ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ | ᠲᠦᠷᠦᠭᠦᠬᠡᠨ 2024 ᠣᠨ ᠤ ᠭᠤᠷᠪᠠᠳᠤᠭᠠᠷ ᠬᠤᠭᠤᠴᠠᠭᠠᠨ ᠤ ᠪᠡᠭᠡᠵᠢᠩ ᠥᠪᠥᠷ ᠮᠣᠩᠭᠤᠯ ᠤᠨ ᠠᠵᠤ ᠦᠢᠯᠡᠰ ᠤᠨ ᠵᠤᠯᠭᠠᠯᠴᠠᠭᠠᠨ ᠤ ᠬᠤᠷᠠᠯ ᠪᠡᠭᠡᠵᠢᠩ ᠳᠤ | ᠶᠠᠪᠤᠭᠳᠠᠵᠤ᠂ ᠮᠠᠨ ᠤ ᠣᠷᠣᠨ ᠤ 46 ᠠᠵᠤ ᠠᠬᠤᠶᠢᠯᠠᠯ ᠤᠨ ᠬᠢᠨ 500 ᠭᠠᠷᠤᠢ ᠵᠦᠢᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠲᠥᠪᠯᠡᠷᠡᠭᠦᠯᠦᠨ ᠳᠡᠯᠭᠡᠨ ᠪᠣᠷᠣᠯᠠᠭᠤᠯᠵᠠᠢ᠃ | ᠪᠡᠭᠡᠵᠢᠩ ᠥᠪᠥᠷ ᠮᠣᠩᠭᠤᠯ ᠬᠡᠷᠡᠭᠯᠡᠭᠡ ᠪᠠᠷ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠦᠭᠰᠡᠨ ᠠᠴᠠ ᠨᠠᠭᠠᠰᠢ᠂ ᠪᠦᠭᠦ ᠣᠷᠣᠨ ᠤ 400 ᠭᠠᠷᠤᠢ ᠠᠵᠤ | ᠠᠬᠤᠶᠢᠯᠠᠯ ᠠᠳᠠᠯᠢ ᠪᠤᠰᠤ ᠠᠷᠭ᠎ᠠ ᠭᠡᠯᠪᠡᠷᠢ ᠪᠠᠷ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠨ ᠪᠡᠭᠡᠵᠢᠩ ᠬᠤᠲᠠ ᠳᠤ | ᠪᠣᠷᠣᠯᠠᠭᠤᠯᠵᠤ᠂ ᠣᠳᠣᠬᠠᠨ ᠪᠤᠯᠳᠠᠯ᠎ᠠ 127 ᠠᠵᠤ ᠠᠬᠤᠶᠢᠯᠠᠯ ᠪᠡᠭᠡᠵᠢᠩ ᠳᠤ ᠲᠤᠰᠬᠠᠢ ᠳᠡᠯᠭᠡᠭᠦᠷ ᠨᠡᠭᠡᠭᠡᠵᠦ ᠪᠡᠭᠡᠵᠢᠩ ᠬᠤᠳᠠ ᠶᠢᠨ ᠰᠠᠭᠤᠭᠠᠯᠢ ᠠᠷᠠᠳ | ᠤᠨ︽ᠬᠤᠯᠢᠰᠢᠨ ᠢᠳᠡᠭᠡᠨ︾ ᠢ ᠪᠠᠶᠠᠯᠢᠭᠵᠢᠭᠤᠯᠬᠤ ᠶᠢᠨ ᠬᠠᠮᠲᠤ ᠮᠠᠨ ᠤ ᠣᠷᠣᠨ ᠤ ᠮᠠᠯᠴᠢᠨ ᠲᠠᠷᠢᠶᠠᠴᠢᠨ ᠤ ᠣᠷᠣᠯᠭ᠎ᠠ ᠶᠢ ᠴᠦ ᠨᠡᠮᠡᠭᠳᠡᠭᠦᠯᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠵᠢᠯ ᠤᠨ ᠡᠬᠢᠨ ᠠᠴᠠ ᠨᠠᠭᠠᠰᠢ ᠣᠳᠣᠬᠠᠨ ᠪᠤᠯᠲᠠᠯ᠎ᠠ ᠮᠠᠨ ᠤ ᠣᠷᠣᠨ ᠤ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠡᠯ᠎ᠡ ᠭᠠᠵᠠᠷ ᠲᠠᠬᠢ ᠪᠣᠷᠤᠯᠠᠭᠤᠯᠭ᠎ᠠ ᠨᠢᠭᠡᠨᠲᠡ 232 ᠳ᠋ᠦᠩᠰᠢᠭᠤᠷ ᠲᠥᠭᠦᠷᠢᠭ ᠲᠤ ᠬᠦᠷᠴᠦ᠂ 30 ᠲᠦᠮᠡ ᠰᠢᠬᠠᠮ ᠮᠠᠯᠴᠢᠨ ᠲᠠᠷᠢᠶᠠᠴᠢᠨ ᠢ | ᠳᠠᠶᠢᠴᠢᠯᠠᠨ ᠬᠥᠮᠥᠨ ᠳᠤᠮᠳᠠᠴᠢ ᠶᠢᠨ ᠣᠷᠣᠯᠭ᠎ᠠ ᠶᠢ 4100 ᠲᠥᠭᠦᠷᠢᠭ ᠨᠡᠮᠡᠭᠳᠡᠭᠦᠯᠪᠡ᠃ | ᠲᠤᠰ ᠤᠳᠠᠭ᠎ᠠ ᠶᠢᠨ ᠵᠤᠯᠭᠠᠯᠴᠠᠭᠠᠨ ᠤ ᠬᠤᠷᠠᠯ ᠳᠤ ᠮᠠᠨ ᠤ ᠣᠷᠣᠨ ᠮᠢᠬᠠᠨ ᠤ ᠦᠬᠡᠷ᠂ ᠮᠢᠬᠠᠨ ᠤ ᠬᠤᠨᠢ᠂ ᠰᠦ᠂ ᠲᠥᠮᠥᠰᠥ᠂ ᠡᠷᠳᠡᠨᠢ ᠰᠢᠰᠢ᠂ ᠰᠢᠷ᠎ᠠ | ᠪᠤᠷᠴᠠᠭ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠲᠠᠨᠢᠯᠴᠠᠭᠤᠯᠤᠭᠰᠠᠨ ᠮᠥᠷᠲᠡᠭᠡᠨ ᠴᠢᠨᠠᠷ ᠰᠠᠶᠢᠲᠠᠢ ᠪᠣᠬᠢᠷᠳᠤᠯ ᠦᠭᠡᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠡᠵᠡᠩᠨᠡᠨ ᠪᠣᠷᠣᠯᠠᠭᠤᠯᠬᠤ 43 ᠳᠡᠯᠭᠡᠭᠦᠷ ᠲᠤ ᠲᠥᠪᠯᠡᠷᠡᠭᠦᠯᠦᠨ ᠫᠠᠶᠢᠰᠠ ᠣᠯᠭᠤᠵᠤ᠂ ᠭᠦᠳᠡᠯᠮᠦᠷᠢ ᠦᠢᠯᠡᠴᠢᠯᠡᠭᠡᠨ ᠤ | ᠬᠠᠮᠵᠢᠯᠴᠠᠭ᠎ᠠ ᠥᠷᠨᠢᠭᠦᠯᠬᠦ ᠪᠠᠷ ᠲᠣᠭᠲᠠᠪᠠ᠃ ᠵᠤᠯᠭᠠᠯᠴᠠᠭᠠᠨ ᠤ ᠬᠤᠷᠠᠯ ᠳᠤ ᠪᠠᠰᠠ ᠠᠵᠤ ᠦᠢᠯᠡᠰ ᠢᠶᠠᠷ ᠠᠷᠠᠯᠵᠢᠶᠠᠴᠢᠨ ᠤᠷᠢᠬᠤ᠂ ᠴᠢᠨᠠᠷ ᠰᠠᠶᠢᠲᠠᠢ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠵᠡᠷᠭᠡ ᠤᠯᠠᠨ ᠠᠵᠢᠯᠯᠠᠭ᠎ᠠ ᠥᠷᠨᠢᠭᠦᠯᠵᠦ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ | 20 ᠭᠠᠷᠤᠢ ᠠᠵᠤ ᠠᠬᠤᠶᠢᠯᠠᠯ ᠤᠷᠤᠯᠴᠠᠵᠤ᠂ ᠲᠤᠬᠠᠢ ᠶᠢᠨ ᠲᠠᠯᠠᠪᠠᠶ ᠶᠢᠨ ᠭᠡᠷ᠎ᠡ ᠲᠣᠭᠲᠠᠭᠰᠠᠨ ᠵᠣᠭᠤᠰ ᠤᠨ ᠲᠤᠭ᠎ᠠ 33 ᠳ᠋ᠦᠩᠰᠢᠭᠤᠷ ᠲᠥᠭᠦᠷᠢᠭ ᠬᠦᠷᠴᠦ᠂ | ᠡᠨᠧᠷᠭᠢ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ | ᠪᠤᠯᠪᠠᠰᠤᠷᠠᠭᠤᠯᠬᠤ᠂ ᠬᠡᠷᠡᠭᠯᠡᠭᠡᠨ ᠤ ᠭᠦᠢᠯᠭᠡᠭᠡ ᠵᠡᠷᠭᠡ ᠣᠯᠠᠨ ᠬᠦᠷᠢᠶ᠎ᠡ ᠶᠢ ᠬᠠᠮᠤᠷᠤᠭᠰᠠᠨ ᠪᠠᠶᠢᠨ᠎ᠠ᠃ | | |