠯ ᠢ ᠨᠥᠬᠦᠪᠦᠷᠢᠯᠡᠵᠦ᠂ ᠲᠣᠰᠬᠤᠨ ᠤ ᠳᠡᠰ ᠤᠨ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠶᠢᠨ ᠰᠢᠨ᠎ᠡ ᠪᠠᠷ ᠨᠡᠮᠡᠭᠳᠡᠭᠰᠡᠨ ᠬᠥᠮᠥᠨ ᠠᠮᠠ᠂ ᠨᠡᠭᠦᠳᠡᠯ ᠬᠥᠮᠥᠨ ᠠᠮᠠ ᠳᠤ ᠨᠢᠭᠡ ᠪᠦᠯᠦᠭ ᠬᠡᠦᠬᠡᠳ ᠤᠨ ᠴᠡᠴᠡᠷᠯᠢᠭ ᠢ ᠲᠥᠪᠯᠡᠷᠡᠭᠦᠯᠦᠨ ᠰᠢᠨ᠎ᠡ ᠪᠠᠷ ᠪᠠᠶᠢᠭᠤᠯᠬᠤ ᠥᠭᠡᠷᠡᠴᠢᠯᠡᠨ ᠪᠠᠶᠢᠭᠤᠯᠬᠤ ᠥᠷᠭᠡᠳᠬᠡᠨ ᠪᠠᠶᠢᠭᠤᠯᠵᠤ᠂ ᠬᠤᠲᠠ ᠬᠥᠳᠡᠭᠡ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠶᠢᠷᠢᠰᠢᠯ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠲᠣᠣᠷ ᠢ ᠲᠡᠭᠦᠯᠳᠡᠷᠵᠢᠭᠦᠯᠵᠦ᠂ ᠰᠤᠷᠬᠤ ᠨᠠᠰᠤᠨ ᠤ ᠬᠡᠦᠬᠡᠳ ᠤᠨ ᠴᠡᠴᠡᠷᠯᠢᠭ ᠲᠤ ᠣᠷᠣᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ᠂ ᠲᠦᠭᠡᠮᠡᠯ ᠬᠠᠷᠠᠭᠠᠯᠵᠠᠯ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠱᠠᠲᠤᠨ ᠤ ᠵᠠᠰᠠᠭ ᠤᠨ ᠣᠷᠳᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠥᠭᠵᠢᠭᠦᠯᠬᠦ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠬᠡᠦᠬᠡᠳ ᠤᠨ ᠴᠡᠴᠡᠷᠯᠢᠭ ᠤᠨ ᠪᠠᠭᠰᠢ ᠶᠢ ᠲᠣᠬᠢᠷᠠᠭᠤᠯᠤᠨ ᠨᠥᠬᠦᠪᠦᠷᠢᠯᠡᠬᠦ ᠪᠠ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠎ᠡ᠃ ᠭᠤᠷᠪᠠ ᠳᠤ᠂ ᠠᠰᠠᠷᠠᠨ ᠬᠥᠮᠥᠵᠢᠭᠦᠯᠬᠦ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠢᠭᠠᠨ ᠰᠤᠷᠭᠠᠬᠤ ᠪᠠ ᠰᠤᠳᠤᠯᠬᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠶᠠᠰᠤ ᠴᠢᠨᠠᠷ ᠢ ᠦᠨᠡᠯᠡᠨ ᠵᠢᠱᠢᠬᠦ ᠰᠢᠰᠲ᠋ᠧᠮ ᠢ ᠪᠦᠷᠢᠨᠰᠢᠭᠦᠯᠦᠨ᠂ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠴᠢᠨᠠᠷ ᠪᠠ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃      ᠭᠤᠷᠪᠠ᠂ ᠠᠵᠢᠯ ᠥᠷᠨᠢᠭᠦᠯᠬᠦ ᠠᠷᠭ᠎ᠠ ᠬᠡᠮᠵᠢᠶ᠎ᠡ      ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠤ ᠳᠠᠷᠠᠭ᠎ᠠ ᠳᠣᠣᠷᠠᠬᠢ ᠬᠡᠳᠦᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠪᠠ᠄ ︵ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ᠂ ᠬᠡᠷᠡᠭᠵᠢᠭᠦᠯᠬᠦ ᠬᠡᠪᠴᠢᠶ᠎ᠡ᠂ ᠬᠤᠯᠪᠣᠭᠳᠠᠯ ᠪᠦᠬᠦᠢ ᠬᠤᠭᠤᠴᠠᠭ᠎ᠠ᠂ ᠬᠡᠷᠡᠭᠵᠢᠭᠦᠯᠬᠦ ᠪᠠᠷᠢᠮᠵᠢᠶ᠎ᠠ ᠵᠡᠷᠭᠡ︶      ᠨᠢᠭᠡ ᠳᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠡᠬᠢ ᠪᠠᠶᠠᠯᠢᠭ ᠤᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠡᠯ᠎ᠡ ᠭᠠᠵᠠᠷ ᠤᠨ ᠬᠢᠨ ᠲᠦᠷᠦᠭᠦ ᠬᠥᠮᠥᠨ ᠠᠮᠠ ᠶᠢᠨ ᠬᠤᠪᠢᠷᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠤᠲᠠ ᠪᠠᠯᠭᠠᠰᠤᠵᠢᠭᠤᠯᠬᠤ ᠬᠥᠭᠵᠢᠯᠲᠡ ᠶᠢᠨ ᠬᠠᠨᠳᠤᠰᠢ ᠶᠢ ᠭᠦᠢᠴᠡᠳ ᠪᠣᠳᠣᠯᠬᠢᠯᠠᠵᠤ᠂ ᠴᠡᠴᠡᠷᠯᠢᠭ ᠲᠤ ᠣᠷᠣᠬᠤ ᠬᠡᠷᠡᠭᠴᠡᠭᠡ ᠶᠢ ᠲᠥᠰᠥᠭᠡᠯᠡᠨ ᠪᠤᠳᠤᠬᠤ ᠠᠵᠢᠯ ᠢ ᠵᠢᠯ ᠳᠠᠷᠠᠭᠠᠯᠠᠨ ᠰᠠᠶᠢᠲᠤᠷ ᠬᠢᠵᠦ᠂ ᠰᠢᠶᠠᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠶᠢ ᠲᠡᠭᠦᠯᠳᠡᠷᠵᠢᠭᠦᠯᠬᠦ ᠬᠡᠷᠡᠭᠲᠡᠢ ᠭᠡᠪᠡ᠃︽ᠭᠤᠷᠪᠠᠨ ᠬᠡᠦᠬᠡᠳ ᠠᠪᠬᠤ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠴᠡᠭᠡ ᠳᠤ ᠵᠣᠬᠢᠴᠠᠭᠤᠯᠤᠨ᠂ ᠣᠷᠣᠰᠢᠨ ᠰᠠᠭᠤᠭ᠎ᠠ ᠨᠡᠶᠢᠭᠡᠮ ᠲᠣᠭᠤᠷᠢᠭ ᠤᠨ ᠬᠥᠮᠥᠨ ᠠᠮᠠ ᠶᠢᠨ ᠢᠵᠢ ᠪᠦᠷᠢᠳᠦᠭᠰᠡᠨ ᠡᠷᠳᠡᠮ ᠤᠨ ᠴᠣᠯᠠ ᠶᠢᠨ ᠪᠠᠷᠢᠮᠵᠢᠶ᠎ᠠ ᠳᠤ ᠴᠠᠭ ᠲᠤᠬᠠᠢ ᠳᠤᠨᠢ ᠵᠠᠰᠠᠪᠤᠷᠢ ᠣᠷᠣᠭᠤᠯᠬᠤ ᠪᠠ ᠲᠣᠬᠢᠷᠠᠭᠤᠯᠤᠯᠲᠠ ᠬᠢᠵᠦ᠂ ᠣᠷᠣᠰᠢᠨ ᠰᠠᠭᠤᠭ᠎ᠠ ᠲᠣᠭᠤᠷᠢᠭ ᠤᠨ ᠬᠥᠮᠥᠨ ᠠᠮᠠ ᠶᠢᠨ ᠬᠡᠪᠴᠢᠶ᠎ᠡ ᠲᠠᠢ ᠵᠣᠬᠢᠴᠠᠭᠰᠠᠨ ᠬᠡᠦᠬᠡᠳ ᠤᠨ ᠴᠡᠴᠡᠷᠯᠢᠭ ᠢ ᠲᠣᠬᠢᠷᠠᠭᠤᠯᠤᠨ ᠪᠠᠶᠢᠭᠤᠯᠬᠤ ᠬᠡᠷᠡᠭᠲᠡᠢ ᠭᠡᠪᠡ᠃ ᠬᠤᠶᠠᠷ ᠲᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠤ ᠭᠠᠵᠠᠷ ᠣᠷᠣᠨ᠂ ᠬᠤᠳᠠ ᠶᠢᠨ ᠰᠢᠨ᠎ᠡ ᠪᠠᠷ ᠨᠡᠮᠡᠭᠳᠡᠭᠰᠡᠨ ᠬᠥᠮᠥᠨ ᠠᠮᠠ ᠪᠠ ᠨᠡᠭᠦᠳᠡᠯ ᠬᠥᠮᠥᠨ ᠠᠮᠠ ᠲᠥᠪᠯᠡᠷᠡᠭᠰᠡᠨ ᠭᠠᠵᠠᠷ ᠣᠷᠣᠨ ᠤ ᠬᠡᠦᠬᠡᠳ ᠤᠨ ᠴᠡᠴᠡᠷᠯᠢᠭ ᠲᠤ ᠣᠷᠣᠬᠤ ᠬᠡᠷᠡᠭᠴᠡᠭᠡ ᠶᠢ ᠲᠥᠪᠯᠡᠷᠡᠭᠦᠯᠦᠨ ᠰᠢᠢᠳᠪᠦᠷᠢᠯᠡᠬᠦ ᠶᠢᠨ ᠲᠥᠯᠥᠭᠡ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠤᠯᠤᠰ ᠠᠴᠠ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠢᠨᠵᠧᠨᠧᠷᠢᠩ ᠪᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠠᠬᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠬᠡᠷᠡᠭᠵᠢᠭᠦᠯᠵᠦ᠂ ᠨᠢᠭᠡ ᠪᠦᠯᠦᠭ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ ᠶᠡᠭᠡ ᠠᠩᠭᠢ ᠶᠢᠨ ᠲᠤᠭ᠎ᠠ ᠶᠢ ᠠᠯᠬᠤᠮ ᠠᠯᠬᠤᠮ ᠢᠶᠠᠷ ᠠᠷᠢᠯᠭᠠᠵᠤ᠂ ᠦᠨᠡᠮᠯᠡᠯ ᠦᠭᠡᠢ ᠰᠢᠨ᠎ᠡ ᠬᠡᠦᠬᠡᠳ ᠤᠨ ᠴᠡᠴᠡᠷᠯᠢᠭ ᠭᠠᠷᠬᠤ ᠶᠢ ᠰᠡᠷᠭᠡᠶᠢᠯᠡᠨ᠎ᠡ᠃ ᠭᠤᠷᠪᠠ ᠳᠤ᠂ ᠬᠤᠲᠠ ᠪᠠᠯᠭᠠᠰᠤᠨ ᠤ ᠵᠢᠵᠢᠭ ᠲᠣᠭᠤᠷᠢᠭ ᠤᠨ ᠢᠵᠢ ᠪᠦᠷᠢᠳᠦᠭᠰᠡᠨ ᠴᠡᠴᠡᠷᠯᠢᠭ ᠤᠨ ᠵᠠᠰᠠᠯᠲᠠ ᠶᠢᠨ ︽ᠡᠷᠬᠢᠨ ᠬᠠᠷᠠᠬᠤ︾ ᠠᠵᠢᠯ ᠢ ᠥᠷᠨᠢᠭᠦᠯᠵᠦ᠂ ᠵᠠᠰᠠᠯᠲᠠ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠠᠬᠢᠨ ᠪᠠᠶᠢᠴᠠᠭᠠᠵᠤ᠂ ᠵᠠᠰᠠᠯᠲᠠ ᠶᠢᠨ ᠦᠷ᠎ᠡ ᠪᠦᠲᠦᠭᠡᠯ ᠢ ᠪᠠᠲᠤᠳᠬᠠᠨ᠂ ᠬᠤᠲᠠ ᠪᠠᠯᠭᠠᠰᠤᠨ ᠤ ᠭᠠᠵᠠᠷ ᠣᠷᠣᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠡᠬᠢ ᠪᠠᠶᠠᠯᠢᠭ ᠤᠨ ᠬᠠᠩᠭᠠᠯᠭ᠎ᠠ ᠶᠢᠨ ᠭᠤᠣᠯ ᠠᠷᠭ᠎ᠠ ᠵᠠᠮ ᠢ ᠪᠠᠲᠤᠯᠠᠵᠤ᠂ ᠬᠡᠦᠬᠡᠳ ᠤᠨ ᠴᠡᠴᠡᠷᠯᠢᠭ ᠲᠤ ᠣᠶᠢᠷᠠᠬᠠᠨ ᠣᠷᠣᠬᠤ ᠶᠢ ᠬᠠᠩᠭᠠᠬᠤ ᠳᠤ ᠦᠨᠳᠦᠰᠦᠨ ᠪᠠᠲᠤᠯᠠᠭ᠎ᠠ ᠬᠠᠩᠭᠠᠨ᠎ᠠ᠃      ᠬᠤᠶᠠᠷ ᠲᠤ᠂ ᠡᠳ᠋ ᠤᠨ ᠵᠠᠰᠠᠭ ᠤᠨ ᠣᠷᠣᠭᠤᠯᠤᠯᠲᠠ ᠶᠢ ᠨᠡᠮᠡᠭᠳᠡᠭᠦᠯᠬᠦ ᠪᠠᠷ ᠭᠤᠣᠯᠯᠠᠭᠤᠯᠤᠨ᠂ ︽ᠰᠤᠷᠬᠤ ᠨᠠᠰᠤᠨ  ᠠᠴᠠ ᠡᠮᠦᠨᠡᠬᠢ ᠬᠤᠭᠤᠴᠠᠭ᠎ᠠ ᠶᠢ ᠳᠡᠭᠡᠭᠰᠢᠯᠡᠭᠦᠯᠬᠦ ᠲᠥᠯᠥᠪᠯᠡᠭᠡ︾ ᠳᠤ ᠶᠠᠮᠠᠷ ᠶᠠᠮᠠᠷ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠳᠤᠷᠠᠳᠤᠭᠰᠠᠨ ᠪᠣᠶ︖      ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ ᠭᠤᠣᠯ ᠪᠣᠯᠭᠠᠵᠤ᠂ ᠭᠡᠷ ᠪᠦᠯᠢ ᠶᠢᠨ ᠬᠢᠨ ᠵᠣᠬᠢᠰᠲᠠᠢ ᠬᠤᠪᠢᠶᠠᠨ ᠡᠭᠦᠷᠭᠡᠯᠡᠵᠦ᠂ ᠪᠤᠰᠤᠳ ᠣᠯᠠᠨ ᠠᠷᠭ᠎ᠠ ᠵᠠᠮ ᠢᠶᠠᠷ ᠵᠠᠷᠤᠳᠠᠯ ᠴᠤᠭᠯᠠᠭᠤᠯᠬᠤ ᠣᠷᠣᠭᠤᠯᠤᠯᠲᠠ ᠶᠢᠨ ᠲᠣᠭᠲᠠᠴᠠ  ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠳᠡᠭᠡᠭᠰᠢᠯᠡᠭᠦᠯᠬᠦ ᠲᠥᠯᠥᠪᠯᠡᠭᠡ︾ ᠨᠢ ᠲᠦᠭᠡᠮᠡᠯ ᠬᠠᠷᠠᠭᠠᠯᠵᠠᠯ ᠤᠨ ᠴᠢᠨᠠᠷᠲᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠪᠠᠷ ᠬᠦᠴᠦᠯᠡᠬᠦ ᠴᠡᠭ ᠪᠣᠯᠭᠠᠵᠤ᠂ ᠨᠢᠭᠡ ᠳᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠳ᠋ ᠤᠨ ᠵᠠᠰᠠᠭ ᠤᠨ ᠣᠷᠣᠭᠤᠯᠤᠯᠲᠠ ᠶᠢᠨ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠦᠢᠯᠡᠴᠢᠯᠡᠭᠡ ᠬᠠᠩᠭᠠᠬᠤ ᠪᠠᠷ ᠬᠡᠮᠵᠢᠯᠲᠡ ᠶᠢᠨ ᠪᠠᠷᠢᠮᠵᠢᠶ᠎ᠠ ᠪᠣᠯᠭᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠴᠡᠴᠡᠷᠯᠢᠭ ᠡᠷᠭᠢᠯᠡᠬᠦ ᠥᠪᠡᠷ ᠤᠨ ᠥᠷᠲᠡᠭ ᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠬᠤᠪᠢᠶᠠᠨ ᠡᠭᠦᠷᠭᠡᠯᠡᠬᠦ ᠬᠠᠷᠢᠴᠠᠯ ᠢ ᠲᠣᠳᠣᠷᠬᠠᠶᠢᠯᠠᠨ᠂ ᠡᠳ᠋ ᠤᠨ ᠵᠠᠰᠠᠭ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ᠬᠤᠶᠠᠷ ᠲᠤ᠂ ᠵᠣᠭᠤᠰ ᠢᠶᠠᠷ ᠲᠤᠰᠠᠯᠠᠬᠤ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠣᠭᠤᠰ ᠢᠶᠠᠷ ᠲᠤᠰᠠᠯᠠᠬᠤ ᠡᠷᠴᠢᠮ ᠢᠶᠠᠨ ᠴᠢᠩᠭᠠᠷᠠᠭᠤᠯᠤᠨ᠂ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠬᠡᠦᠬᠡᠳ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠰᠤᠷᠬᠤ ᠨᠠᠰᠤᠨ  ᠠᠴᠠ ᠡᠮᠦᠨᠡᠬᠢ ᠰᠤᠷᠭᠠᠨ ᠬᠥᠮᠦᠵᠢᠯ ᠭᠥᠷᠳᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ︽ᠰᠠᠨᠠᠯ ᠤᠳ︾ ᠤᠨ ᠱᠠᠭᠠᠷᠳᠠᠯᠭ᠎ᠠ ᠶᠢ ᠪᠣᠳᠠᠲᠠᠢ ᠪᠠᠷ ᠨᠠᠶᠢᠳᠠᠪᠤᠷᠢᠵᠢᠭᠤᠯᠵᠤ᠂ ᠠᠯᠪᠠᠨ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠣᠷᠣᠭᠴᠢ ᠨᠢᠭᠡᠪᠦᠷᠢ ᠳᠤ ᠲᠡᠭᠰᠢᠳᠬᠡᠭᠰᠡᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠪᠤᠶᠤ ᠰᠣᠷᠣᠭᠴᠢ ᠨᠢᠭᠡᠪᠦᠷᠢ ᠳᠤ ᠲᠡᠭᠰᠢᠳᠬᠡᠭᠰᠡᠨ ᠡᠳ᠋ ᠤᠨ ᠵᠠᠰᠠᠭ  ᠠᠴᠠ ᠵᠣᠭᠤᠰ ᠰᠠᠯᠭᠠᠨ ᠥᠭᠬᠦ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠬᠥᠳᠡᠯᠦᠩᠭᠦᠢ ᠪᠠᠷ ᠲᠣᠬᠢᠷᠠᠭᠤᠯᠵᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠠᠮᠲᠤ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠡᠳ᠋ ᠤᠨ ᠵᠠᠰᠠᠭ ᠤᠨ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠪᠠ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠨᠥᠬᠦᠪᠦᠷᠢ ᠥᠭᠬᠦ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠳᠡᠮᠵᠢᠯᠭᠡ ᠪᠠ ᠵᠦᠢ ᠵᠣᠬᠢᠰᠲᠠᠢ ᠰᠦᠢᠳᠬᠡᠯ ᠬᠤᠷᠢᠶᠠᠬᠤ ᠪᠠᠷ ᠳᠠᠮᠵᠢᠭᠤᠯᠤᠨ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ︽ᠠᠮᠤᠷ ᠲᠦᠪᠰᠢᠨ ᠢ ᠪᠠᠲᠤᠯᠠᠬᠤ︾ ︽ᠴᠠᠯᠢᠩ ᠢ ᠪᠠᠲᠤᠯᠠᠬᠤ︾ ︽ᠠᠵᠢᠯᠯᠠᠭᠠᠨ ᠢ ᠪᠠᠲᠤᠯᠠᠬᠤ︾ ︽ᠬᠥᠭᠵᠢᠯᠲᠡ ᠶᠢ ᠪᠠᠲᠤᠯᠠᠬᠤ︾ ᠠᠰᠠᠭᠤᠳᠠᠯ ᠢ ᠰᠢᠢᠳᠪᠦᠷᠢᠯᠡᠨ᠎ᠡ᠃      ᠭᠤᠷᠪᠠ ᠳᠤ᠂ ᠬᠡᠦᠬᠡᠳ ᠤᠨ ᠴᠡᠴᠡᠷᠯᠢᠭ ᠤᠨ ᠰᠦᠢᠳᠬᠡᠯ ᠬᠤᠷᠢᠶᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠰᠠᠭᠤᠳᠠᠯ ᠳᠤ ᠴᠢᠭᠯᠡᠭᠦᠯᠦᠨ᠂ ︽ᠰᠤᠷᠬᠤ ᠨᠠᠰᠤᠨ  ᠠᠴᠠ ᠡᠮᠦᠨᠡᠬᠢ ᠬᠤᠭᠤᠴᠠᠭ᠎ᠠ ᠶᠢ ᠳᠡᠭᠡᠭᠰᠢᠯᠡᠭᠦᠯᠬᠦ ᠲᠥᠯᠥᠪᠯᠡᠭᠡ︾ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ︖      ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠶᠢᠨ ᠬᠠᠮᠲᠤ᠂ ᠥᠪᠡᠷ ᠤᠨ ᠥᠷᠲᠡᠭ ᠢ ᠬᠤᠪᠢᠳᠠᠨ ᠡᠭᠦᠷᠭᠡᠯᠡᠬᠦ ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠵᠤ᠂ ᠬᠡᠦᠬᠡᠳ ᠤᠨ ᠴᠡᠴᠡᠷᠯᠢᠭ ᠤᠨ ᠰᠦᠢᠳᠬᠡᠯ ᠬᠤᠷᠢᠶᠠᠬᠤ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮᠨᠢᠭᠡ ᠳᠤ ᠠᠯᠪᠠᠨ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠪᠠ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ᠂ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ᠂ ᠣᠯᠠᠨ ᠲᠦᠮᠡᠨ ᠤ ᠳᠠᠭᠠᠭᠠᠬᠤ ᠴᠢᠳᠠᠪᠤᠷᠢ ᠪᠠ ᠬᠡᠦᠬᠡᠳ ᠤᠨ ᠴᠡᠴᠡᠷᠯᠢᠭ ᠡᠷᠭᠢᠯᠡᠬᠦ ᠥᠪᠡᠷ ᠤᠨ ᠥᠷᠲᠡᠭ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠠᠯᠪᠠᠨ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠦᠢᠳᠬᠡᠯ ᠬᠤᠷᠢᠶᠠᠬᠤ ᠪᠠᠷᠢᠮᠵᠢᠶ᠎ᠠ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠦᠢᠳᠬᠡᠯ ᠬᠤᠷᠢᠶᠠᠬᠤ ᠬᠠᠮᠤᠭ ᠥᠨᠳᠥᠷ ᠬᠢᠵᠠᠭᠠᠷ ᠦᠨ᠎ᠡ ᠶᠢ ᠬᠥᠳᠡᠯᠦᠩᠭᠦᠢ ᠪᠠᠷ ᠲᠣᠬᠢᠷᠠᠭᠤᠯᠵᠤ᠂ ᠣᠷᠳᠣ ᠬᠤᠭᠤᠴᠠᠭᠠᠨ ᠤ ᠲᠤᠷᠰᠢ ᠠᠯᠪᠠᠨ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠦᠢᠳᠬᠡᠯ ᠬᠤᠷᠢᠶᠠᠬᠤ ᠨᠢ ᠬᠡᠲᠦ ᠳᠣᠣᠷ᠎ᠠ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠦᠢᠳᠬᠡᠯ ᠬᠤᠷᠢᠶᠠᠬᠤ ᠨᠢ ᠵᠢᠷᠤᠮᠵᠢᠯ ᠦᠭᠡᠢ ᠪᠠᠶᠢᠬᠤ ᠪᠠᠶᠢᠳᠠᠯ ᠢ ᠬᠤᠪᠢᠷᠠᠭᠤᠯᠬᠤᠬᠤᠶᠠᠷ ᠲᠤ ᠠᠰᠢᠭ ᠬᠤᠨᠵᠢᠪᠤᠷᠢ ᠶᠢᠨ ᠪᠤᠰᠤ ᠴᠢᠨᠠᠷᠲᠠᠢ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠦᠢᠳᠬᠡᠯ ᠬᠤᠷᠢᠶᠠᠬᠤ ᠶᠠᠪᠤᠳᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠰᠢᠭ ᠬᠤᠨᠵᠢᠪᠤᠷᠢ ᠶᠢᠨ ᠪᠤᠰᠤ ᠴᠢᠨᠠᠷᠲᠠᠢ ᠠᠷᠠᠳ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠦᠢᠳᠬᠡᠯ ᠬᠤᠷᠢᠶᠠᠬᠤ ᠪᠣᠳᠠᠲᠠᠢ ᠠᠷᠭ᠎ᠠ ᠶᠢ ᠲᠦᠷᠭᠡᠬᠡᠨ ᠲᠣᠭᠲᠠᠭᠠᠨ ᠲᠡᠭᠦᠯᠳᠡᠷᠵᠢᠭᠦᠯᠵᠦ᠂ ᠬᠡᠦᠬᠡᠳ ᠤᠨ ᠴᠡᠴᠡᠷᠯᠢᠭ ᠡᠷᠭᠢᠯᠡᠬᠦ ᠥᠪᠡᠷ ᠤᠨ ᠥᠷᠲᠡᠭ ᠢ ᠵᠦᠢ ᠵᠣᠬᠢᠰᠲᠠᠢ ᠬᠢᠨᠠᠨ ᠲᠣᠭᠲᠠᠭᠠᠭᠰᠠᠨ ᠰᠠᠭᠤᠷᠢᠨ ᠳᠡᠭᠡᠷ᠎ᠡ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠳᠣᠷᠬᠠᠶᠢᠯᠠᠵᠤ᠂ ᠣᠷᠳᠣ ᠬᠤᠭᠤᠴᠠᠭᠠᠨ ᠤ ᠲᠤᠷᠰᠢ ᠠᠰᠢᠭ ᠬᠤᠨᠵᠢᠪᠤᠷᠢ ᠶᠢᠨ ᠪᠤᠰᠤ ᠴᠢᠨᠠᠷᠲᠠᠢ ᠠᠷᠠᠳ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠵᠢᠷᠤᠮᠵᠢᠭᠤᠨ ᠪᠤᠰᠤ ᠰᠦᠢᠳᠬᠡᠯ ᠬᠤᠷᠢᠶᠠᠬᠤ ᠡᠷᠦᠢ ᠬᠤᠷᠤᠢ ᠦᠭᠡᠢ ᠪᠠᠶᠢᠳᠠᠯ ᠢ ᠰᠢᠢᠳᠪᠦᠷᠢᠯᠡᠨ᠂ ᠠᠰᠢᠭ ᠬᠤᠨᠵᠢᠪᠤᠷᠢ ᠶᠢᠨ ᠪᠤᠰᠤ ᠴᠢᠨᠠᠷᠲᠠᠢ ᠨᠡᠷ᠎ᠡ ᠪᠠᠷ ᠠᠰᠢᠭ ᠬᠤᠨᠵᠢᠪᠤᠷᠢ ᠣᠯᠬᠤ ᠪᠣᠳᠠᠲᠤ ᠠᠵᠢᠯᠯᠠᠭ᠎ᠠ ᠶᠢ ᠰᠡᠷᠭᠡᠶᠢᠯᠡᠨ ᠬᠤᠷᠢᠭᠯᠠᠵᠤ᠂ ᠬᠡᠲᠦ ᠥᠨᠳᠥᠷ ᠰᠦᠢᠳᠬᠡᠯ ᠬᠤᠷᠢᠶᠠᠬᠤ ᠪᠠ ᠬᠡᠲᠦ ᠠᠰᠢᠭ ᠬᠥᠭᠡᠭᠡᠴᠡᠯᠳᠦᠬᠦ ᠦᠶᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃      ᠳᠥᠷᠪᠡ ᠳᠤ᠂ ︽ᠰᠤᠷᠬᠤ ᠨᠠᠰᠤᠨ  ᠠᠴᠠ ᠡᠮᠦᠨᠡᠬᠢ ᠴᠢᠳᠠᠪᠤᠷᠢ ᠶᠢ ᠳᠡᠭᠡᠭᠰᠢᠯᠡᠭᠦᠯᠬᠦ ᠲᠥᠯᠥᠪᠯᠡᠭᠡ︾ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠬᠡᠦᠬᠡᠳ ᠤᠨ ᠴᠡᠴᠡᠷᠯᠢᠭ ᠤᠨ ᠪᠠᠭᠰᠢ ᠶᠢᠨ ᠲᠤᠰᠬᠠᠢ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠶ︖      ᠪᠠᠭᠰᠢ ᠶᠢᠨ ᠡᠩᠨᠡᠭᠡ ᠪᠣᠯ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠪᠠᠲᠤᠯᠠᠬᠤ ᠶᠢᠨ ᠵᠠᠩᠭᠢᠯᠠᠭ᠎ᠠ ᠮᠥᠨ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ ᠂ ︽ᠰᠤᠷᠬᠤ ᠨᠠᠰᠤᠨ ᠠᠴᠠ ᠡᠮᠦᠨᠡᠬᠢ ᠮᠡᠷᠭᠡᠵᠢᠯ ᠢ ᠳᠡᠭᠡᠭᠰᠢᠯᠡᠭᠦᠯᠬᠦ ᠲᠥᠯᠥᠪᠯᠡᠭᠡ︾ ᠨᠢ ᠬᠥᠳᠡᠭᠡ ᠲᠣᠰᠬᠤᠨ ᠤ ᠪᠠᠭᠰᠢ ᠪᠠᠭᠤᠷᠠᠢ ᠪᠠᠶᠢᠬᠤ ᠠᠰᠠᠭᠤᠳᠠᠯ ᠳᠤ ᠴᠢᠭᠯᠡᠭᠦᠯᠦᠨ᠂ ᠪᠣᠳᠠᠲᠠᠢ ᠲᠠᠢ ᠪᠠᠨ ᠤᠶᠠᠯᠳᠤᠭᠤᠯᠤᠨ ᠬᠥᠳᠡᠭᠡ ᠲᠣᠰᠬᠤᠨ ᠤ ᠬᠡᠦᠬᠡᠳ ᠤᠨ ᠴᠡᠴᠡᠷᠯᠢᠭ ᠤᠨ ᠪᠠᠭᠰᠢ ᠶᠢ ᠬᠥᠮᠥᠵᠢᠭᠦᠯᠬᠦ ᠡᠷᠴᠢᠮ ᠢ ᠴᠢᠩᠭᠠᠷᠠᠭᠤᠯᠵᠤ᠂ ᠡᠲᠡᠭᠡᠷ ᠭᠠᠵᠠᠷ ᠣᠷᠣᠨ ᠤ ᠬᠡᠦᠬᠡᠳ ᠤᠨ ᠴᠡᠴᠡᠷᠯᠢᠭ ᠲᠤ ᠲᠣᠭᠲᠠᠪᠤᠷᠢᠲᠠᠢ ᠪᠥᠭᠡᠳ ᠴᠢᠨᠠᠷ ᠰᠠᠶᠢᠲᠠᠢ ᠪᠠᠭᠰᠢ ᠶᠢ ᠨᠥᠬᠦᠪᠦᠷᠢᠯᠡᠵᠦ ᠥᠭᠭᠦᠨ᠎ᠡ᠃ ᠪᠣᠯᠪᠠᠰᠤᠷᠠᠭᠤᠯᠤᠯ ᠤᠨ ᠶᠠᠰᠤ ᠴᠢᠨᠠᠷ ᠥᠨᠳᠥᠷ ᠪᠢᠰᠢ ᠠᠰᠠᠭᠤᠳᠠᠯ ᠳᠤ ᠴᠢᠭᠯᠡᠭᠦᠯᠦᠨ᠂ ᠬᠡᠦᠬᠡᠳ ᠤᠨ ᠴᠡᠴᠡᠷᠯᠢᠭ ᠤᠨ ᠪᠠᠭᠰᠢ ᠪᠠ ᠵᠢᠭᠠᠨ ᠰᠤᠳᠤᠯᠤᠭᠴᠢ ᠶᠢᠨ ᠪᠣᠯᠪᠠᠰᠤᠷᠠᠭᠤᠯᠤᠯ ᠤᠨ ᠲᠥᠯᠦᠪᠵᠢᠭᠦᠯᠭᠡ ᠶᠢ ᠲᠣᠭᠲᠠᠭᠠᠵᠤ᠂ ᠪᠥᠬᠦ ᠠᠵᠢᠯᠲᠠᠨ ᠤ ᠪᠣᠯᠪᠠᠰᠤᠷᠠᠭᠤᠯᠤᠯ ᠢ ᠬᠡᠷᠡᠭᠵᠢᠭᠦᠯᠦᠨ᠂ ᠦᠢᠯᠡᠳᠦᠯᠭᠡ ᠶᠢᠨ ᠤᠳᠤᠷᠢᠳᠤᠮᠵᠢ ᠶᠢ ᠳᠣᠪᠤᠶᠢᠯᠭᠠᠵᠤ᠂ ᠪᠣᠯᠪᠠᠰᠤᠷᠠᠭᠤᠯᠤᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠴᠢᠨᠠᠷ ᠰᠠᠶᠢᠲᠠᠢ ᠬᠡᠦᠬᠡᠳ ᠤᠨ ᠴᠡᠴᠡᠷᠯᠢᠭ ᠤᠨ ᠬᠤᠣᠰᠯᠠᠯ ᠪᠠᠶᠢᠭᠤᠯᠵᠤ ᠦᠨᠳᠦᠰᠦᠨ ᠱᠠᠲᠤᠨ ᠤ ᠬᠡᠦᠬᠡᠳ ᠤᠨ ᠴᠡᠴᠡᠷᠯᠢᠭ ᠢ ᠬᠠᠪᠰᠤᠷᠤᠨ ᠵᠢᠯᠣᠭᠤᠳᠤᠨ᠎ᠠ᠃      ᠲᠠᠪᠤ ᠳᠤ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠲᠣᠬᠢᠷᠠᠭᠤᠯᠤᠯᠲᠠ ᠪᠠ ᠬᠠᠷᠠᠭᠠᠯᠵᠠᠯ ᠤᠨ ᠪᠠᠲᠤᠯᠠᠭ᠎ᠠ ᠶᠢᠨ ᠪᠣᠭᠤᠮᠢ ᠶᠢᠨ ᠠᠰᠠᠭᠤᠳᠠᠯ ᠳᠤ ᠴᠢᠭᠯᠡᠭᠦᠯᠦᠨ ᠂ ︽ᠰᠤᠷᠬᠤ ᠨᠠᠰᠤᠨ ᠠᠴᠠ ᠡᠮᠦᠨᠡᠬᠢ ᠳᠡᠭᠡᠭᠰᠢᠯᠡᠭᠦᠯᠬᠦ ᠲᠥᠯᠥᠪᠯᠡᠭᠡ︾ ᠳᠤ ᠶᠠᠮᠠᠷ ᠶᠠᠮᠠᠷ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠤᠭᠰᠠᠨ ᠪᠣᠶ︖      ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠳᠤ᠂ ᠪᠠᠭᠰᠢ ᠶᠢᠨ ᠲᠣᠬᠢᠷᠠᠭᠤᠯᠤᠯᠲᠠ ᠪᠠ ᠬᠠᠷᠠᠭᠠᠯᠵᠠᠯ ᠤᠨ ᠪᠠᠲᠤᠯᠠᠭ᠎ᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠲᠣᠬᠢᠷᠠᠭᠤᠯᠤᠯᠲᠠ ᠶᠢᠨ ᠲᠠᠯ᠎ᠠ ᠪᠠᠷ᠂ ᠠᠯᠪᠠᠨ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠪᠠᠭᠰᠢ ᠠᠵᠢᠯᠲᠠᠨ ᠢ ᠴᠠᠭ ᠲᠤᠬᠠᠢ  ᠳᠤᠨᠢ ᠨᠥᠬᠦᠪᠦᠷᠢᠯᠡᠬᠦ ᠶᠢ ᠱᠠᠭᠠᠷᠳᠠᠵᠤ᠂ ︽ᠣᠷᠣᠨ ᠲᠤᠭ᠎ᠠ ᠪᠠᠶᠢᠲᠠᠯ᠎ᠠ ᠨᠥᠬᠦᠪᠦᠷᠢᠯᠡᠬᠦ ᠦᠭᠡᠢ︾᠂ ᠣᠷᠳᠣ ᠬᠤᠭᠤᠴᠠᠭ᠎ᠠ ᠪᠠᠷ ᠣᠷᠣᠯᠠᠨ ᠬᠢᠴᠢᠶᠡᠯᠯᠡᠬᠦ ᠪᠠᠭᠰᠢ ᠶᠢ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠠᠷᠠᠳ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠲᠣᠬᠢᠷᠠᠭᠤᠯᠬᠤ ᠪᠠᠷᠢᠮᠵᠢᠶ᠎ᠠ ᠶᠣᠰᠣᠭᠠᠷ ᠪᠠᠭᠰᠢ ᠠᠵᠢᠯᠲᠠᠨ ᠠᠵᠢᠯᠴᠢᠨ ᠢ ᠭᠦᠢᠴᠡᠳ ᠲᠣᠬᠢᠷᠠᠭᠤᠯᠤᠨ ᠪᠦᠷᠢᠨ ᠲᠣᠬᠢᠷᠠᠭᠤᠯᠤᠨ᠎ᠠ᠃ ᠣᠯᠭᠤᠮᠵᠢ ᠶᠢᠨ ᠲᠠᠯ᠎ᠠ ᠪᠠᠷ᠂ ᠴᠠᠯᠢᠩ ᠤᠨ ᠣᠷᠣᠯᠭ᠎ᠠ ᠶᠢᠨ ᠲᠥᠷᠥ ᠶᠢᠨ ᠪᠣᠳᠣᠯᠭ᠎ᠠ᠂ ᠵᠠᠷᠤᠳᠠᠯ ᠤᠨ ᠵᠠᠷᠤᠯᠭ᠎ᠠ ᠶᠢᠨ ᠠᠷᠭ᠎ᠠ ᠵᠠᠮ ᠢ ᠨᠢᠭᠡᠳᠦᠯᠲᠡᠢ ᠲᠥᠯᠥᠪᠯᠡᠵᠦ᠂ ᠠᠯᠪᠠᠨ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠪᠠᠭᠰᠢ ᠶᠢᠨ ᠴᠠᠯᠢᠩ ᠣᠯᠭᠤᠮᠵᠢ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠪᠠᠭᠰᠢ ᠶᠢᠨ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ᠂ ᠠᠳᠠᠯᠢ ᠠᠵᠢᠯ ᠳᠤ ᠠᠳᠠᠯᠢ ᠬᠥᠯᠥᠰᠦ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃ ᠠᠯᠪᠠᠨ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠠᠬᠢ ᠠᠰᠠᠷᠠᠨ ᠬᠥᠮᠥᠵᠢᠭᠦᠯᠬᠦ᠂ ᠠᠮᠤᠷ ᠢ ᠬᠠᠮᠠᠭᠠᠯᠠᠬᠤ᠂ ᠬᠤᠭᠤᠯᠠᠨ ᠭᠡᠷ ᠵᠡᠷᠭᠡ ᠦᠢᠯᠡᠴᠢᠯᠡᠭᠡ ᠶᠢ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠬᠡᠪᠴᠢᠶᠡᠨ ᠳᠤ ᠣᠷᠣᠭᠤᠯᠵᠤ᠂ ᠬᠡᠷᠡᠭᠰᠡᠬᠦ ᠪᠡᠯᠡ ᠮᠥᠩᠭᠦ ᠶᠢ ᠣᠷᠣᠨ ᠨᠤᠲᠤᠭ ᠤᠨ ᠡᠳ᠋ ᠤᠨ ᠵᠠᠰᠠᠭ ᠤᠨ ᠲᠥᠰᠥᠪ ᠠᠴᠠ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃      ᠵᠢᠷᠭᠤᠭ᠎ᠠ ᠳᠤ᠂ ︽ᠰᠤᠷᠬᠤ ᠨᠠᠰᠤᠨ  ᠠᠴᠠ ᠡᠮᠦᠨᠡᠬᠢ ᠬᠤᠭᠤᠴᠠᠭ᠎ᠠ ᠶᠢ ᠳᠡᠭᠡᠭᠰᠢᠯᠡᠭᠦᠯᠬᠦ ᠲᠥᠯᠥᠪᠯᠡᠭᠡ︾ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠬᠡᠦᠬᠡᠳ ᠤᠨ ᠴᠡᠴᠡᠷᠯᠢᠭ ᠤᠨ ᠵᠢᠷᠤᠮᠵᠢᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠣᠶ︖      ᠬᠡᠦᠬᠡᠳ ᠤᠨ ᠴᠡᠴᠡᠷᠯᠢᠭ ᠤᠨ ᠵᠢᠷᠤᠮᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠡᠦᠬᠡᠳ ᠤᠨ ᠴᠡᠴᠡᠷᠯᠢᠭ ᠡᠷᠭᠢᠯᠡᠬᠦ ᠦᠶᠯᠡ ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠳᠠ᠂ ︽ᠰᠤᠷᠬᠤ ᠨᠠᠰᠤᠨ  ᠠᠴᠠ ᠡᠮᠦᠨᠡᠬᠢ ᠳᠡᠭᠡᠭᠰᠢᠯᠡᠭᠦᠯᠬᠦ ᠲᠥᠯᠥᠪᠯᠡᠭᠡ︾ ᠳᠤ ᠳᠣᠣᠷᠠᠬᠢ ᠬᠡᠳᠦᠨ ᠱᠠᠭᠠᠷᠳᠠᠯᠭ᠎ᠠ ᠶᠢ ᠳᠤᠷᠠᠳᠪᠠ᠄ ᠨᠢᠭᠡ ᠳᠤ᠂ ᠬᠡᠦᠬᠡᠳ ᠤᠨ ᠴᠡᠴᠡᠷᠯᠢᠭ ᠤᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠬᠡᠦᠬᠡᠳ ᠤᠨ ᠴᠡᠴᠡᠷᠯᠢᠭ ᠤᠨ ᠬᠥᠮᠥᠨ ᠤ ᠰᠡᠷᠭᠡᠶᠢᠯᠡᠯᠲᠡ᠂ ᠪᠣᠳᠠᠰ ᠤᠨ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠦᠭᠦᠯᠵᠦ᠂ ᠪᠦᠬᠦᠨ ᠢ ᠬᠠᠮᠤᠷᠤᠭᠰᠠᠨ ᠬᠡᠦᠬᠡᠳ ᠤᠨ ᠴᠡᠴᠡᠷᠯᠢᠭ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠪᠦᠲᠦᠮᠵᠢᠲᠡᠶ ᠲᠣᠭᠲᠠᠴᠠ ᠶᠢ ᠪᠣᠶ ᠪᠣᠯᠭᠠᠵᠤ᠂ ᠬᠠᠮᠲᠤᠷᠠᠨ ᠪᠠᠶᠢᠴᠠᠭᠠᠬᠤ ᠪᠠ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠵᠤ᠂ ᠬᠡᠦᠬᠡᠳ ᠤᠨ ᠴᠡᠴᠡᠷᠯᠢᠭ ᠤᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ᠂ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠪᠠᠭᠰᠢ ᠶᠢᠨ ᠬᠢᠷᠢ ᠬᠡᠮ ᠬᠢᠭᠡᠳ ᠲᠣᠬᠢᠷᠠᠭᠤᠯᠤᠯᠲᠠ᠂ ᠠᠮᠤᠷ ᠲᠦᠪᠰᠢᠨ ᠤ ᠬᠠᠮᠠᠭᠠᠯᠠᠯᠲᠠ᠂ ᠰᠦᠢᠳᠬᠡᠯ ᠬᠤᠷᠢᠶᠠᠬᠤ ᠦᠶᠯᠡ ᠠᠵᠢᠯᠯᠠᠭ᠎ᠠ ᠵᠡᠷᠭᠡ ᠲᠠᠯ᠎ᠠ ᠶᠢᠨ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ᠬᠡᠦᠬᠡᠳ ᠤᠨ ᠴᠡᠴᠡᠷᠯᠢᠭ ᠤᠨ ᠮᠡᠳᠡᠭᠡ ᠵᠠᠩᠭᠢ ᠶᠢ ᠳᠠᠩᠰᠠᠯᠠᠬᠤ ᠵᠢᠴᠢ ᠢᠯᠡ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠵᠦ᠂ ᠬᠡᠦᠬᠡᠳ ᠤᠨ ᠴᠡᠴᠡᠷᠯᠢᠭ ᠤᠨ ᠪᠠᠭᠰᠢ ᠠᠵᠢᠯᠲᠠᠨ ᠠᠵᠢᠯᠴᠢᠨ ᠢ ᠲᠣᠬᠢᠷᠠᠭᠤᠯᠬᠤ᠂ ᠰᠦᠢᠳᠬᠡᠯ ᠬᠤᠷᠢᠶᠠᠬᠤ ᠪᠠᠷᠢᠮᠵᠢᠶ᠎ᠠ᠂ ᠶᠠᠰᠤ ᠴᠢᠨᠠᠷ ᠢ ᠦᠨᠡᠯᠡᠨ ᠵᠢᠱᠢᠬᠦ ᠵᠡᠷᠭᠡ ᠲᠠᠯ᠎ᠠ ᠶᠢᠨ ᠮᠡᠳᠡᠭᠡ ᠵᠠᠩᠭᠢ ᠶᠢ ᠨᠡᠶᠢᠭᠡᠮ ᠳᠤ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃ ᠭᠤᠷᠪᠠ ᠳᠤ᠂ ᠵᠢᠷᠤᠮᠵᠢᠭᠤᠨ ᠪᠤᠰᠤ ᠬᠡᠦᠬᠡᠳ ᠤᠨ ᠴᠡᠴᠡᠷᠯᠢᠭ ᠡᠷᠭᠢᠯᠡᠬᠦ ᠦᠶᠯᠡ ᠠᠵᠢᠯᠯᠠᠭ᠎ᠠ ᠶᠢ ᠴᠡᠭᠴᠡᠯᠡᠨ ᠵᠠᠰᠠᠵᠤ᠂ ᠬᠡᠦᠬᠡᠳ ᠤᠨ ᠴᠡᠴᠡᠷᠯᠢᠭ ᠡᠷᠭᠢᠯᠡᠬᠦ ᠦᠶᠯᠡ ᠠᠵᠢᠯᠯᠠᠭ᠎ᠠ ᠶᠢ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠨᠤᠷᠠᠬᠤ ᠠᠶᠤᠯᠲᠠᠢ ᠭᠡᠷ ᠪᠠᠶᠢᠰᠢᠩ᠂ ︽ᠭᠤᠷᠪᠠ ᠶᠢ ᠰᠡᠷᠭᠡᠶᠢᠯᠡᠬᠦ︾ ᠪᠠᠷᠢᠮᠵᠢᠶ᠎ᠠ ᠳᠤ ᠬᠦᠷᠬᠦ ᠦᠭᠡᠢ ᠵᠡᠷᠭᠡ ᠠᠮᠤᠷ ᠲᠦᠪᠰᠢᠨ ᠤ ᠳᠠᠯᠳᠠ ᠬᠡᠮ ᠵᠢᠴᠢ ᠴᠡᠴᠡᠷᠯᠢᠭ ᠤᠨ ᠳᠠᠷᠤᠭ᠎ᠠ ᠪᠠ ᠪᠠᠭᠰᠢ ᠶᠢᠨ ᠬᠢᠷᠢ ᠬᠡᠮ ᠨᠢ ᠲᠣᠭᠲᠠᠭᠠᠯ ᠳᠤ ᠨᠡᠶᠢᠴᠡᠬᠦ ᠦᠭᠡᠢ ᠵᠡᠷᠭᠡ ᠵᠢᠷᠤᠮᠵᠢᠭᠤᠨ ᠪᠤᠰᠤ ᠬᠡᠦᠬᠡᠳ ᠤᠨ ᠴᠡᠴᠡᠷᠯᠢᠭ ᠡᠷᠭᠢᠯᠡᠬᠦ ᠦᠶᠯᠡ ᠠᠵᠢᠯᠯᠠᠭ᠎ᠠ ᠣᠷᠣᠰᠢᠵᠤ ᠪᠠᠶᠢᠭ᠎ᠠ ᠬᠡᠦᠬᠡᠳ ᠤᠨ ᠴᠡᠴᠡᠷᠯᠢᠭ ᠲᠤ ᠭᠤᠣᠯᠳᠠᠯᠭ᠎ᠠ ᠲᠠᠢ ᠪᠠᠷ ᠬᠥᠳᠡᠯᠦᠩᠭᠦᠢ ᠰᠢᠪᠠᠳᠠᠨ ᠪᠠᠶᠢᠴᠠᠭᠠᠯᠲᠠ ᠬᠢᠨ᠎ᠡ᠃ ᠬᠡᠦᠬᠡᠳ ᠤᠨ ᠴᠡᠴᠡᠷᠯᠢᠭ ᠤᠨ ᠨᠡᠷᠡᠶᠢᠳᠦᠯ ᠢ ᠵᠢᠷᠤᠮᠵᠢᠭᠤᠯᠤᠨ ᠢᠯᠭᠠᠷᠠᠭᠤᠯᠬᠤ ᠠᠵᠢᠯᠯᠠᠭ᠎ᠠ ᠶᠢ ᠪᠠᠶᠢᠷᠢᠯᠠᠭᠤᠯᠤᠨᠰᠤᠷᠬᠤ ᠨᠠᠰᠤᠨ  ᠠᠴᠠ ᠡᠮᠦᠨᠡᠬᠢ ᠬᠡᠦᠬᠡᠳ ᠲᠤ ᠬᠠᠨᠳᠤᠭᠤᠯᠤᠭᠰᠠᠨ ᠬᠠᠤᠯᠢ ᠲᠣᠭᠲᠠᠭᠠᠯ  ᠠᠴᠠ ᠵᠥᠷᠢᠴᠡᠭᠰᠡᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃      ᠳᠣᠯᠤᠭ᠎ᠠ ᠳᠤ᠂ ᠠᠰᠠᠷᠠᠨ ᠬᠥᠮᠥᠵᠢᠭᠦᠯᠬᠦ ᠶᠠᠰᠤ ᠴᠢᠨᠠᠷ  ᠢ ᠳᠡᠭᠡᠭᠰᠢᠯᠡᠭᠦᠯᠬᠦ ᠲᠠᠯ᠎ᠠ ᠪᠠᠷ᠂ ︽ᠰᠤᠷᠬᠤ ᠨᠠᠰᠤᠨ  ᠠᠴᠠ ᠡᠮᠦᠨᠡᠬᠢ ᠳᠡᠭᠡᠭᠰᠢᠯᠡᠭᠦᠯᠬᠦ ᠲᠥᠯᠥᠪᠯᠡᠭᠡ︾ ᠳᠤ ᠶᠠᠮᠠᠷ ᠶᠠᠮᠠᠷ ᠠᠷᠭ᠎ᠠ ᠬᠡᠮᠵᠢᠶ᠎ᠡ ᠳᠤᠷᠠᠳᠤᠭᠰᠠᠨ ᠪᠣᠶ︖      ︽ᠰᠤᠷᠬᠤ ᠨᠠᠰᠤᠨ  ᠠᠴᠠ ᠡᠮᠦᠨᠡᠬᠢ ᠶᠢ ᠳᠡᠭᠡᠭᠰᠢᠯᠡᠭᠦᠯᠬᠦ ᠲᠥᠯᠥᠪᠯᠡᠭᠡ︾ ᠳᠤ ᠬᠡᠦᠬᠡᠳ ᠤᠨ ᠴᠡᠴᠡᠷᠯᠢᠭ ᠤᠨ ᠠᠰᠠᠷᠠᠨ ᠬᠥᠮᠥᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠶᠢ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠳᠣᠣᠷᠠᠬᠢ ᠬᠡᠳᠦᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠂ ᠨᠢᠭᠡ ᠳᠤ᠂ ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠲᠡᠷᠢᠭᠦᠨ ᠤ ᠦᠢᠯᠡᠳᠦᠯᠭᠡ ᠶᠢᠨ ᠲᠤᠷᠰᠢᠯᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠠᠰᠠᠷᠠᠨ ᠬᠥᠮᠥᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠶᠠᠷ ᠲᠤ᠂ ︽ᠬᠡᠦᠬᠡᠳ ᠤᠨ ᠴᠡᠴᠡᠷᠯᠢᠭ ᠬᠢᠭᠡᠳ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠵᠣᠯᠭᠠᠯᠴᠠᠭ᠎ᠠ ᠶᠢ ᠶᠡᠭᠡ ᠪᠠᠷ ᠠᠬᠢᠭᠤᠯᠬᠤ ᠲᠤᠬᠠᠢ ᠰᠤᠷᠭᠠᠨ ᠬᠥᠮᠦᠵᠢᠯ ᠤᠨ ᠶᠠᠮᠤᠨ ᠤ ᠵᠢᠯᠤᠭᠤᠳᠬᠤ ᠰᠠᠨᠠᠯ︾ ᠢ ᠭᠦᠨᠵᠡᠭᠡᠢ ᠨᠠᠶᠢᠳᠠᠪᠤᠷᠢᠵᠢᠭᠤᠯᠵᠤ᠂ ᠨᠢᠯᠬ᠎ᠠ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠵᠣᠯᠭᠠᠯᠴᠠᠭ᠎ᠠ ᠶᠢᠨ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ ᠰᠤᠷᠭᠠᠭᠤᠯᠢ ᠳᠤ ᠣᠷᠣᠬᠤ ᠪᠡᠯᠡᠳᠬᠡᠯ ᠪᠠ ᠰᠤᠷᠭᠠᠭᠤᠯᠢ ᠳᠤ ᠣᠷᠣᠬᠤ ᠳᠤ ᠰᠤᠷᠭᠠᠨ ᠬᠥᠮᠦᠵᠢᠯ ᠳᠤ ᠵᠣᠬᠢᠴᠠᠬᠤ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃ ᠭᠤᠷᠪᠠ ᠳᠤ᠂ ︽ᠬᠡᠦᠬᠡᠳ ᠤᠨ ᠴᠡᠴᠡᠷᠯᠢᠭ ᠤᠨ ᠠᠰᠠᠷᠠᠨ ᠬᠥᠮᠥᠵᠢᠭᠦᠯᠬᠦ ᠶᠠᠰᠤ ᠴᠢᠨᠠᠷ ᠢ ᠦᠨᠡᠯᠡᠨ ᠵᠢᠱᠢᠬᠦ ᠵᠦᠭᠯᠡᠭᠦᠷ︾ ᠢ ᠨᠡᠶᠢᠲᠡᠯᠡᠵᠦ᠂ ᠬᠡᠦᠬᠡᠳ ᠤᠨ ᠴᠡᠴᠡᠷᠯᠢᠭ ᠢ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠬᠦ ᠤᠳᠤᠷᠢᠳᠤᠮᠵᠢ ᠶᠢ ᠪᠣᠶ ᠪᠣᠯᠭᠠᠵᠤ᠂ ᠠᠰᠠᠷᠠᠨ ᠬᠥᠮᠥᠵᠢᠭᠦᠯᠬᠦ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠳᠥᠷᠪᠡ ᠳᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠵᠢᠭᠠᠨ ᠰᠤᠳᠤᠯᠬᠤ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠵᠢᠭᠠᠬᠤ ᠶᠢ ᠰᠤᠳᠤᠯᠬᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠢᠭᠠᠬᠤ ᠶᠢ ᠰᠤᠳᠤᠯᠬᠤ ᠪᠠᠶᠢᠭᠤᠯᠤᠮᠵᠢ ᠶᠢ ᠪᠦᠷᠢᠨᠰᠢᠭᠦᠯᠦᠨ᠂ ᠲᠤᠰᠬᠠᠢ ᠪᠠ ᠲᠤᠰᠢᠶᠠᠯ ᠬᠠᠪᠰᠤᠷᠭᠠᠬᠤ ᠶᠢ ᠬᠠᠷᠢᠯᠴᠠᠨ ᠤᠶᠠᠯᠳᠤᠭᠤᠯᠤᠭᠰᠠᠨ ᠵᠢᠭᠠᠬᠤ ᠶᠢ ᠰᠤᠳᠤᠯᠬᠤ ᠡᠩᠨᠡᠭᠡ ᠶᠢ ᠪᠠᠶᠢᠭᠤᠯᠵᠤ ᠂ ᠪᠠᠭᠰᠢ ᠶᠢᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠳᠤᠮᠳᠠᠬᠢ ᠲᠥᠭᠡᠷᠢᠭᠳᠡᠯ ᠪᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠵᠢᠭᠠᠬᠤ ᠶᠢ ᠰᠤᠳᠤᠯᠬᠤ ᠳᠦᠷᠢᠮ ᠢ ᠲᠡᠭᠦᠯᠳᠡᠷᠵᠢᠭᠦᠯᠦᠨ᠂ ᠡᠯ᠎ᠡ ᠲᠥᠷᠥᠯ ᠤᠨ ᠬᠡᠦᠬᠡᠳ ᠤᠨ ᠴᠡᠴᠡᠷᠯᠢᠭ ᠤᠨ ᠵᠢᠭᠠᠬᠤ ᠶᠢ ᠵᠢᠭᠠᠨ ᠵᠢᠯᠤᠭᠤᠳᠬᠤ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ