ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠠᠭᠤᠯᠠ ᠤᠰᠤ ᠣᠶ ᠮᠣᠳᠣ ᠭᠠᠵᠠᠷ | ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ | ᠲᠥᠯᠥᠪᠵᠢᠭᠦᠯᠵᠦ᠂ ᠤᠰᠤᠨ ᠤ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢᠨ ᠲᠠᠯ᠎ᠠ ᠪᠠᠷ ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠮᠵᠢ ᠣᠯᠪᠠ᠃ | ᠣᠶᠢᠷ᠎ᠠ ᠶᠢᠨ ᠵᠢᠯ ᠳᠤ ᠮᠠᠨ ᠤ ᠣᠷᠣᠨ ᠨᠡᠶᠢᠭᠡᠮ ᠤᠨ ᠬᠥᠷᠥᠩᠭᠡ ᠶᠢ ᠢᠳᠡᠪᠬᠢᠲᠡᠢ ᠣᠷᠣᠭᠤᠯᠤᠨ ᠠᠪᠴᠢᠷᠠᠵᠤ᠂ ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ᠂ | ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ᠂ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠵᠡᠷᠭᠡ ᠰᠢᠨ᠎ᠡ ᠵᠠᠭᠪᠤᠷ ᠢ ᠬᠠᠶᠢᠨ | ᠰᠦᠪᠡᠭᠴᠢᠯᠡᠵᠦ᠂ ᠵᠢᠯ ᠪᠦᠷᠢ 1128 ᠲᠦᠮᠡᠨ ᠮᠦ ᠶᠢᠨ ᠬᠤᠷᠳᠤᠴᠠ ᠪᠠᠷ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠪᠠ᠃ 2023 ᠣᠨ ᠤ | ᠬᠥᠷᠥᠰᠥ ᠰᠢᠷᠣᠢ ᠶᠢᠨ ᠢᠳᠡᠭᠳᠡᠯ ᠤᠨ ᠬᠥᠳᠡᠯᠦᠩᠭᠦᠢ ᠬᠢᠨᠠᠨ ᠬᠡᠮᠵᠢᠯᠲᠡ ᠶᠢᠨ ᠦᠷ᠎ᠡ ᠳ᠋ᠦᠩ ᠠᠴᠠ ᠦᠵᠡᠪᠡᠯ᠂ ᠪᠦᠭᠦ ᠣᠷᠣᠨ ᠤ ᠬᠥᠷᠥᠰᠥ ᠰᠢᠷᠣᠢ ᠶᠢᠨ ᠢᠳᠡᠭᠳᠡᠯ | ᠤᠨ ᠲᠠᠯᠠᠪᠠᠶ 2011 ᠣᠨ ᠤ ᠬᠢ ᠠᠴᠠ 5.93 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠭᠠᠰᠴᠤ᠂ ᠪᠠᠭᠠᠰᠤᠭᠰᠠᠨ ᠨᠤᠷᠮ᠎ᠠ 9.43% ᠳᠤ ᠭᠦᠷᠴᠡᠶ; | ᠬᠦᠨᠳᠦ ᠵᠢᠴᠢ ᠲᠡᠭᠦᠨ ᠠᠴᠠ ᠳᠡᠭᠡᠭᠰᠢᠬᠢ ᠬᠥᠷᠥᠰᠥ ᠰᠢᠷᠣᠢ ᠶᠢᠨ ᠢᠳᠡᠭᠳᠡᠯ ᠤᠨ ᠲᠠᠯᠠᠪᠠᠶ 13.18 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠭᠠᠰᠴᠤ᠂ | ᠪᠠᠭᠠᠰᠤᠭᠰᠠᠨ ᠨᠤᠷᠮ᠎ᠠ 50.47% ᠳᠤ ᠭᠦᠷᠦᠭᠰᠡᠨ ᠪᠠᠶᠢᠨ᠎ᠠ᠃ | ᠮᠠᠨ ᠤ ᠣᠷᠣᠨ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠤᠰᠤᠨ ᠤ ᠬᠡᠮᠵᠢᠶ᠎ᠡ ᠶᠢ ᠤᠰᠤᠨ ᠤ ᠡᠬᠢ ᠪᠠᠶᠠᠯᠢᠭ ᠤᠨ ᠨᠢᠭᠡᠳᠦᠯᠲᠡᠢ | ᠲᠣᠬᠢᠷᠠᠭᠤᠯᠤᠯᠲᠠ ᠪᠠ ᠬᠠᠮᠢᠶᠠᠷᠤᠯᠲᠠ ᠳᠤ ᠣᠷᠣᠭᠤᠯᠤᠨ ᠬᠥᠯᠥᠨ ᠨᠠᠭᠤᠷ᠂ ᠤᠯᠠᠭᠠᠨᠰᠤᠬᠠᠢ᠂ ᠲᠠᠭ᠎ᠠ ᠶᠢᠨ ᠨᠠᠭᠤᠷ ᠤᠨ ᠪᠠᠴᠢᠮ ᠪᠠᠶᠢᠳᠠᠯ ᠢ ᠠᠷᠭᠠᠴᠠᠭᠠᠵᠤ ᠤᠰᠤ | ᠨᠥᠬᠦᠪᠦᠷᠢᠯᠡᠬᠦ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠭᠤᠣᠯ ᠤᠨ ᠭᠤᠯᠳᠤᠷᠢᠯ ᠳᠣᠲᠣᠷᠠᠬᠢ ᠠᠮᠢ ᠠᠬᠤᠢ ᠶᠢᠨ ᠤᠷᠤᠰᠴᠠ ᠶᠢᠨ ᠪᠠᠲᠤᠯᠠᠭ᠎ᠠ ᠶᠢᠨ ᠬᠡᠮᠵᠢᠶ᠎ᠡ ᠶᠢ | ᠠᠯᠬᠤᠮ ᠠᠯᠬᠤᠮ ᠢᠶᠠᠷ ᠳᠡᠭᠡᠭᠰᠢᠯᠡᠭᠦᠯᠪᠠ; 2020 ᠣᠨ ᠠᠴᠠ ᠨᠠᠭᠠᠰᠢ ᠪᠠᠷᠠᠭᠤᠨ ᠯᠢᠶᠣᠤ ᠾᠧ ᠭᠤᠣᠯ ᠤᠨ ᠭᠤᠣᠯ ᠤᠷᠤᠰᠬᠠᠯ ᠳᠤ ᠨᠡᠶᠢᠲᠡ 11.4 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠠᠮᠢ ᠠᠬᠤᠢ ᠶᠢᠨ ᠤᠰᠤ ᠨᠥᠬᠦᠪᠦᠷᠢᠯᠡᠵᠦ᠂ ᠡᠨᠡ ᠵᠢᠯ ᠤᠨ ᠪᠠᠷᠠᠭᠤᠨ ᠯᠢᠶᠣᠤ ᠾᠧ ᠭᠤᠣᠯ ᠤᠨ ᠭᠤᠣᠯ | ᠤᠷᠤᠰᠬᠠᠯ ᠤᠨ ᠤᠰᠤᠨ ᠤ ᠲᠦᠷᠢᠯᠭᠡ ᠣᠶᠢᠷ᠎ᠠ ᠶᠢᠨ 26 ᠵᠢᠯ ᠳᠤ ᠠᠩᠬ᠎ᠠ ᠤᠳᠠᠭ᠎ᠠ ᠲᠦᠩᠯᠢᠶᠣᠣ ᠬᠤᠲᠠ ᠶᠢᠨ ᠭᠤᠣᠯ ᠬᠤᠲᠠ ᠶᠢᠨ ᠲᠣᠭᠤᠷᠢᠭ ᠲᠤ ᠬᠦᠷᠴᠦ᠂ | ᠰᠠᠪᠠ ᠭᠠᠵᠠᠷ ᠤᠨ ᠤᠰᠤᠨ ᠤ ᠲᠦᠪᠰᠢᠨ ᠶᠡᠷᠦᠩᠬᠡᠢ ᠳᠡᠭᠡᠨ ᠲᠣᠬᠲᠠᠪᠦᠷᠢᠵᠢᠪᠠ; ᠪᠦᠭᠦ ᠣᠷᠣᠨ ᠳᠤ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠬᠤᠳᠳᠤᠭ ᠢ | 2600 ᠭᠠᠷᠤᠢ ᠪᠠᠶᠢᠷᠢᠯᠠᠭᠤᠯᠵᠤ᠂ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠬᠢᠨᠠᠨ ᠬᠡᠮᠵᠢᠯᠲᠡ ᠶᠢᠨ ᠲᠣᠣᠷ ᠢ ᠦᠨᠳᠦᠰᠦᠨ ᠳᠡᠭᠡᠨ ᠪᠦᠷᠬᠦᠭᠦᠯᠪᠡ᠃ | | |