ᠰᠢᠨ᠎ᠡ ᠮᠡᠷᠭᠡᠵᠢᠯ ᠢᠶᠠᠷ ᠰᠢᠷ᠎ᠠ ᠪᠤᠷᠴᠠᠭ ᠤᠨ ᠤᠨᠠᠯᠳᠠ ᠶᠢ 10% ᠠᠴᠠ ᠳᠡᠭᠡᠭᠰᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2024/10/16
      ᠠᠯᠲᠠᠨ ᠨᠠᠮᠤᠷ ᠤᠨ ᠠᠷᠪᠠᠨ ᠰᠠᠷ᠎ᠠ ᠳᠤ ᠮᠠᠨ ᠤ ᠣᠷᠣᠨ ᠤ ᠡᠯ᠎ᠡ ᠭᠠᠵᠠᠷ ᠲᠤ ᠡᠯᠪᠡᠭ ᠬᠤᠷᠢᠶᠠᠯᠲᠠ ᠶᠢᠨ ᠪᠠᠶᠠᠰᠤᠯ ᠢᠶᠠᠷ ᠪᠢᠯᠬᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠣᠶᠢᠷ᠎ᠠ ᠳᠤ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠷ᠎ᠠ ᠪᠤᠷᠴᠠᠭ ᠤᠨ ᠶᠠᠰᠤ ᠴᠢᠨᠠᠷ ᠢ ᠳᠡᠭᠡᠭᠰᠢᠯᠡᠭᠦᠯᠦᠨ ᠠᠽᠣᠲ ᠢ ᠲᠣᠭᠲᠠᠭᠠᠵᠤ ᠪᠣᠬᠢᠷᠳᠤᠯ ᠦᠭᠡᠢ ᠪᠠᠷ ᠤᠨᠠᠯᠲᠠ ᠶᠢ ᠨᠡᠮᠡᠭᠳᠡᠭᠦᠯᠬᠦ ARC ᠶᠢᠨ ᠡᠪᠴᠡᠯ ᠮᠡᠷᠭᠡᠵᠢᠯ ᠤᠨ ᠵᠢᠱᠢᠶ᠎ᠡ ᠦᠵᠡᠭᠦᠯᠭᠦ ᠣᠷᠣᠨ ᠳᠤ ᠬᠦᠷᠴᠦ ᠰᠢᠷ᠎ᠠ ᠪᠤᠷᠴᠠᠭ ᠤᠨ ᠤᠨᠠᠯᠳᠠ  ᠶᠢ ᠬᠢᠨᠠᠨ ᠬᠡᠮᠵᠢᠪᠡ᠃      ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠦᠢᠯᠡᠷ ᠪᠠᠯᠭᠠᠰᠤ ᠶᠢᠨ ᠶᠦᠩ ᠠᠨ ᠭᠠᠴᠠᠭᠠᠨ  ᠳᠠᠬᠢ 6000 ᠮᠦ ᠶᠢᠨ ᠰᠢᠷ᠎ᠠ ᠪᠤᠷᠴᠠᠭ ᠤᠨ ᠲᠠᠷᠢᠶᠠᠨ ᠳᠤ ᠬᠦᠷᠴᠦ ᠪᠣᠳᠠᠲᠠᠢ ᠬᠢᠨᠠᠨ ᠬᠡᠮᠵᠢᠯᠲᠡ ᠬᠢᠵᠡᠢ᠃ ᠬᠡᠮᠵᠢᠯᠲᠡ ᠬᠢᠬᠦ ᠳᠡᠭᠡᠨ ᠲᠥᠯᠥᠭᠡᠯᠡᠬᠦ ᠴᠢᠨᠠᠷᠲᠠᠢ ARC ᠪᠠᠺᠲ᠋ᠧᠷᠢ ᠶᠢᠨ ᠨᠠᠶᠢᠷᠠᠯᠭ᠎ᠠ ᠶᠢ ᠬᠡᠷᠡᠭᠯᠡᠭᠰᠡᠨ ᠲᠠᠷᠢᠶ᠎ᠠ ᠪᠠ ᠬᠠᠷᠢᠴᠠᠭᠤᠯᠤᠭᠰᠠᠨ ᠲᠠᠷᠢᠶᠠᠨ ᠤ ᠰᠢᠷ᠎ᠠ ᠪᠤᠷᠴᠠᠭ ᠢ ᠮᠠᠰᠢᠨ ᠢᠶᠠᠷ ᠬᠤᠷᠢᠶᠠᠵᠤ᠂ ᠲᠠᠯᠠᠪᠠᠢ ᠶᠢ ᠬᠡᠮᠵᠢᠬᠦ᠂ ᠬᠦᠨᠳᠦ ᠶᠢ ᠵᠢᠩᠯᠡᠭᠦ᠂ ᠤᠰᠤᠨ ᠤ ᠠᠭᠤᠯᠤᠭᠳᠠᠴᠠ ᠶᠢ ᠬᠡᠮᠵᠢᠬᠦ ᠪᠠᠷ ᠳᠠᠮᠵᠢᠨ ᠮᠦ ᠳᠤᠮᠳᠠᠴᠢ ᠶᠢᠨ ᠤᠨᠠᠯᠲᠠ ᠶᠢ ᠪᠤᠳᠤᠵᠤ ᠭᠠᠷᠭᠠᠪᠠ᠃ ᠬᠢᠨᠠᠨ ᠬᠡᠮᠵᠢᠯᠲᠡ  ᠶᠢᠨ ᠳ᠋ᠦᠩ ᠳᠤ ARC ᠪᠠᠺᠲ᠋ᠧᠷᠢ ᠶᠢᠨ ᠨᠠᠶᠢᠷᠠᠯᠭ᠎ᠠ ᠶᠢ ᠬᠡᠷᠡᠭᠯᠡᠭᠰᠡᠨ ᠰᠢᠷ᠎ᠠ ᠪᠤᠷᠴᠠᠭ ᠤᠨ ᠮᠦ ᠳᠤᠮᠳᠠᠴᠢ ᠶᠢᠨ ᠤᠨᠠᠯᠲᠠ 229.63 ᠺᠢᠯᠦᠭᠷᠠᠮ ᠪᠠᠶᠢᠵᠤ᠂ ᠬᠠᠷᠢᠴᠠᠭᠤᠯᠤᠭᠰᠠᠨ ᠲᠠᠷᠢᠶᠠᠨ ᠤ ᠤᠨᠠᠯᠲᠠ ᠲᠠᠢ ᠠᠳᠠᠯᠢᠳᠬᠠᠪᠠᠯ ᠮᠦ ᠳᠤᠮᠳᠠᠴᠢ ᠶᠢᠨ ᠤᠨᠠᠯᠲᠠ ᠨᠢ 21.9 ᠺᠢᠯᠦᠭᠷᠠᠮ ᠨᠡᠮᠡᠭᠳᠡᠨ 10.54% ᠪᠠᠷ ᠨᠡᠮᠡᠭᠳᠡᠵᠦ᠂ ᠤᠨᠠᠯᠳᠠ ᠨᠢ ᠢᠯᠡᠳᠲᠡ ᠳᠡᠭᠡᠭᠰᠢᠯᠡᠭᠰᠡᠨ ᠪᠠᠶᠢᠨ᠎ᠠ᠃      ᠰᠢᠷ᠎ᠠ ᠪᠤᠷᠴᠠᠭ ᠤᠨ ᠶᠠᠰᠤ ᠴᠢᠨᠠᠷ ᠢ ᠳᠡᠭᠡᠭᠰᠢᠯᠡᠭᠦᠯᠦᠨ ᠠᠽᠣᠲ ᠢ ᠲᠣᠭᠲᠠᠭᠠᠵᠤ ᠪᠣᠬᠢᠷᠳᠤᠯ ᠦᠭᠡᠢ ᠪᠠᠷ ᠤᠨᠠᠯᠲᠠ ᠶᠢ ᠨᠡᠮᠡᠭᠳᠡᠭᠦᠯᠬᠦ ARC ᠶᠢᠨ ᠡᠪᠴᠡᠯ ᠮᠡᠷᠭᠡᠵᠢᠯ ᠪᠣᠯ ᠳᠤᠮᠳᠠᠳᠤ ᠤᠯᠤᠰ ᠤᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠣᠰᠣᠯᠢᠭ ᠲᠠᠷᠢᠮᠠᠯ ᠤᠨ ᠰᠤᠳᠤᠯᠭᠠᠨ ᠤ ᠭᠠᠵᠠᠷ  ᠤᠨ ᠠᠺᠠᠳᠧᠮᠢᠴᠢ ᠯᠢ ᠫᠧᠢ ᠦ᠋ ᠶᠢᠨ ᠰᠤᠳᠤᠯᠭᠠᠨ ᠤ ᠪᠦᠯᠭᠦᠮ ᠤᠨ ᠡᠭᠦᠳᠦᠭᠰᠡᠨ ᠨᠢᠭᠡ ᠵᠦᠢᠯ ᠤᠨ ᠠᠩᠬᠠᠨ ᠤ ᠡᠭᠦᠳᠦᠯᠲᠡ ᠶᠢᠨ ᠴᠢᠨᠠᠷᠲᠠᠢ ᠮᠡᠷᠭᠡᠵᠢᠯ ᠪᠠᠶᠢᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠠᠴᠠ ᠲᠣᠭᠲᠠᠭᠠᠭᠰᠠᠨ ᠲᠠᠷᠢᠶᠠᠯᠠᠩ ᠤᠨ ᠴᠢᠬᠤᠯᠠ ᠶᠡᠭᠡ ᠬᠥᠲᠥᠯᠥᠨ ᠳᠠᠭᠠᠭᠤᠯᠬᠤ ᠴᠢᠨᠠᠷᠲᠠᠢ ᠮᠡᠷᠭᠡᠵᠢᠯ ᠪᠣᠯᠣᠨ᠎ᠠ᠃ ᠮᠠᠨ ᠤ ᠣᠷᠣᠨ 2022 ᠣᠨ ᠠᠴᠠ ᠡᠬᠢᠯᠡᠨ ᠲᠤᠰ ᠮᠡᠷᠭᠡᠵᠢᠯ ᠢ ᠰᠢᠷ᠎ᠠ ᠪᠤᠷᠴᠠᠭ ᠤᠨ ᠭᠤᠣᠯ ᠭᠠᠷᠤᠯᠲᠠ ᠶᠢᠨ ᠣᠷᠣᠨ ᠳᠤ ᠲᠤᠷᠰᠢᠯᠲᠠ ᠶᠢᠨ ᠵᠢᠱᠢᠶ᠎ᠡ ᠦᠵᠡᠭᠦᠯᠭᠦ ᠠᠵᠢᠯ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠠᠮᠤ ᠪᠤᠳᠠᠭ᠎ᠠ ᠪᠠ ᠲᠣᠰᠣᠯᠢᠭ ᠲᠠᠷᠢᠮᠠᠯ ᠤᠨ ᠮᠡᠷᠭᠡᠵᠢᠯ ᠤᠨ ᠭᠠᠵᠠᠷ ᠠᠴᠠ ᠬᠠᠷᠢᠭᠤᠴᠠᠵᠠᠢ᠃      ᠲᠤᠰ ᠮᠡᠷᠭᠡᠵᠢᠯ ᠢ ᠬᠡᠷᠡᠭᠵᠢᠭᠦᠯᠦᠭᠰᠡᠨ 3 ᠵᠢᠯ ᠤᠨ ᠪᠠᠶᠢᠴᠠᠭᠠᠯᠲᠠ ᠶᠢ ᠦᠨᠳᠦᠰᠦᠯᠡᠪᠡᠯ᠂ ARC ᠪᠠᠺᠲ᠋ᠧᠷᠢ ᠶᠢᠨ ᠨᠠᠶᠢᠷᠠᠯᠭ᠎ᠠ ᠶᠢ ᠬᠡᠷᠡᠭᠯᠡᠭᠰᠡᠨ ᠵᠢᠱᠢᠶ᠎ᠡ ᠦᠵᠡᠭᠦᠯᠭᠦ ᠲᠠᠷᠢᠶᠠᠨ ᠤ ᠰᠢᠷ᠎ᠠ ᠪᠤᠷᠴᠠᠭ ᠤᠨ ᠦᠨᠳᠦᠰᠦ ᠬᠠᠳᠬᠤᠬᠤ ᠨᠢ ᠰᠠᠶᠢᠨ᠂ ᠬᠤᠷᠢᠶᠠᠯᠲᠠ ᠶᠢᠨ ᠤᠯᠠᠷᠢᠯ ᠳᠤ ᠤᠷᠭᠤᠮᠠᠯ ᠤᠨ ᠨᠠᠪᠴᠢ ᠵᠤᠯᠭᠠᠷᠠᠬᠤ ᠴᠠᠭ ᠨᠢ ᠶᠡᠷᠦ ᠶᠢᠨ ᠪᠠᠶᠢᠳᠠᠯ ᠠᠴᠠ 5 ᠡᠳᠦᠷ ᠣᠷᠴᠢᠮ ᠣᠷᠣᠢ ᠪᠠᠶᠢᠵᠤ᠂ ᠰᠢᠷ᠎ᠠ ᠪᠤᠷᠴᠠᠭ ᠢ ᠬᠤᠷᠢᠶᠠᠵᠤ ᠠᠪᠤᠭᠰᠠᠨ ᠤ ᠳᠠᠷᠠᠭ᠎ᠠ ᠦᠨᠳᠦᠰᠦ ᠳᠤᠨᠢ ᠪᠠᠰᠠ ᠰᠢᠨ᠎ᠡ ᠰᠣᠷᠭᠤᠭ ᠦᠨᠳᠦᠰᠦᠨ ᠤ ᠪᠡᠲᠡᠭᠢ ᠲᠠᠢ ᠪᠠᠶᠢᠵᠤ᠂ ᠤᠷᠭᠤᠭ᠎ᠠ ᠡᠰᠢ ᠨᠢ ᠦᠷᠭᠦᠯᠵᠢᠯᠡᠨ ᠤᠷᠭᠤᠵᠤ ᠪᠣᠯᠪᠠᠰᠤᠷᠠᠳᠠᠭ ᠪᠠᠶᠢᠯ᠎ᠠ᠃ ᠪᠤᠷᠴᠠᠭ ᠤᠨ ᠬᠤᠩᠭᠤᠷᠴᠤᠭ ᠤᠨ ᠲᠤᠭ᠎ᠠ᠂ ᠬᠤᠩᠭᠤᠷᠴᠠᠭ ᠤᠨ ᠮᠥᠬᠦᠯᠢᠭ ᠤᠨ ᠲᠤᠭ᠎ᠠ ᠪᠠ ᠵᠠᠭᠤᠨ ᠮᠥᠬᠦᠯᠢᠭ ᠪᠦᠷᠢ ᠶᠢᠨ ᠬᠦᠨᠳᠦ ᠨᠢ ᠴᠥᠮ ᠨᠡᠮᠡᠭᠳᠡᠯ ᠤᠨ ᠬᠠᠨᠳᠤᠰᠢ ᠲᠠᠢ ᠪᠥᠭᠡᠳ ᠤᠨᠠᠯᠲᠠ ᠨᠢ 10%  ᠠᠴᠠ ᠳᠡᠭᠡᠭᠰᠢ ᠨᠡᠮᠡᠭᠳᠡᠪᠡ᠃      ᠰᠢᠷ᠎ᠠ ᠪᠤᠷᠴᠠᠭ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠵᠦ᠂ ᠤᠨᠠᠯᠲᠠ ᠶᠢ ᠨᠡᠮᠡᠭᠳᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢᠨ ᠲᠤᠰᠠᠳᠠ᠂ ᠡᠨᠡ ᠵᠢᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠮᠡᠷᠭᠡᠵᠢᠯ ᠤᠨ ᠲᠠᠯ᠎ᠠ ᠪᠠᠷ ᠬᠠᠮ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠰᠢᠷ᠎ᠠ ᠪᠤᠷᠴᠠᠭ ᠤᠨ ᠶᠠᠰᠤ ᠴᠢᠨᠠᠷ ᠢ ᠳᠡᠭᠡᠭᠰᠢᠯᠡᠭᠦᠯᠦᠨ ᠠᠽᠣᠲ ᠢ ᠲᠣᠭᠲᠠᠭᠠᠵᠤ ᠪᠣᠬᠢᠷᠳᠤᠯ ᠦᠭᠡᠢ ᠪᠠᠷ ᠤᠨᠠᠯᠲᠠ ᠶᠢ ᠨᠡᠮᠡᠭᠳᠡᠭᠦᠯᠬᠦ ARC ᠶᠢᠨ ᠡᠪᠴᠡᠯ ᠮᠡᠷᠭᠡᠵᠢᠯ ᠢ ᠥᠷᠭᠡᠳᠬᠡᠨ ᠳᠡᠯᠭᠡᠷᠡᠭᠦᠯᠪᠡ᠃ ᠵᠢᠯ ᠤᠨ ᠡᠬᠢᠨ ᠳᠤ ᠳᠤᠮᠳᠠᠳᠤ ᠤᠯᠤᠰ ᠤᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠣᠰᠣᠯᠢᠭ ᠲᠠᠷᠢᠮᠠᠯ ᠤᠨ ᠰᠤᠳᠤᠯᠭᠠᠨ ᠤ ᠭᠠᠵᠠᠷ ᠤᠨ ᠠᠺᠠᠳᠧᠮᠢᠴᠢ ᠯᠢ ᠫᠧᠢ ᠦ᠋ ᠶᠢᠨ ᠰᠤᠳᠤᠯᠭᠠᠨ ᠤ ᠪᠦᠯᠭᠦᠮ ᠯᠦᠭᠡ ᠬᠠᠮᠲᠤᠷᠠᠨ ᠠᠵᠢᠯᠯᠠᠬᠤ ᠪᠦᠳᠦᠭᠦᠪᠴᠢ ᠵᠥᠪᠳᠡᠯᠴᠡᠭᠡᠷ ᠲᠣᠭᠲᠠᠵᠤ᠂ ᠳᠡᠯᠭᠡᠷᠡᠭᠦᠯᠦᠨ ᠳᠠᠷᠢᠬᠤ ᠲᠠᠯᠠᠪᠠᠢ ᠶᠢ 10 ᠭᠠᠷᠤᠢ ᠲᠦᠮᠡᠨ ᠮᠦ ᠪᠤᠯᠳᠠᠯ᠎ᠠ ᠥᠷᠭᠡᠳᠬᠡᠨ᠂ ᠰᠢᠷ᠎ᠠ ᠪᠤᠷᠴᠠᠭ ᠤᠨ ︽ᠲᠡᠷᠢᠭᠦᠨ ᠤ ᠮᠡᠷᠭᠡᠵᠢᠯ ᠢ ᠳᠡᠯᠭᠡᠷᠡᠭᠦᠯᠵᠦ ᠮᠦ ᠨᠢᠭᠡᠴᠢ ᠶᠢᠨ ᠤᠨᠠᠯᠳᠠ ᠶᠢ ᠨᠡᠮᠡᠭᠳᠡᠭᠦᠯᠬᠦ︾ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠭᠦᠷ ᠤᠷᠭᠤᠭᠤᠯᠤᠬᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰ ᠮᠡᠷᠭᠡᠵᠢᠯ ᠢ ᠦᠷᠭᠦᠯᠵᠢᠯᠡᠨ ᠳᠡᠯᠭᠡᠷᠡᠭᠦᠯᠦᠨ ᠬᠡᠷᠡᠭᠯᠡᠬᠦ ᠠᠵᠢᠯ ᠢ ᠰᠠᠶᠢᠲᠤᠷ ᠠᠳᠬᠤᠵᠤ᠂ ᠥᠪᠥᠷ ᠮᠣᠩᠭᠤᠯ ᠤᠨ ᠰᠢᠷ᠎ᠠ ᠪᠤᠷᠴᠠᠭ ᠤᠨ ᠦᠢᠯᠡᠳᠪᠦᠷᠢᠯᠡᠯ ᠤᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠭᠦ ᠪᠠᠷ ᠪᠤᠢ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ