ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠪᠠ  ᠰᠦᠨ ᠱᠤᠤ ᠴᠧᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/10/15
      10 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢᠴᠢ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ᠪᠦᠭᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠲᠠᠭᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠭᠤᠣᠯ ᠰᠢᠵᠢᠮ ᠢ ᠨᠠᠶᠢᠳᠠᠪᠤᠷᠢᠵᠢᠭᠤᠯᠬᠤ ᠠᠵᠢᠯ ᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ᠭᠠᠷᠳᠠᠴᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠪᠣᠳᠠᠲᠠᠢ ᠲᠠᠢ ᠨᠢᠭᠲᠠ ᠤᠶᠠᠯᠳᠤᠭᠤᠯᠵᠤ ᠪᠠᠶᠢᠭᠠᠳ ᠤᠶᠠᠯᠳᠤᠭᠤᠯᠬᠤ ᠪᠠ ᠠᠭᠤᠰᠤᠯᠴᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠢ ᠰᠤᠳᠤᠯᠤᠨ ᠲᠠᠶᠢᠯᠪᠤᠷᠢᠯᠠᠬᠤ ᠪᠠ ᠤᠬᠠᠭᠤᠯᠤᠨ ᠳᠡᠯᠭᠡᠷᠡᠭᠦᠯᠬᠦ ᠶᠢ ᠭᠦᠨᠵᠡᠭᠡᠶᠢᠷᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠠᠷᠠᠭᠤᠯᠤᠭᠰᠠᠨ ᠨᠡᠩ ᠣᠯᠠᠨ ᠰᠣᠶᠣᠯ ᠤᠨ ᠰᠣᠳᠣᠨ ᠪᠦᠲᠦᠭᠡᠯ ᠢ ᠴᠢᠷᠮᠠᠶᠢᠨ ᠡᠭᠦᠳᠬᠦ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠪᠠᠶᠠᠵᠢᠬᠤ ᠪᠣᠳᠠᠰ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠴᠠᠭ ᠦᠶ᠎ᠡ ᠶᠢᠨ ᠬᠥᠭᠵᠢᠯᠲᠡ ᠶᠢᠨ ᠬᠠᠨᠳᠤᠰᠢ ᠶᠢ ᠳᠠᠭᠠᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠭᠦᠨ ᠭᠦᠨᠵᠡᠭᠡᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠢ ᠠᠬᠢᠭᠤᠯᠬᠤ ᠬᠡᠷᠡᠭᠲᠡᠢ᠃ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠡᠭᠦᠯᠳᠡᠷᠵᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠲᠤᠷ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠪᠠᠭᠠᠲᠤᠷ ᠵᠢᠱᠢᠶᠡᠴᠢ ᠶᠢᠨ ᠲᠡᠷᠢᠭᠦᠨ ᠤ ᠦᠶᠯᠡ ᠠᠵᠢᠯᠯᠠᠭ᠎ᠠ ᠶᠢ ᠰᠤᠷᠤᠯᠴᠠᠨ ᠤᠬᠠᠭᠤᠯᠵᠤ᠂ ᠪᠦᠭᠦ ᠣᠷᠣᠨ ᠤ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠪᠠᠭᠠᠲᠤᠷ ᠵᠢᠱᠢᠶᠡᠴᠢ ᠪᠠᠷ ᠥᠯᠢᠭᠡᠷ ᠳᠠᠭᠤᠷᠢᠶᠠᠯ ᠪᠤᠯᠭᠠᠵᠤ᠂ ᠬᠡᠬᠦᠳᠡᠭ ᠴᠡᠭᠡᠵᠢᠨ ᠳᠡᠭᠡᠨ ᠠᠤᠭ᠎ᠠ ᠵᠣᠷᠢᠭ ᠢ ᠡᠪᠦᠷᠯᠡᠨ ᠠᠵᠢᠯ ᠬᠢᠵᠦ ᠦᠢᠯᠡᠰ ᠪᠣᠰᠬᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤᠮᠳᠠ ᠤᠬᠠᠮᠰᠠᠷ ᠠᠴᠠ ᠪᠠᠨ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠬᠡᠷᠡᠭᠲᠡᠢ᠃ ᠪᠠᠭᠠᠲᠤᠷ ᠵᠢᠱᠢᠶᠡᠴᠢ ᠶᠢ ᠬᠠᠯᠠᠮᠵᠢᠯᠠᠨ ᠬᠠᠶᠢᠷᠠᠯᠠᠵᠤ᠂ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠡᠳᠡᠨ ᠤ ᠬᠦᠷᠲᠡᠮᠵᠢ ᠶᠢᠨ ᠲᠥᠷᠥᠭᠳᠡᠯ᠂ ᠢᠷᠠᠭᠤ ᠠᠯᠳᠠᠷ ᠤᠨ ᠲᠥᠷᠥᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠢ᠃ ᠡᠯ᠎ᠡ ᠹᠷᠣᠨᠲ ᠤᠨ ᠲᠡᠷᠢᠭᠦᠨ ᠤ ᠵᠢᠱᠢᠶᠡᠴᠢ ᠶᠢ ᠶᠡᠭᠡ ᠪᠠᠷ ᠤᠬᠠᠭᠤᠯᠵᠤ᠂ ᠪᠠᠭᠠᠲᠤᠷᠴᠤᠳ ᠢ ᠬᠦᠨᠳᠦᠳᠬᠡᠨ ᠪᠢᠰᠢᠷᠡᠬᠦ᠂ ᠪᠠᠭᠠᠲᠤᠷ ᠪᠤᠯᠬᠤ ᠪᠠᠷ ᠴᠢᠷᠮᠠᠶᠢᠬᠤ ᠥᠳᠬᠡᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠶ ᠪᠤᠯᠭᠠᠵᠤ᠂ ᠣᠷᠣᠨ ᠳᠠᠶᠠᠭᠠᠷ ᠲᠤ ᠬᠥᠮᠥᠨ ᠪᠦᠭᠦᠨ ᠠᠵᠢᠯ ᠶᠠᠪᠤᠳᠠᠯ ᠬᠢᠬᠦ ᠳᠤᠷᠠᠲᠠᠢ᠂ ᠠᠵᠢᠯ ᠶᠠᠪᠤᠳᠠᠯ ᠪᠦᠲᠦᠭᠡᠬᠦ ᠳᠤᠷᠠᠲᠠᠢ ᠠᠮᠢᠳᠤᠯᠢᠭ ᠪᠠᠶᠢᠳᠠᠯ ᠢ ᠪᠤᠶ ᠪᠤᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠨᠢᠭᠡᠳᠦᠭᠡᠷ ᠬᠦᠨᠳᠦ ᠭᠡᠯᠪᠡᠷᠢ ᠶᠢᠨ ᠮᠠᠰᠢᠨ ᠮᠧᠬᠠᠨᠢᠭ ᠤᠨ ᠪᠦᠯᠦᠭᠯᠡᠯ ᠬᠢᠵᠠᠭᠠᠷᠲᠤ ᠺᠤᠮᠫᠠᠨᠢ ᠶᠢᠨ ᠠᠵᠤ ᠦᠢᠯᠡᠰ ᠤᠨ ᠠᠵᠢᠯᠴᠢᠨ ᠤ ᠲᠥᠯᠥᠭᠡᠯᠡᠭᠴᠢ᠂ ︽ᠪᠤᠭᠤᠷᠤᠯᠴᠤᠳ ᠤᠨ ᠠᠵᠢᠯᠯᠠᠭ᠎ᠠ︾ ᠶᠢᠨ ᠪᠤᠭᠤᠷᠤᠯ ᠰᠠᠶᠢᠨ ᠳᠤᠷᠠᠴᠤᠳ ᠤᠨ ᠲᠥᠯᠥᠭᠡᠯᠡᠭᠴᠢ ᠳᠤ ᠢᠯᠡᠭᠡᠭᠰᠡᠨ ᠬᠠᠷᠢᠭᠤ ᠵᠠᠬᠢᠳᠠᠯ ᠵᠢᠴᠢ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠷᠪᠠᠨ ᠬᠤᠶᠠᠳᠤᠭᠠᠷ ᠤᠳᠠᠭ᠎ᠠ ᠶᠢᠨ ᠪᠦᠭᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠢᠯᠡᠭᠡᠭᠰᠡᠨ ᠵᠠᠬᠢᠳᠠᠯ ᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠬᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯ ᠪᠠ ᠨᠠᠰᠤᠲᠠᠶᠢᠴᠤᠳ ᠤᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ