︽ᠲᠠᠪᠤᠨ ᠶᠡᠭᠡ ᠡᠭᠦᠷᠭᠡ︾ ᠶᠢᠨ ᠨᠠᠶᠢᠳᠠᠪᠤᠷᠢᠵᠢᠬᠤ ᠶᠢ ᠲᠦᠷᠭᠡᠳᠬᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ  - 1-7 ᠰᠠᠷ᠎ᠠ ᠳᠤ ᠮᠠᠨ ᠤ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠪᠥᠬᠦ ᠣᠷᠣᠨ ᠳᠤ ᠲᠡᠷᠢᠭᠦᠯᠡᠪᠡ
ᠨᠡᠶᠢᠲᠡᠯᠡᠭᠰᠡᠨ ᠴᠠᠭ᠄
2024/10/22
      ᠡᠨᠡ ᠵᠢᠯ ᠤᠨ ᠲᠦᠷᠦᠭᠦᠸ 7 ᠰᠠᠷ᠎ᠠ ᠳᠤ᠂ ᠮᠠᠨ ᠤ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠨᠡᠶᠢᠲᠡ 39.5 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠣᠨ ᠤ ᠭᠠᠳᠠᠭᠠᠳᠤ ᠭᠠᠷᠭᠠᠯᠲᠠ ᠶᠢᠨ 62.4% ᠶᠢ ᠡᠵᠡᠯᠡᠨ᠂ ᠪᠦᠬᠦ ᠣᠷᠣᠨ ᠤ ᠨᠢᠭᠡᠳᠦᠭᠡᠷ ᠲᠤ ᠣᠷᠣᠪᠠ᠃            ᠡᠨᠡ ᠬᠡᠳᠦᠨ ᠡᠳᠦᠷ᠂ ᠥᠪᠥᠷ ᠮᠣᠩᠭᠤᠯ ᠤᠨ ᠵᠦᠩ ᠵᠢᠦᠢ ᠳ᠋ᠡ ᠠᠷᠠᠯᠵᠢᠶᠠᠨ ᠤ ᠬᠢᠵᠠᠭᠠᠷᠲᠤ ᠺᠣᠮᠫᠠᠨᠢ ᠠᠵᠢᠯᠲᠠᠳ ᠢᠶᠠᠨ ᠵᠣᠬᠢᠶᠠᠨ ᠪᠠᠶᠢᠭᠤᠯᠤᠨ᠂ ᠦᠶᠤᠸᠠᠨ ᠰᠢᠶᠠᠨ ᠤ ᠲᠢᠶᠠᠨ ᠵᠢᠢ ᠲᠠᠢ ᠪᠠᠯᠭᠠᠰᠤᠨ ᠤ ᠡᠯ ᠾᠧ ᠶᠦᠩ ᠲᠤᠰᠬᠤᠨ ᠤ ᠲᠠᠷᠢᠶᠠᠨ ᠭᠠᠵᠠᠷ ᠲᠤ ᠬᠦᠷᠴᠦ᠂ ᠭᠤᠸᠠ ᠰᠢᠯᠢᠨ ᠰᠣᠩᠭᠤᠵᠤ ᠪᠠᠶᠢᠯ᠎ᠠ᠃ ᠡᠨᠡ ᠪᠦᠯᠦᠭ ᠬᠠᠮᠢᠯ ᠬᠡᠮᠬᠡ ᠶᠢ ᠨᠠᠷᠢᠨ ᠰᠢᠯᠢᠵᠦ ᠰᠣᠩᠭᠤᠭᠰᠠᠨ ᠤ ᠳᠠᠷᠠᠭ᠎ᠠ᠂ ᠶᠦᠨᠨᠠᠨ ᠤ ᠾᠧ ᠺᠧᠦ ᠪᠣᠭᠤᠮᠲᠠ ᠪᠠᠷ ᠲᠠᠮᠵᠢᠨ  ᠸᠢᠶᠧᠲᠨᠠᠮ ᠳᠤ ᠭᠠᠷᠭᠠᠬᠤ ᠪᠣᠯᠣᠨ᠎ᠠ᠃            ᠥᠪᠥᠷ ᠮᠣᠩᠭᠤᠯ ᠤᠨ ᠵᠥᠩ ᠵᠢᠦᠢ ᠳ᠋ᠡ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠪᠣᠷᠤᠯᠠᠭᠤᠯᠭ᠎ᠠ ᠶᠢᠨ ᠶᠡᠷᠦᠩᠬᠡᠢ ᠬᠢᠨᠠᠭᠴᠢ ᠯᠢ ᠵᠢᠶᠠᠨ ᠫᠢᠩ ᠰᠤᠷᠪᠤᠯᠵᠢᠯᠠᠭᠴᠢ ᠳᠤ ᠪᠠᠷᠤᠭ 35 ᠲᠣᠨ ᠣᠷᠴᠢᠮ ᠪᠠᠶᠢᠵᠤ᠂ ᠭᠤᠸᠠ ᠪᠦᠷᠢ ᠨᠢ ᠬᠥᠮᠥᠨ ᠤ ᠬᠦᠴᠦ ᠪᠠᠷ ᠨᠠᠷᠢᠨ ᠰᠢᠯᠢᠵᠦ ᠰᠣᠩᠭᠤᠬᠤ ᠪᠠᠷ ᠲᠠᠮᠵᠢᠨ᠂ ᠪᠠᠷᠤᠭ 3  ᠠᠴᠠ 4 ᠡᠳᠦᠷ ᠤᠨ ᠳᠣᠲᠣᠷ᠎ᠠ  ᠸᠢᠶᠧᠲᠨᠠᠮ ᠤᠨ ᠵᠠᠬ᠎ᠠ ᠳᠡᠯᠭᠡᠭᠦᠷ ᠲᠤ ᠰᠢᠭᠤᠳ ᠬᠦᠷᠴᠦ ᠲᠡᠶᠢᠯᠦᠨ᠎ᠡ ᠭᠡᠪᠡ᠃ ᠥᠪᠥᠷ ᠮᠣᠩᠭᠤᠯ ᠤᠨ ᠵᠥᠩ ᠵᠢᠦᠢ ᠳ᠋ᠡ ᠠᠷᠠᠯᠵᠢᠶᠠᠨ ᠤ ᠬᠢᠵᠠᠭᠠᠷᠲᠤ ᠺᠣᠮᠫᠠᠨᠢ ᠪᠣᠯ ᠥᠪᠡᠷᠲᠡᠭᠡᠨ ᠵᠠᠰᠠᠬᠤ ᠣᠷᠣᠨ ᠤ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠵᠢᠮᠢᠰ ᠢ ᠭᠠᠳᠠᠭᠠᠳᠤ ᠳᠤ ᠭᠠᠷᠭᠠᠬᠤ ᠬᠢᠷᠢ ᠬᠡᠮ ᠢ ᠣᠯᠣᠭᠰᠠᠨ ᠠᠩᠬᠠᠳᠠᠭᠴᠢ ᠠᠵᠤ ᠠᠬᠤᠶᠢᠯᠠᠯ ᠪᠣᠯᠣᠨ᠎ᠠ᠃ ᠣᠳᠣᠬᠠᠨ ᠳᠤ᠂ ᠭᠠᠳᠠᠭᠠᠳᠤ ᠳᠤ ᠭᠠᠷᠭᠠᠬᠤ ᠭᠤᠣᠯ ᠤᠯᠤᠰ ᠨᠢ ᠸᠢᠶᠧᠲᠨᠠᠮ ᠪᠣᠯᠣᠨ᠎ᠠ᠃            ᠮᠠᠨ ᠤ ᠬᠤᠲᠠ ᠶᠢᠨ ᠭᠠᠳᠠᠭᠠᠳᠤ ᠠᠵᠤ ᠠᠬᠤᠢ ᠠᠷᠠᠯᠵᠢᠶᠠᠨ ᠤ ᠬᠥᠭᠵᠢᠯᠲᠡ ᠶᠢᠨ ᠰᠢᠨ᠎ᠡ ᠨᠡᠮᠡᠭᠳᠡᠯ ᠤᠨ ᠴᠡᠭ ᠪᠣᠯᠤᠭᠰᠠᠨ ᠤ ᠬᠤᠪᠢ ᠳᠤ᠂ ᠮᠠᠨ ᠤ ᠬᠤᠲᠠ ︽ᠬᠥᠲᠥᠴᠢ ᠠᠵᠤ ᠠᠬᠤᠶᠢᠯᠠᠯ + ᠬᠤᠷᠰᠢᠶᠠᠵᠢᠯ + ᠰᠠᠭᠤᠷᠢᠨ ᠭᠠᠵᠠᠷ + ᠲᠠᠷᠢᠶᠠᠴᠢᠨ ᠡᠷᠦᠭᠡ︾ ᠬᠤᠯᠪᠣᠭᠠᠯᠠᠭᠰᠠᠨ  ᠬᠥᠭᠵᠢᠯᠲᠡ ᠶᠢᠨ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠵᠦ᠂ ᠰᠢᠶᠠᠨ ᠤ ᠱᠠᠲᠤᠨ ᠤ ᠠᠮᠲᠠᠲᠤ ᠬᠡᠮᠬᠡ ᠶᠢᠨ ᠭᠠᠳᠠᠭᠠᠳᠤ ᠠᠷᠠᠯᠵᠢᠶᠠᠨ ᠤ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠰᠠᠭᠤᠷᠢᠨ ᠭᠠᠵᠠᠷ 1 ᠂ ᠭᠠᠳᠠᠭᠰᠢ ᠴᠢᠭᠯᠡᠭᠦᠯᠦᠭᠰᠡᠨ ᠠᠵᠤ ᠦᠢᠯᠡᠰ ᠤᠨ ᠠᠵᠤ ᠠᠬᠤᠶᠢᠯᠠᠯ 3᠂ ᠲᠠᠷᠢᠶᠠᠯᠠᠩ ᠤᠨ ᠬᠤᠷᠰᠢᠶᠠᠵᠢᠯ10 ᠡᠷᠦᠬᠡ ᠶᠢ ᠡᠭᠦᠳᠦᠨ ᠪᠠᠶᠢᠭᠤᠯᠬᠤ ᠶᠢᠨ ᠲᠠᠭᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠭᠠᠳᠠᠭᠰᠢ ᠭᠠᠷᠴᠤ ᠵᠥᠪᠳᠡᠯᠴᠡᠨ ᠵᠣᠯᠭᠠᠭᠤᠯᠬᠤ ᠪᠠᠷ ᠳᠠᠮᠵᠢᠨ᠂ ᠭᠠᠳᠠᠭᠠᠳᠤ ᠶᠢᠨ ᠬᠥᠮᠥᠷᠭᠡ ᠪᠠᠶᠢᠭᠤᠯᠵᠤ᠂ ᠣᠳᠣᠬᠠᠨ ᠳᠤ᠂  ᠲᠠᠢ ᠤᠯᠤᠰ᠂ ᠪᠢᠷᠮᠠ᠂ ᠯᠠᠤᠰ᠂ ᠺᠠᠮᠪᠤᠵᠠ ᠵᠡᠷᠭᠡ ᠤᠯᠤᠰ ᠢ ᠪᠠᠭᠲᠠᠭᠠᠭᠰᠠᠨ ᠤᠯᠠᠨ ᠤᠯᠤᠰ ᠤᠨ ᠡᠵᠡᠩᠨᠡᠨ ᠪᠣᠷᠣᠯᠠᠭᠤᠯᠬᠤ ᠲᠣᠣᠷ ᠰᠦᠯᠵᠢᠶ᠎ᠡ ᠶᠢ ᠠᠯᠬᠤᠮ ᠠᠯᠬᠤᠮ ᠢᠶᠠᠷ ᠪᠦᠷᠢᠯᠳᠦᠭᠦᠯᠪᠡ᠃            ᠥᠪᠥᠷ ᠮᠣᠩᠭᠤᠯ ᠤᠨ ᠵᠦᠩ ᠵᠢᠦᠢ ᠳ᠋ᠡ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠪᠣᠷᠤᠯᠠᠭᠤᠯᠭ᠎ᠠ ᠶᠢᠨ ᠶᠡᠷᠦᠩᠬᠡᠢ ᠬᠢᠨᠠᠭᠴᠢ ᠯᠢ ᠵᠢᠶᠠᠨ ᠫᠢᠩ ᠰᠤᠷᠪᠤᠯᠵᠢᠯᠠᠭᠴᠢ ᠳᠤ ᠨᠢᠳᠤᠨᠤᠨ ᠪᠢᠳᠡ ᠸᠢᠶᠧᠲᠨᠠᠮ ᠳᠤ ᠭᠠᠷᠭᠠᠭᠰᠠᠨ᠂ ᠡᠨᠡ ᠵᠢᠯ ᠯᠠᠤᠰ᠂ ᠤᠷᠤᠰ ᠵᠡᠷᠭᠡ ᠤᠯᠤᠰ ᠢ ᠪᠠᠭᠲᠠᠭᠠᠭᠰᠠᠨ  ᠭᠠᠳᠠᠭᠠᠳᠤ ᠭᠠᠷᠭᠠᠯᠲᠠ ᠲᠠᠢ ᠨᠢᠭᠡᠨᠲᠡ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠭᠰᠠᠨ ᠭᠡᠪᠡ᠃            ᠡᠨᠡ ᠵᠢᠯ ᠠᠴᠠ ᠨᠠᠰᠢ᠂ ᠮᠠᠨ ᠤ ᠬᠤᠲᠠ ᠲᠠᠷᠢᠶᠠᠯᠠᠩ ᠤᠨ ᠬᠡᠪᠴᠢᠶᠡᠵᠢᠯᠲᠡ᠂ ᠠᠵᠤ ᠦᠶᠢᠯᠡᠰᠵᠢᠯᠲᠡ᠂ ᠨᠠᠷᠠᠲᠤ ᠲᠡᠮᠳᠡᠭᠵᠢᠯᠲᠡ ᠶᠢᠨ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ᠂ ᠰᠢᠨ᠎ᠡ ᠨᠢᠭᠡ ᠡᠭᠡᠯᠵᠢ ᠶᠢᠨ ᠭᠠᠳᠠᠭᠠᠳᠤ ᠠᠷᠠᠯᠵᠢᠶᠠᠨ ᠤ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠰᠠᠭᠤᠷᠢᠨ ᠭᠠᠵᠠᠷ ᠢ ᠪᠣᠶᠢᠵᠢᠭᠤᠯᠬᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ᠂ ᠬᠢᠯᠢ ᠠᠯᠤᠰᠯᠠᠭᠰᠠᠨ ᠠᠷᠠᠯᠵᠢᠶ᠎ᠠ ᠶᠢᠨ ᠳᠥᠭᠦᠮᠴᠢᠯᠡᠯᠲᠡ ᠶᠢ ᠦᠷᠭᠦᠯᠵᠢᠯᠡᠨ ᠠᠬᠢᠭᠤᠯᠵᠤ᠂ B ᠬᠡᠯᠪᠡᠷᠢ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠤᠨ ᠴᠢᠳᠠᠪᠬᠢ ᠶᠢ ᠭᠦᠨᠵᠡᠭᠡᠢ ᠠᠭᠤᠳᠠᠯᠵᠤ ᠭᠦᠢᠴᠡᠳ ᠠᠰᠢᠭᠯᠠᠨ᠂ ᠭᠤᠷᠪᠠᠳᠠᠭᠢ ᠡᠲᠡᠭᠡᠳ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠲᠥᠷᠥᠯ ᠵᠦᠢᠯ ᠢ ᠢᠳᠡᠪᠬᠢᠲᠡᠢ ᠣᠷᠣᠭᠤᠯᠤᠨ ᠠᠪᠴᠢᠷᠠᠵᠤ᠂ ᠠᠵᠤ ᠠᠬᠤᠶᠢᠯᠠᠯ ᠤᠨ ᠭᠠᠳᠠᠭᠠᠳᠤ ᠳᠤ ᠪᠡᠯᠡ ᠣᠷᠣᠭᠤᠯᠤᠨ ᠬᠮᠳᠤᠷᠠᠯᠴᠠᠬᠤ ᠭᠡᠯᠪᠡᠷᠢ ᠶᠢ ᠳᠡᠮᠵᠢᠬᠦ ᠶᠢᠨ ᠲᠠᠭᠤ ᠭᠠᠳᠠᠭᠠᠳᠤ ᠠᠵᠤ ᠠᠬᠤᠢ ᠠᠷᠠᠯᠵᠢᠶᠠᠨ ᠤ ᠬᠥᠭᠵᠢᠯᠲᠡ  ᠶᠢᠨ ᠲᠤᠰᠬᠠᠢ ᠪᠡᠯᠡ ᠮᠥᠩᠭᠦ  ᠶᠢ ᠭᠦᠢᠴᠡᠳ ᠠᠰᠢᠭᠯᠠᠨ ᠠᠵᠤ ᠠᠬᠤᠶᠢᠯᠠᠯ ᠤᠨ ︽ᠭᠠᠳᠠᠭᠰᠢ ᠭᠠᠷᠴᠤ︾ ᠬᠢᠯᠢ  ᠶᠢᠨ ᠭᠠᠳᠠᠨᠠᠬᠢ ᠨᠡᠷᠡᠲᠦ ᠦᠵᠡᠭᠦᠯᠦᠯᠭᠡ  ᠶᠢᠨ ᠴᠤᠭᠯᠠᠭᠠᠨ ᠳᠤ ᠣᠷᠣᠯᠴᠠᠬᠤ ᠶᠢ ᠬᠥᠲᠥᠯᠥᠨ ᠵᠢᠯᠤᠭᠤᠳᠴᠤ ᠂ ᠠᠵᠤ ᠠᠬᠤᠶᠢᠯᠠᠯ ᠢ ᠬᠢᠯᠢ ᠶᠢᠨ ᠭᠠᠳᠠᠨᠠᠬᠢ ᠪᠦᠲᠦᠭᠡᠭᠳᠡᠬᠦᠨ ᠤ ᠳᠡᠯᠭᠡᠨ ᠦᠵᠡᠭᠦᠯᠵᠦ ᠪᠣᠷᠣᠯᠠᠭᠤᠯᠬᠤ ᠲᠥᠪ ᠤᠨ ᠪᠦᠲᠦᠭᠡᠨ ᠪᠠᠶᠢᠭᠤᠯᠤᠯᠲᠠ ᠬᠢᠬᠦ ᠶᠢ ᠵᠣᠷᠢᠭᠵᠢᠭᠤᠯᠤᠨ᠎ᠠ᠃ ᠡᠭᠦᠨ ᠤ ᠲᠠᠭᠤ᠂ ᠮᠠᠨ ᠤ ᠬᠤᠲᠠ  ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠵᠤ ᠠᠬᠤᠶᠢᠯᠠᠯ ᠤᠨ ᠪᠠᠴᠢᠮ ᠬᠦᠴᠢᠷᠳᠡᠯᠲᠡᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠳᠤ ᠢᠳᠡᠪᠬᠢᠲᠡᠢ ᠪᠠᠷ ᠭᠦᠨᠵᠡᠭᠡᠶᠢᠷᠡᠨ ᠠᠷᠭ᠎ᠠ ᠪᠣᠳᠣᠯᠭ᠎ᠠ ᠬᠡᠷᠡᠭᠴᠡᠭᠡ ᠱᠠᠭᠠᠷᠳᠠᠯᠭ᠎ᠠ ᠶᠢ ᠠᠰᠠᠭᠤᠨ ᠯᠠᠪᠯᠠᠵᠤ᠂ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠤᠨ᠂ ᠠᠵᠤ ᠠᠬᠤᠶᠢᠯᠠᠯ ᠤᠨ ᠤᠯᠠᠨ ᠤᠯᠤᠰ ᠤᠨ ᠵᠠᠬ᠎ᠠ ᠳᠡᠯᠭᠡᠭᠦᠷ ᠤᠨ ᠨᠡᠭᠡᠭᠡᠯᠲᠡ ᠳᠤ ᠬᠦᠴᠦᠨ ᠨᠡᠮᠡᠷᠢᠯᠡᠨ᠎ᠡ᠃            ᠡᠨᠡ ᠵᠢᠯ ᠤᠨ ᠲᠦᠷᠦᠭᠦᠸ 7 ᠰᠠᠷ᠎ᠠ ᠳᠤ᠂ ᠮᠠᠨ ᠤ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠨᠡᠶᠢᠲᠡ 39.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.7% ᠪᠠᠷ ᠨᠡᠮᠡᠭᠳᠡᠨ᠂ ᠪᠥᠬᠦ ᠣᠷᠣᠨ ᠤ ᠭᠠᠳᠠᠭᠠᠳᠤ ᠭᠠᠷᠭᠠᠯᠲᠠ ᠶᠢᠨ 62. 4% ᠶᠢ ᠡᠵᠡᠯᠡᠵᠦ᠂ ᠪᠥᠬᠦ ᠣᠷᠣᠨ ᠤ ᠨᠢᠭᠡᠳᠦᠭᠡᠷ ᠲᠤ ᠯᠠᠪᠳᠠᠭᠤᠨ ᠢᠶᠠᠷ ᠣᠷᠣᠪᠠ᠃ 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ