ᠪᠠᠶᠠᠨᠲᠤᠬᠤᠢ ᠪᠠᠯᠭᠠᠰᠤ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/5
      8 ᠰᠠᠷ᠎ᠠ ᠶᠢᠨ 28 ᠋ ᠤ ᠡᠳᠦᠷ᠂ ᠲᠤᠬᠠᠢ ᠪᠠᠯᠭᠠᠰᠤ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠦ᠂  ᠬᠤᠷᠠᠯ ᠠᠴᠠ ᠮᠠᠨ ᠤ ᠪᠠᠯᠭᠠᠰᠤ ᠶᠢᠨ ᠣᠶᠢᠷ᠎ᠠ ᠶᠢᠨ ᠬᠤᠭᠤᠴᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠵᠡᠷᠭᠡ ᠭᠤᠣᠯᠳᠠᠯᠭ᠎ᠠ ᠲᠠᠢ ᠠᠵᠢᠯ ᠢ ᠵᠠᠷᠯᠠᠨ ᠲᠣᠬᠢᠷᠠᠭᠤᠯᠵᠤ᠂ ᠳᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠪᠣᠯᠣᠨ ᠬᠠᠷᠠᠯᠲᠠ ᠡᠭᠦᠷᠭᠡ ᠶᠢᠨ ᠲᠤᠬᠠᠢ ᠨᠠᠷᠢᠨ ᠨᠢᠭᠲᠠ ᠪᠠᠶᠢᠷᠢᠯᠠᠭᠤᠯᠤᠯᠲᠠ ᠬᠢᠵᠡᠢ᠃ᠬᠤᠷᠠᠯ ᠢ ᠨᠠᠮ ᠤᠨ ᠬᠤᠷᠢᠶᠠᠨ ᠤ ᠳᠡᠳ᠋ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠨᠡᠷ᠎ᠡ ᠳᠤᠷᠠᠳᠤᠭᠰᠠᠨ ᠵᠢᠱᠢᠭᠳᠡᠭᠴᠢ ᠯᠢ ᠶᠠᠨ ᠴᠢᠩ ᠡᠷᠬᠢᠯᠡᠵᠦ  ᠪᠦᠬᠦ ᠤᠳᠤᠷᠢᠳᠬᠤ ᠺᠠᠳ᠋ᠷ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ  ᠲᠣᠰᠬᠤᠨ ᠳᠤ ᠰᠠᠭᠤᠭ᠎ᠠ ᠺᠠᠳ᠋ᠷ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠵᠦᠤ ᠶᠦᠩ ᠫᠢᠩ ᠡᠷᠬᠢᠯᠡᠭᠴᠢ ᠲᠦᠷᠢᠶᠡᠰᠦᠨ ᠭᠠᠵᠠᠷ ᠲᠤ ᠣᠶᠢᠵᠢᠭᠤᠯᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠵᠦ᠂ ᠡᠯ᠎ᠡ ᠲᠣᠰᠬᠤᠨ ᠤ ᠬᠢᠨ ᠲᠦᠷᠢᠶᠡᠰᠦᠨ ᠭᠠᠵᠠᠷ ᠲᠤ ᠣᠶᠢᠵᠢᠭᠤᠯᠬᠤ ᠲᠠᠯᠠᠪᠠᠶ ᠶᠢ ᠴᠢᠩᠭ᠎ᠠ ᠬᠢᠨᠠᠨ ᠪᠠᠶᠢᠴᠠᠭᠠᠬᠤ ᠶᠢᠨ ᠬᠠᠮᠲᠤ ᠡᠪᠦᠯ ᠤᠨ ᠤᠯᠠᠷᠢᠯ ᠤᠨ ᠴᠢᠬᠢ ᠮᠣᠳᠣ ᠶᠢ ᠨᠥᠬᠦᠵᠦ ᠳᠠᠷᠢᠬᠤ ᠲᠥᠯᠥᠪᠯᠡᠭᠡ ᠪᠠᠨ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠡᠷᠲᠡ ᠠᠴᠠ ᠲᠣᠬᠢᠷᠠᠭᠤᠯᠵᠤ ᠡᠷᠲᠡ ᠠᠴᠠ ᠪᠠᠶᠢᠷᠢᠯᠠᠭᠤᠯᠬᠤ ᠬᠡᠷᠡᠭᠲᠡᠢ ᠭᠡᠵᠦ ᠱᠠᠭᠠᠷᠳᠠᠵᠠᠢ᠃      ᠵᠠᠩ ᠺᠠᠢ ᠹᠧᠩ ᠳᠡᠳ᠋ ᠲᠤᠰᠬᠤᠨ ᠳᠠᠷᠤᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠤᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠨᠢᠭᠤᠴᠠ ᠪᠠᠷ ᠰᠤᠷᠪᠤᠯᠵᠢᠯᠠᠬᠤ ᠳᠤᠭᠤᠶᠢᠯᠠᠩ ᠤᠨ ᠵᠢᠭᠰᠠᠭᠠᠨ ᠪᠠᠶᠢᠴᠠᠭᠠᠵᠤ ᠭᠠᠷᠭᠠᠭᠰᠠᠨ ᠡᠯ᠎ᠡ ᠵᠦᠢᠯ ᠤᠨ ᠠᠰᠠᠭᠤᠳᠠᠯ ᠢ ᠤᠯᠠᠮᠵᠢᠯᠠᠭᠰᠠᠨ ᠤ ᠬᠠᠮᠲᠤ ᠴᠡᠭᠴᠡᠯᠡᠨ ᠰᠠᠶᠢᠵᠢᠷᠠᠭᠤᠯᠬᠤ᠂ ᠲᠥᠷᠥᠯ ᠵᠦᠢᠯ᠂ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠵᠡᠷᠭᠡ ᠳᠤ ᠴᠢᠭᠯᠡᠭᠦᠯᠦᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠬᠤᠸᠠᠩ ᠱᠤᠸᠠᠢ ᠳᠡᠳ᠋ ᠲᠤᠰᠬᠤᠨ ᠳᠠᠷᠤᠭ᠎ᠠ ᠨᠡᠭᠦᠷᠡᠰᠦ ᠶᠢ ᠴᠠᠬᠢᠯᠭᠠᠨ ᠪᠣᠯᠭᠠᠬᠤ ᠥᠭᠡᠷᠡᠴᠢᠯᠡᠯᠲᠡ ᠶᠢᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠤ᠂ ᠡᠯ᠎ᠡ ᠲᠣᠰᠬᠤᠨ ᠤ ᠬᠦᠢ ᠨᠢᠭᠡᠳᠦᠯ ᠤᠨ ᠬᠢᠨ ᠨᠡᠭᠦᠷᠡᠰᠦ ᠶᠢ ᠴᠠᠬᠢᠯᠭᠠᠨ ᠪᠣᠯᠭᠠᠬᠤ ᠥᠭᠡᠷᠡᠴᠢᠯᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠩᠭᠠᠯᠭ᠎ᠠ ᠪᠠᠷ ᠥᠭᠡᠷᠡᠴᠢᠯᠡᠯᠲᠡ ᠶᠢ ᠲᠣᠭᠲᠠᠭᠠᠬᠤ ᠶᠢ ᠪᠠᠷᠢᠮᠲᠠᠯᠠᠵᠤ᠂ ᠴᠠᠬᠢᠯᠭᠠᠨ ᠤ ᠲᠣᠣᠷ ᠤᠨ ᠠᠮᠤᠷ ᠲᠦᠪᠰᠢᠨ ᠢ ᠪᠠᠲᠤᠯᠠᠵᠤ᠂ ᠰᠢᠨ᠎ᠡ ᠬᠠᠭᠤᠴᠢᠨ ᠳᠤᠯᠠᠭᠠᠯᠭ᠎ᠠ ᠶᠢᠨ ᠠᠷᠭ᠎ᠠ ᠬᠡᠯᠪᠡᠷᠢ ᠶᠢ ᠵᠠᠪᠰᠠᠷ ᠦᠭᠡᠢ ᠵᠣᠯᠭᠠᠭᠤᠯᠵᠤ᠂ ᠡᠮᠬᠢ ᠵᠢᠷᠤᠮ ᠲᠠᠢ ᠪᠠᠷ ᠰᠢᠯᠵᠢᠭᠦᠯᠬᠦ ᠶᠢ ᠪᠡᠶᠡᠯᠡᠭᠦᠯᠵᠦ᠂ ᠨᠡᠭᠦᠷᠡᠰᠦ ᠶᠢ ᠴᠠᠬᠢᠯᠭᠠᠨ ᠪᠣᠯᠭᠠᠬᠤ ᠥᠭᠡᠷᠡᠴᠢᠯᠡᠯᠲᠡ ᠶᠢᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠯᠢᠦ ᠵᠧᠨ ᠭᠡᠰᠢᠭᠦᠨ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠬᠠᠮᠢᠶ᠎ᠠ ᠪᠦᠬᠦᠢ ᠠᠵᠢᠯ ᠳᠤ ᠪᠠᠶᠢᠷᠢᠯᠠᠭᠤᠯᠤᠯᠲᠠ ᠬᠢᠵᠦ ᠂ ᠰᠠᠭᠤᠷᠢ ᠳᠡᠪᠲᠡᠷ ᠤᠨ ᠪᠠᠶᠢᠴᠠᠭᠠᠯᠲᠠ ᠶᠢ ᠴᠢᠨᠠᠷ ᠰᠠᠶᠢᠲᠠᠢ ᠰᠠᠶᠢᠲᠤᠷ ᠬᠢᠵᠦ᠂ ᠪᠠᠶᠢᠴᠠᠭᠠᠬᠤ ᠶᠣᠰᠣᠲᠠᠢ ᠶᠢ ᠨᠢ ᠴᠥᠮ ᠪᠠᠶᠢᠴᠠᠭᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ ᠪᠠᠶᠢᠬᠤ ᠵᠠᠷᠴᠢᠮ ᠶᠣᠰᠣᠭᠠᠷ᠂ ᠬᠠᠷᠢᠶ᠎ᠠ ᠣᠷᠣᠨ ᠤ ᠪᠠᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ᠂ ᠬᠤᠳᠠᠯᠳᠤᠭᠠᠨ ᠤ ᠡᠷᠦᠬᠡ ᠶᠢᠨ ᠦᠨᠳᠦᠰᠦᠨ ᠮᠡᠳᠡᠭᠡ ᠵᠠᠩᠭᠢ᠂ ᠠᠵᠢᠯᠲᠠᠨ ᠤ ᠪᠠᠶᠢᠳᠠᠯ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠵᠡᠷᠭᠡ ᠶᠢ ᠪᠥᠬᠦ ᠲᠠᠯ᠎ᠠ ᠪᠠᠷ ᠪᠠᠶᠢᠴᠠᠭᠠᠨ ᠬᠠᠷᠭᠤᠭᠤᠯᠵᠤ᠂ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠪᠠ ᠪᠦᠷᠢᠨ ᠪᠦᠲᠦᠨ ᠴᠢᠨᠠᠷ ᠢ ᠪᠠᠲᠤᠯᠠᠬᠤ ᠬᠡᠷᠡᠭᠲᠡᠢ ᠭᠡᠪᠡ᠃      ᠯᠢ ᠶᠠᠨ ᠴᠢᠩ ᠲᠡᠷᠢᠭᠦᠯᠡᠭᠴᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠋ ᠢ ᠵᠣᠬᠢᠶᠠᠨ ᠪᠠᠶᠢᠭᠤᠯᠤᠨ ᠰᠤᠷᠤᠯᠴᠠᠵᠤ᠂ ︽ᠦᠨᠡᠨᠴᠢ ᠰᠢᠳᠤᠷᠭᠤ ᠬᠥᠮᠥᠨ ᠪᠣᠯᠬᠤ᠂ ᠦᠨᠡᠨ ᠦᠭᠡ ᠬᠡᠯᠡᠬᠦ᠂ ᠦᠨᠡᠨᠴᠢ ᠰᠢᠳᠤᠷᠭᠤ ᠠᠵᠢᠯ ᠬᠢᠬᠦ︾‍ᠠᠳ᠋ᠷ ᠤᠨ ᠰᠤᠷᠲᠠᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠠᠬᠢᠭᠤᠯᠬᠤ ᠳᠤ ᠤᠨᠤᠯ ᠤᠨ ᠰᠠᠭᠤᠷᠢ ᠶᠢ ᠰᠠᠶᠢᠲᠤᠷ ᠲᠠᠯᠪᠢᠵᠠᠢ᠃ ᠡᠭᠦᠨ ᠤ ᠬᠠᠮᠲᠤ᠂ ᠣᠶᠢᠷ᠎ᠠ ᠶᠢᠨ ᠬᠤᠭᠤᠴᠠᠭᠠᠨ ᠤ ᠨᠠᠮᠤᠷ ᠤᠨ ᠤᠰᠤᠯᠠᠯᠲᠠ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠡᠯ᠎ᠡ ᠲᠣᠰᠬᠤᠨ ᠤ ᠬᠢᠨ ᠴᠠᠭ ᠲᠤᠬᠠᠢ ᠳᠤᠨᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠵᠦ᠂ ᠭᠡᠰᠢᠭᠦᠳ ᠤᠨ ᠬᠤᠷᠠᠯ ᠬᠤᠷᠠᠯᠳᠤᠭᠤᠯᠵᠤ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠪᠡ᠃ 
ᠢᠷᠡᠯᠲᠡ᠄ ᠦᠶᠤᠸᠠᠨ ᠰᠢᠶᠠᠨ ᠤ ᠵᠠᠰᠠᠭ ᠤᠨ ᠤᠷᠳᠣᠨ ᠤ ᠮᠤᠡᠭᠭᠤᠯ ᠰᠦᠯᠵᠢᠶ᠎ᠡ